6 ᠳ᠋ᠤᠭᠠᠷ ᠰᠠᠷ᠎ᠠ ᠶᠢᠨ 9 ᠤ ᠡᠳᠤᠷ ᠪᠤᠯ ᠠᠷᠪᠠᠨ ᠲᠠᠪᠤᠳᠠᠬᠢ ᠤᠯᠠᠨ ᠤᠯᠤᠰ ᠤᠨ ᠲᠠᠩᠰᠠ ᠡᠪᠬᠡᠮᠡᠯ ᠤᠨ | ᠡᠳᠤᠷ ᠪᠤᠯᠤᠨ᠎ᠠ᠃ ᠮᠠᠨ ᠤ ᠬᠤᠰᠢᠭᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠲᠠᠩᠰᠠ | ᠡᠪᠬᠡᠮᠡᠯ ᠤᠨ ᠭᠡᠷᠡᠯ ᠰᠠᠴᠤᠷᠠᠩᠭᠤᠢ ᠠᠮᠵᠢᠯᠳᠠ ᠶᠢ ᠮᠠᠭᠳᠠᠨ ᠲᠠᠭᠤᠯᠠᠶ᠎ᠠ︾ ᠭᠡᠮᠡᠬᠦ ᠭᠤᠤᠯ ᠰᠡᠳᠤᠪᠳᠤ | ᠤᠬᠠᠭᠤᠯᠭ᠎ᠠ ᠶᠢᠨ ᠬᠦᠳᠡᠯᠭᠡᠭᠡᠨ ᠦᠷᠨᠢᠬᠦᠯᠪᠡ᠃ | ᠬᠦᠳᠡᠯᠭᠡᠭᠡᠨ ᠳᠤ᠂ ᠬᠤᠰᠢᠭᠤᠨ ᠤ ᠲᠠᠩᠰᠠ ᠡᠪᠬᠢᠮᠠᠯ ᠤᠨ ᠣᠷᠳᠣᠨ ᠤ ᠠᠵᠢᠯᠳᠠᠨ ᠠᠴᠠ ᠬᠦᠨᠳᠡᠯᠡᠨ | ᠪᠢᠴᠢᠭᠡᠰᠤ ᠡᠯᠬᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠬᠤᠯᠪᠤᠭᠳᠠᠯ ᠪᠦᠬᠦᠢ ᠬᠠᠤᠯᠢ ᠴᠠᠭᠠᠵᠠ ᠬᠠᠤᠯᠢ | ᠲᠤᠭᠳᠠᠭᠠᠯ ᠢ ᠲᠠᠶᠢᠯᠪᠤᠷᠢᠯᠠᠬᠤ ᠵᠡᠷᠭᠡ ᠬᠡᠯᠪᠡᠷᠢ ᠪᠠᠷ ᠦᠷᠭᠡᠨ ᠤᠯᠠᠨ ᠰᠠᠭᠤᠭᠠᠯᠢ ᠠᠷᠠᠳ ᠲᠤ ︽ᠲᠠᠩᠰᠠ | ᠡᠪᠬᠡᠮᠡᠯ ᠤᠨ ᠬᠠᠤᠯᠢ︾ ᠶᠢ ᠤᠬᠠᠭᠤᠯᠤᠨ ᠲᠠᠶᠢᠯᠪᠤᠷᠢᠯᠠᠭᠰᠠᠨ ᠪᠠᠶᠢᠨ᠎ᠠ᠃ ᠲᠡᠳ᠋ᠨ ᠪᠠᠰᠠ ᠬᠤᠰᠢᠭᠤᠨ ᠤ ᠪᠠᠭ᠎ᠠ | ᠰᠤᠷᠭᠠᠭᠤᠯᠢ ᠳᠤ ᠭᠦᠨᠵᠡᠭᠡᠶᠢᠷᠡᠨ ᠪᠠᠭᠰᠢ ᠰᠤᠷᠤᠭᠴᠢᠳ ᠲᠤ ᠬᠤᠪᠢᠰᠬᠠᠯ ᠤᠨ ᠰᠡᠳᠬᠢᠯ ᠬᠥᠳᠥᠯᠥᠮᠠ ᠥᠯᠢᠭᠡᠷ | ᠲᠡᠤᠬᠡ ᠶᠢ ᠶᠠᠷᠢᠭᠰᠠᠨ ᠪᠠ ᠲᠠᠩᠰᠠ ᠡᠪᠬᠡᠮᠡᠯ ᠤᠨ ᠡᠳᠤᠷ ᠤᠨ ᠢᠷᠡᠯᠳᠡ᠂ ᠦᠩᠭᠡᠷᠡᠭᠰᠡᠨ ᠵᠢᠯ ᠤᠳ ᠤᠨ ᠤᠯᠠᠨ | ᠤᠯᠤᠰ ᠤᠨ ᠲᠠᠩᠰᠠ ᠡᠪᠬᠡᠮᠡᠯ ᠤᠨ ᠡᠳᠤᠷ ᠤᠨ ᠭᠤᠤᠯ ᠰᠡᠳᠤᠪ᠂ ᠬᠤᠰᠢᠭᠤᠨ ᠤ ᠲᠠᠩᠰᠠ ᠡᠪᠬᠡᠮᠡᠯ ᠤᠨ | ᠤᠷᠳᠤᠨ ᠳᠤ ᠬᠠᠳᠠᠭᠠᠯᠠᠭᠳᠠᠵᠤ ᠪᠠᠶᠢᠭ᠎ᠠ ᠤᠯᠠᠭᠠᠨ ᠴᠡᠷᠢᠭ ᠤᠨ ᠪᠠᠶᠢᠯᠳᠤᠭᠴᠢᠳ ᠤᠨ ᠭᠤᠮᠢᠨᠳᠠᠩ ᠤᠨ | ᠲᠠᠩᠨᠠᠭᠤᠯ ᠳᠤ ᠰᠢᠭᠦᠭᠳᠡᠭᠰᠡᠨ ᠲᠡᠤᠬᠡ ᠶᠢᠨ ᠲᠠᠩᠰᠠ ᠡᠪᠬᠡᠮᠡᠯ ᠵᠡᠷᠭᠡ ᠠᠴᠠ ᠲᠠᠶᠢᠯᠪᠤᠷᠢᠯᠠᠨ ᠶᠠᠷᠢᠵᠤ ᠪᠠᠭᠰᠢ | ᠰᠤᠷᠤᠭᠴᠢᠳ ᠤᠨ ᠨᠠᠮ ᠢᠶᠠᠨ ᠬᠠᠶᠢᠷᠠᠯᠠᠵᠤ ᠤᠯᠤᠰ ᠢᠶᠠᠨ ᠬᠠᠶᠢᠷᠠᠯᠠᠬᠤ ᠰᠡᠳᠬᠢᠯ ᠢ ᠤᠯᠠᠮ ᠪᠠᠳᠤᠳᠬᠠᠵᠤ᠂ | ᠲᠤᠮᠳᠠᠳᠤ ᠶᠢᠨ ᠦᠨᠳᠤᠰᠤᠳᠡᠨ ᠤ ᠠᠭᠤᠣ ᠶᠡᠭᠡ ᠰᠡᠷᠭᠦᠨ ᠮᠠᠨᠳᠤᠯᠳᠠ ᠶᠢᠨ ᠲᠤᠮᠳᠠᠳᠤ ᠭᠦᠰᠡᠯᠡᠩ ᠢ ᠪᠡᠶᠡᠯᠡᠭᠦᠯᠬᠦ | ᠬᠦᠴᠦᠨ ᠢ ᠨᠢᠭᠳᠠᠷᠠᠭᠤᠯᠵᠡᠢ᠃ | ᠬᠤᠰᠢᠭᠤᠨ ᠤ ᠪᠠᠭ᠎ᠠ ᠰᠤᠷᠭᠠᠭᠤᠯᠢ ᠶᠢᠨ ᠰᠤᠷᠤᠭᠴᠢ ᠸᠠᠩ ᠵᠧᠩ ᠪᠢᠳᠠᠨ ᠳᠤ᠂ ᠡᠨᠡᠬᠦ ᠬᠢᠴᠢᠶᠡᠯ ᠢᠶᠠᠷ | ᠲᠠᠮᠵᠢᠨ ᠪᠢ ᠲᠠᠩᠰᠠ ᠡᠪᠬᠡᠮᠡᠯ ᠤᠨ ᠲᠤᠬᠠᠢ ᠮᠡᠳᠡᠯᠭᠡ ᠶᠢ ᠰᠤᠷᠴᠤ ᠡᠵᠡᠮᠰᠢᠯ᠎ᠡ᠂ ᠮᠦᠨᠴᠤ ᠲᠠᠩᠰᠠ ᠡᠪᠬᠡᠮᠡᠯ ᠤᠨ | ᠮᠠᠨ ᠤ ᠨᠡᠶᠢᠬᠡᠮ ᠨᠡᠶᠢᠳᠡ᠂ ᠤᠯᠤᠰ ᠤᠷᠤᠨ ᠳᠤ ᠦᠵᠡᠬᠦᠯᠬᠦ ᠴᠢᠬᠤᠯᠠ ᠠᠴᠢ ᠬᠤᠯᠪᠤᠭᠳᠠᠯ ᠢ ᠤᠶᠢᠯᠠᠭᠠᠭᠰᠠᠨ᠂ | ᠡᠨᠡ ᠬᠢᠴᠢᠶᠡᠯ ᠨᠢ ᠮᠠᠰᠢ ᠤᠳᠬ᠎ᠠ ᠠᠭᠤᠯᠭ᠎ᠠ ᠲᠠᠢ ᠪᠤᠯᠤᠯ᠎ᠠ ᠭᠡᠵᠦ ᠶᠠᠷᠢᠪᠠ᠃ | ᠬᠤᠰᠢᠭᠤᠨ ᠤ ᠲᠠᠩᠰᠠ ᠡᠪᠬᠡᠮᠡᠯ ᠤᠨ ᠲᠡᠤᠬᠡ ᠤᠶᠢᠯᠠᠯᠭ᠎ᠠ ᠶᠢᠨ ᠤᠷᠳᠤᠨ ᠤ ᠲᠠᠷᠤᠭ᠎ᠠ ᠮᠡᠴᠢᠳ ᠠᠴᠠ᠄ | ᠤᠬᠠᠭᠤᠯᠭ᠎ᠠ ᠶᠢᠨ ᠬᠦᠳᠡᠯᠭᠡᠭᠡᠨ ᠢᠶᠠᠷ ᠲᠠᠮᠵᠢᠨ᠂ ᠪᠦᠬᠦ ᠨᠡᠶᠢᠬᠡᠮ ᠢᠶᠠᠷ ᠢᠶᠠᠨ ᠲᠠᠩᠰᠠ ᠡᠪᠬᠡᠮᠡᠯ ᠤᠨ ᠠᠵᠢᠯ ᠢ | ᠴᠢᠬᠤᠯᠠᠴᠢᠯᠠᠵᠤ᠂ ᠲᠠᠩᠰᠠ ᠡᠪᠬᠡᠮᠡᠯ ᠤᠨ ᠲᠡᠤᠬᠡ ᠶᠢ ᠬᠠᠳᠠᠭᠠᠯᠠᠨ ᠵᠠᠰᠠᠭ ᠲᠤ ᠲᠤᠰᠠᠯᠠᠵᠤ ᠴᠢᠳᠠᠪᠤᠷᠢᠳᠠᠨ ᠢ | ᠬᠦᠮᠦᠵᠢᠬᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠶᠢ ᠬᠦᠰᠡᠵᠤ ᠪᠠᠶᠢᠨ᠎ᠠ ᠭᠡᠪᠡ᠃ |