ᠮᠠᠨ ᠤ ᠬᠤᠰᠢᠭᠤᠨ ᠤ ᠨᠢᠭᠡᠨ ᠬᠤᠪᠢ ᠶᠢᠨ ᠡᠮᠨᠡᠯᠭᠡ ᠶᠢᠨ ᠭᠠᠵᠠᠷ ᠡᠭᠦᠲᠡ ᠪᠠᠨ ᠬᠠᠭᠠᠵᠤ ᠴᠡᠭᠴᠡᠯᠡᠯᠲᠡ ᠎ ᠬᠢ ᠭᠡᠰᠡᠨ ᠵᠠᠷᠯᠢᠭ ᠢ ᠬᠥᠯᠢᠶᠡᠨ ᠠᠪᠴᠠᠢ
ᠨᠡᠶᠢᠲᠡᠯᠡᠭᠰᠡᠨ ᠴᠠᠭ᠄
2022/6/14
     6 ᠳ᠋ᠤᠭᠠᠷ ᠰᠠᠷ᠎ᠠ ᠶᠢᠨ 9᠎ ᠤ ᠡᠳᠦᠷ᠂ ᠮᠠᠨ ᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠦᠬᠦ ᠬᠤᠰᠢᠭᠤᠨ ᠤ ᠬᠡᠪᠴᠢᠶᠡᠨ ᠳᠤ ᠬᠤᠪᠢ ᠬᠦᠮᠦᠨ ᠤ ᠡᠷᠬᠢᠯᠡᠵᠤ ᠪᠠᠶᠢᠭ᠎ᠠ ᠡᠮᠨᠡᠯᠭᠡ ᠶᠢᠨ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ ᠪᠠᠶᠢᠭ᠎ᠠ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠳᠤᠮᠳᠠ ᠬᠤᠪᠢ ᠶᠢᠨ ᠨᠢᠭᠡᠨ ᠡᠮᠨᠡᠯᠭᠡ ᠶᠢᠨ ᠭᠠᠵᠠᠷ ᠳᠤ ᠡᠭᠦᠳᠡ ᠪᠠᠨ ᠬᠠᠭᠠᠵᠤ ᠲᠠᠷᠤᠢ ᠲᠥᠷᠭᠡᠨ ᠴᠡᠭᠴᠡᠯᠡᠯᠲᠡ ᠬᠢ ᠭᠡᠰᠡᠨ ᠵᠠᠷᠯᠢᠭ ᠪᠠᠭᠤᠯᠭᠠᠪᠠ᠃      ᠪᠠᠶᠢᠴᠠᠭᠠᠯᠲᠠ ᠪᠠᠷ᠂ ᠯᠢᠦ ᠱᠠᠩ ᠬᠤᠢ ᠡᠸᠦ᠋ᠷᠦᠫᠡ ᠡᠮᠨᠡᠯᠭᠡ ᠶᠢᠨ ᠭᠠᠵᠠᠷ ᠤᠨ ᠵᠡᠭᠦᠥ ᠲᠠᠷᠢᠯᠭ᠎ᠠ ᠶᠢᠨ ᠥᠷᠥᠭᠡ ᠳᠤ ᠬᠥᠮᠥᠨ ᠤ ᠴᠤᠭᠯᠠᠷᠠᠯ ᠨᠢᠭᠲᠠ ᠪᠠᠶᠢᠵᠤ᠂ ᠰᠠᠯᠬᠢ ᠨᠡᠪᠲᠡᠷᠡᠬᠦ ᠨᠦᠬᠦᠴᠡᠯ ᠠᠨᠠᠢ᠂ ᠬᠠᠷᠢᠯᠴᠠᠨ ᠬᠠᠯᠳᠠᠪᠤᠷᠢᠯᠠᠬᠤ ᠲᠦᠭᠰᠢᠭᠦᠷᠢ ᠶᠡᠭᠡ ᠪᠠᠶᠢᠳᠠᠯ ᠤᠷᠤᠰᠢᠵᠤ ᠪᠠᠶᠢᠬᠤ ᠪᠠᠷ ᠪᠠᠷᠠᠬᠤ ᠦᠭᠡᠢ ᠡᠪᠡᠳᠴᠢᠨ ᠥᠵᠡᠭᠦᠯᠭᠦ ᠪᠠᠷ ᠢᠷᠡᠭᠰᠡᠨ ᠬᠥᠮᠥᠰ ᠲᠤ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠪᠦᠷᠢᠳᠭᠡᠯ ᠤᠨ ᠬᠦᠰᠦᠨᠦᠭ ᠢ ᠲᠠᠭᠯᠠᠭᠤᠯᠤᠭᠰᠠᠨ ᠦᠭᠡᠢ ᠵᠢᠴᠢ ︽ᠠᠯᠠᠱᠠ ᠶᠢᠨ ᠲᠠᠯᠠᠪᠤᠷ ᠤᠨ ᠺᠣᠳ᠋ ᠰᠢᠷᠪᠢᠬᠦ︾ ᠪᠠᠶᠢᠩᠭᠤ ᠶᠢᠨ ᠴᠢᠨᠠᠷ ᠲᠠᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠦᠭᠡᠢ ᠵᠡᠷᠭᠡ ᠪᠠᠶᠢᠳᠠᠯ ᠢ ᠪᠠᠶᠢᠴᠠᠭᠠᠨ ᠢᠯᠡᠷᠡᠭᠦᠯᠪᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠬᠢᠨᠠᠨ ᠪᠠᠶᠢᠴᠠᠭᠠᠭᠴᠢ ᠲᠤᠬᠠᠢ ᠶᠢᠨ ᠲᠠᠯᠠᠪᠤᠷ ᠲᠤ       ︽ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠨᠠᠯ ᠤᠨ ᠪᠢᠴᠢᠭ︾᠎ ᠢ ᠪᠠᠭᠤᠯᠭᠠᠵᠤ᠂ ᠲᠤᠰ ᠡᠮᠴᠢᠯᠡᠭᠡᠨ ᠤ ᠭᠠᠵᠠᠷ ᠢ ᠤᠳᠤ ᠪᠠᠷ ᠢᠶᠠᠨ ᠡᠭᠦᠳᠡ ᠪᠠᠨ ᠬᠠᠭᠠᠬᠤ ᠶᠢ ᠵᠠᠷᠯᠢᠭᠳᠠᠨ᠂ 7 ᠡᠳᠦᠷ ᠠᠵᠢᠯ ᠢ ᠨᠢ ᠵᠤᠭᠰᠤᠭᠠᠨ ᠴᠡᠭᠴᠡᠯᠡᠯᠲᠡ ᠬᠢᠵᠦ᠂ ᠴᠡᠭᠴᠡᠯᠡᠯᠲᠡ ᠶᠢᠨ ᠬᠤᠭᠤᠴᠠᠭᠠᠨ ᠳᠤ ᠤᠨᠤᠰᠢᠯᠠᠨ ᠡᠮᠨᠡᠬᠦ ᠠᠵᠢᠯᠯᠠᠭ᠎ᠠ ᠦᠷᠨᠢᠭᠦᠯᠵᠦ ᠪᠤᠯᠬᠤ ᠦᠭᠡᠢ᠂ ᠪᠠᠰᠠ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠠᠵᠢᠯᠲᠠᠨ ᠲᠠᠨᠢᠯᠲᠠ ᠪᠠᠨ ᠳᠡᠭᠡᠭᠰᠢᠯᠡᠭᠦᠯᠦᠨ᠂ ᠳᠠᠷᠤᠢ ᠬᠡᠷᠡᠭᠵᠢᠭᠦᠯᠵᠦ ᠳᠠᠷᠤᠢ ᠵᠠᠰᠠᠪᠤᠷᠢᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠮᠡᠳᠡᠯᠭᠡ ᠶᠢ ᠰᠤᠷᠤᠯᠴᠠᠬᠤ ᠪᠠ ᠪᠤᠯᠪᠠᠰᠤᠷᠠᠯ ᠬᠢᠬᠦ ᠶᠢ ᠴᠢᠩᠭᠠᠳᠭᠠᠬᠤ ᠶᠢ ᠱᠠᠭᠠᠷᠳᠠᠪᠠ᠃     ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠢᠨᠠᠨ ᠵᠢᠯᠤᠭᠤᠳᠴᠦ ᠪᠠᠶᠢᠴᠠᠭᠠᠬᠤ ᠬᠦᠴᠦᠯᠡᠴᠡ ᠪᠠᠨ ᠦᠷᠭᠦᠯᠵᠢᠯᠡᠨ ᠴᠢᠩᠭᠠᠳᠬᠠᠨ᠂ ᠭᠤᠤᠯᠳᠠᠯᠭ᠎ᠠ ᠶᠢ ᠴᠢᠩᠭ᠎ᠠ ᠠᠳᠬᠤᠵᠤ᠂ ᠰᠠᠨᠠᠭᠠᠴᠢᠯᠠᠯᠭ᠎ᠠ ᠠᠴᠠ ᠪᠠᠨ ᠠᠵᠢᠯᠯᠠᠨ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠴᠠ ᠵᠦᠷᠢᠴᠡᠭᠰᠡᠨ ᠠᠰᠠᠭᠤᠳᠠᠯ ᠲᠠᠢ ᠪᠠᠶᠢᠭᠤᠯᠭ᠎ᠠ ᠨᠢᠭᠡᠴᠡ ᠪᠠ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠪᠠᠶᠢᠴᠠᠭᠠᠨ ᠰᠢᠢᠳᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠤᠨᠤᠰᠢᠯᠠᠨ ᠡᠮᠨᠡᠬᠦ ᠳᠦᠷᠢᠮᠵᠢᠯ ᠢ ᠨᠠᠶᠢᠳᠠᠪᠤᠷᠢᠵᠢᠭᠤᠯᠭᠰᠠᠨ ᠢᠶᠠᠷ ᠬᠦᠷᠦᠯᠴᠡᠬᠦ ᠦᠭᠡᠢ ᠡᠮᠨᠡᠯᠬᠡ ᠶᠢᠨ ᠪᠠᠶᠢᠭᠤᠯᠤᠮᠵᠢ ᠶᠢ ᠲᠦᠷᠭᠡᠨ ᠮᠦᠷᠲᠡᠭᠡᠨ ᠲᠥᠪ ᠴᠢᠩᠭ᠎ᠠ ᠪᠠᠶᠢᠴᠠᠭᠠᠨ ᠰᠢᠢᠳᠪᠦᠷᠢᠯᠡᠬᠦ ᠪᠠᠷ ᠪᠠᠷᠠᠬᠤ ᠦᠭᠡᠢ᠂ ᠪᠠᠶᠢᠩᠭᠤ ᠶᠢᠨ ᠴᠢᠨᠠᠷ ᠲᠠᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠤᠭᠤᠮ ᠢ ᠦᠨᠡᠨᠬᠦ ᠪᠠᠬᠢᠵᠢᠭᠦᠯᠦᠨ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号