ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ 2022 ᠤᠨ ᠤ ᠳᠤᠯᠤᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2022/6/29
     ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ 2022 ᠤᠨ ᠤ ᠳᠤᠯᠤᠳᠤᠭᠠᠷ ᠤᠳᠠᠭᠠᠨ ᠤ ᠰᠤᠷᠤᠯᠴᠠᠯᠭ᠎ᠠ ᠶᠢᠨ ᠬᠤᠷᠠᠯ ᠢ ᠬᠤᠷᠠᠯᠳᠤᠵᠤ᠂ ᠲᠠᠩ ᠰᠢᠤᠸᠠᠢ ᠪᠢᠨ᠂ ᠰᠢᠦᠢ ᠵᠢᠩ᠂ ᠭᠤᠣ ᠯᠧᠢ᠂ ᠶᠠᠩ ᠶᠦᠩ ᠴᠢ᠂ ᠳ᠋ᠦ᠋ ᠶᠥᠩ ᠭᠠᠩ ᠵᠡᠷᠭᠡ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠡᠭᠦᠨ ᠭᠡᠰᠢᠭᠦᠳ ᠬᠤᠷᠠᠯ ᠳᠤ ᠤᠷᠤᠯᠴᠠᠪᠠ᠃      ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠳᠤᠭᠤᠶᠢᠯᠠᠩ ᠤᠨ ᠪᠦᠷᠢᠯᠳᠡᠭᠦᠨ ᠭᠡᠰᠢᠭᠦᠳ᠂ ᠰᠢ ᠶᠢᠨ ᠫᠢᠩ ᠤᠨ ᠤᠯᠤᠰ ᠤᠨ ᠶᠡᠷᠦᠩᠬᠡᠶᠢᠯᠡᠭᠰᠡᠨ ᠠᠮᠦᠷ ᠲᠦᠪᠰᠢᠨ ᠤ ᠦᠵᠡᠯᠲᠡ ᠶᠢ ᠪᠠᠷᠢᠮᠲᠠᠯᠠᠬᠤ ᠲᠤᠬᠠᠢ ᠦᠭᠦᠯᠯᠡᠲᠡ᠂ ᠰᠢ ᠶᠢᠨ ᠫᠢᠩ ᠶᠡᠷᠦᠩᠬᠡᠢ ᠱᠦᠵᠢ ᠬᠤᠨᠠᠨ ᠤ ᠴᠠᠩᠱᠠ ᠶᠢᠨ ᠰᠠᠭᠤᠭᠠᠯᠢ ᠠᠷᠠᠳ ᠤᠨ       ᠦᠪᠡᠷ ᠢᠶᠠᠨ ᠪᠠᠷᠢᠭᠰᠠᠨ ᠭᠡᠷ ᠪᠠᠶᠢᠰᠢᠩ ᠨᠤᠷᠠᠭᠰᠠᠨ ᠠᠳᠡᠯ ᠤᠨ ᠲᠤᠬᠠᠢ ᠭᠠᠷᠭᠠᠭᠰᠠᠨ ᠴᠢᠬᠤᠯᠠ ᠵᠢᠭᠠᠪᠤᠷᠢ ᠪᠠ ᠳᠡᠭᠡᠳᠦ ᠱᠠᠲᠤᠨ ᠤ ᠬᠠᠮᠢᠶ᠎ᠠ ᠪᠦᠬᠦᠢ ᠮᠠᠲ᠋ᠧᠷᠢᠶᠠᠯ ᠵᠡᠷᠭᠡ ᠠᠭᠤᠯᠭ᠎ᠠ ᠳᠤ ᠲᠦᠪᠯᠡᠷᠡᠭᠦᠯᠦᠨ ᠰᠤᠷᠤᠯᠴᠠᠯᠭ᠎ᠠ ᠬᠢᠪᠡ᠃ ᠳ᠋ᠦ᠋ ᠶᠥᠩ ᠭᠠᠩ᠂ ᠺᠠᠩ ᠳ᠋ᠦᠩ᠂ ᠬᠦᠬᠡ᠂ ᠭᠡᠷᠡᠯᠲᠤᠶᠠᠭ᠎ᠠ ᠨᠡᠷ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠠᠭᠤᠯᠭ᠎ᠠ ᠶᠢᠨ ᠲᠤᠭᠤᠷᠢᠨ ᠳᠤ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠪᠠ᠃      ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠷᠬᠡᠪᠰᠢ ᠤᠯᠤᠰ ᠤᠨ ᠶᠡᠷᠦᠩᠬᠡᠶᠢᠯᠡᠭᠰᠡᠨ ᠠᠮᠦᠷ ᠲᠦᠪᠰᠢᠨ ᠤ ᠦᠵᠡᠯᠲᠡ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠶᠡᠷᠦᠩᠬᠡᠶᠢᠯᠡᠭᠰᠡᠨ ᠠᠮᠦᠷ ᠲᠦᠪᠰᠢᠨ ᠤ ᠦᠵᠡᠯᠲᠡ ᠶᠢ ᠦᠨᠡᠨᠬᠦ ᠲᠤᠤᠱᠯᠠᠭᠤᠯᠤᠨ ᠨᠠᠶᠢᠳᠠᠪᠤᠷᠢᠵᠢᠭᠤᠯᠬᠤ ᠪᠠ ᠤᠷᠤᠨ ᠨᠤᠲᠤᠭ ᠤᠨ       ᠨᠡᠶᠢᠬᠡᠮ ᠤᠨ ᠠᠮᠦᠷ ᠲᠤᠭᠲᠠᠭᠤᠨ ᠢ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠲᠠᠢ ᠤᠶᠠᠯᠳᠠᠭᠤᠯᠤᠨ᠂ ᠡᠬᠡ ᠤᠯᠤᠰ ᠤᠨ ᠤᠮᠠᠷᠠᠲᠦ ᠬᠢᠯᠢ ᠶᠢᠨ ᠠᠮᠦᠷ ᠲᠦᠪᠰᠢᠨ ᠲᠤᠭᠲᠠᠭᠤᠨ ᠤ ᠬᠠᠯᠬᠠᠪᠴᠢ ᠶᠢ ᠪᠠᠶᠢᠭᠤᠯᠬᠤ ᠦᠨᠳᠦᠷᠴᠡ ᠠᠴᠠ᠂ ᠮᠠᠨ ᠤ ᠬᠤᠰᠢᠭᠤᠨ ᠤ ᠬᠦᠨᠳᠦ ᠶᠡᠭᠡ ᠲᠦᠭᠰᠢᠭᠦᠷᠢ ᠶᠢ ᠰᠡᠷᠭᠡᠶᠢᠯᠡᠬᠦ᠂ ᠠᠶᠤᠯᠭᠦᠢ ᠦᠢᠯᠡᠳᠪᠦᠷᠢᠯᠡᠯ ᠵᠡᠷᠭᠡ ᠡᠯ᠎ᠡ ᠲᠦᠷᠦᠯ ᠤᠨ ᠠᠵᠢᠯ ᠢ ᠪᠦᠬᠦ       ᠬᠦᠴᠦᠨ ᠢᠶᠠᠷ ᠰᠠᠶᠢᠲᠦᠷ ᠬᠢᠵᠦ᠂ ᠪᠦᠬᠦ ᠬᠤᠰᠢᠭᠤᠨ ᠤ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠨᠡᠩ ᠪᠠᠲᠤ ᠠᠮᠦᠷ ᠲᠦᠪᠰᠢᠨ ᠤ ᠬᠠᠯᠬᠠᠪᠴᠢ ᠶᠢ ᠪᠠᠶᠢᠭᠤᠯᠬᠤ ᠬᠡᠷᠡᠭᠲᠡᠢ ᠭᠡᠪᠡ᠃      ᠬᠤᠷᠠᠯ ᠠᠴᠠ ᠴᠢᠬᠤᠴᠢᠯᠠᠬᠤ ᠳᠠᠭᠠᠨ᠂ ᠠᠮᠦᠷ ᠲᠦᠪᠰᠢᠨ ᠤ ᠬᠦᠭᠵᠢᠯᠲᠡ ᠶᠢᠨ ᠦᠵᠡᠯᠲᠡ ᠶᠢ ᠪᠠᠲᠤ ᠪᠠᠬᠢ ᠪᠤᠢ ᠪᠤᠯᠭᠠᠵᠤ᠂ ᠬᠤᠷᠢᠭ᠎ᠠ ᠱᠤᠭᠤᠮ ᠤᠨ ᠰᠡᠳᠭᠢᠭᠦᠢ ᠪᠠ ᠤᠯᠠᠭᠠᠨ ᠱᠤᠭᠤᠮ ᠤᠨ ᠤᠠᠬᠮᠰᠠᠷ ᠢ ᠴᠢᠩᠭᠠᠳᠬᠠᠨ᠂ ᠠᠶᠤᠯᠭᠦᠢ ᠦᠢᠯᠡᠳᠪᠦᠷᠢᠯᠡᠯ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠬᠡᠮ ᠢ ᠨᠢᠭᠡᠳᠦᠯᠲᠡᠢ ᠠᠳᠬᠤᠬᠤ ᠶᠢ ᠭᠥᠨᠵᠢᠭᠡᠶᠢᠷᠡᠭᠦᠯᠭᠦ ᠬᠡᠷᠡᠭᠲᠡᠢ᠃ ᠡᠷᠬᠡᠪᠰᠢ ᠬᠢᠨᠠᠨ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠬᠠᠮᠢᠶᠠᠷᠤᠯᠲᠠ ᠶᠢᠨ ᠳᠦᠷᠢᠮ ᠪᠠ ᠬᠠᠷᠢᠭᠤᠴᠠᠯᠭ᠎ᠠ ᠶᠢᠨ ᠬᠠᠭᠤᠳᠠᠰᠤ ᠪᠠᠨ ᠤᠯᠠᠮ ᠲᠡᠭᠦᠯᠳᠡᠷᠵᠢᠭᠦᠯᠦᠨ᠂ ᠤᠨᠴᠠᠭᠠᠶᠢᠯᠠᠨ ᠮᠠᠨ ᠤ ᠬᠤᠰᠢᠭᠤᠨ ᠤ ᠵᠤᠨ ᠤ ᠦᠨᠳᠦᠷ ᠬᠠᠯᠠᠭᠤᠨ ᠳᠤ ᠭᠠᠯ ᠤᠨ ᠠᠶᠤᠯ ᠢ ᠰᠡᠷᠭᠡᠶᠢᠯᠡᠬᠦ᠂ ᠦᠶᠡᠷ ᠢ ᠰᠡᠷᠭᠡᠶᠢᠯᠡᠬᠦ᠂ ᠰᠠᠯᠬᠢ ᠰᠢᠭᠤᠷᠭ᠎ᠠ ᠶᠢ ᠰᠡᠷᠭᠡᠶᠢᠯᠡᠬᠦ ᠵᠡᠷᠭᠡ ᠠᠵᠢᠯ ᠤᠳ ᠢ ᠰᠠᠶᠢᠲᠦᠷ ᠬᠢᠵᠦ᠂ ᠳᠠᠯᠳᠠ ᠭᠡᠮ ᠢ ᠪᠠᠶᠢᠴᠠᠭᠠᠬᠤ ᠬᠦᠴᠦᠯᠡᠴᠡ ᠪᠠᠨ ᠶᠡᠬᠡᠰᠬᠡᠨ᠂ ᠰᠢᠨᠵᠢᠯᠡᠬᠦ ᠤᠬᠠᠭᠠᠨᠴᠢ ᠪᠠᠷ       ᠠᠵᠢᠯ ᠤᠨ ᠠᠷᠭ᠎ᠠ ᠬᠡᠮᠵᠢᠶ᠎ᠡ ᠪᠠᠨ ᠲᠤᠭᠲᠠᠭᠠᠵᠤ᠂ ᠬᠦᠴᠦᠨ ᠪᠥᠬᠦᠢ ᠠᠷᠭ᠎ᠠ ᠬᠡᠮᠵᠢᠶ᠎ᠡ ᠪᠠᠷ ᠡᠯ᠎ᠡ ᠲᠦᠷᠦᠯ ᠤᠨ ᠠᠶᠤᠯ ᠲᠦᠭᠰᠢᠭᠦᠷᠢ ᠶᠢᠨ ᠳᠡᠯᠳᠡ ᠭᠡᠮ ᠢ ᠰᠡᠷᠭᠡᠶᠢᠯᠡᠨ ᠠᠷᠢᠯᠭᠠᠵᠤ᠂ ᠠᠷᠠᠳ ᠢᠷᠭᠡᠳ ᠤᠨ ᠠᠮᠢ ᠨᠠᠰᠤ ᠡᠳ᠋ ᠬᠦᠷᠦᠩᠭᠡ ᠶᠢᠨ ᠠᠮᠦᠷ ᠲᠦᠪᠰᠢᠨ ᠢ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠴᠤᠭᠴᠠᠯᠠᠬᠤ ᠪᠠᠷ ᠭᠤᠤᠯ ᠱᠤᠭᠤᠮ ᠢᠶᠠᠨ ᠪᠤᠯᠭᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠢ ᠰᠠᠶᠢᠲᠦᠷ ᠬᠢᠬᠦ ᠬᠡᠷᠡᠭᠲᠡᠢ᠃ ᠡᠯ᠎ᠡ ᠬᠠᠮᠢᠶ᠎ᠠ ᠪᠦᠬᠦᠢ ᠰᠠᠯᠠᠭ᠎ᠠ ᠮᠦᠴᠢᠷ ᠳᠠᠪᠠᠭᠤᠯᠢᠭ ᠢᠶᠠᠨ ᠢᠲᠡᠪᠬᠢᠲᠡᠢ ᠪᠠᠳᠠᠷᠠᠭᠤᠯᠵᠤ᠂ ᠡᠷᠬᠡᠪᠰᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ       ᠠᠵᠢᠯ ᠢ ᠭᠤᠤᠯ ᠰᠡᠳᠦᠪ ᠲᠠᠢ ᠤᠶᠠᠯᠳᠤᠭᠤᠯᠤᠨ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠨᠢᠭᠡᠳᠦᠮᠡᠯ ᠹᠷᠤᠨᠲ ᠤᠨ ᠬᠦᠴᠦᠷᠬᠡᠭ ᠶᠡᠭᠡ ᠬᠦᠴᠦᠨ ᠢ ᠲᠠᠶᠢᠴᠢᠯᠠᠵᠤ᠂ ᠪᠦᠬᠦ  ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠤᠯᠠᠨ ᠲᠦᠮᠡᠨ ᠢ ᠵᠢᠷᠭᠠᠯ ᠵᠤᠪᠠᠯᠠᠩ ᠢᠶᠠᠨ ᠬᠠᠮᠲᠤᠳᠬᠠᠬᠤ᠂ ᠬᠤᠪᠢ ᠲᠠᠪᠢᠯᠠᠩ ᠢᠶᠠᠨ ᠬᠠᠮᠲᠤᠳᠬᠠᠬᠤ ᠬᠠᠮᠲᠤ ᠶᠢᠨ       ᠲᠠᠨᠢᠯᠲᠠ ᠶᠢ ᠪᠤᠢ ᠪᠤᠯᠭᠠᠬᠤ ᠲᠠᠯ᠎ᠠ ᠠᠴᠠ ᠬᠦᠲᠦᠯᠦᠨ ᠵᠢᠯᠤᠭᠤᠳᠴᠦ᠂ ᠪᠦᠬᠦ ᠬᠤᠰᠢᠭᠤᠨ ᠤ ᠡᠯ᠎ᠡ ᠦᠨᠳᠦᠰᠦᠲᠡᠨ᠂ ᠡᠯ᠎ᠡ ᠤᠷᠤᠨ ᠪᠦᠰᠡ᠂ ᠡᠯ᠎ᠡ  ᠪᠦᠯᠬᠦᠮ ᠤᠨ ᠬᠤᠭᠤᠷᠤᠨᠳᠡᠬᠢ ᠪᠡᠲᠤ ᠪᠠᠬᠢ ᠠᠮᠦᠷ ᠲᠦᠪᠰᠢᠨ ᠤ ᠬᠠᠯᠬᠠᠪᠴᠢ ᠶᠢ ᠪᠤᠢ ᠪᠤᠯᠭᠠᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠶᠡᠷᠦᠩᠬᠡᠢ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠦᠨᠳᠦᠰᠦᠲᠡᠨ ᠤ ᠠᠵᠢᠯ ᠪᠠ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠤᠷᠤᠨ ᠢ ᠬᠦᠭᠵᠢᠭᠦᠯᠵᠦ ᠠᠷᠠᠳ ᠢ ᠪᠠᠶᠠᠵᠢᠭᠤᠯᠬᠤ ᠵᠡᠷᠭᠡ ᠭᠤᠤᠯᠳᠠᠯᠭᠠᠲᠦ ᠠᠵᠢᠯ ᠢ ᠨᠢᠭᠲᠠ ᠤᠶᠠᠯᠳᠤᠭᠤᠯᠬᠤ ᠶᠢ ᠴᠢᠬᠤᠯᠴᠢᠯᠠᠵᠤ᠂ ᠡᠯ᠎ᠡ ᠦᠨᠳᠦᠰᠦᠲᠡᠨ ᠤ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠤᠨ ᠳᠤᠮᠳᠠ ᠬᠠᠶᠢᠷ᠎ᠠ ᠰᠡᠳᠭᠢᠯᠭᠡ ᠪᠠᠨ ᠨᠡᠮᠡᠭᠳᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠪᠡᠶ᠎ᠡ ᠪᠠᠨ ᠬᠦᠨᠳᠦᠳᠭᠡᠬᠦ᠂ ᠤᠮᠤᠭ ᠪᠠᠭ᠋ᠠᠳᠤᠯᠳᠤ᠂ ᠬᠠᠷᠢᠭᠤᠴᠠᠯᠭᠠᠲᠤ ᠰᠡᠳᠭᠢᠯᠭᠡ ᠶᠢ ᠪᠤᠢ ᠪᠤᠯᠭᠠᠬᠤ ᠬᠡᠷᠡᠭᠲᠡᠢ ᠭᠡᠪᠡ᠃      ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠤᠨᠤᠯ ᠰᠤᠷᠤᠯᠴᠠᠬᠤ ᠭᠤᠤᠯ ᠳᠤᠭᠤᠶᠢᠯᠠᠩ ᠤᠨ ᠪᠦᠷᠢᠯᠳᠦᠭᠦᠨ ᠭᠡᠰᠢᠭᠦᠳ ︽ᠲᠡᠤᠬᠡ ᠶᠢᠨ ᠦᠭᠡᠶᠢᠰᠭᠡᠬᠦ ᠦᠵᠡᠯ ᠬᠢᠭᠡᠳ ᠵᠦᠪᠯᠡᠯᠲᠦ ᠬᠤᠯᠪᠤᠭᠠᠲᠤ ᠤᠯᠤᠰ ᠤᠨ ᠵᠠᠳᠠᠷᠠᠯ—— ᠵᠦᠪᠯᠡᠯᠲᠦ ᠬᠤᠯᠪᠤᠭᠠᠲᠤ ᠤᠯᠤᠰ ᠤᠨ ᠨᠠᠮ ᠮᠦᠬᠦᠵᠦ ᠤᠯᠤᠰ ᠮᠦᠬᠦᠭᠰᠡᠨ 30 ᠵᠢᠯ ᠤᠨ ᠲᠤᠬᠠᠢ ᠪᠤᠳᠤᠯᠬᠢᠯᠠᠯ︾ ᠪᠠ ᠨᠠᠮ ᠤᠨ ᠳᠤᠲᠤᠭᠠᠳᠤ ᠳᠠᠬᠢ ᠤᠯᠤᠰ ᠲᠦᠷᠦ ᠶᠢᠨ ᠠᠮᠢᠳᠤᠷᠠᠯ ᠤᠨ ᠪᠤᠯᠬᠢᠴᠢᠯᠠᠨ ᠠᠷᠠᠯᠵᠢᠶᠠᠯᠠᠬᠤ ᠶᠢ ᠰᠡᠷᠡᠮᠵᠢᠯᠡᠭᠦᠯᠬᠦ ᠬᠦᠮᠦᠵᠢᠯ ᠤᠨ ᠹᠢᠯᠢᠮ ᠢ ᠦᠵᠡᠴᠢᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号