ᠤᠶᠢᠷ᠎ᠠ ᠶᠢᠨ ᠡᠳᠦᠷ᠂ ᠦᠯᠵᠡᠢ ᠬᠢᠯᠢ ᠪᠠᠷ ᠤᠷᠤᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ | ᠦᠷᠲᠡᠭᠡ 17 ᠴᠠᠭᠳᠠᠭ᠎ᠠ ᠪᠠᠨ ᠵᠤᠬᠢᠶᠠᠨ ᠪᠠᠶᠢᠭᠤᠯᠤᠨ ᠮᠠᠨ ᠤ ᠬᠤᠰᠢᠭᠤᠨ ᠤ ᠲᠤᠶᠢᠭ ᠰᠢᠯᠢ ᠶᠢᠨ ᠬᠢᠯᠢ ᠶᠢᠨ | ᠲᠤᠮᠢᠯᠠᠭᠰᠠᠨ ᠰᠠᠯᠪᠤᠷᠢ ᠳᠤ ᠬᠥᠷᠴᠤ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠬᠦᠮᠦᠵᠢᠯ ᠪᠤᠯᠪᠠᠰᠤᠷᠠᠯ ᠤᠨ | ᠦᠢᠯᠡᠳᠦᠯᠭᠡ ᠶᠢᠨ ᠠᠵᠢᠯᠯᠠᠭ᠎ᠠ ᠥᠷᠨᠢᠭᠦᠯᠵᠤ᠂ ᠴᠠᠭᠳᠠᠭ᠎ᠠ ᠵᠢᠨᠠᠷᠠᠳ ᠲᠥᠮᠡᠨ ᠳᠤ ᠥᠨᠡᠨᠴᠢ ᠰᠢᠳᠤᠷᠭᠤ | ᠥᠢᠯᠡᠴᠢᠯᠡᠬᠦ ᠵᠤᠷᠢᠭ ᠰᠠᠨᠠᠭ᠎ᠠ ᠶᠢ ᠤᠯᠠᠮ ᠪᠠᠲᠤᠳᠬᠠᠨ᠂ ᠤᠯᠤᠰ ᠢᠶᠠᠨ ᠬᠠᠶᠢᠷᠠᠯᠠᠬᠤ ᠰᠡᠳᠭᠢᠯ ᠢ ᠬᠦᠪᠴᠢᠯᠡᠵᠦ᠂ | ᠲᠡᠰᠪᠤᠷᠢ ᠬᠠᠲᠠᠭᠤᠵᠢᠯᠲᠠᠢ ᠪᠠᠷ ᠲᠡᠮᠡᠴᠡᠬᠦ ᠵᠤᠷᠢᠭ ᠰᠠᠨᠠᠭᠠᠨ ᠤ ᠬᠥᠮᠥᠵᠢᠯ ᠬᠢᠭᠰᠡᠨ ᠪᠠᠶᠢᠨ᠎ᠠ᠃ | ᠦᠷᠯᠦᠭᠡ ᠡᠷᠲᠡ ᠲᠤᠶᠢᠭ ᠰᠢᠯᠢ ᠶᠢᠨ ᠬᠢᠯᠢ ᠶᠢᠨ ᠲᠤᠮᠢᠯᠠᠭᠰᠠᠨ ᠰᠠᠯᠪᠤᠷᠢ ᠪᠤᠯᠪᠠᠰᠤᠷᠠᠯ ᠳᠤ ᠣᠷᠣᠯᠴᠠᠵᠤ | ᠪᠠᠶᠢᠭ᠎ᠠ ᠰᠤᠷᠤᠯᠭᠠᠲᠠᠳ ᠢ ᠵᠤᠬᠢᠶᠠᠨ ᠪᠠᠶᠢᠭᠤᠯᠵᠤ᠂ ᠶᠡᠭᠡ ᠭᠤᠪᠢ ᠶᠢᠨ ᠭᠥᠨ ᠤ ᠠᠷᠠᠳ ᠤᠨ ᠴᠠᠭᠳᠠᠭ᠎ᠠ ᠶᠢᠨ | ᠤᠶᠤᠨ ᠰᠠᠨᠠᠭᠠᠨ ᠤ ᠬᠥᠰᠢᠶ᠎ᠡ ᠪᠤᠯᠤᠭᠰᠠᠨ ᠤᠯᠠᠭᠠᠨ ᠠᠭᠤᠯᠠᠨ ᠳᠤ ᠠᠪᠢᠷᠠᠨ ᠭᠠᠷᠴᠦ᠂ ᠠᠬᠠᠮᠠᠳ | ᠴᠠᠭᠳᠠᠭ᠎ᠠ ᠨᠠᠷ ᠤᠨ ᠴᠢᠯᠠᠭᠤ ᠪᠠᠷ ᠲᠡᠮᠳᠡᠭᠯᠡᠨ ᠪᠢᠴᠢᠭᠰᠡᠨ ᠨᠡᠷᠡᠰ ᠢ ᠲᠤᠭᠤᠷᠢᠨ ᠥᠵᠡᠵᠤ᠂ ᠥᠶ᠎ᠡ ᠥᠶ᠎ᠡ ᠶᠢᠨ | ᠴᠠᠭᠳᠠᠭ᠎ᠠ ᠨᠠᠷ ᠤᠨ ᠦᠨᠡᠨᠴᠢ ᠰᠢᠳᠤᠷᠭᠤ ᠪᠠᠷ ᠬᠤᠪᠢ ᠨᠡᠮᠡᠷᠢ ᠪᠠᠨ ᠡᠷᠭᠦᠵᠦ᠂ ᠬᠦᠴᠢᠷ ᠪᠡᠷᠬᠡᠰᠢᠶᠡᠯ ᠢ ᠵᠤᠷᠢᠭ ᠲᠠᠢ | ᠲᠤᠭᠤᠯᠤᠨ᠂ ᠲᠡᠰᠪᠦᠷᠢ ᠬᠠᠲᠠᠭᠤᠵᠢᠯᠲᠠᠢ ᠪᠠᠷ ᠲᠡᠮᠡᠴᠡᠬᠦ ᠡᠷᠬᠢᠮ ᠳᠡᠭᠡᠳᠦ ᠵᠤᠷᠢᠭ ᠰᠠᠨᠠᠭ᠎ᠠ ᠶᠢ ᠰᠤᠷᠤᠯᠴᠠᠵᠤ | ᠲᠡᠲᠡᠨ ᠤ ᠰᠡᠳᠬᠢᠯ ᠬᠥᠳᠡᠯᠤᠮᠡ ᠥᠢᠯᠡ ᠶᠠᠪᠤᠳᠠᠯ ᠥᠯᠢᠭᠡᠷ ᠲᠡᠤᠬᠡ ᠶᠢ ᠰᠤᠨᠤᠰᠤᠭᠠᠳ ᠭᠥᠨ ᠲᠥᠷᠥᠭᠳᠡᠯ ᠲᠠᠢ | ᠪᠣᠯᠣᠭᠰᠠᠨ ᠪᠠᠶᠢᠨ᠎ᠠ᠃ ᠲᠡᠲᠡ ᠪᠠᠰᠠ ᠤᠯᠤᠰ ᠤᠨ ᠲᠤᠭ ᠮᠠᠨᠳᠤᠭᠤᠯᠬᠤ᠂ ᠨᠠᠮ ᠤᠨ ᠲᠤᠭ ᠲᠤ ᠲᠠᠩᠭᠠᠷᠢᠭ ᠬᠢᠬᠦ | ᠵᠡᠷᠭᠡ ᠠᠵᠢᠯᠠᠯᠭ᠎ᠠ ᠶᠢ ᠶᠠᠪᠤᠭᠳᠠᠭᠤᠯᠵᠤ᠂ ᠠᠷᠠᠳ ᠤᠨ ᠴᠠᠭᠳᠠᠭ᠎ᠠ ᠨᠠᠷ ᠤᠨ ᠤᠭ ᠰᠠᠨᠠᠭ᠎ᠠ ᠪᠠᠨᠥᠯᠥ ᠮᠠᠷᠲᠠᠨ | ᠤᠷᠤᠭᠰᠢᠯᠠᠨ ᠲᠡᠮᠡᠴᠡᠬᠦ ᠵᠤᠷᠢᠭ ᠰᠠᠨᠠᠭ᠎ᠠ ᠪᠠᠷ ᠬᠦᠴᠢᠷ ᠪᠡᠷᠬᠡᠰᠢᠶᠡᠯ ᠢ ᠢᠯᠠᠨ ᠲᠠᠪᠠᠭ᠋ᠤ ᠥᠵᠡᠯ ᠰᠠᠨᠠᠭ᠎ᠠ ᠶᠢ ᠤᠯᠠᠮ | ᠪᠠᠲᠤ ᠴᠢᠩᠭ᠎ᠠ ᠪᠤᠯᠭᠠᠭᠰᠠᠨ ᠪᠠᠶᠢᠨ᠎ᠠ᠃ | ᠦᠯᠵᠡᠢ ᠬᠢᠯᠢ ᠪᠠᠷ ᠤᠷᠤᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠲᠡᠭᠡ ᠶᠢᠨ ᠠᠯᠪᠠᠨ | ᠭᠡᠷ ᠤᠨ ᠳᠡᠳ᠋ ᠡᠷᠬᠢᠯᠡᠭᠴᠢ ᠲᠢᠶᠠᠨ ᠫᠦ᠋ ᠯᠥᠩ ᠠᠴᠠ ᠪᠢᠳᠡᠨ ᠳᠤ᠂ ᠰᠢᠨ᠎ᠡ ᠴᠠᠭ ᠦᠶ᠎ᠡ ᠶᠢᠨ ᠨᠡᠭᠦᠳᠡᠯ ᠠᠷᠠᠳ ᠤᠨ | ᠬᠠᠮᠢᠶᠠᠷᠤᠯᠲᠠ ᠶᠢᠨ ᠴᠠᠭᠳᠠᠭ᠎ᠠ ᠪᠤᠯᠤᠭᠰᠠᠨ ᠤ ᠬᠤᠪᠢ ᠳᠤ᠂ ᠪᠢᠳᠠ ᠵᠤᠷᠢᠭ ᠲᠠᠢ ᠪᠠᠷ ᠡᠯᠡᠰᠦᠨ ᠴᠦᠯ ᠭᠤᠪᠢ | ᠨᠤᠲᠤᠭ ᠲᠤ ᠦᠨᠳᠦᠰᠦᠯᠡᠵᠤ᠂ ᠡᠭᠦᠷᠭᠡ ᠲᠤᠰᠢᠶᠠᠯ ᠢᠶᠠᠨ ᠦᠨᠡᠨᠴᠢ ᠪᠠᠷ ᠭᠦᠢᠴᠡᠳᠭᠡᠵᠦ᠂ ᠡᠬᠡ ᠤᠯᠤᠰ ᠤᠨ | ᠤᠮᠠᠷᠠᠲᠤ ᠬᠢᠯᠢ ᠶᠢᠨ ᠬᠦᠭᠵᠢᠯ ᠪᠠᠳᠠᠷᠠᠯ ᠪᠠ ᠲᠤᠭᠲᠠᠭᠤᠨ ᠪᠠᠶᠢᠳᠠᠯ ᠢ ᠬᠠᠮᠠᠭᠠᠯᠠᠬᠤ ᠶᠢᠨ ᠲᠦᠯᠦᠭᠡ ᠴᠦᠬᠦᠷᠡᠰᠢ | ᠦᠭᠡᠢ ᠴᠢᠷᠮᠠᠶᠢᠨ᠎ᠠ ᠭᠡᠪᠡ᠃ | ᠲᠤᠰ ᠤᠳᠠᠭᠠᠨ ᠤ ᠬᠦᠮᠦᠵᠢᠯ ᠪᠤᠯᠪᠠᠰᠤᠷᠠᠯ ᠤᠨᠦᠢᠯᠡᠳᠦᠯᠭᠡ ᠶᠢᠨ ᠠᠵᠢᠯᠯᠠᠭ᠎ᠠ ᠳᠤᠮᠳᠠ᠂ ᠲᠤᠶᠢᠭ | ᠰᠢᠯᠢ ᠶᠢᠨ ᠬᠢᠯᠢ ᠶᠢᠨ ᠲᠤᠮᠢᠯᠠᠭᠰᠠᠨ ᠰᠠᠯᠪᠤᠷᠢ ᠪᠠᠰᠠ ᠰᠤᠷᠤᠯᠭᠠᠲᠠᠳ ᠢᠶᠠᠨ ᠵᠤᠬᠢᠶᠠᠨ ᠪᠠᠶᠢᠭᠤᠯᠤᠨ ᠮᠠᠯᠴᠢᠨ | ᠡᠷᠦᠬᠡ ᠢᠶᠠᠷ ᠭᠦᠨᠵᠡᠭᠡᠶᠢᠷᠡᠬᠦ ᠶᠢᠨ ᠬᠠᠮᠲᠤ᠂ ᠬᠠᠷᠢᠶ᠎ᠠ ᠤᠷᠤᠨ ᠤ ᠮᠠᠯᠴᠢᠨ ᠡᠷᠦᠬᠡ ᠰᠤᠶᠤᠯᠲᠤᠶᠠᠭᠠ ᠨᠠᠰᠤᠲᠠᠨ ᠤ | ᠬᠢᠨ ᠳᠤ ᠬᠠᠰᠢᠶ᠎ᠠ ᠬᠤᠷᠢᠶ᠎ᠠ ᠶᠢ ᠨᠢ ᠴᠡᠪᠡᠷᠯᠡᠨ ᠬᠠᠪᠰᠤᠷᠤᠯᠭ᠎ᠠ ᠳᠡᠮᠵᠢᠯᠭᠡ ᠦᠵᠡᠭᠦᠯᠪᠡ᠃ | ᠭᠠᠷᠠᠭ ᠤᠨ ᠬᠤᠭᠤᠴᠠᠭ᠎ᠠ ᠲᠠᠢ ᠪᠤᠯᠪᠠᠰᠤᠷᠠᠯ ᠬᠥᠮᠥᠵᠢᠯ ᠤᠨ ᠠᠵᠢᠯᠠᠯᠭ᠎ᠠ ᠳᠤ ᠰᠤᠷᠤᠯᠭᠠᠲᠠᠳ ᠮᠠᠨᠢ | ᠪᠤᠯᠪᠠᠰᠤᠷᠠᠯ ᠤᠨ ᠲᠦᠯᠦᠪᠯᠡᠭᠡ ᠶᠤᠰᠤᠭᠠᠷ ᠰᠠᠯᠪᠤᠷᠢ ᠶᠢᠨ ᠢᠷᠠᠭᠤ ᠠᠯᠳᠠᠷ ᠤᠨ ᠦᠷᠦᠭᠡ ᠶᠢ ᠲᠤᠭᠤᠷᠢᠨ ᠥᠵᠡᠬᠦ᠂ | ᠮᠠᠯᠴᠢᠨ ᠡᠷᠦᠬᠡ ᠪᠠᠷ ᠭᠦᠨᠵᠡᠬᠡᠶᠢᠷᠡᠬᠦ᠂ ᠮᠠᠯᠴᠢᠳ ᠲᠠᠢ ᠬᠠᠮᠲᠤ ᠬᠥᠳᠡᠯᠮᠥᠷᠢᠯᠡᠬᠦ᠂ ᠴᠡᠷᠢᠭ ᠤᠨ ᠬᠤᠸᠠᠷᠠᠨ ᠤ | ᠭᠤᠶᠤᠵᠢᠭᠤᠯᠤᠯᠲᠠ ᠬᠢᠬᠦ᠂ ᠤᠯᠠᠭᠠᠨ ᠠᠭᠤᠯᠠᠨ ᠳᠤ ᠭᠠᠷᠬᠤ᠂ ᠬᠠᠲᠠᠭᠤᠵᠢᠯᠲᠠᠢ ᠪᠠᠷ ᠲᠡᠮᠡᠴᠡᠬᠦ ᠬᠦᠮᠦᠵᠢᠯ ᠤᠨ | ᠪᠠᠷᠢᠮᠲᠠᠲᠦ ᠺᠢᠨᠤ᠋ ᠦᠵᠡᠬᠦ᠂ ᠶᠠᠪᠠᠭᠠᠨ ᠢᠶᠠᠷ ᠶᠠᠪᠤᠬᠤ ᠪᠣᠯᠪᠠᠰᠤᠷᠠᠯ᠂ ᠬᠢᠯᠢ ᠪᠠᠷ ᠲᠤᠭᠤᠷᠢᠨ ᠪᠠᠶᠢᠴᠠᠭᠠᠬᠤ ᠵᠡᠷᠭᠡ | ᠠᠵᠢᠯᠯᠠᠭ᠎ᠠ ᠥᠷᠨᠢᠭᠦᠯᠵᠤ᠂ ᠪᠣᠯᠪᠠᠰᠤᠷᠠᠯ ᠳᠤ ᠣᠷᠣᠯᠴᠠᠭᠰᠠᠨ ᠴᠠᠭᠳᠠᠭ᠎ᠠ ᠨᠠᠷ ᠲᠤ ᠲᠤᠶᠢᠭ ᠰᠢᠯᠢ ᠶᠢᠨ ᠬᠢᠯᠢ ᠶᠢᠨ | ᠲᠤᠮᠢᠯᠠᠭᠰᠠᠨ ᠰᠠᠯᠪᠤᠷᠢ ᠶᠢᠨ ᠲᠡᠰᠪᠦᠷᠢ ᠬᠠᠲᠠᠭᠤᠵᠢᠯᠲᠠᠢ ᠲᠡᠮᠡᠴᠡᠬᠦ ᠵᠤᠷᠢᠭ ᠰᠠᠨᠠᠭ᠎ᠠ ᠶᠢ ᠨᠡᠩ ᠭᠦᠨᠵᠭᠡ᠊ | ᠣᠶᠢᠯᠠᠭᠠᠭᠤᠯᠤᠭᠰᠠᠨ ᠪᠠᠶᠢᠨ᠎ᠠ᠃ | ᠦᠯᠵᠡᠢ ᠬᠢᠯᠢ ᠪᠠᠷ ᠤᠷᠤᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠦᠷᠲᠡᠭᠡ ᠶᠢᠨ | ᠵᠢᠵᠢᠭᠦᠷᠯᠡᠭᠴᠢ ᠬᠤᠶᠠᠳᠤᠭᠠᠷ ᠠᠩᠭᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠵᠠᠩ ᠵᠧᠨ ᠸᠧᠢ ᠠᠴᠠ᠂ | ᠪᠢᠳᠠ ᠡᠨᠡᠬᠦ ᠬᠠᠮᠤᠭ ᠤᠨ ᠬᠤᠯᠠ ᠰᠠᠭᠤᠷᠢᠰᠢᠵᠤ᠂ ᠬᠠᠮᠤᠭ ᠬᠠᠲᠠᠭᠤᠵᠢᠯᠲᠠᠢ ᠮᠦᠷᠲᠡᠭᠡᠨ ᠦᠨᠡᠨᠴᠢ ᠰᠢᠳᠤᠷᠭᠤ | ᠠᠵᠢᠯᠯᠠᠳᠠᠭ᠂ ᠨᠠᠮ ᠢᠶᠠᠨ ᠬᠠᠶᠢᠷᠠᠯᠠᠳᠠᠭ᠂ ᠬᠢᠯᠢ ᠬᠢᠵᠠᠭᠠᠷ ᠪᠠ ᠠᠳᠡᠬᠢ ᠶᠢᠨ ᠮᠠᠯᠴᠢᠨ ᠲᠦᠮᠡᠨ ᠢᠶᠠᠨ ᠬᠠᠶᠢᠷᠠᠯᠠᠳᠠᠭ | ᠲᠤᠶᠢᠭ ᠰᠢᠯᠢ ᠶᠢᠨ ᠬᠢᠯᠢ ᠶᠢᠨ ᠲᠤᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠲᠡᠰᠪᠤᠷᠢ | ᠬᠠᠲᠠᠭᠤᠵᠢᠯᠲᠠᠢ ᠲᠡᠮᠡᠴᠡᠳᠡᠭ ᠵᠤᠷᠢᠭ ᠰᠠᠨᠠᠭ᠎ᠠ ᠶᠢ ᠥᠨᠡᠨᠬᠦ ᠮᠡᠳᠡᠷᠡᠵᠤ ᠤᠶᠢᠯᠭᠠᠯᠠ᠃ ᠡᠨᠡᠬᠦ ᠵᠣᠷᠢᠭ ᠰᠠᠨᠠᠭ᠎ᠠ ᠨᠢ | ᠴᠠᠭᠳᠠᠭ᠎ᠠ ᠨᠠᠷ ᠤᠨ ᠡᠭᠦᠷᠭᠡ ᠬᠠᠷᠢᠭᠤᠴᠠᠯᠭ᠎ᠠ ᠪᠠᠨ ᠭᠥᠢᠴᠡᠳᠭᠡᠬᠦ ᠴᠢᠳᠠᠪᠥᠷᠢ ᠶᠢ ᠲᠡᠭᠡᠭᠰᠢᠯᠡᠭᠦᠯᠵᠤ᠂ ᠡᠬᠡ | ᠤᠯᠤᠰ ᠤᠨ ᠢᠶᠠᠨ ᠬᠢᠯᠢ ᠬᠢᠵᠠᠭᠠᠷ ᠢ ᠰᠠᠬᠢᠨ ᠬᠠᠮᠠᠭᠠᠯᠠᠬᠤ ᠡᠷᠴᠢ ᠵᠣᠷᠢᠭ ᠢ ᠴᠢᠩᠭᠠᠷᠠᠭᠤᠯᠤᠭᠰᠠᠨ ᠪᠠᠶᠢᠨ᠎ᠠ ᠭᠡᠵᠦ | ᠶᠠᠷᠢᠨ᠎ᠠ᠃ | ᠠᠯᠠᠱᠠ ᠶᠢᠨ ᠬᠢᠯᠢ ᠶᠢᠨ ᠬᠠᠮᠢᠶᠠᠷᠤᠯᠲᠠ ᠶᠢᠨ ᠰᠠᠯᠪᠤᠷᠢ ᠶᠢᠨ ᠠᠩᠭᠢ ᠶᠢᠨ ᠲᠤᠶᠢᠭ ᠰᠢᠯᠢ ᠶᠢᠨ ᠬᠢᠯᠢ ᠶᠢᠨ | ᠲᠤᠮᠢᠯᠠᠭᠰᠠᠨ ᠰᠠᠯᠪᠤᠷᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠶᠤᠸᠠᠢ ᠭᠥᠸᠧ ᠴᠢ ᠠᠴᠠ᠂ ᠮᠠᠨ ᠤ | ᠰᠠᠯᠪᠤᠷᠢ ᠨᠢ ᠦᠪᠦᠷ ᠮᠤᠩᠭᠤᠯ ᠤᠨ ᠤᠷᠤᠵᠤ ᠭᠠᠷᠬᠤ ᠬᠢᠯᠢ ᠶᠢᠨ ᠬᠠᠮᠠᠭᠠᠯᠠᠯᠲᠠ ᠶᠢᠨ ᠪᠠᠶᠢᠴᠠᠭᠠᠬᠤ ᠶᠡᠷᠦᠩᠬᠡᠢ | ᠦᠷᠲᠡᠭᠡᠨ ᠤ ᠲᠡᠰᠪᠤᠷᠢ ᠬᠠᠲᠠᠭᠤᠵᠢᠯᠲᠠᠢ ᠪᠠᠷ ᠲᠡᠮᠡᠴᠡᠬᠦ ᠬᠦᠮᠦᠵᠢᠯ ᠤᠨ ᠰᠠᠭᠤᠷᠢᠨ ᠭᠠᠵᠠᠷ ᠪᠤᠯᠤᠭᠰᠠᠨ ᠤ | ᠬᠤᠪᠢ ᠳᠤ᠂ 2019 ᠤᠨ ᠳᠤ ᠦᠭᠡᠷᠡᠴᠢᠯᠡᠯᠲᠡ ᠬᠢᠭᠰᠡᠨ ᠠᠴᠠ ᠨᠠᠰᠢ᠂ ᠡᠯ᠎ᠡ ᠲᠦᠷᠦᠯ ᠤᠨ ᠨᠠᠮ | ᠵᠠᠰᠠᠭ ᠤᠨ ᠪᠠᠶᠢᠭᠤᠯᠭ᠎ᠠ ᠶᠢᠨ 215 ᠬᠦᠮᠦᠨ᠂ ᠶᠡᠭᠡ ᠰᠤᠷᠭᠠᠭᠤᠯᠢ ᠶᠢᠨ 12 ᠪᠠᠭᠰᠢ ᠰᠤᠷᠤᠭᠴᠢ᠂ ᠤᠷᠤᠨ ᠤ | ᠳᠤᠲᠤᠭᠠᠳᠤ ᠭᠠᠳᠠᠭᠠᠳᠦ ᠶᠢᠨ ᠨᠡᠭᠦᠳᠡᠯ ᠠᠷᠠᠳ ᠤᠨ ᠬᠠᠮᠢᠶᠠᠷᠤᠯᠲᠠ ᠶᠢᠨ 140 ᠭᠠᠷᠤᠢ ᠴᠠᠭᠳᠠᠭ᠎ᠠ ᠶᠢᠨ | ᠪᠤᠯᠪᠠᠰᠤᠷᠠᠯ ᠢ ᠬᠢᠭᠰᠡᠨ ᠪᠠᠶᠢᠨ᠎ᠠ᠃ | |