ᠲᠦᠷᠦᠭᠦᠭᠡᠨ᠂ ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠳᠤ ᠺᠤᠮᠫᠠᠨᠢ ᠨᠢ ᠡᠵᠡᠩᠨᠡᠯᠲᠡ ᠶᠢᠨ ᠬᠡᠯᠪᠡᠷᠢ ᠪᠠᠨ ᠬᠤᠪᠢᠷᠠᠭᠤᠯᠤᠭᠰᠠᠨ ᠤ ᠲᠠᠷᠠᠭ᠎ᠠ | ᠦᠢᠯᠡᠳᠪᠤᠷᠢᠯᠡᠯ ᠤᠨ ᠵᠦᠪᠰᠢᠶᠡᠷᠡᠯ ᠤᠨ ᠦᠨᠡᠮᠯᠡᠯ ᠢᠶᠠᠨ ᠣᠯᠣᠭᠰᠠᠨ ᠪᠠᠶᠢᠨ᠎ᠠ᠃ ᠡᠨᠡ ᠨᠢ ᠮᠠᠨ ᠤ ᠬᠤᠰᠢᠭᠤᠨ ᠤ | ᠠᠩᠬᠠᠳᠠᠭᠴᠢ ᠴᠠᠭᠠᠨ ᠤ ᠥᠢᠯᠡᠳᠪᠥᠷᠢᠯᠡᠯ ᠤᠨ ᠠᠵᠤ ᠠᠬᠤᠶᠢᠯᠠᠯ ᠪᠤᠯᠤᠨ᠎ᠠ᠃ | ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠨᠢ 2020 ᠤᠨ ᠳᠤ ᠪᠠᠶᠢᠭᠤᠯᠤᠭᠳᠠᠵᠠᠢ᠃ ᠲᠤᠰ ᠠᠵᠤ ᠠᠬᠤᠶᠢᠯᠠᠯ ᠤᠤᠯ ᠨᠢ ᠭᠡᠷ ᠪᠦᠯᠢ ᠶᠢᠨ | ᠮᠠᠯᠵᠢᠯ ᠤᠨ ᠲᠠᠯᠠᠪᠠᠢ ᠪᠠᠶᠢᠵᠤ᠂ ᠭᠤᠣᠯᠳᠠᠭᠤ ᠤᠯᠠᠮᠵᠢᠯᠠᠯᠳᠤ ᠠᠷᠭ᠎ᠠ ᠪᠠᠷ ᠢᠩᠭᠡᠨ ᠰᠦ ᠪᠠ ᠠᠶᠢᠷᠠᠭ ᠢ | ᠪᠤᠯᠪᠠᠰᠤᠷᠠᠭᠤᠯᠤᠨ ᠪᠤᠷᠤᠯᠠᠭᠤᠯᠵᠤ᠂ ᠮᠠᠨ ᠤ ᠬᠤᠰᠢᠭᠤᠨ ᠤ ᠬᠠᠮᠤᠭ ᠠᠩᠬᠠᠨ ᠤ ᠲᠡᠮᠡᠭᠡ ᠶᠢᠨ ᠴᠠᠭᠠᠨ ᠢᠳᠡᠭᠡ ᠶᠢ | ᠦᠢᠯᠡᠳᠪᠤᠷᠢᠯᠡᠨ ᠪᠤᠷᠤᠯᠠᠭᠤᠯᠵᠤ ᠪᠠᠶᠢᠭᠰᠠᠨ ᠭᠡᠷ ᠪᠦᠯᠢ ᠶᠢᠨ ᠮᠠᠯᠵᠢᠯ ᠤᠨ ᠲᠠᠯᠠᠪᠠᠢ ᠪᠤᠯᠤᠨ᠎ᠠ᠃ | ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠶᠢᠨ ᠶᠡᠷᠤᠩᠭᠡᠢ ᠲᠠᠭᠠᠭᠠᠮᠠᠯ ᠤᠷᠭᠢᠯᠪᠠᠳᠤ ᠠᠴᠠ ᠪᠢᠳᠡᠨ ᠳᠤ᠂ ᠦᠩᠭᠡᠷᠡᠭᠰᠡᠨ ᠳᠤ ᠦᠢᠯᠡᠳᠪᠤᠷᠢ | ᠪᠠᠶᠢᠭᠤᠯᠤᠭᠰᠠᠨ ᠦᠭᠡᠢ ᠪᠠᠶᠢᠬᠤ ᠳᠤ ᠪᠤᠷᠤᠯᠠᠭᠤᠯᠭ᠎ᠠ ᠶᠢᠨ ᠬᠡᠮᠵᠢᠶ᠎ᠡ ᠪᠠ ᠠᠷᠭ᠎ᠠ ᠵᠠᠮ ᠨᠢ ᠨᠡᠯᠢᠶᠡᠳ ᠲᠦᠭᠦᠮᠭᠡᠨ᠂ | ᠲᠠᠨᠢᠳᠠᠭ ᠬᠦᠮᠦᠨ ᠬᠤᠳᠠᠯᠳᠤᠨ ᠠᠪᠴᠤ᠂ ᠲᠤᠬᠠᠢ ᠶᠢᠨ ᠭᠠᠵᠠᠷ ᠤᠨ ᠪᠤᠷᠤᠯᠠᠭᠤᠯᠭ᠎ᠠ ᠪᠠᠷ ᠭᠤᠤᠯᠯᠠᠵᠤ ᠪᠠᠶᠢᠭᠰᠠᠨ | ᠭᠡᠵᠦ ᠶᠠᠷᠢᠨ᠎ᠠ᠃ | 2021 ᠤᠨ ᠤ ᠡᠬᠢ ᠪᠠᠷ᠂ ᠺᠤᠮᠫᠠᠨᠢ ᠠᠴᠠ 500 ᠲᠦᠮᠡᠨ ᠲᠦᠭᠦᠷᠢᠭ ᠤᠨ ᠪᠡᠯᠡ ᠤᠷᠤᠭᠤᠯᠤᠨ᠂ | ᠶᠡᠷᠤᠩᠭᠡᠢ ᠲᠠᠯᠠᠪᠠᠢ ᠨᠢ 790 ᠲᠡᠭᠰᠢ ᠲᠦᠷᠪᠡᠯᠵᠢᠨ ᠮᠧᠲᠷ ᠤᠨ ᠪᠤᠯᠪᠠᠰᠤᠷᠠᠭᠤᠯᠬᠤ ᠦᠢᠯᠡᠳᠪᠤᠷᠢ ᠶᠢ ᠪᠠᠶᠢᠭᠤᠯᠪᠠ᠃ | ᠡᠭᠦᠨ ᠳᠤ ᠲᠤᠰ ᠦᠢᠯᠡᠳᠪᠤᠷᠢᠯᠡᠯ ᠤᠨ ᠲᠠᠰᠤᠭ ᠲᠤ ᠢᠩᠭᠡᠨ ᠤ ᠠᠶᠢᠷᠠᠭ ᠢ ᠦᠢᠯᠡᠳᠪᠤᠷᠢᠯᠡᠬᠦ ᠱᠤᠭᠤᠮ ᠪᠠ | ᠪᠠᠰᠲᠸᠦ᠋ᠷ ᠤᠨ ᠪᠺᠲ᠋ᠧᠷᠢ ᠢ ᠠᠯᠠᠬᠤ ᠦᠢᠯᠡᠳᠪᠤᠷᠢᠯᠡᠯ ᠤᠨ ᠱᠤᠭᠤᠮ ᠢ ᠨᠡᠮᠡᠵᠤ ᠪᠠᠶᠢᠭᠤᠯᠤᠨ᠂ ᠪᠦᠬᠦ | ᠦᠢᠯᠡᠳᠪᠤᠷᠢ ᠶᠢ ᠲᠦᠭᠦᠬᠡᠢ ᠰᠦ ᠶᠢ ᠬᠡᠮᠵᠢᠨ ᠪᠠᠶᠢᠴᠠᠭᠠᠬᠤ ᠲᠤᠭᠤᠷᠢᠭ᠂ ᠵᠦᠭᠡᠯᠡᠨ ᠤᠰᠤ ᠪᠠᠷ ᠰᠢᠢᠳᠪᠤᠷᠢᠯᠡᠬᠦ | ᠲᠤᠭᠤᠷᠢᠭ᠂ ᠪᠺᠲ᠋ᠧᠷᠢ ᠦᠭᠡᠢ ᠰᠠᠪᠠᠯᠠᠬᠤ ᠲᠤᠭᠤᠷᠢᠭ ᠵᠡᠷᠭᠡ 8 ᠲᠠᠰᠤᠭ ᠬᠤᠪᠢᠶᠠᠵᠤ᠂ ᠲᠤᠳᠤᠭᠠᠳᠤ | ᠪᠦᠳᠦᠴᠡ ᠶᠢᠨ ᠪᠠᠶᠢᠷᠢᠯᠠᠭᠤᠯᠤᠯᠳᠠ ᠨᠢ ᠤᠯᠤᠰ ᠤᠨ ᠴᠠᠭᠠᠨ ᠢᠳᠡᠭᠡᠨ ᠤ ᠦᠢᠯᠡᠳᠪᠤᠷᠢᠯᠡᠯ ᠤᠨ ᠪᠠᠷᠢᠮᠵᠢᠶ᠎ᠠ ᠳᠤ | ᠪᠦᠷᠢᠮᠦᠰᠦᠨ ᠨᠡᠶᠢᠴᠡᠭᠰᠡᠨ ᠪᠠᠶᠢᠨ᠎ᠠ᠃ ᠲᠦᠭᠦᠬᠡᠢ ᠰᠦ ᠶᠢ ᠦᠢᠯᠡᠳᠪᠤᠷᠢ ᠳᠤ ᠤᠷᠤᠭᠤᠯᠬᠤ ᠠᠴᠠ ᠠᠪᠤᠭᠠᠳ | ᠰᠠᠪᠠᠯᠠᠬᠤ ᠬᠦᠷᠳᠡᠯᠡᠬᠢ ᠪᠦᠬᠦ ᠶᠠᠪᠤᠴᠠ ᠳᠤ ᠬᠠᠭᠠᠰ ᠮᠠᠰᠢᠨᠴᠢᠯᠠᠭᠰᠠᠨ ᠵᠠᠭᠪᠤᠷ ᠢ ᠬᠡᠷᠡᠭᠯᠡᠵᠤ᠂ ᠢᠳᠡᠭᠡᠨ ᠤ ᠠᠮᠤᠷ | ᠲᠦᠪᠰᠢᠨ ᠡᠷᠡᠬᠦᠯ ᠬᠠᠮᠠᠭᠠᠯᠠᠯ ᠢ ᠪᠠᠳᠤᠯᠠᠵᠤ ᠴᠢᠳᠠᠭᠰᠠᠨ ᠪᠠᠶᠢᠨ᠎ᠠ᠃ | ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠶᠢᠨ ᠶᠡᠷᠤᠩᠭᠡᠢ ᠲᠠᠭᠠᠭᠠᠮᠠᠯ ᠤᠷᠭᠢᠯᠪᠠᠳᠤ ᠠᠴᠠ᠂ ᠪᠢᠳᠠ ᠴᠠᠭᠠᠨ ᠢᠳᠡᠭᠡ ᠪᠠᠨ ᠤᠯᠤᠰ ᠤᠨ ᠪᠠᠷᠢᠮᠵᠢᠶ᠎ᠠ ᠪᠠᠷ | ᠦᠢᠯᠡᠳᠪᠤᠷᠢᠯᠡᠵᠤ ᠪᠠᠶᠢᠨ᠎ᠠ᠂ ᠡᠨᠡ ᠰᠠᠶᠢᠬᠠᠨ ᠲᠡᠮᠡᠭᠡᠨ ᠤ ᠴᠠᠭᠠᠨ ᠢᠳᠡᠭᠡᠨ ᠤ ᠪᠦᠳᠦᠭᠡᠭᠳᠡᠬᠦᠨ ᠢᠶᠠᠨ | ᠭᠠᠳᠠᠭᠰᠢ ᠪᠠᠨ ᠪᠤᠷᠤᠯᠠᠭᠤᠯᠵᠤ᠂ ᠨᠡᠩ ᠤᠯᠠᠨ ᠬᠦᠮᠦᠨ ᠳᠤ ᠬᠥᠷᠭᠡᠶᠡ ᠭᠡᠵᠤ ᠪᠣᠳᠣᠵᠣ ᠪᠠᠶᠢᠨ᠎ᠠ᠃ ᠮᠥᠨ ᠴᠤ | ᠡᠭᠦᠨ ᠤ ᠲᠠᠭᠤ ᠡᠵᠡᠨ᠎ᠡ ᠶᠢᠨ ᠲᠡᠮᠡᠭᠡᠨ ᠤ ᠴᠠᠭᠠᠨ ᠢᠳᠡᠭᠡ ᠶᠢᠨ ᠦᠢᠯᠡᠰ ᠢ ᠲᠠᠶᠢᠴᠢᠯᠠᠨ ᠬᠥᠭᠵᠢᠭᠦᠯᠭᠦ ᠶᠢ ᠬᠥᠰᠡᠨ | ᠵᠣᠷᠢᠵᠤ ᠪᠠᠶᠢᠨ᠎ᠠ ᠭᠡᠵᠦ ᠶᠠᠷᠢᠯ᠎ᠠ᠃ | ᠲᠡᠮᠡᠭᠡᠨ ᠰᠦ ᠳᠤ ᠬᠦᠮᠦᠨ ᠤ ᠪᠡᠶ᠎ᠡ ᠳᠤ ᠬᠡᠷᠡᠭᠴᠡᠭᠡ ᠲᠠᠢ 17 ᠵᠦᠢᠯ ᠤᠨ ᠰᠢᠪᠳᠤᠷᠳᠤ ᠬᠦᠴᠢᠯ ᠡᠯᠪᠡᠭ | ᠠᠭᠤᠯᠤᠭᠳᠠᠵᠤ᠂ ᠰᠢᠬᠢᠷ ᠪᠠ ᠦᠬᠡᠬᠦ ᠪᠠᠭ᠎ᠠ᠂ ᠺᠠᠯᠼ᠂ ᠤᠭᠤᠷᠠᠭ ᠦᠨᠳᠤᠷ ᠵᠡᠷᠭᠡ ᠲᠠᠪᠠᠭᠤᠯᠢᠭ ᠲᠠᠯ᠎ᠠ ᠲᠠᠢ | ᠪᠠᠶᠢᠳᠠᠭ᠃ ᠡᠵᠡᠨ᠎ᠡ ᠬᠤᠰᠢᠭᠤᠨ ᠤ ᠪᠠᠨ ᠣᠨᠴᠠᠯᠢᠭᠲᠤ ᠲᠡᠮᠡᠭᠡᠨ ᠤ ᠴᠠᠭᠠᠨ ᠢᠳᠡᠭᠡᠨ ᠤ ᠥᠢᠯᠡᠰ ᠢ | ᠬᠥᠭᠵᠢᠭᠦᠯᠬᠦ ᠶᠢᠨ ᠲᠤᠰᠠᠳᠠ᠂ 2021 ᠤᠨ ᠳᠤ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠳᠤ ᠺᠤᠮᠫᠠᠨᠢ ︽EJINEE TEMEE︾ ᠲᠠᠸᠠᠷ ᠤᠨ ᠲᠡᠮᠳᠡᠭ ᠢ | ᠠᠮᠵᠢᠯᠳᠠ ᠲᠠᠢ ᠪᠠᠷ ᠲᠠᠩᠰᠠᠯᠠᠭᠤᠯᠵᠤ᠂ ᠤᠳᠤ ᠪᠤᠯᠬᠤ ᠳᠤ᠂ ᠡᠵᠡᠨ᠎ᠡ ᠶᠢᠨ ᠦᠪᠡᠷ ᠤᠨ ᠲᠠᠸᠠᠷ ᠤᠨ ᠲᠡᠮᠳᠡᠭ ᠲᠠᠢ | ᠲᠡᠮᠡᠭᠡᠨ ᠤ ᠴᠠᠭᠠᠨ ᠢᠳᠡᠭᠡ ᠶᠢᠨ ᠪᠥᠲᠥᠭᠡᠭᠲᠡᠭᠦᠨ ᠨᠢ ᠪᠡᠭᠡᠵᠢᠩ᠂ ᠱᠠᠩᠬᠠᠢ᠂ ᠭᠤᠸᠠᠩᠵᠸᠤ᠂ ᠱᠧᠨᠵᠸᠠ ᠵᠡᠷᠭᠡ | ᠭᠠᠵᠠᠷ ᠤᠷᠤᠨ ᠳᠤ ᠪᠤᠷᠤᠯᠠᠭᠤᠯᠤᠭᠳᠠᠵᠤ ᠪᠠᠶᠢᠨ᠎ᠠ᠃ | ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠶᠢᠨ ᠢᠳᠡᠭᠡᠨ ᠤᠮᠳᠠᠭᠠᠨ ᠤ ᠠᠮᠤᠷ ᠲᠦᠪᠰᠢᠨ ᠤ ᠬᠠᠮᠢᠶᠠᠷᠤᠯᠳᠠ ᠶᠢᠨ ᠠᠵᠢᠯᠳᠠᠨ ᠬᠠᠰ ᠪᠢᠳᠠᠨ ᠳᠤ᠂ | ᠤᠳᠤ ᠤᠯᠤᠰ ᠤᠨ SC ᠦᠨᠡᠮᠯᠡᠯ ᠢ ᠤᠯᠤᠭᠰᠠᠨ ᠤ ᠲᠠᠷᠠᠭ᠎ᠠ᠂ ᠰᠦᠯᠵᠢᠶᠡᠨ ᠲᠡᠭᠡᠷ᠎ᠡ ᠪᠠ ᠰᠦᠯᠵᠢᠶᠡᠨ ᠤ | ᠭᠠᠳᠠᠨ᠎ᠠ ᠵᠡᠷᠭᠡᠪᠡᠷ ᠪᠤᠷᠤᠯᠠᠭᠤᠯᠤᠨ᠎ᠠ᠂ ᠲᠡᠭᠡᠪᠡᠯ ᠰᠦᠯᠵᠢᠶᠡᠨ ᠲᠡᠭᠡᠷ᠎ᠡ ᠡᠯᠧᠺᠲᠷᠤᠨ ᠬᠤᠳᠠᠯᠳᠤᠭᠠᠨ ᠤ ᠲᠠᠪᠴᠠᠩ᠂ | ᠲᠢᠺ ᠲᠤᠺ ᠢ ᠠᠰᠢᠭᠯᠠᠵᠤ ᠪᠤᠯᠤᠨ᠎ᠠ᠂ ᠦᠨᠡᠮᠯᠡᠯ ᠢ ᠠᠪᠤᠭᠰᠠᠨ ᠤ ᠲᠠᠷᠠᠭᠠᠬᠢ ᠨᠢᠭᠡ ᠡᠳᠤᠷ ᠤᠨ ᠪᠤᠷᠤᠯᠠᠭᠤᠯᠭ᠎ᠠ ᠨᠢ | ᠨᠢᠭᠡ ᠮᠢᠩᠭ᠎ᠠ ᠬᠤᠶᠠᠷ ᠵᠠᠭᠤ ᠭᠠᠷᠦᠢ ᠴᠠᠭᠠᠨ ᠢᠳᠡᠭᠡᠨ ᠤ ᠪᠦᠳᠦᠭᠡᠭᠳᠡᠬᠦᠨ ᠢ ᠪᠤᠷᠤᠯᠠᠭᠤᠯᠤᠨ᠎ᠠ ᠭᠡᠵᠦ ᠶᠠᠷᠢᠨ᠎ᠠ᠃ | ᠲᠡᠰ ᠲᠡᠪᠰᠢᠬᠦᠯᠦᠨ ᠦᠭᠡᠷᠡᠴᠢᠯᠡᠭᠰᠡᠨ ᠤ ᠲᠠᠷᠠᠭᠠᠬᠢ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠳᠤ ᠺᠤᠮᠫᠠᠨᠢ ᠶᠢᠨ ᠨᠢᠭᠡ ᠡᠳᠤᠷ ᠤᠨ ᠥᠢᠯᠡᠳᠪᠥᠷᠢᠯᠡᠯ ᠶᠢᠨ ᠬᠠᠮᠤᠭ ᠤᠨ ᠶᠡᠭᠡ ᠬᠡᠮᠵᠢᠶ᠎ᠡ ᠨᠢ | 1.2 ᠲᠤᠨ᠂ ᠡᠳᠤᠷ ᠤᠨ ᠪᠤᠷᠤᠯᠠᠭᠤᠯᠭ᠎ᠠ ᠶᠢᠨ ᠬᠡᠮᠵᠢᠶ᠎ᠡ ᠨᠢ 0.4 ᠲᠤᠨ ᠳᠤ ᠬᠥᠷᠴᠤ᠂ ᠨᠢᠳᠤᠨ ᠡᠮᠤᠨ᠎ᠡ ᠮᠠᠨ ᠤ | ᠬᠤᠰᠢᠭᠤᠨ ᠤ ᠲᠡᠮᠡᠭᠡᠨ ᠤ ᠴᠠᠭᠠᠨ ᠢᠳᠡᠭᠡᠨ ᠤ ᠦᠢᠯᠡᠳᠪᠤᠷᠢᠯᠡᠯ ᠪᠤᠷᠤᠯᠠᠭᠤᠯᠭ᠎ᠠ ᠶᠢᠨ ᠬᠠᠮᠤᠭ ᠶᠡᠭᠡ ᠠᠵᠤ | ᠠᠬᠤᠶᠢᠯᠠᠯ ᠪᠣᠯᠣᠭᠰᠠᠨ ᠪᠠᠶᠢᠨ᠎ᠠ᠃ | ᠦᠪᠤᠷ ᠮᠤᠩᠭᠤᠯ ᠤᠨ ᠶᠦᠩ ᠹᠧᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠳᠤ | ᠺᠤᠮᠫᠠᠨᠢ ᠶᠢᠨ ᠶᠡᠷᠤᠩᠭᠡᠢ ᠲᠠᠭᠠᠭᠠᠮᠠᠯ ᠤᠷᠭᠢᠯᠪᠠᠳᠤ ᠠᠴᠠ᠂ ᠬᠤᠶᠢᠰᠢᠳᠠ ᠶᠢᠨ ᠬᠦᠭᠵᠢᠯᠳᠡ ᠳᠤ᠂ ᠮᠠᠨ ᠤ ᠰᠢᠨ᠎ᠡ | ᠦᠢᠯᠡᠳᠬᠦᠨ ᠪᠤᠯᠤᠨ ᠤᠳᠤ ᠶᠢᠨ ᠦᠢᠯᠡᠳᠬᠦᠨ ᠢ ᠲᠤᠭᠳᠠᠪᠤᠷᠢᠵᠢᠭᠤᠯᠤᠭᠰᠠᠨ ᠤ ᠲᠠᠷᠠᠭ᠎ᠠ᠂ ᠵᠠᠬ᠎ᠠ ᠲᠡᠯᠭᠡᠭᠦᠷ ᠢ | ᠦᠨᠳᠤᠰᠤᠯᠡᠨ ᠠᠵᠤ ᠥᠢᠯᠡᠰ ᠤᠨ ᠬᠡᠯᠬᠢᠶᠡᠰᠤ ᠶᠢ ᠪᠠᠶᠢᠭᠤᠯᠤᠨ᠎ᠠ᠃ ᠲᠠᠷᠤᠢ ᠮᠠᠯᠴᠢᠨᠡᠷᠤᠬᠡ᠂ ᠬᠤᠷᠰᠢᠶᠠᠵᠢᠯ᠂ ᠭᠡᠷ | ᠪᠦᠯᠢ ᠶᠢᠨ ᠲᠠᠷᠢᠶᠠᠯᠠᠩ ᠤᠨ ᠲᠠᠯᠠᠪᠠᠢ + ᠠᠵᠤ ᠠᠬᠤᠶᠢᠯᠠᠯ ᠢᠶᠠᠷ ᠪᠥᠷᠢᠯᠳᠥᠭᠰᠡᠨ ᠠᠵᠤ ᠦᠢᠯᠡᠰ ᠤᠨ | ᠬᠡᠯᠬᠢᠶᠡᠰᠤ ᠶᠢ ᠪᠠᠶᠢᠭᠤᠯᠵᠤ᠂ ᠲᠡᠮᠡᠭᠡᠨ ᠤ ᠴᠠᠭᠠᠨ ᠢᠳᠡᠭᠡ ᠶᠢᠨ ᠪᠦᠬᠦᠯᠢ ᠴᠤᠭᠴᠠ ᠶᠢᠨ ᠪᠦᠳᠦᠭᠡᠭᠳᠡᠭᠦᠨ ᠢ | ᠭᠠᠳᠠᠭᠰᠢ ᠪᠤᠷᠤᠯᠠᠭᠤᠯᠤᠨ᠎ᠠ ᠭᠡᠪᠡ᠃ |