ᠤᠶᠢᠷ᠎ᠠ ᠶᠢᠨ ᠡᠳᠤᠷ᠂ ᠦᠪᠡᠷᠳᠡᠭᠡᠨ ᠵᠠᠰᠠᠬᠤ ᠤᠷᠤᠨ ᠤ ᠰᠤᠶᠤᠯ ᠵᠢᠭᠤᠯᠴᠢᠯᠠᠯ ᠤᠨ ᠲᠢᠩᠭᠢᠮ ᠤᠨ ᠲᠡᠳ᠋ | ᠲᠠᠷᠤᠭ᠎ᠠ ᠸᠧᠢ ᡁᠢ ᠭᠥᠸᠧ ᠡᠵᠡᠨ᠎ᠡ ᠬᠤᠰᠢᠭᠤᠨ ᠳᠤ ᠢᠷᠡᠵᠤ ᠵᠢᠭᠤᠯᠴᠢᠯᠠᠯ ᠤᠨ ᠴᠢᠳᠠᠮᠵᠢ ᠶᠢ ᠳᠡᠭᠡᠭᠰᠢᠯᠡᠬᠦᠯᠬᠦ | ᠲᠦᠯᠦᠪᠵᠢᠬᠦᠯᠭᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ᠂ ᠪᠡᠭᠡᠵᠢᠩ ᠤᠨ ᠲᠢᠶᠠᠨ ᠢ ᠪᠥᠸᠧ ᠭᠤᠸᠠᠨ | ᠬᠤᠳᠠ ᠶᠢᠨ ᠲᠦᠯᠦᠪᠵᠢᠬᠦᠯᠭᠡ ᠶᠢᠨ ᠵᠢᠷᠤᠭ ᠲᠦᠯᠦᠪᠯᠡᠭᠡᠨ ᠤ ᠬᠦᠷᠢᠶᠡᠯᠡᠩ ᠤᠨ ᠬᠠᠮᠢᠶ᠎ᠠ ᠪᠦᠬᠦᠢ ᠲᠤᠰᠬᠠᠢ | ᠮᠡᠷᠭᠡᠵᠢᠯᠳᠡᠨ᠂ ᠠᠶᠢᠮᠠᠭ᠂ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠲᠤᠪᠴᠢᠶᠠᠨ ᠤ ᠭᠤᠤᠯ | ᠬᠠᠷᠢᠭᠤᠴᠠᠯᠭᠠᠳᠠᠨ ᠨᠠᠷ ᠪᠠᠷ᠎ᠠ ᠪᠤᠯᠤᠨ ᠪᠠᠶᠢᠴᠠᠭᠠᠨ ᠰᠤᠳᠤᠯᠤᠯᠳᠠ ᠬᠢᠪᠡ᠃ | ᠸᠧᠢ ᡁᠢ ᠭᠥᠸᠧ ᠨᠠᠷ ᠤᠷᠢᠳ ᠬᠤᠵᠢᠳ ᠰᠤᠪᠨᠠᠭᠤᠷ ᠤᠨ ᠦᠵᠡᠮᠵᠢ ᠶᠢᠨ ᠣᠷᠣᠨ᠂ ᠪᠠᠶᠠᠨᠲᠤᠤᠷᠠᠢ ᠰᠤᠮᠤ᠂ | ᠲᠤᠤᠷᠠᠢ ᠶᠢᠨ ᠤᠢ ᠶᠢᠨ ᠦᠵᠡᠮᠵᠢ ᠶᠢᠨ ᠤᠷᠤᠨ᠂ ᠵᠢᠦᠢ ᠶᠠᠨ ᠰᠤᠶᠤᠯ ᠤᠨ ᠬᠤᠳᠠ᠂ ᠳ᠋ᠦᠩᠹᠧᠩ ᠰᠠᠨᠰᠠᠷ ᠤᠨ | ᠬᠤᠳᠠ᠂ ᠮᠠᠼᠦ᠋ᠩᠱᠠᠨ ᠰᠤᠮᠤ ᠵᠡᠷᠭᠡ ᠭᠠᠵᠠᠷ ᠤᠳ ᠢᠶᠠᠷ ᠬᠦᠷᠴᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠬᠠᠮᠢᠶ᠎ᠠ | ᠪᠦᠬᠦᠢ ᠨᠢᠭᠡᠴᠡ ᠶᠢᠨ ᠬᠠᠷᠢᠭᠤᠴᠠᠯᠭᠠᠳᠠᠨ ᠨᠠᠷ ᠲᠠᠢ ᠰᠠᠨᠠᠯ ᠢᠶᠠᠨ ᠰᠤᠯᠢᠯᠴᠠᠭᠰᠠᠨ ᠪᠠ ᠦᠵᠡᠮᠵᠢ ᠶᠢᠨ ᠤᠷᠤᠨ ᠤ | ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠪᠦᠬᠦᠯᠢ ᠴᠤᠭᠴᠠ ᠶᠢᠨ ᠲᠦᠯᠦᠪᠵᠢᠬᠦᠯᠭᠡ᠂ | ᠵᠢᠭᠤᠯᠴᠢᠯᠠᠯ ᠤᠨ ᠤᠷᠤᠨ ᠤ ᠵᠤᠭᠠᠴᠠᠭᠰᠠᠳ ᠢ ᠬᠦᠯᠢᠶᠡᠨ ᠠᠪᠬᠤ ᠶᠡᠷᠤᠩᠭᠡᠶᠢᠯᠡᠭᠰᠡᠨ ᠦᠢᠯᠡᠴᠢᠯᠡᠭᠡᠨ ᠤ ᠴᠢᠳᠠᠪᠤᠷᠢ | ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠠᠶᠢᠨ᠎ᠠ᠃ | ᠸᠧᠢ ᡁᠢ ᠭᠥᠸᠧ ᠵᠢᠭᠠᠵᠤ ᠭᠠᠷᠭᠠᠬᠤ ᠳᠠᠭᠠᠨ᠄ ᠡᠵᠡᠨ᠎ᠡ ᠬᠤᠰᠢᠭᠤᠨ ᠳᠤ ᠦᠪᠡᠷᠮᠢᠴᠡ ᠣᠨᠴᠠᠯᠢᠭᠳᠤ | ᠪᠠᠶᠢᠭᠠᠯᠢ ᠶᠢᠨ ᠡᠬᠢ ᠪᠠᠶᠠᠯᠢᠭ ᠪᠠ ᠡᠯᠪᠡᠭ ᠪᠠᠶᠠᠯᠢᠭ ᠲᠡᠤᠬᠡ ᠰᠤᠶᠤᠯ ᠲᠠᠢ᠂ ᠬᠦᠭᠵᠢᠯᠳᠡ ᠶᠢᠨ ᠲᠠᠯᠳᠠ ᠬᠦᠴᠦᠨ | ᠶᠡᠭᠡ ᠮᠥᠷᠲᠡᠭᠡᠨ ᠤᠷᠤᠨ ᠪᠦᠰᠡ ᠶᠢᠨ ᠵᠢᠭᠤᠯᠴᠢᠯᠠᠯ ᠤᠨ ᠬᠦᠭᠵᠢᠯᠳᠡ ᠶᠢᠨ ᠢᠷᠡᠭᠡᠳᠦᠢ ᠰᠠᠷᠠᠭᠤᠯ ᠠᠭᠤᠳᠠᠮ | ᠪᠠᠶᠢᠳᠠᠭ ᠬᠦᠭᠵᠢᠯᠳᠡ ᠶᠢᠨ ᠪᠣᠳᠠᠳᠣ ᠪᠠᠶᠢᠳᠠᠯ ᠳᠤ ᠰᠠᠭᠤᠷᠢᠯᠠᠨ᠂ ᠵᠢᠭᠤᠯᠴᠢᠯᠠᠯ ᠤᠨ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠨᠡᠭᠡᠭᠡᠨ ᠠᠰᠢᠭᠯᠠᠵᠤ᠂ ᠬᠦᠭᠵᠢᠯᠳᠡ ᠶᠢᠨ ᠲᠠᠯᠳᠠ ᠬᠦᠴᠦᠨ ᠢ ᠭᠦᠨᠵᠡᠭᠡᠢ ᠠᠭᠤᠳᠠᠯᠯᠠᠨ᠂ | ᠵᠢᠭᠤᠯᠴᠢᠯᠠᠯ ᠤᠨ ᠠᠭᠤᠯᠭ᠎ᠠ ᠶᠢ ᠤᠯᠠᠮ ᠨᠢᠭᠡ ᠠᠯᠬᠤᠮ ᠪᠠᠶᠠᠯᠢᠭᠵᠢᠭᠤᠯᠵᠤ᠂ ᠵᠢᠭᠤᠯᠴᠢᠯᠠᠯ ᠤᠨ ᠴᠢᠳᠠᠮᠵᠢ ᠶᠢ | ᠳᠠᠰᠤᠷᠠᠯᠳᠠ ᠦᠭᠡᠢ ᠲᠡᠭᠡᠭᠰᠢᠯᠡᠬᠦᠯᠦᠨ᠂ ᠨᠢᠭᠡ ᠪᠦᠯᠦᠭ ᠰᠤᠳᠤᠨ ᠵᠢᠭᠤᠯᠴᠢᠯᠠᠯ ᠤᠨ ᠱᠤᠭᠤᠮ ᠢ ᠬᠦᠴᠦᠯᠡᠨ ᠪᠤᠢ | ᠪᠤᠯᠭᠠᠬᠤ ᠬᠡᠷᠡᠭᠲᠠᠢ᠃ ᠮᠦᠨᠴᠤ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠵᠤ᠂ ᠪᠤᠬᠢᠷᠳᠤᠯ ᠦᠭᠡᠢ | ᠬᠦᠭᠵᠢᠯᠳᠡ ᠪᠠᠷ ᠤᠳᠤᠷᠢᠳᠤᠮᠵᠢ ᠪᠤᠯᠭᠠᠬᠤ ᠶᠢ ᠢᠮᠠᠭᠳᠠ ᠪᠠᠷᠢᠮᠳᠠᠯᠠᠨ᠂ ᠬᠠᠮᠳᠤᠪᠡᠷ ᠬᠥᠭᠵᠢᠵᠤ ᠬᠠᠮᠳᠤᠪᠡᠷ ᠠᠰᠢᠭ | ᠬᠦᠷᠳᠡᠬᠦ ᠤᠯᠠᠨ ᠲᠠᠯ᠎ᠠ ᠶᠢᠨ ᠬᠥᠭᠵᠢᠯᠲᠠ ᠶᠢᠨ ᠠᠷᠭ᠎ᠠ ᠲᠤᠷᠰᠢᠯᠭ᠎ᠠ ᠶᠢ ᠬᠤᠷᠠᠮᠳᠤᠭᠤᠯᠤᠨ᠂ ᠤᠷᠤᠯᠭ᠎ᠠ ᠪᠠᠨ | ᠨᠡᠮᠡᠭᠳᠡᠬᠦᠯᠬᠦ ᠰᠢᠨ᠎ᠡ ᠭᠢᠯᠠᠰ ᠴᠡᠭ ᠢ ᠡᠭᠦᠳᠴᠤ᠂ ᠵᠢᠭᠤᠯᠴᠢᠯᠠᠯ ᠤᠨ ᠦᠢᠯᠡᠰ ᠢ ᠲᠥᠯᠬᠢᠨ ᠠᠬᠢᠭᠤᠯᠬᠤ ᠬᠡᠷᠡᠭᠲᠠᠢ | ᠭᠡᠪᠡ᠃ | ᠸᠧᠢ ᡁᠢ ᠭᠥᠸᠧ ᠴᠢᠬᠤᠯᠠᠴᠢᠯᠠᠬᠤ ᠳᠠᠭᠠᠨ᠄ ᠡᠷᠬᠡᠪᠰᠢ ᠰᠤᠶᠤᠯ ᠵᠢᠭᠤᠯᠴᠢᠯᠠᠯ ᠤᠨ ᠠᠵᠢᠯ ᠢ ᠦᠷᠬᠦᠯᠵᠢᠯᠡᠨ | ᠰᠠᠶᠢᠳᠤᠷ ᠠᠳᠬᠤᠵᠤ᠂ ᠵᠢᠭᠤᠯᠴᠢᠯᠠᠯ ᠤᠨ ᠡᠬᠢ ᠪᠠᠶᠠᠯᠢᠭ ᠤᠨ ᠨᠡᠭᠡᠭᠡᠨ ᠬᠦᠭᠵᠢᠬᠦᠯᠦᠯᠳᠡ ᠶᠢ ᠦᠨᠳᠤᠷ | ᠪᠠᠷᠢᠮᠵᠢᠶ᠎ᠠ ᠪᠠᠷ ᠲᠦᠯᠦᠪᠵᠢᠬᠦᠯᠦᠨ᠂ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠦᠨᠳᠤᠷ ᠪᠠᠷᠢᠮᠵᠢᠶ᠎ᠠ ᠪᠠᠷ | ᠪᠦᠳᠦᠭᠡᠨ ᠪᠠᠶᠢᠭᠤᠯᠵᠤ᠂ ᠰᠤᠶᠤᠯ ᠵᠢᠭᠤᠯᠴᠢᠯᠠᠯ ᠤᠨ ᠠᠵᠤ ᠦᠢᠯᠡᠰ ᠤᠨ ᠬᠡᠯᠬᠢᠶ᠎ᠡ ᠶᠢ ᠲᠦᠷᠭᠡᠨ ᠨᠦᠬᠦᠪᠦᠷᠢᠯᠡᠨ᠂ | ᠮᠠᠨ ᠤ ᠤᠷᠤᠨ ᠤ ᠴᠢᠨᠠᠷ ᠰᠠᠶᠢᠳᠠᠢ ᠬᠦᠭᠵᠢᠯᠳᠡ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠬᠡᠷᠡᠭᠲᠠᠢ᠃ | ᠰᠤᠶᠤᠯ ᠵᠢᠭᠤᠯᠴᠢᠯᠠᠯ ᠤᠨ ᠲᠦᠷᠦᠯ ᠵᠦᠢᠯ ᠤᠨ ᠲᠡᠰ ᠲᠡᠪᠰᠢᠬᠦᠯᠬᠦ ᠠᠵᠢᠯ ᠢ ᠰᠠᠶᠢᠳᠤᠷ ᠠᠳᠬᠤᠵᠤ᠂ ᠲᠡᠤᠬᠡ | ᠰᠤᠶᠤᠯ᠂ ᠠᠮᠢ ᠠᠬᠤᠢ ᠶᠢᠨ ᠰᠤᠶᠤᠯ ᠤᠨ ᠤᠶᠤᠨ ᠰᠠᠨᠠᠭᠠᠨ ᠤ ᠠᠭᠤᠯᠤᠭᠳᠠᠬᠤᠨ ᠢ ᠭᠦᠨᠵᠡᠭᠡᠢ ᠠᠭᠤᠳᠠᠯᠯᠠᠨ᠂ | ᠲᠤᠰᠬᠠᠢ ᠮᠡᠷᠭᠡᠵᠢᠯᠳᠡᠨ ᠤ ᠪᠦᠯᠬᠦᠮ ᠲᠠᠢ ᠢᠳᠡᠪᠬᠢᠲᠠᠢ ᠵᠤᠯᠭᠠᠭᠤᠯᠤᠨ ᠲᠦᠯᠦᠪᠵᠢᠬᠦᠯᠵᠤ᠂ ᠭᠠᠵᠠᠷ ᠤᠷᠤᠨ ᠤ | ᠪᠠᠶᠢᠳᠠᠯ ᠳᠠᠭᠠᠨ ᠲᠤᠬᠢᠷᠠᠭᠤᠯᠤᠨ ᠰᠤᠳᠤᠨ ᠰᠤᠶᠤᠯ ᠵᠢᠭᠤᠯᠴᠢᠯᠠᠯ ᠤᠨ ᠲᠦᠷᠦᠯ ᠵᠦᠢᠯ ᠢ ᠪᠠᠶᠢᠭᠤᠯᠬᠤ ᠬᠡᠷᠡᠭᠲᠠᠢ᠃ | ᠮᠦᠨᠴᠤ ᠵᠢᠭᠤᠯᠴᠢᠯᠠᠯ ᠤᠨ ᠦᠢᠯᠡᠰ ᠢ ᠪᠠᠶᠠᠯᠢᠭᠵᠢᠭᠤᠯᠵᠤ᠂ ᠵᠢᠭᠤᠯᠴᠢᠯᠠᠯ ᠤᠨ ᠬᠠᠩᠭᠠᠯᠭ᠎ᠠ ᠶᠢ ᠴᠢᠩᠭᠠᠳᠬᠨ᠂ | ᠵᠢᠭᠤᠯᠴᠢᠯᠠᠯ ᠤᠨ ᠦᠢᠯᠡᠴᠢᠯᠡᠭᠡᠨ ᠤ ᠴᠢᠨᠠᠷ ᠴᠢᠨᠰᠠᠭ᠎ᠠ ᠶᠢ ᠥᠨᠡᠨᠬᠦ ᠲᠡᠭᠡᠭᠰᠢᠯᠡᠬᠦᠯᠵᠤ᠂ ᠰᠤᠶᠤᠯ ᠵᠢᠭᠤᠯᠴᠢᠯᠠᠯ ᠤᠨ | ᠭᠦᠨᠵᠡᠭᠡᠢ ᠠᠭᠤᠰᠤᠯᠴᠠᠯ ᠢ ᠪᠦᠳᠦᠮᠵᠢᠲᠠᠢ ᠠᠬᠢᠭᠤᠯᠤᠨ᠂ ᠰᠤᠶᠤᠯ ᠵᠢᠭᠤᠯᠴᠢᠯᠠᠯ ᠤᠨ ᠵᠠᠬ᠎ᠠ ᠲᠡᠯᠭᠡᠭᠦᠷ ᠲᠤ ᠨᠡᠩ | ᠶᠡᠭᠡ ᠬᠡᠮᠵᠢᠶ᠎ᠡ ᠪᠠᠷ ︽ᠠᠮᠢᠵᠢᠷᠠᠯ ᠤᠨ ᠬᠦᠴᠦᠨ︾ ᠢ ᠠᠪᠴᠢᠷᠠᠬᠤ ᠬᠡᠷᠡᠭᠲᠠᠢ ᠭᠡᠯᠡ᠃ | | |