ᠮᠠᠨ ᠤ ᠬᠤᠰᠢᠭᠤ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾᠎ ᠤᠨ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠢ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/6/10
     6 ᠳ᠋ᠤᠭᠠᠷ ᠰᠠᠷ᠎ᠠ ᠶᠢᠨ 6᠎ ᠤ ᠡᠳᠦᠷ ᠪᠣᠯ 27 ᠳ᠋ᠤᠭᠠᠷ ᠪᠥᠬᠦ ᠤᠯᠤᠰ ᠤᠨ ︽ᠨᠢᠳᠦ ᠪᠠᠨ ᠬᠠᠶᠢᠷᠠᠯᠠᠬᠤ ᠡᠳᠦᠷ︾ ᠪᠣᠯᠣᠨ᠎ᠠ᠂  ᠤᠶᠢᠷ᠎ᠠ ᠶᠢᠨ ᠡᠳᠤᠷ᠂ ᠬᠤᠰᠢᠭᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠬᠠᠮᠳᠤᠷᠠᠭᠰᠠᠨ ᠨᠠᠮ ᠤᠨ ᠠᠵᠢᠯᠯᠠᠬᠤ ᠵᠥᠪᠯᠡᠯ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠨᠡᠨ ᠪᠣᠯ ᠮᠢᠨᠤ ᠥᠴᠥᠬᠡᠨ       ᠰᠠᠨᠠᠭ᠎ᠠ︾ ᠭᠡᠰᠡᠨ ᠵᠡᠮᠳᠡᠭᠴᠦᠳ ᠢ ᠲᠤᠰᠠᠯᠠᠬᠤ ᠨᠢᠭᠦᠯᠡᠰᠦᠩᠭᠦᠢ ᠶᠢᠨ ᠠᠵᠢᠯᠯᠠᠭ᠎ᠠ  ᠥᠷᠨᠢᠬᠦᠯᠪᠡ᠃      ᠬᠦᠳᠡᠯᠭᠡᠭᠡᠨ ᠳᠤ᠂ ᠬᠤᠷᠠᠯ ᠳᠤ ᠣᠷᠣᠯᠴᠠᠭᠰᠠᠨ ᠵᠣᠴᠢᠳ ᠪᠣᠯᠣᠨ ᠡᠵᠡᠨ᠎ᠡ ᠬᠤᠰᠢᠭᠤᠨ ᠤ ᠡᠮᠡᠭᠲᠡᠢ ᠠᠵᠤ ᠠᠬᠤᠶᠢᠯᠠᠯᠲᠠᠨ ᠤ ᠨᠡᠶᠢᠭᠡᠮᠯᠢᠭ ᠤᠨ ᠲᠥᠯᠥᠭᠡᠯᠡᠭᠴᠢ ᠨᠡᠷ ᠵᠡᠮᠳᠡᠭ ᠬᠡᠦᠬᠡᠳ ᠤᠳ ᠲᠤ ᠬᠦᠰᠡᠯ ᠢ ᠪᠡᠶᠡᠯᠡᠬᠦᠯᠬᠦ ᠭᠠᠷ ᠪᠡᠯᠡᠭ ᠬᠦᠷᠭᠡᠵᠦ᠂ ᠬᠠᠷᠠᠭ᠎ᠠ ᠠᠯᠳᠠᠭᠰᠠᠨ ᠵᠡᠮᠳᠡᠭᠴᠦᠳ ᠲᠤ ᠲᠢᠶᠠᠨ ᠮᠣᠣ ᠵᠢᠩ ᠯᠢᠩ ᠣᠶᠤᠨᠲᠤ ᠳᠠᠭᠤᠨ ᠤ ᠬᠠᠶᠢᠷᠴᠠᠭ ᠪᠣᠯᠣᠨ ᠣᠶᠤᠨᠲᠤ ᠠᠪᠢᠶᠠᠨ ᠤ ᠴᠠᠬᠢᠯᠭᠠᠨ ᠰᠣᠷᠢᠨᠵᠢᠨ ᠵᠤᠤᠬ᠎ᠠ ᠶᠢ ᠬᠦᠷᠭᠡᠨ ᠥᠭᠴᠥ ᠠᠵᠤ ᠠᠮᠢᠳᠤᠷᠠᠯ ᠳᠤ ᠨᠢ ᠲᠦᠭᠦᠮ ᠥᠵᠡᠭᠦᠯᠵᠤ᠂ ᠲᠡᠲᠡᠨ ᠳᠤ ᠨᠠᠮ ᠵᠠᠰᠠᠭ ᠤᠨ ᠬᠠᠶᠢᠷ᠎ᠠ ᠬᠠᠯᠠᠮᠵᠢ ᠶᠢ ᠬᠥᠷᠲᠡᠭᠡᠪᠡ᠃ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠡᠮᠴᠢ ᠰᠤᠪᠢᠯᠠᠭᠴᠢᠳ ᠪᠠᠰᠠ ᠲᠤᠰ ᠤᠳᠠᠭᠠᠨ ᠤ ᠠᠵᠢᠯᠯᠠᠭ᠎ᠠ ᠳᠤ ᠣᠷᠣᠯᠴᠠᠭᠰᠠᠨ ᠵᠡᠮᠳᠡᠭ ᠨᠠᠶᠢᠵᠠ ᠨᠠᠷ ᠲᠤ ᠨᠢᠳᠦᠨ ᠤ ᠪᠠᠶᠢᠴᠠᠭᠠᠯᠲᠠ ᠬᠢᠵᠦ ᠥᠭᠬᠦ ᠶᠢᠨ ᠬᠠᠮᠲᠤ ᠨᠢᠳᠤᠨ ᠬᠠᠷᠠᠭ᠎ᠠ ᠪᠠᠨ ᠬᠡᠷᠬᠢᠨ ᠰᠠᠶᠢᠳᠤᠷ ᠬᠠᠮᠠᠭᠠᠯᠠᠬᠤ ᠳᠡᠯ᠎ᠠ ᠪᠠᠷ ᠨᠠᠷᠢᠨ ᠳᠠᠶᠢᠯᠪᠣᠷᠢᠯᠠᠯᠳᠠ ᠬᠢᠭᠰᠡᠨ ᠪᠠᠶᠢᠨ᠎ᠠ᠃  ᠬᠥᠳᠡᠯᠬᠡᠬᠡᠨ ᠤ ᠬᠤᠭᠤᠴᠠᠭᠠᠨ ᠳᠤ᠂ ᠬᠤᠰᠢᠭᠤᠨ ᠤ ᠵᠡᠮᠳᠡᠭᠴᠦᠳ ᠤᠨ ᠬᠤᠯᠪᠣᠭᠠᠨ ᠤ ᠠᠵᠢᠯᠲᠠᠨ ᠠᠴᠠ ᠪᠠᠰᠠ ᠣᠯᠠᠨ ᠢ ᠳᠠᠭᠠᠭᠤᠯᠤᠨ ᠨᠢᠳᠦᠨ ᠤ ᠡᠷᠡᠭᠦᠯᠵᠢᠯ ᠤᠨ ᠲᠠᠮᠢᠷ ᠬᠢᠵᠦ᠂ ᠰᠠᠭᠤᠭᠠᠯᠢ ᠠᠷᠠᠳ ᠲᠤ ᠨᠢᠳᠦ ᠪᠠᠨ ᠥᠷᠬᠦᠯᠵᠢ ᠠᠮᠠᠷᠠᠭᠤᠯᠤᠨ᠂ ᠬᠠᠷᠠᠭ᠎ᠠ ᠪᠠᠨ ᠰᠠᠶᠢᠲᠤᠷ ᠬᠠᠮᠠᠭᠠᠯᠠᠬᠤ ᠥᠵᠠᠯ ᠲᠠᠨᠢᠯᠲᠠ ᠶᠢᠨ ᠲᠠᠯ᠎ᠠ ᠪᠠᠷ ᠤᠬᠠᠭᠤᠯᠭ᠎ᠠ ᠬᠢᠭᠰᠡᠨ ᠪᠠᠶᠢᠨ᠎ᠠ᠃      ᠰᠠᠭᠤᠭᠠᠯᠢ ᠠᠷᠠᠳ ᠶᠠᠨ ᠯᠢᠩ ᠠᠴᠠ᠂ᠡᠨᠡ ᠤᠳᠠᠭᠠᠨ ᠤ ᠨᠢᠳᠦ ᠪᠠᠨ ᠬᠠᠶᠢᠷᠠᠯᠠᠬᠤ ᠡᠳᠦᠷ ᠤᠨ       ᠠᠵᠢᠯᠯᠠᠭ᠎ᠠ ᠨᠢ ᠨᠠᠳᠠ ᠳᠤ ᠨᠢᠳᠦᠨ ᠤ ᠡᠷᠡᠭᠦᠯ ᠬᠠᠮᠠᠭᠠᠯᠠᠯ ᠵᠢᠴᠢ ᠨᠢᠳᠦᠨ ᠤ ᠡᠷᠡᠭᠦᠯ ᠮᠡᠨᠳᠦ ᠶᠢᠨ ᠴᠢᠬᠤᠯᠠ ᠴᠢᠨᠠᠷ ᠢ ᠲᠠᠨᠢᠭᠤᠯᠵᠤ᠂ ᠨᠢᠳᠦ ᠪᠠᠨ ᠬᠠᠶᠢᠷᠠᠯᠠᠵᠤ ᠨᠢᠳᠦ ᠪᠠᠨ ᠬᠠᠮᠠᠭᠠᠯᠠᠬᠤ ᠤᠬᠠᠮᠰᠠᠷ ᠢ ᠨᠡᠮᠡᠭᠳᠡᠭᠦᠯᠵᠡᠢ ᠭᠡᠵᠦ ᠶᠠᠷᠢᠨ᠎ᠠ᠃      ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠡᠳ᠋ ᠬᠡᠷᠡᠭ ᠡᠷᠭᠢᠯᠡᠭᠴᠢᠳ ᠤᠨ ᠳᠠᠷᠤᠭ᠎ᠠ ᠯᠢᠦ ᠯᠢᠩ ᠶᠦᠨ ᠠᠴᠠ᠂ ᠲᠤᠰ ᠤᠳᠠᠭᠠᠨ ᠤ ᠠᠵᠢᠯᠯᠠᠭ᠎ᠠ ᠶᠢ ᠵᠤᠬᠢᠶᠠᠨ ᠪᠠᠶᠢᠭᠤᠯᠤᠭᠰᠠᠨ ᠨᠢ ᠨᠠᠩ ᠣᠯᠠᠨ ᠬᠥᠮᠥᠰ ᠤᠨ ᠵᠡᠮᠳᠡᠭᠴᠦᠳ ᠤᠨ ᠠᠵᠢᠯ ᠦᠢᠯᠡᠰ ᠲᠤ ᠣᠷᠤᠯᠴᠠᠬᠤ᠂ ᠵᠡᠮᠳᠡᠭᠴᠦᠳ ᠤᠨ ᠠᠵᠢᠯ ᠦᠢᠯᠡᠰ ᠢ ᠳᠡᠮᠵᠢᠬᠦ ᠶᠢ ᠲᠦᠯᠬᠢᠨ ᠠᠬᠢᠭᠤᠯᠬᠤ ᠶᠢᠨ ᠬᠠᠮᠳᠤ ᠨᠡᠶᠢᠭᠡᠮ ᠤᠨ ᠵᠡᠮᠳᠡᠭᠴᠦᠳ ᠢ ᠲᠤᠰᠠᠯᠠᠬᠤ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ ᠬᠥᠭᠵᠢᠭᠡᠨ᠂ ᠨᠡᠶᠢᠭᠡᠮ ᠳᠠᠶᠠᠭᠠᠷ ᠲᠤ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ ᠬᠠᠪᠰᠤᠷᠬᠤ ᠰᠠᠶᠢᠨ ᠰᠠᠶᠢᠬᠠᠨ ᠬᠡᠪ ᠰᠤᠷᠲᠠᠯ ᠢ ᠪᠣᠶ ᠪᠣᠯᠭᠠᠬᠤ ᠶᠢᠨ ᠲᠥᠯᠥᠭᠡ ᠶᠤᠮ ᠭᠡᠵᠦ ᠶᠠᠷᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号