ᠭᠡᠷ ᠪᠠᠶᠢᠰᠢᠩ ᠲᠥᠷᠢᠶᠡᠰᠦᠯᠡᠬᠦ ᠠᠰᠠᠭᠤᠯᠲᠠ ᠶᠢᠨ ᠡᠷᠬᠡ ᠰᠦᠷᠲᠦ ᠲᠠᠶᠢᠯᠤᠮᠵᠢ
ᠨᠡᠶᠢᠲᠡᠯᠡᠭᠰᠡᠨ ᠴᠠᠭ᠄
2022/6/14
     ᠣᠶᠢᠷ᠎ᠠ ᠶᠢᠨ ᠬᠤᠭᠤᠴᠠᠭᠠᠨ ᠳᠤ᠂ ᠮᠠᠨ ᠤ ᠬᠤᠰᠢᠭᠤᠨ ᠤ ᠭᠡᠷ ᠪᠠᠶᠢᠰᠢᠩ ᠲᠦᠷᠢᠶᠡᠰᠦᠯᠡᠬᠦ ᠬᠠᠮᠢᠶᠠᠷᠤᠯᠲᠠ ᠶᠢ ᠴᠢᠩᠭᠠᠳᠬᠠᠵᠤ᠂ ᠭᠡᠷ ᠪᠠᠶᠢᠰᠢᠩ ᠭᠠᠵᠠᠷ ᠰᠢᠷᠣᠢ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠬᠠᠮᠠᠭᠠᠯᠠᠨ᠂ ᠭᠡᠷ ᠪᠠᠶᠢᠰᠢᠩ ᠲᠦᠷᠢᠶᠡᠰᠦᠯᠡᠬᠦ ᠲᠤᠬᠠᠢ ᠶᠢᠨ ᠬᠥᠮᠥᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠵᠤ᠂ ᠬᠠᠯᠳᠠᠪᠤᠷᠢᠲᠤ ᠡᠪᠡᠳᠴᠢᠨ ᠤ ᠡᠭᠦᠰᠬᠦ ᠪᠠ ᠳᠡᠯᠭᠡᠷᠡᠬᠦ ᠶᠢ ᠪᠦᠲᠦᠮᠵᠢᠲᠡᠶ ᠰᠡᠷᠭᠡᠶᠢᠯᠡᠨ ᠬᠢᠵᠠᠭᠠᠷᠯᠠᠬᠤ ᠶᠢᠨ ᠲᠥᠯᠥᠭᠡ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ᠂ ︽ᠡᠵᠡᠨ᠎ᠡ ᠬᠤᠰᠢᠭᠤᠨ ᠤ ᠣᠷᠣᠨ ᠰᠠᠭᠤᠴᠠ ᠶᠢᠨ ᠭᠡᠷ ᠪᠠᠶᠢᠰᠢᠩ ᠲᠦᠷᠢᠶᠡᠰᠦᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾᠎ ᠶᠢ       ᠲᠣᠭᠲᠠᠭᠠᠪᠠ᠃      ᠠᠰᠠᠭᠤᠯᠲᠠ ᠶᠢᠨ ᠡᠷᠬᠡ ᠰᠦᠷᠲᠦ ᠲᠠᠶᠢᠯᠤᠮᠵᠢQ᠄ᠲᠣᠰ ᠤᠳᠠᠭᠠᠨ ᠤ ᠨᠡᠶᠢᠲᠡᠯᠡᠭᠰᠡᠨ ︽ᠠᠷᠭ᠎ᠠ︾᠎ ᠳᠤ ᠭᠡᠷ ᠪᠠᠶᠢᠰᠢᠩ ᠤᠨ ᠪᠣᠳᠠᠲᠠᠢ ᠬᠦᠷᠢᠶ᠎ᠡ ᠬᠡᠪᠴᠢᠶ᠎ᠡ ᠨᠢ ᠶᠠᠭᠤ ᠶᠠᠭᠤ ᠪᠠᠶᠢᠬᠤ ᠪᠣᠶ︖      ᠲᠣᠰ ᠠᠷᠭ᠎ᠠ ᠳᠤ ᠬᠡᠯᠡᠵᠦ ᠪᠠᠶᠢᠭ᠎ᠠ ᠭᠡᠷ ᠪᠠᠶᠢᠰᠢᠩ ᠭᠡᠳᠡᠭ ᠨᠢ ᠵᠣᠴᠢᠳ ᠤᠨ ᠪᠠᠭᠤᠳᠠᠯ᠂ ᠪᠠᠭᠤᠳᠠᠯ᠂ ᠵᠣᠴᠢᠯᠠᠬᠤ ᠭᠠᠵᠠᠷ ︵ᠭᠡᠷ ᠪᠦᠯᠢ ᠶᠢᠨ ᠪᠠᠭᠤᠳᠠᠯ︶ ᠵᠡᠷᠭᠡ ᠡᠵᠡᠩᠨᠡᠯᠲᠡ ᠶᠢᠨ ᠲᠠᠯᠠᠪᠤᠷ  ᠠᠴᠠ ᠭᠠᠳᠠᠨᠠᠬᠢ ᠰᠠᠭᠤᠭᠠᠯᠢ ᠠᠷᠠᠳ ᠪᠤᠶᠤ ᠲᠦᠷ ᠰᠠᠭᠤᠭ᠎ᠠ ᠬᠥᠮᠥᠰ ᠤᠨ ᠰᠠᠭᠤᠵᠤ ᠪᠠᠶᠢᠭ᠎ᠠ ᠭᠡᠷ ᠪᠠᠶᠢᠰᠢᠩ ᠢ ᠵᠢᠭᠠᠵᠤ ᠪᠣᠶ᠃Q᠄︽ᠠᠷᠭ᠎ᠠ︾᠎ ᠳᠠᠬᠢ ᠭᠡᠷ ᠪᠠᠶᠢᠰᠢᠩ ᠲᠦᠷᠢᠶᠡᠰᠦᠯᠡᠭᠦᠯᠦᠭᠴᠢ ᠪᠠ ᠲᠦᠷᠢᠶᠡᠰᠦᠯᠡᠭᠴᠢ ᠶᠢᠨ ᠭᠦᠢᠴᠡᠳᠬᠡᠬᠦ ᠴᠢᠬᠤᠯᠠᠲᠠᠢ ᠬᠠᠷᠢᠭᠤᠴᠠᠯᠭ᠎ᠠ ᠨᠢ ᠶᠠᠭᠤ ᠶᠠᠭᠤ ᠪᠠᠶᠢᠬᠤ ᠪᠤᠢ︖      ᠭᠡᠷ ᠪᠠᠶᠢᠰᠢᠩ ᠤᠨ ᠲᠦᠷᠢᠶᠡᠰᠦᠯᠡᠯ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠳᠤ ᠠᠮᠤᠷ ᠢ ᠬᠠᠮᠠᠭᠠᠯᠠᠬᠤ ᠬᠠᠷᠢᠭᠤᠴᠠᠯᠭ᠎ᠠ ᠶᠢᠨ ᠳᠦᠷᠢᠮ ᠢ ᠬᠡᠷᠡᠭᠵᠢᠭᠦᠯᠵᠦ᠂ ᠲᠦᠷᠢᠶᠡᠰᠦᠯᠡᠭᠦᠯᠦᠭᠴᠢ᠂ ᠲᠦᠷ ᠰᠠᠭᠤᠭ᠎ᠠ ᠬᠥᠮᠥᠰ ᠨᠢ ᠴᠥᠮ ᠠᠮᠤᠷ ᠢ ᠬᠠᠮᠠᠭᠠᠯᠠᠬᠤ ᠬᠠᠷᠢᠭᠤᠴᠠᠯᠭ᠎ᠠ ᠲᠠᠢ ᠬᠥᠮᠥᠨ ᠪᠠᠶᠢᠵᠤ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠢ ᠡᠷᠬᠡᠪᠰᠢ ᠵᠢᠷᠤᠮᠯᠠᠨ ᠰᠠᠬᠢᠵᠤ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠨ ᠨᠡᠭᠦᠳᠡᠯ ᠬᠥᠮᠥᠨ ᠠᠮᠠ ᠪᠠ ᠵᠢᠭᠰᠠᠭᠠᠨ ᠪᠠᠶᠢᠴᠠᠭᠠᠵᠤ ᠳᠠᠩᠰᠠᠯᠠᠬᠤ ᠠᠵᠢᠯ ᠢ ᠰᠠᠶᠢᠲᠤᠷ ᠬᠢᠬᠦ ᠬᠡᠷᠡᠭᠲᠡᠢ᠃ᠭᠡᠷ ᠪᠠᠶᠢᠰᠢᠩ ᠲᠦᠷᠢᠶᠡᠰᠦᠯᠡᠭᠦᠯᠦᠭᠴᠢ ᠵᠢᠯᠤᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠭᠠᠵᠠᠷ ᠤᠨ ᠨᠣᠮᠧᠷ ᠢ ᠭᠤᠶᠤᠴᠢᠯᠠᠨ ᠠᠪᠬᠤ᠂ ᠲᠦᠷᠢᠶᠡᠰᠦᠯᠡᠭᠴᠢ ᠶᠢᠨ ᠺᠣᠳ᠋ ᠰᠢᠷᠪᠢᠵᠦ ᠬᠢᠨᠠᠨ ᠰᠢᠯᠭᠠᠬᠤ  ᠶᠢ ᠪᠡᠶᠡᠯᠡᠭᠦᠯᠬᠦ  ᠶᠢ ᠱᠠᠭᠠᠷᠳᠠᠵᠤ᠂ ᠪᠥᠭᠡᠮ ᠬᠦᠴᠢᠯ ᠤᠨ ᠪᠢᠯᠢᠭ ᠴᠢᠨᠠᠷ ᠤᠨ ᠭᠡᠷᠡᠴᠢ ᠶᠢ ᠲᠣᠭᠲᠠᠮᠠᠯ ᠬᠤᠭᠤᠴᠠᠭ᠎ᠠ ᠲᠠᠢ ᠪᠠᠷ ᠬᠠᠩᠭᠠᠬᠤ ᠶᠢᠨ ᠬᠠᠮᠲᠤ ᠰᠠᠨᠠᠭᠠᠴᠢᠯᠠᠭ᠎ᠠ ᠠᠴᠠ ᠪᠠᠨ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠵᠢᠴᠢ ᠲᠣᠥᠷᠵᠢᠭᠤᠯᠤᠭᠴᠢ ᠳᠤ ᠲᠦᠷᠢᠶᠡᠰᠦᠯᠡᠭᠴᠢ ᠶᠢᠨ ᠮᠡᠳᠡᠭᠡ ᠵᠠᠩᠭᠢ ᠶᠢ ᠦᠨᠡᠨ ᠪᠣᠳᠠᠲᠠᠢ ᠪᠠᠷ ᠬᠠᠩᠭᠠᠵᠤ᠂ ᠲᠦᠷᠢᠶᠡᠰᠦᠯᠡᠭᠴᠢ ᠶᠢᠨ ᠡᠷᠡᠭᠦᠯ ᠮᠡᠨᠳᠦ ᠶᠢᠨ ᠪᠠᠶᠢᠳᠠᠯ ᠢ ᠴᠠᠭ ᠲᠤᠬᠠᠢ ᠳᠤᠨᠢ ᠣᠶᠢᠯᠠᠭᠠᠨ ᠡᠵᠡᠮᠰᠢᠵᠦ᠂ ᠲᠦᠷᠢᠶᠡᠰᠦᠯᠡᠭᠴᠢ ᠳᠤ ᠬᠠᠯᠠᠭᠤᠷᠠᠬᠤ᠂ ᠠᠮᠢᠰᠬᠤᠯ ᠤᠨ ᠵᠠᠮ ᠳᠤ ᠬᠠᠯᠳᠠᠪᠤᠷᠢᠯᠠᠬᠤ ᠡᠪᠡᠳᠴᠢᠨ ᠤ ᠢᠯᠡᠷᠡᠯ ᠲᠠᠢ᠂ ᠪᠤᠰᠤᠳ ᠢᠯᠡᠷᠬᠡᠢ ᠡᠪ ᠦᠭᠡᠢ ᠡᠪᠡᠳᠴᠢᠨ ᠤ ᠢᠯᠡᠷᠡᠯ ᠲᠠᠢ ᠪᠠᠶᠢᠬᠤ ᠶᠢ ᠣᠯᠵᠤ ᠮᠡᠳᠡᠪᠡᠯ᠂ ᠭᠡᠷ ᠪᠠᠶᠢᠰᠢᠩ ᠤᠨ ᠲᠦᠷᠢᠶᠡᠰᠦᠯᠡᠭᠦᠯᠦᠭᠴᠢ ᠳᠠᠷᠤᠶᠢᠬᠠᠨ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠨᠡᠶᠢᠭᠡᠮ ᠲᠣᠭᠤᠷᠢᠭ ᠲᠤ ᠮᠡᠳᠡᠭᠦᠯᠬᠦ ᠬᠡᠷᠡᠭᠲᠡᠢ᠃      ᠭᠡᠷ ᠪᠠᠶᠢᠰᠢᠩ ᠲᠦᠷᠢᠶᠡᠰᠦᠯᠡᠭᠴᠢ ᠡᠷᠬᠡᠪᠰᠢ ᠥᠪᠡᠷ ᠤᠨ ᠪᠡᠶ᠎ᠡ ᠶᠢᠨ ᠦᠨᠡᠮᠯᠡᠯ ᠢᠶᠠᠨ ᠠᠪᠴᠤ ᠨᠡᠶᠢᠭᠡᠮ ᠲᠣᠭᠤᠷᠢᠭ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠣᠴᠢᠵᠤ ᠳᠠᠩᠰᠠᠯᠠᠭᠤᠯᠬᠤ ᠬᠡᠷᠡᠭᠲᠡᠢ᠃ ᠲᠦᠷᠢᠶᠡᠰᠦᠯᠡᠭᠴᠢ ᠨᠢ ᠰᠢᠯᠵᠢᠭᠦᠯᠦᠨ ᠲᠦᠷᠢᠶᠡᠰᠦᠯᠡᠭᠦᠯᠬᠦ ᠪᠤᠶᠤ ᠪᠠᠶᠢᠩᠭᠤ ᠰᠠᠭᠤᠬᠤ ᠬᠥᠮᠥᠨ ᠢ ᠨᠡᠮᠡᠬᠦ ᠳᠤ ᠬᠦᠷᠪᠡᠯ᠂ ᠲᠦᠷᠢᠶᠡᠰᠦᠯᠡᠭᠦᠯᠦᠭᠴᠢ ᠪᠠᠷ ᠵᠥᠪᠰᠢᠶᠡᠷᠡᠭᠦᠯᠬᠦ ᠶᠢᠨ ᠬᠠᠮᠲᠤ ᠨᠡᠶᠢᠭᠡᠮ ᠲᠣᠭᠤᠷᠢᠭ ᠲᠤ ᠮᠡᠳᠡᠭᠦᠯᠵᠦ ᠳᠠᠩᠰᠠᠯᠠᠭᠤᠯᠤᠭᠰᠠᠨ ᠤ ᠳᠠᠷᠠᠭ᠎ᠠ ᠵᠣᠬᠢᠴᠠᠩᠭᠤᠢ ᠭᠠᠷ ᠭᠦᠢᠴᠡᠳᠬᠡᠯ ᠬᠢᠬᠦ ᠬᠡᠷᠡᠭᠲᠡᠢ᠃ ᠲᠦᠷᠢᠶᠡᠰᠦᠯᠡᠭᠴᠢ ᠨᠢ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠲᠠᠢ ᠢᠳᠡᠪᠬᠢᠲᠡᠢ ᠬᠠᠮᠵᠢᠯᠴᠠᠵᠤ ᠪᠠᠶᠢᠭᠠᠳ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠠᠶᠢᠲᠤᠷ ᠬᠢᠬᠦ ᠬᠡᠷᠡᠭᠲᠡᠢ᠃Q᠄ᠶᠠᠮᠠᠷ ᠶᠠᠮᠠᠷ ᠭᠡᠷ ᠪᠠᠶᠢᠰᠢᠩ ᠢ ᠲᠦᠷᠢᠶᠡᠰᠦᠯᠡᠵᠦ ᠪᠣᠯᠬᠤ ᠦᠭᠡᠢ ᠪᠤᠢ︖ ᠶᠠᠮᠠᠷ ᠶᠠᠮᠠᠷ ᠬᠥᠮᠥᠨ ᠳᠤ ᠭᠡᠷ ᠪᠠᠶᠢᠰᠢᠩ ᠲᠦᠷᠢᠶᠡᠰᠦᠯᠡᠵᠦ ᠥᠭᠴᠦ ᠪᠣᠯᠬᠤ ᠦᠭᠡᠢ ᠪᠤᠢ︖      ︽ᠠᠷᠭ᠎ᠠ︾᠎ ᠶᠢᠨ 8 ᠳ᠋ᠤᠭᠠᠷ ᠵᠦᠢᠯ ᠳᠤ ᠲᠣᠭᠲᠠᠭᠠᠭᠰᠠᠨ ᠨᠢ᠄ ᠳᠦᠷᠢᠮ ᠠᠴᠠ ᠵᠥᠷᠢᠴᠡᠭᠰᠡᠨ ᠪᠠᠷᠢᠯᠭ᠎ᠠ ᠳᠤ ᠲᠣᠭᠠᠴᠠᠭᠳᠠᠬᠤ᠂ ᠶᠠᠰᠤ ᠴᠢᠨᠠᠷ ᠤᠨ ᠠᠰᠠᠭᠤᠳᠠᠯ ᠲᠠᠢ᠂ ᠭᠠᠯ ᠰᠡᠷᠭᠡᠶᠢᠯᠡᠯᠲᠡ ᠶᠢᠨ ᠲᠠᠯᠳᠠ ᠭᠡᠮ ᠣᠷᠣᠰᠢᠵᠤ       ᠪᠠᠶᠢᠬᠤ᠂ ᠬᠠᠮᠲᠤ ᠪᠠᠷ ᠥᠮᠴᠢᠯᠡᠬᠦ ᠭᠡᠷ ᠪᠠᠶᠢᠰᠢᠩ ᠨᠢ ᠪᠤᠰᠤᠳ ᠬᠠᠮᠲᠤ ᠥᠮᠴᠢᠯᠡᠭᠴᠢ ᠶᠢᠨ ᠪᠢᠴᠢᠭ ᠤᠨ ᠵᠥᠪᠰᠢᠶᠡᠷᠡᠯ ᠢ ᠣᠯᠤᠭ᠎ᠠ ᠦᠭᠡᠢ᠂ ᠳᠣᠲᠣᠭᠠᠳᠤ ᠶᠢ ᠬᠠᠮᠠᠭᠠᠯᠠᠬᠤ᠂ ᠣᠷᠴᠢᠨ ᠠᠬᠤᠢ ᠶᠢᠨ ᠬᠠᠮᠠᠭᠠᠯᠠᠯᠲᠠ᠂ ᠡᠷᠡᠭᠦᠯ ᠬᠠᠮᠠᠭᠠᠯᠠᠯ᠂ ᠬᠤᠲᠠ ᠶᠢᠨ ᠬᠢᠨᠠᠯᠲᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠭᠠᠯ ᠤᠨᠲᠠᠷᠠᠭᠠᠬᠤ ᠵᠡᠷᠭᠡ ᠡᠷᠭᠢᠯᠡᠨ ᠬᠠᠮᠢᠶᠠᠷᠬᠤ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠲᠣᠭᠲᠠᠭᠠᠯ ᠳᠤ ᠨᠡᠶᠢᠴᠡᠬᠦ ᠦᠭᠡᠢ᠂ ᠲᠣᠭᠲᠠᠭᠠᠯ ᠢ ᠵᠥᠷᠢᠴᠡᠵᠦ ᠭᠡᠷ ᠪᠠᠶᠢᠰᠢᠩ ᠤᠨ ᠬᠡᠷᠡᠭᠯᠡᠯᠲᠡ ᠶᠢᠨ ᠰᠢᠨᠵᠢ ᠴᠢᠨᠠᠷ ᠢ ᠬᠤᠪᠢᠷᠠᠭᠤᠯᠤᠭᠰᠠᠨ᠂ ᠣᠷᠣᠨ ᠰᠠᠭᠤᠴᠠ ᠶᠢᠨ ᠨᠥᠬᠦᠴᠡᠯ ᠢ ᠪᠦᠷᠢᠯᠳᠦᠭᠦᠯᠦᠭᠰᠡᠨ ᠦᠭᠡᠢ ᠣᠷᠣᠨ ᠰᠠᠭᠤᠴᠠ ᠶᠢᠨ ᠪᠤᠰᠤ ᠭᠡᠷ ᠪᠠᠶᠢᠰᠢᠩ᠂ ᠲᠠᠯᠠᠪᠤᠷ ᠭᠠᠵᠠᠷ ᠤᠨ ᠨᠣᠮᠧᠷ ᠢ ᠭᠤᠶᠤᠴᠢᠯᠠᠨ ᠠᠪᠤᠭᠰᠠᠨ ᠦᠭᠡᠢ ᠪᠠᠷ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠷᠭ᠎ᠠ ᠬᠡᠮᠵᠢᠶ᠎ᠡ ᠲᠣᠭᠲᠠᠭᠠᠭᠰᠠᠨ᠂ ᠬᠠᠤᠯᠢ ᠴᠠᠭᠠᠵᠠ ᠬᠠᠤᠯᠢ ᠲᠣᠭᠲᠠᠭᠠᠯ ᠲᠤᠶᠢᠷᠢᠮ ᠲᠣᠭᠲᠠᠭᠠᠯ ᠳᠤ ᠲᠦᠷᠢᠶᠡᠰᠦᠯᠡᠭᠦᠯᠵᠦ ᠪᠣᠯᠬᠤ ᠦᠭᠡᠢ ᠭᠡᠵᠦ ᠲᠣᠭᠲᠠᠭᠠᠭᠰᠠᠨ ᠪᠤᠰᠤᠳ ᠪᠠᠶᠢᠳᠠᠯ ᠤᠳ ᠣᠷᠣᠰᠢᠵᠤ ᠪᠠᠶᠢᠬᠤ ᠭᠡᠷ ᠪᠠᠶᠢᠰᠢᠩ ᠢ ᠲᠦᠷᠢᠶᠡᠰᠦᠯᠡᠵᠦ ᠪᠤᠯᠠᠬᠤ ᠦᠭᠡᠢ᠃      ᠡᠭᠦᠨ ᠠᠴᠠ ᠭᠠᠳᠠᠨ᠎ᠠ᠂ ᠭᠡᠷ ᠪᠠᠶᠢᠰᠢᠩ ᠲᠦᠷᠢᠶᠡᠰᠦᠯᠡᠬᠦ ᠬᠥᠮᠥᠨ ᠪᠦᠷᠢ ᠶᠢᠨ ᠳᠤᠮᠳᠠᠴᠢ ᠣᠷᠣᠨ ᠰᠠᠭᠤᠴᠠ ᠶᠢᠨ ᠲᠠᠯᠠᠪᠠᠶ ᠨᠢ 5 ᠲᠡᠭᠰᠢ ᠳᠥᠷᠪᠡᠯᠵᠢᠨ ᠮᠧᠲᠷ ᠠᠴᠠ ᠳᠣᠣᠷ᠎ᠠ ᠪᠠᠶᠢᠵᠤ ᠪᠣᠯᠬᠤ ᠦᠭᠡᠢ᠃ ᠣᠷᠣᠨ ᠰᠠᠭᠤᠴᠠ ᠶᠢᠨ ᠭᠡᠷ ᠪᠠᠶᠢᠰᠢᠩ ᠢ ᠲᠦᠷᠢᠶᠡᠰᠦᠯᠡᠭᠦᠯᠬᠦ ᠳᠤ᠂ ᠠᠩᠬᠠᠨ ᠤ ᠵᠢᠷᠤᠵᠤ ᠲᠥᠯᠥᠪᠯᠡᠭᠰᠡᠨ ᠣᠷᠣᠨ ᠵᠠᠢ ᠪᠣᠯᠭᠠᠭᠰᠠᠨ ᠨᠢᠭᠡ ᠲᠠᠰᠤᠯᠭ᠎ᠠ ᠭᠡᠷ ᠢᠶᠠᠷ ᠬᠠᠮᠤᠭ ᠤᠨ ᠪᠠᠭ᠎ᠠ ᠲᠦᠷᠢᠶᠡᠰᠦᠯᠡᠭᠦᠯᠬᠦ ᠨᠢᠭᠡᠴᠢ ᠪᠣᠯᠭᠠᠬᠤ ᠬᠡᠷᠡᠭᠲᠡᠢ᠂ ᠰᠠᠯᠭᠠᠵᠤ ᠪᠠᠷᠢᠭᠰᠠᠨ ᠤ ᠳᠠᠷᠠᠭ᠎ᠠ ᠲᠦᠷᠢᠶᠡᠰᠦᠯᠡᠭᠦᠯᠵᠦ ᠪᠣᠯᠬᠤ ᠦᠭᠡᠢ᠂ ᠣᠷᠣ ᠪᠠᠷ ᠨᠢ ᠲᠦᠷᠢᠶᠡᠰᠦᠯᠡᠭᠦᠯᠵᠦ ᠪᠣᠯᠬᠤ ᠦᠭᠡᠢ᠃ ᠤᠤᠯ ᠨᠢ ᠲᠣᠭᠤᠭᠠᠨ ᠭᠡᠷ᠂ ᠠᠷᠢᠭᠤᠨ ᠴᠡᠪᠡᠷ ᠤᠨ ᠲᠠᠰᠤᠯᠭ᠎ᠠ᠂ ᠨᠠᠷᠠᠪᠴᠢ ᠪᠠ ᠭᠠᠵᠠᠷ ᠳᠣᠣᠷᠠᠬᠢ ᠬᠠᠳᠠᠭᠠᠯᠠᠮᠵᠢ ᠶᠢᠨ ᠦᠷᠦᠭᠡ ᠵᠡᠷᠭᠡ ᠪᠤᠰᠤᠳ ᠣᠷᠣᠨ ᠵᠠᠢ ᠪᠠᠷ ᠵᠢᠷᠤᠵᠤ ᠲᠥᠯᠥᠪᠯᠡᠭᠰᠡᠨ ᠪᠠᠶᠢᠪᠠᠯ᠂ ᠬᠥᠮᠥᠨ ᠰᠠᠭᠤᠯᠭᠠᠬᠤ ᠪᠠᠷ ᠲᠦᠷᠢᠶᠡᠰᠦᠯᠡᠨ ᠥᠭᠴᠦ ᠪᠣᠯᠬᠤ ᠦᠭᠡᠢ᠃      ᠭᠡᠷ ᠪᠠᠶᠢᠰᠢᠩ ᠢ ᠪᠡᠶ᠎ᠡ ᠶᠢᠨ ᠭᠡᠷᠡᠴᠢ ᠦᠨᠡᠮᠯᠡᠯ ᠬᠠᠩᠭᠠᠵᠤ ᠳᠡᠶᠢᠯᠬᠦ ᠦᠭᠡᠢ ᠪᠠᠶᠢᠭᠠᠯᠢ ᠬᠥᠮᠥᠨ᠂ ᠡᠵᠡᠩᠨᠡᠯᠲᠡ ᠶᠢᠨ ᠦᠨᠡᠮᠯᠡᠯ ᠪᠤᠶᠤ ᠪᠤᠰᠤᠳ ᠵᠥᠪᠰᠢᠶᠡᠷᠡᠯ ᠤᠨ ᠪᠢᠴᠢᠭ ᠮᠠᠲ᠋ᠧᠷᠢᠶᠠᠯ ᠬᠠᠩᠭᠠᠵᠤ ᠳᠡᠶᠢᠯᠬᠦ ᠦᠭᠡᠢ ᠬᠠᠤᠯᠢ ᠶᠢᠨ ᠬᠥᠮᠥᠨ ᠪᠠ ᠪᠤᠰᠤᠳ ᠵᠣᠬᠢᠶᠠᠨ ᠪᠠᠶᠢᠭᠤᠯᠤᠯᠲᠠ ᠳᠤ ᠲᠦᠷᠢᠶᠡᠰᠦᠯᠡᠭᠦᠯᠵᠦ ᠪᠣᠯᠬᠤ ᠦᠭᠡᠢ᠃Q᠄ᠪᠠᠶᠢᠰᠢᠩ ᠭᠡᠷ ᠤᠨ ᠲᠣᠭᠤᠷᠢᠭ ᠪᠤᠶᠤ ᠲᠥᠪᠯᠡᠷᠡᠭᠰᠡᠨ ᠭᠡᠷ ᠪᠠᠶᠢᠰᠢᠩ ᠢ ᠲᠦᠷᠢᠶᠡᠰᠦᠯᠡᠬᠦ ᠳᠤ ᠶᠠᠭᠤ ᠶᠢ ᠠᠩᠬᠠᠷᠪᠠᠯ ᠵᠣᠬᠢᠬᠤ ᠪᠤᠢ︖       ᠭᠡᠷ ᠪᠠᠶᠢᠰᠢᠩ ᠤᠨ ᠲᠣᠭᠤᠷᠢᠭ ᠪᠤᠶᠤ ᠲᠥᠪᠯᠡᠷᠡᠭᠰᠡᠨ ᠭᠡᠷ ᠪᠠᠶᠢᠰᠢᠩ ᠲᠦᠷᠢᠶᠡᠰᠦᠯᠡᠬᠦ ᠭᠠᠵᠠᠷ ᠲᠠᠯᠠᠪᠤᠷ ᠢ ᠡᠷᠬᠡᠪᠰᠢ ᠪᠠᠶᠢᠭ᠎ᠠ ᠭᠠᠴᠠᠭ᠎ᠠ ᠲᠣᠰᠬᠤᠨ᠂ ᠨᠡᠶᠢᠭᠡᠮ ᠲᠣᠭᠤᠷᠢᠭ ᠲᠤ ᠲᠤᠰᠠᠭᠠᠷ ᠨᠢ ᠪᠦᠷᠢᠳᠬᠡᠨ ᠳᠠᠩᠰᠠᠯᠠᠭᠤᠯᠵᠤ᠂ ᠭᠠᠳᠠᠨ᠎ᠠ ᠠᠴᠠ ᠢᠷᠡᠭᠰᠡᠨ ᠬᠥᠮᠥᠰ ᠡᠷᠬᠡᠪᠰᠢ ᠨᠡᠶᠢᠭᠡᠮ ᠲᠣᠭᠤᠷᠢᠭ ᠲᠤ ᠳᠠᠩᠰᠠᠯᠠᠭᠤᠯᠤᠨ ᠲᠡᠮᠳᠡᠭᠯᠡᠭᠦᠯᠦᠭᠰᠡᠨ ᠤ ᠲᠠᠷᠠᠭ᠎ᠠ ᠲᠦᠷᠢᠶᠡᠰᠦᠯᠡᠬᠦ ᠠᠵᠢᠯᠯᠠᠭ᠎ᠠ ᠬᠢᠬᠦ ᠬᠡᠷᠡᠭᠲᠡᠢ᠃ ᠲᠦᠷᠢᠶᠡᠰᠦᠯᠡᠭᠰᠡᠨ ᠭᠡᠷ ᠨᠢ 5 ᠲᠠᠰᠤᠯᠭ᠎ᠠ ᠠᠴᠠ ᠳᠡᠭᠡᠭᠰᠢ ᠪᠣᠯᠤᠭᠰᠠᠨ ᠪᠤᠶᠤ ᠲᠦᠷᠢᠶᠡᠰᠦᠯᠡᠭᠰᠡᠨ ᠭᠡᠷ ᠪᠠᠶᠢᠰᠢᠩ ᠤᠨ ᠰᠠᠭᠤᠵᠤ ᠬᠡᠷᠡᠭᠯᠡᠬᠦ ᠬᠥᠮᠥᠨ ᠨᠢ 15 ᠬᠥᠮᠥᠨ ᠠᠴᠠ ᠳᠡᠭᠡᠭᠰᠢ ᠪᠣᠯᠤᠭᠰᠠᠨ ᠪᠠᠶᠢᠪᠠᠯ᠂ ᠲᠦᠷᠢᠶᠡᠰᠦᠯᠡᠭᠦᠯᠦᠭᠴᠢ ᠨᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ᠂ ᠬᠠᠮᠢᠶᠠᠷᠤᠯᠲᠠ ᠶᠢᠨ ᠳᠦᠷᠢᠮ ᠪᠠᠶᠢᠭᠤᠯᠵᠤ᠂ ᠮᠡᠳᠡᠭᠡ ᠵᠠᠩᠭᠢ ᠶᠢᠨ ᠳᠠᠩᠰᠠᠯᠠᠯᠲᠠ ᠶᠢᠨ ᠲᠠᠩᠰᠠ ᠡᠪᠬᠡᠮᠡᠯ ᠪᠠᠶᠢᠭᠤᠯᠬᠤ ᠶᠢᠨ ᠬᠠᠮᠲᠤ ᠨᠡᠶᠢᠭᠡᠮ ᠲᠣᠭᠤᠷᠢᠭ ᠵᠢᠴᠢ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠢ᠃      ᠣᠷᠣᠰᠢᠨ ᠰᠠᠭᠤᠵᠤ ᠪᠠᠶᠢᠭ᠎ᠠ ᠠᠳᠠᠯ ᠠᠬᠤᠢ ᠶᠢᠨ ᠬᠠᠮᠢᠶᠠᠷᠤᠯᠲᠠ ᠶᠢᠨ ᠣᠷᠣᠨ ᠤ ᠳᠣᠲᠣᠷᠠᠬᠢ ᠣᠷᠣᠨ ᠰᠠᠭᠤᠴᠠ ᠶᠢᠨ ᠭᠡᠷ ᠪᠠᠶᠢᠰᠢᠩ ᠢ ᠣᠯᠠᠨ ᠬᠥᠮᠥᠨ ᠤ ᠨᠡᠶᠢᠲᠡ ᠶᠢᠨ ᠪᠠᠶᠢᠷᠢ ᠪᠠᠷ ᠲᠦᠷᠢᠶᠡᠰᠦᠯᠡᠨ ᠬᠡᠷᠡᠭᠯᠡᠵᠦ ᠪᠣᠯᠬᠤ ᠦᠭᠡᠢ᠃Q᠄ᠭᠡᠷ ᠪᠠᠶᠢᠰᠢᠩ ᠢ ᠲᠦᠷᠢᠶᠡᠰᠦᠯᠡᠬᠦ ᠳᠤ ᠭᠡᠷ᠎ᠡ ᠲᠣᠭᠲᠠᠭᠠᠬᠤ ᠬᠡᠷᠡᠭ ᠲᠠᠢ ᠤᠤ︖ ᠭᠡᠷ᠎ᠡ ᠶᠢᠨ ᠠᠭᠤᠯᠭ᠎ᠠ ᠳᠤ ᠶᠠᠭᠤ ᠶᠠᠭᠤ ᠪᠠᠶᠢᠳᠠᠭ ᠪᠤᠢ︖      ᠭᠡᠷ ᠪᠠᠶᠢᠰᠢᠩ ᠲᠦᠷᠢᠶᠡᠰᠦᠯᠡᠬᠦ ᠭᠡᠷ᠎ᠡ ᠶᠢ ᠲᠣᠭᠲᠠᠭᠠᠬᠤ ᠠᠭᠤᠯᠭ᠎ᠠ ᠳᠤ᠄ ᠲᠦᠷᠢᠶᠡᠰᠦᠯᠡᠬᠦ ᠲᠤᠬᠠᠢ ᠶᠢᠨ ᠬᠥᠮᠥᠨ ᠤ ᠣᠪᠣᠭ ᠨᠡᠷ᠎ᠡ᠂ ᠬᠦᠴᠦᠨ ᠪᠦᠬᠦᠢ ᠪᠡᠶ᠎ᠡ ᠶᠢᠨ ᠭᠡᠷᠡᠴᠢ ᠦᠨᠡᠮᠯᠡᠯ ᠤᠨ ᠲᠦᠷᠦᠯ ᠵᠦᠢᠯ ᠵᠢᠴᠢ ᠨᠣᠮᠧᠷ᠂ ᠭᠡᠷ ᠪᠠᠶᠢᠰᠢᠩ ᠤᠨ ᠪᠠᠶᠢᠷᠢᠰᠢᠯ ᠲᠠᠯᠠᠪᠠᠢ ᠪᠦᠲᠦᠴᠡ ᠪᠠ ᠳᠠᠭᠠᠯᠲᠠ ᠲᠥᠬᠦᠭᠡᠷᠦᠮᠵᠢ ᠵᠡᠷᠭᠡ ᠠᠭᠤᠯᠭ᠎ᠠ᠂ ᠲᠦᠷᠢᠶᠡᠰᠦᠯᠡᠯ ᠤᠨ ᠬᠡᠷᠡᠭᠴᠡᠭᠡ᠂ ᠲᠦᠷᠢᠶᠡᠰᠦᠯᠡᠬᠦ ᠬᠤᠭᠤᠴᠠᠭ᠎ᠠ ᠪᠠ ᠦᠷᠭᠦᠯᠵᠢᠯᠡᠨ ᠲᠦᠷᠢᠶᠡᠰᠦᠯᠡᠬᠦ᠂ ᠲᠦᠷᠢᠶᠡᠰᠦᠨ ᠮᠥᠩᠭᠦ ᠶᠢᠨ ᠪᠠᠷᠢᠮᠵᠢᠶ᠎ᠠ᠂ ᠥᠭᠬᠦ ᠠᠷᠭ᠎ᠠ ᠮᠠᠶ᠋ᠢᠭ ᠪᠠ ᠬᠤᠭᠤᠴᠠᠭ᠎ᠠ᠂ ᠠᠳᠠᠯ ᠠᠬᠤᠢ ᠶᠢᠨ ᠦᠢᠯᠡᠴᠢᠯᠡᠭᠡᠨ ᠤ ᠵᠠᠷᠤᠳᠠᠯ ᠵᠢᠴᠢ ᠤᠰᠤ᠂ ᠴᠠᠬᠢᠯᠭᠠᠨ᠂ ᠨᠡᠭᠦᠷᠡᠰᠦ᠂ ᠴᠢᠮᠡᠭᠡ ᠬᠤᠯᠪᠣᠭ᠎ᠠ ᠵᠡᠷᠭᠡ ᠶᠢᠨ ᠵᠠᠷᠤᠳᠠᠯ ᠤᠨ ᠡᠭᠦᠷᠭᠡ᠂ ᠭᠡᠷ ᠪᠠᠶᠢᠰᠢᠩ ᠢ ᠬᠡᠷᠡᠭᠯᠡᠬᠦ ᠱᠠᠭᠠᠷᠳᠠᠯᠭ᠎ᠠ ᠪᠠ ᠰᠡᠯᠪᠢᠨ ᠵᠠᠰᠠᠬᠤ ᠬᠠᠷᠢᠭᠤᠴᠠᠯᠭ᠎ᠠ᠂ ᠭᠡᠷ ᠪᠠᠶᠢᠰᠢᠩ ᠢ ᠪᠤᠴᠠᠭᠠᠵᠤ ᠥᠭᠬᠦ ᠦᠶ᠎ᠡ ᠶᠢᠨ ᠪᠠᠶᠢᠳᠠᠯ᠂ ᠪᠣᠳᠠᠲᠠᠢ ᠬᠠᠮᠢᠶᠠᠷᠤᠭᠴᠢ ᠵᠢᠴᠢ ᠭᠠᠯ᠂ ᠬᠤᠯᠠᠭᠠᠢ ᠶᠢ ᠰᠡᠷᠭᠡᠶᠢᠯᠡᠬᠦ ᠪᠠ ᠴᠠᠬᠢᠯᠭᠠᠨ ᠳᠤ ᠴᠣᠬᠢᠭᠳᠠᠬᠤ ᠶᠢ ᠰᠡᠷᠭᠡᠶᠢᠯᠡᠬᠦ ᠵᠡᠷᠭᠡ ᠠᠮᠤᠷ ᠲᠥᠪᠰᠢᠨ ᠤ ᠬᠠᠷᠢᠭᠤᠴᠠᠯᠭ᠎ᠠ ᠶᠢ ᠲᠣᠭᠲᠠᠭᠠᠨ᠎ᠠ᠃ ᠭᠡᠷ᠎ᠡ ᠳᠠᠬᠢ ᠬᠠᠷᠢᠭᠤᠴᠠᠯᠭ᠎ᠠ ᠶᠢ ᠵᠥᠷᠢᠴᠡᠭᠰᠡᠨ  ᠪᠠ ᠮᠠᠷᠭᠤᠯᠳᠤᠭᠠᠨ ᠢ ᠰᠢᠢᠳᠪᠦᠷᠢᠯᠡᠬᠦ ᠠᠷᠭ᠎ᠠ ᠮᠠᠶ᠋ᠢᠭ᠂ ᠬᠡᠯᠡᠯᠴᠡᠨ ᠲᠣᠭᠲᠠᠭᠰᠠᠨ ᠪᠤᠰᠤᠳ ᠠᠭᠤᠯᠭ᠎ᠠ ᠶᠢ ᠪᠠᠭᠲᠠᠭᠠᠨ᠎ᠠ᠃      ᠲᠦᠷᠢᠶᠡᠰᠦᠯᠡᠬᠦ ᠭᠡᠷ᠎ᠡ ᠲᠣᠭᠲᠠᠭᠰᠠᠨ ᠤ ᠳᠠᠷᠠᠭᠠᠬᠢ 3 ᠡᠳᠦᠷ ᠤᠨ ᠳᠣᠲᠣᠷ᠎ᠠ᠂ ᠲᠦᠷᠢᠶᠡᠰᠦᠯᠡᠬᠦ ᠲᠤᠬᠠᠢ ᠶᠢᠨ ᠬᠥᠮᠥᠨ ᠨᠢ ᠲᠦᠷᠢᠶᠡᠰᠦᠯᠡᠬᠦ ᠭᠡᠷ ᠪᠠᠶᠢᠰᠢᠩ ᠤᠨ ᠪᠠᠶᠢᠭ᠎ᠠ ᠭᠠᠵᠠᠷ ᠤᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠵᠢᠴᠢ ᠨᠡᠶᠢᠭᠡᠮ ᠲᠣᠭᠤᠷᠢᠭ ᠲᠤ ᠬᠦᠷᠴᠦ ᠳᠠᠩᠰᠠᠯᠠᠭᠤᠯᠬᠤ ᠶᠢᠨ ᠬᠠᠮᠲᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠢ᠃ ᠳᠠᠩᠰᠠᠯᠠᠭᠤᠯᠬᠤ ᠦᠶ᠎ᠡ ᠳᠤ ᠲᠦᠷᠢᠶᠡᠰᠦᠯᠡᠬᠦ ᠭᠡᠷ᠎ᠡ᠂ ᠭᠡᠷ ᠪᠠᠶᠢᠰᠢᠩ ᠤᠨ ᠥᠮᠴᠢᠯᠡᠯ ᠤᠨ ᠡᠷᠬᠡ ᠶᠢᠨ ᠦᠨᠡᠮᠯᠡᠯ᠂ ᠲᠤᠬᠠᠢ ᠶᠢᠨ ᠬᠥᠮᠥᠨ ᠤ ᠬᠠᠤᠯᠢ ᠶᠣᠰᠣᠨ ᠤ ᠦᠨᠡᠮᠯᠡᠯ ᠵᠡᠷᠭᠡ ᠬᠤᠯᠪᠣᠭᠳᠠᠯ ᠪᠦᠬᠦᠢ ᠠᠭᠤᠯᠭ᠎ᠠ ᠶᠢ ᠬᠠᠩᠭᠠᠬᠤ ᠬᠡᠷᠡᠭᠲᠡᠢ᠃ ᠲᠦᠷᠢᠶᠡᠰᠦᠯᠡᠯ ᠤᠨ ᠭᠡᠷ᠎ᠡ ᠶᠢᠨ ᠳᠠᠩᠰᠠᠯᠠᠭᠤᠯᠬᠤ ᠠᠭᠤᠯᠭ᠎ᠠ ᠳᠤ ᠬᠤᠪᠢᠷᠠᠯᠲᠠ ᠭᠠᠷᠴᠤ᠂ ᠦᠷᠭᠦᠯᠵᠢᠯᠡᠨ ᠲᠦᠷᠢᠶᠡᠰᠦᠯᠡᠬᠦ ᠪᠤᠶᠤ ᠲᠦᠷᠢᠶᠡᠰᠦᠯᠡᠯ ᠤᠨ ᠬᠠᠷᠢᠴᠠᠭ᠎ᠠ ᠳᠠᠭᠤᠰᠤᠭᠰᠠᠨ ᠪᠠᠶᠢᠪᠠᠯ᠂ 3 ᠡᠳᠦᠷ ᠤᠨ ᠳᠣᠲᠣᠷ᠎ᠠ ᠤᠤᠯ ᠤᠨ ᠳᠠᠩᠰᠠᠯᠠᠭᠤᠯᠤᠭᠰᠠᠨ ᠰᠠᠯᠠᠭ᠎ᠠ ᠮᠥᠴᠢᠷ ᠲᠤ ᠬᠦᠷᠴᠦ ᠲᠦᠷᠢᠶᠡᠰᠦᠯᠡᠯ ᠤᠨ ᠭᠡᠷ᠎ᠡ ᠶᠢᠨ ᠳᠠᠩᠰᠠᠯᠠᠭᠤᠯᠬᠤ ᠶᠢ ᠬᠤᠪᠢᠷᠠᠭᠤᠯᠬᠤ᠂ ᠦᠷᠭᠦᠯᠵᠢᠯᠡᠭᠦᠯᠬᠦ ᠪᠤᠶᠤ ᠬᠦᠴᠦᠨ ᠦᠭᠡᠢ ᠪᠣᠯᠭᠠᠬᠤ ᠭᠠᠷ ᠭᠦᠢᠴᠡᠳᠬᠡᠯ ᠢ ᠭᠦᠢᠴᠡᠳᠬᠡᠬᠦ       ᠬᠡᠷᠡᠭᠲᠡᠢ᠃Q᠄ᠭᠡᠷ ᠪᠠᠶᠢᠰᠢᠩ ᠢ ᠰᠢᠯᠵᠢᠭᠦᠯᠦᠨ ᠲᠦᠷᠢᠶᠡᠰᠦᠯᠡᠬᠦ ᠳᠤ ᠶᠠᠭᠤ ᠶᠢ ᠠᠩᠬᠠᠷᠬᠤ ᠴᠢᠬᠤᠯᠠᠲᠠᠢ ᠪᠤᠢ︖      ᠲᠦᠷᠢᠶᠡᠰᠦᠯᠡᠭᠴᠢ ᠨᠢ ᠲᠦᠷᠢᠶᠡᠰᠦᠯᠡᠬᠦ ᠬᠤᠭᠤᠴᠠᠭᠠᠨ ᠳᠠᠭᠠᠨ ᠲᠦᠷᠢᠶᠡᠰᠦᠯᠡᠭᠦᠯᠦᠭᠴᠢ ᠶᠢᠨ ᠵᠥᠪᠰᠢᠶᠡᠷᠡᠯ ᠢ ᠣᠯᠵᠤ᠂ ᠲᠦᠷᠢᠶᠡᠰᠦᠯᠡᠭᠰᠡᠨ ᠭᠡᠷ ᠪᠠᠶᠢᠰᠢᠩ ᠤᠨ ᠢᠶᠠᠨ ᠨᠢᠭᠡ ᠬᠡᠰᠡᠭ ᠢ ᠪᠤᠶᠤ ᠪᠥᠬᠦᠳᠡ ᠶᠢ ᠪᠤᠰᠤᠳ ᠲᠤ ᠰᠢᠯᠵᠢᠭᠦᠯᠦᠨ ᠲᠦᠷᠢᠶᠡᠰᠦᠯᠡᠭᠦᠯᠵᠦ ᠪᠣᠯᠣᠨ᠎ᠠ᠃ᠲᠦᠷᠢᠶᠡᠰᠦᠯᠡᠭᠦᠯᠦᠭᠴᠢ ᠨᠢ ᠰᠢᠯᠵᠢᠭᠦᠯᠦᠨ ᠲᠦᠷᠢᠶᠡᠰᠦᠯᠡᠬᠦ ᠳᠤᠮᠳᠠ ᠠᠴᠠ ᠠᠰᠢᠭ ᠣᠷᠣᠯᠭ᠎ᠠ ᠣᠯᠵᠤ ᠪᠣᠯᠣᠨ᠎ᠠ᠃     ᠭᠡᠷ ᠪᠠᠶᠢᠰᠢᠩ ᠢ ᠰᠢᠯᠵᠢᠭᠦᠯᠦᠨ ᠲᠦᠷᠢᠶᠡᠰᠦᠯᠡᠭᠦᠯᠬᠦ ᠳᠤ ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠲᠣᠭᠲᠠᠭᠠᠬᠤ ᠶᠢᠨ ᠬᠠᠮᠲᠤ ᠲᠤᠰ ᠠᠷᠭ᠎ᠠ ᠶᠢᠨ ᠲᠣᠭᠲᠠᠭᠠᠯ ᠶᠣᠰᠣᠭᠠᠷ ᠪᠦᠷᠢᠳᠬᠡᠨ ᠳᠠᠩᠰᠠᠯᠠᠭᠤᠯᠬᠤ ᠭᠠᠷ ᠭᠦᠢᠴᠡᠳᠬᠡᠯ ᠬᠢᠬᠦ ᠬᠡᠷᠡᠭᠲᠡᠢ᠃ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠬᠦᠴᠦᠨ ᠲᠠᠢ ᠪᠣᠯᠤᠭᠰᠠᠨ ᠤ ᠲᠡᠷᠠᠭ᠎ᠠ᠂ ᠰᠢᠯᠵᠢᠭᠦᠯᠦᠨ ᠲᠦᠷᠢᠶᠡᠰᠦᠯᠡᠭᠦᠯᠦᠭᠴᠢ ᠨᠢ ᠰᠢᠯᠵᠢᠭᠦᠯᠦᠨ ᠲᠦᠷᠢᠶᠡᠰᠦᠯᠡᠭᠦᠯᠬᠦ ᠭᠡᠷ᠎ᠡ ᠳᠤ ᠲᠣᠭᠲᠠᠭᠠᠭᠰᠠᠨ ᠲᠦᠷᠢᠶᠡᠰᠦᠯᠡᠭᠦᠯᠦᠭᠴᠢ ᠶᠢᠨ ᠡᠷᠬᠡ ᠪᠠ ᠡᠭᠦᠷᠭᠡ ᠶᠢ ᠡᠳ᠋ᠯᠡᠬᠦ ᠪᠥᠭᠡᠳ ᠡᠭᠦᠷᠭᠡᠯᠡᠬᠦ ᠬᠡᠷᠡᠭᠲᠡᠢ ᠪᠥᠭᠡᠳ ᠤᠤᠯ ᠤᠨ ᠲᠦᠷᠢᠶᠡᠰᠦᠯᠡᠬᠦ ᠭᠡᠷ᠎ᠡ ᠳᠤ ᠲᠣᠭᠲᠠᠭᠠᠭᠰᠠᠨ ᠲᠦᠷᠢᠶᠡᠰᠦᠯᠡᠭᠴᠢ ᠶᠢᠨ ᠡᠭᠦᠷᠭᠡ ᠶᠢ ᠭᠦᠢᠴᠡᠳᠬᠡᠬᠦ ᠬᠡᠷᠡᠭᠲᠡᠢ᠃Q᠄ᠬᠠᠤᠯᠢ ᠶᠢ ᠵᠥᠷᠢᠴᠡᠨ ᠭᠡᠷ ᠪᠠᠶᠢᠰᠢᠩ ᠲᠦᠷᠢᠶᠡᠰᠦᠯᠡᠬᠦ ᠳᠤ ᠶᠠᠮᠠᠷ ᠶᠠᠮᠠᠷ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ ᠪᠣᠢ︖ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠣᠷᠣᠰᠢᠪᠠᠯ᠂ ᠠᠷᠠᠳ ᠤᠨ ᠵᠠᠰᠠᠭ ᠤᠨ ᠣᠷᠳᠣᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠬᠠᠷᠢᠭᠤᠴᠠᠯᠭ᠎ᠠ ᠲᠠᠢ ᠬᠥᠮᠥᠨ ᠳᠤ ᠵᠠᠰᠠᠭ ᠵᠠᠬᠢᠷᠭᠠᠨ ᠤ ᠰᠢᠳᠬᠡᠯ ᠥᠭᠭᠦᠨ᠎ᠡ᠃      1. ᠭᠡᠷ ᠪᠠᠶᠢᠰᠢᠩ ᠲᠦᠷᠢᠶᠡᠰᠦᠯᠡᠭᠦᠯᠦᠭᠴᠢ ᠨᠢ ᠭᠡᠷ ᠪᠠᠶᠢᠰᠢᠩ ᠢᠶᠠᠨ ᠪᠡᠶ᠎ᠡ ᠶᠢᠨ ᠭᠡᠷᠡᠴᠢ ᠦᠨᠡᠮᠯᠡᠯ ᠦᠭᠡᠢ ᠬᠥᠮᠥᠨ ᠳᠤ ᠲᠦᠷᠢᠶᠡᠰᠦᠯᠡᠨ ᠥᠭᠴᠦ ᠰᠠᠭᠤᠯᠭᠠᠭᠰᠠᠨ᠂ ᠡᠰᠡᠬᠦᠯ᠎ᠡ ᠲᠦᠷᠢᠶᠡᠰᠦᠯᠡᠭᠴᠢ ᠶᠢᠨ ᠣᠪᠣᠭ ᠨᠡᠷ᠎ᠡ᠂ ᠪᠡᠶ᠎ᠡ ᠶᠢᠨ ᠭᠡᠷᠡᠴᠢ ᠦᠨᠡᠮᠯᠡᠯ ᠤᠨ ᠲᠦᠷᠦᠯ ᠵᠦᠢᠯ ᠪᠠ ᠨᠣᠮᠧᠷ ᠢ ᠲᠣᠭᠲᠠᠭᠠᠯ ᠶᠣᠰᠣᠭᠠᠷ ᠦᠯᠦ ᠳᠠᠩᠰᠠᠯᠠᠭᠤᠯᠤᠭᠰᠠᠨ᠃ ᠭᠡᠷ ᠪᠠᠶᠢᠰᠢᠩ ᠲᠦᠷᠢᠶᠡᠰᠦᠯᠡᠭᠦᠯᠦᠭᠴᠢ ᠨᠢ ᠲᠦᠷᠢᠶᠡᠰᠦᠯᠡᠭᠴᠢ ᠶᠢᠨ ᠲᠦᠷᠢᠶᠡᠰᠦᠯᠡᠭᠰᠡᠨ ᠭᠡᠷ ᠪᠠᠶᠢᠰᠢᠩ ᠢ ᠠᠰᠢᠭᠯᠠᠨ ᠶᠠᠯᠠᠲᠤ ᠠᠵᠢᠯᠯᠠᠭ᠎ᠠ ᠬᠢᠵᠦ ᠪᠠᠶᠢᠬᠤ ᠶᠢ ᠲᠣᠳᠣᠷᠬᠠᠢ ᠮᠡᠳᠡᠵᠦ ᠪᠠᠶᠢᠭᠠᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ        ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠤᠷ ᠢ ᠬᠠᠮᠠᠭᠠᠯᠠᠬᠤ ᠠᠵᠢᠯ ᠤᠨ ᠬᠠᠮᠢᠶᠠᠷᠤᠯᠲᠠ ᠶᠢᠨ ᠰᠢᠳᠬᠡᠯ ᠤᠨ ᠬᠠᠤᠯᠢ︾᠎ ᠶᠢᠨ ᠶᠣᠰᠣᠭᠠᠷ ᠰᠢᠳᠬᠡᠨ᠎ᠡ᠃      2. ᠲᠦᠷᠢᠶᠡᠰᠦᠯᠡᠭᠰᠡᠨ ᠭᠡᠷ ᠪᠠᠶᠢᠰᠢᠩ ᠢ ᠪᠦᠷᠢᠳᠬᠡᠨ ᠳᠠᠩᠰᠠᠯᠠᠭᠤᠯᠬᠤ ᠭᠠᠷ ᠭᠦᠢᠴᠡᠳᠬᠡᠯ ᠬᠢᠭᠰᠡᠨ ᠦᠭᠡᠢ ᠪᠤᠶᠤ ︽ᠠᠮᠤᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠠᠲᠤᠯᠠᠭ᠎ᠠ ᠶᠢᠨ ᠪᠢᠴᠢᠭ︾᠎ ᠲᠤ ᠭᠠᠷ ᠤᠨ ᠦᠰᠦᠭ ᠵᠢᠷᠤᠭᠰᠠᠨ ᠦᠭᠡᠢ᠃ ᠭᠡᠷ ᠪᠠᠶᠢᠰᠢᠩ ᠲᠦᠷᠢᠶᠡᠰᠦᠯᠡᠭᠦᠯᠦᠭᠴᠢ ᠨᠢ ᠠᠮᠤᠷ ᠢ ᠬᠠᠮᠠᠭᠠᠯᠠᠬᠤ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠠᠴᠠ ᠪᠣᠯᠵᠤ ᠲᠦᠷᠢᠶᠡᠰᠦᠯᠡᠭᠦᠯᠦᠭᠰᠡᠨ ᠭᠡᠷ ᠪᠠᠶᠢᠰᠢᠩ ᠲᠤ ᠬᠡᠷᠡᠭ ᠶᠠᠪᠤᠳᠠᠯ᠂ ᠠᠮᠤᠷ ᠢ ᠬᠠᠮᠠᠭᠠᠯᠠᠬᠤ ᠲᠠᠯ᠎ᠠ ᠪᠠᠷ ᠬᠢ ᠭᠠᠢ ᠭᠠᠮᠰᠢᠭ ᠡ᠊ᠨᠳᠡᠯ ᠭᠠᠷᠭᠠᠭᠰᠠᠨ᠂ ᠲᠦᠷᠢᠶᠡᠰᠦᠯᠡᠭᠴᠢ ᠲᠦᠷᠢᠶᠡᠰᠦᠯᠡᠭᠰᠡᠨ ᠭᠡᠷ ᠪᠠᠶᠢᠰᠢᠩ ᠢᠶᠠᠨ ᠪᠤᠰᠤᠳ ᠲᠤ ᠰᠢᠯᠵᠢᠭᠦᠯᠦᠨ ᠲᠦᠷᠢᠶᠡᠰᠦᠯᠡᠭᠦᠯᠵᠦ ᠪᠤᠰᠤᠳ ᠲᠤ ᠰᠢᠯᠵᠢᠭᠦᠯᠦᠨ ᠵᠢᠭᠡᠯᠡᠭᠦᠯᠦᠭᠡᠳ ᠲᠣᠭᠲᠠᠭᠠᠯ ᠶᠣᠰᠣᠭᠠᠷ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠦᠭᠰᠡᠨ ᠦᠭᠡᠢ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ︽ᠲᠦᠷᠢᠶᠡᠰᠦᠯᠡᠭᠰᠡᠨ ᠭᠡᠷ ᠪᠠᠶᠢᠰᠢᠩ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ︾᠎ ᠤᠨ ᠶᠣᠰᠣᠭᠠᠷ ᠰᠢᠳᠬᠡᠨ᠎ᠡ᠃      3. ᠭᠠᠯ ᠰᠡᠷᠭᠡᠶᠢᠯᠡᠯᠲᠡ ᠶᠢᠨ ᠲᠣᠭᠲᠠᠭᠠᠯ ᠢ ᠵᠥᠷᠢᠴᠡᠵᠦ᠂ ᠭᠠᠯ ᠰᠡᠷᠭᠡᠶᠢᠯᠡᠬᠦ ᠵᠠᠢ ᠶᠢ ᠡᠵᠡᠯᠡᠨ ᠬᠡᠷᠡᠭᠯᠡᠭᠰᠡᠨ᠂ ᠭᠡᠷ ᠪᠠᠶᠢᠰᠢᠩ ᠲᠦᠷᠢᠶᠡᠰᠦᠯᠡᠭᠦᠯᠦᠭᠰᠡᠨ ᠨᠢᠭᠡᠴᠢ ᠭᠠᠯ ᠰᠡᠷᠭᠡᠶᠢᠯᠡᠨ ᠤᠨᠲᠠᠷᠠᠭᠠᠬᠤ ᠠᠮᠤᠷ ᠲᠥᠪᠰᠢᠨ ᠤ ᠬᠠᠮᠢᠶᠠᠷᠤᠯᠲᠠ ᠶᠢᠨ ᠲᠣᠭᠲᠠᠭᠠᠯ ᠢ ᠵᠥᠷᠢᠴᠡᠵᠦ᠂ ᠭᠠᠯ ᠭᠠᠷᠬᠤ ᠲᠡᠯᠳᠠ ᠭᠡᠮ ᠢ ᠭᠠᠯ ᠤᠨᠲᠠᠷᠠᠭᠠᠬᠤ ᠰᠠᠯᠠᠭ᠎ᠠ ᠮᠥᠴᠢᠷ ᠠᠴᠠ ᠮᠡᠳᠡᠭᠳᠡᠭᠰᠡᠨ ᠤ ᠲᠡᠷᠠᠭ᠎ᠠ ᠴᠠᠭ ᠲᠤᠬᠠᠢ ᠳᠤᠨᠢ ᠠᠷᠭ᠎ᠠ ᠬᠡᠮᠵᠢᠶ᠎ᠡ ᠠᠪᠴᠤ ᠠᠷᠢᠯᠭᠠᠭᠰᠠᠨ ᠦᠭᠡᠢ ᠪᠠᠶᠢᠪᠠᠯ᠂ ᠭᠠᠯ ᠰᠡᠷᠭᠡᠶᠢᠯᠡᠨ ᠤᠨᠲᠠᠷᠠᠭᠠᠬᠤ ᠰᠠᠯᠠᠭ᠎ᠠ ᠮᠥᠴᠢᠷ ᠠᠴᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠯ ᠰᠡᠷᠭᠡᠶᠢᠯᠡᠨ ᠤᠨᠲᠠᠷᠠᠭᠠᠬᠤ ᠬᠠᠤᠯᠢ︾᠎ ᠶᠢᠨ ᠶᠣᠰᠣᠭᠠᠷ ᠰᠢᠳᠬᠡᠨ᠎ᠡ᠃      4. ᠲᠦᠷᠢᠶᠡᠰᠦᠯᠡᠭᠰᠡᠨ ᠭᠡᠷ ᠪᠠᠶᠢᠰᠢᠩ ᠨᠢ ᠬᠠᠤᠯᠢ ᠠᠴᠠ ᠵᠥᠷᠢᠴᠡᠭᠰᠡᠨ ᠪᠠᠷᠢᠯᠭ᠎ᠠ ᠵᠡᠷᠭᠡ ᠪᠠᠶᠢᠳᠠᠯ ᠳᠤ ᠲᠣᠭᠠᠴᠠᠭᠳᠠᠪᠠᠯ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ︽ᠲᠠᠸᠠᠷ ᠤᠨ ᠭᠡᠷ ᠪᠠᠶᠢᠰᠢᠩ ᠲᠦᠷᠢᠶᠡᠰᠦᠯᠡᠬᠦ ᠬᠠᠮᠢᠶᠠᠷᠤᠯᠲᠠ ᠶᠢᠨ ᠠᠷᠭ᠎ᠠ︾᠎ ᠶᠢᠨ ᠶᠣᠰᠣᠭᠠᠷ ᠰᠢᠳᠬᠡᠨ ᠲᠣᠷᠭᠠᠨ᠎ᠠ᠃      5. ᠳᠣᠲᠣᠭᠠᠳᠤ ᠶᠢ ᠬᠠᠮᠠᠭᠠᠯᠠᠬᠤ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠬᠢᠨ ᠬᠢᠵᠢᠭ ᠢ ᠰᠡᠷᠭᠡᠶᠢᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳ ᠭᠦᠢᠴᠡᠳᠬᠡᠭᠰᠡᠨ ᠦᠭᠡᠢ᠂ ᠲᠠᠯᠠᠪᠤᠷ ᠭᠠᠵᠠᠷ ᠤᠨ ᠨᠣᠮᠧᠷ ᠤᠨ ᠬᠡᠷᠡᠭᠯᠡᠯᠲᠡ ᠨᠢ ᠵᠢᠷᠤᠮᠵᠢᠯ ᠦᠭᠡᠢ᠂ ᠬᠥᠮᠥᠨ ᠤ ᠡᠷᠡᠭᠦᠯ ᠮᠡᠨᠳᠦ ᠶᠢᠨ ᠮᠡᠳᠡᠭᠡ ᠵᠠᠩᠭᠢ ᠶᠢ ᠴᠠᠭ ᠲᠤᠬᠠᠢ ᠳᠤᠨᠢ ᠳᠡᠭᠡᠭᠰᠢ ᠮᠡᠳᠡᠭᠦᠯᠦᠭᠰᠡᠨ ᠦᠭᠡᠢ᠂ ᠨᠢᠭᠤᠵᠤ ᠳᠠᠷᠤᠭᠠᠳ ᠮᠡᠳᠡᠭᠦᠯᠦᠭᠰᠡᠨ ᠦᠭᠡᠢ ᠵᠡᠷᠭᠡ ᠦᠶᠯᠡ ᠠᠵᠢᠯᠯᠠᠭ᠎ᠠ ᠲᠠᠢ ᠪᠤᠶᠤ ᠲᠦᠷᠢᠶᠡᠰᠦᠯᠡᠭᠴᠢ ᠳᠤ ᠣᠨᠣᠰᠢᠯᠠᠭᠰᠠᠨ ᠡᠪᠡᠳᠴᠢᠨ ᠤ ᠵᠢᠱᠢᠶ᠎ᠡ ᠲᠠᠢ ᠨᠢᠭᠲᠠ ᠣᠶᠢᠷᠠᠲᠤᠭᠰᠠᠳ᠂ ᠳᠡᠳ᠋ ᠣᠶᠢᠷᠠᠲᠤᠭᠰᠠᠳ ᠨᠡᠶᠢᠭᠡᠮ ᠲᠣᠭᠤᠷᠢᠭ ᠲᠤ ᠬᠠᠯᠳᠠᠪᠤᠷᠢᠯᠠᠭᠰᠠᠨ ᠪᠠᠶᠢᠪᠠᠯ᠂ ︽ᠲᠦᠷᠢᠶᠡᠰᠦᠯᠡᠭᠰᠡᠨ ᠭᠡᠷ ᠪᠠᠶᠢᠰᠢᠩ ᠤᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠲᠣᠭᠲᠠᠭᠠᠯ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠬᠠᠤᠯᠢ︾᠎ ᠶᠢ ᠦᠨᠳᠦᠰᠦᠯᠡᠨ ᠲᠦᠷᠢᠶᠡᠰᠦᠯᠡᠭᠰᠡᠨ ᠬᠤᠶᠠᠷ ᠡᠲᠡᠭᠡᠳ ᠢ ᠲᠣᠷᠭᠠᠨ᠎ᠠ᠃      ᠭᠡᠷ ᠪᠠᠶᠢᠰᠢᠩ ᠤᠨ ᠲᠦᠷᠢᠶᠡᠰᠦᠯᠡᠯ ᠤᠨ ᠬᠠᠮᠢᠶᠠᠷᠤᠯᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠯᠴᠠᠬᠤ ᠤᠲᠠᠰᠤ᠄ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠄ 15904831899ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠶᠡᠭᠡ ᠠᠩᠭᠢ᠄ 18704835657ᠲᠠᠯᠠᠶᠢᠬᠦ᠋ᠪ ᠪᠠᠯᠭᠠᠰᠤ᠄ 13384831113ᠨᠠᠷᠢᠩᠭᠤᠤᠯ ᠨᠡᠶᠢᠭᠡᠮ ᠲᠣᠭᠤᠷᠢᠭ᠄ 13204832905ᠰᠤᠪᠨᠠᠭᠤᠷ ᠨᠡᠶᠢᠭᠡᠮ ᠲᠣᠭᠤᠷᠢᠭ᠄ 0483 ︱ 6520244ᠰᠠᠶᠢᠬᠠᠨᠲᠤᠤᠷᠠᠢ ᠨᠡᠶᠢᠭᠡᠮ ᠲᠣᠭᠤᠷᠢᠭ᠄ 13384830626ᠵᠢᠦᠢ ᠶᠠᠨ ᠨᠡᠶᠢᠭᠡᠮ ᠲᠣᠭᠤᠷᠢᠭ᠄ 0483-6522470 ᠵᠢᠷᠭᠠᠯᠠᠩᠲᠤ ᠵᠠᠮ ᠤᠨ ᠨᠡᠶᠢᠭᠡᠮ ᠲᠣᠭᠤᠷᠢᠭ᠄ 13384830629ᠲᠣᠷᠭᠤᠳ ᠨᠡᠶᠢᠭᠡᠮ ᠲᠣᠭᠤᠷᠢᠭ᠄ 0483-6968333      ᠬᠡᠷᠪᠡ ᠳᠡᠭᠡᠷᠡᠬᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠨᠡᠭᠦᠳᠡᠯ ᠬᠥᠮᠥᠨ ᠠᠮᠠ ᠪᠣᠯᠣᠨ ᠲᠦᠷᠢᠶᠡᠰᠦᠨ ᠭᠡᠷ ᠤᠨ ᠬᠠᠮᠢᠶᠠᠷᠤᠯᠲᠠ  ᠶᠢᠨ ᠢᠯᠡᠴᠢᠯᠡᠨ ᠮᠡᠳᠡᠭᠦᠯᠬᠦ ᠤᠲᠠᠰᠤ 0483 —6521812᠎ ᠢ ᠤᠲᠠᠰᠤᠳᠠᠭᠠᠷᠠᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号