ᠡᠨᠡ ᠵᠢᠯ ᠠᠴᠠ ᠨᠠᠰᠢ ᠮᠠᠨ ᠤ ᠬᠤᠰᠢᠭᠤ ᠡᠬᠢ ᠪᠠᠶᠠᠯᠢᠭ ᠢ ᠨᠢᠭᠡᠳᠬᠡᠨ ᠨᠡᠶᠢᠯᠡᠭᠦᠯᠵᠤ᠂ ᠥᠢᠯᠡᠴᠢᠯᠡᠭᠡᠨ ᠤ | ᠵᠢᠭᠰᠠᠭᠠᠯ ᠤᠨ ᠭᠠᠵᠠᠷ ᠢ ᠪᠥᠳᠥᠭᠡᠨ ᠪᠠᠶᠢᠭᠤᠯᠵᠤ᠂ ᠨᠠᠮ ᠤᠨ ᠪᠠᠶᠢᠭᠤᠯᠤᠯᠲᠠ ᠶᠢᠨ ᠲᠠᠭᠠᠭᠤᠯᠤᠨ ᠤᠳᠤᠷᠢᠳᠬᠤ | ᠥᠷ᠎ᠡ ᠠᠰᠢᠭ ᠢ ᠴᠢᠩᠭᠠᠳᠬᠠᠨ᠂ ᠣᠯᠣᠰ ᠤᠨ ᠪᠤᠰᠤ ᠥᠮᠴᠢᠯᠡᠯᠲᠤ ᠠᠵᠤ ᠠᠬᠤᠢ ᠶᠢᠨ ᠵᠣᠬᠢᠶᠠᠨ ᠪᠠᠶᠢᠭᠤᠯᠤᠯᠲᠠ | ᠪᠤᠯᠤᠨ ᠨᠡᠶᠢᠬᠡᠮ ᠤᠨ ᠵᠤᠬᠢᠶᠠᠨ ᠪᠠᠶᠢᠭᠤᠯᠤᠯᠲᠠ ᠶᠢᠨ ︽ᠬᠤᠶᠠᠷ ᠰᠢᠨ᠎ᠡ︾ ᠨᠠᠮ ᠤᠨ ᠠᠵᠢᠯᠯᠠᠬᠤ ᠬᠤᠷᠢᠶ᠎ᠠ᠂ | ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ | ᠨᠠᠮ ᠪᠠ ᠣᠯᠠᠨ ᠲᠥᠮᠡᠨᠴᠢ ᠦᠢᠯᠡᠴᠢᠯᠡᠭᠡᠨ ᠤ ᠲᠥᠪ ᠵᠡᠷᠭᠡ ᠳᠥᠷᠪᠡᠨ ᠨᠢᠭᠡᠴᠡ ᠶᠢ ᠵᠤᠬᠢᠶᠠᠨ ᠪᠠᠶᠢᠭᠤᠯᠵᠤ ︽ | ᠬᠠᠶᠢᠷ᠎ᠠ ᠬᠠᠯᠠᠮᠵᠢᠲᠤ ᠬᠤᠳᠠᠯᠳᠤᠭᠠᠨ ᠤ ᠡᠷᠤᠬᠡ︾᠂ ︽ᠬᠠᠶᠢᠷ᠎ᠠ ᠬᠠᠯᠠᠮᠵᠢᠲᠤ ᠤᠯᠠᠭ᠎ᠠ ᠥᠷᠲᠡᠭᠡ︾ ᠶᠢᠨ | ᠥᠢᠯᠡᠳᠥᠯ ᠢ ᠭᠥᠢᠴᠡᠳ ᠪᠠᠳᠠᠷᠠᠭᠤᠯᠵᠤ᠂ ᠰᠢᠨ᠎ᠡ ᠠᠵᠢᠯ ᠣᠯᠭᠤᠯᠲᠠ ᠰᠢᠨ᠎ᠡ ᠠᠵᠢᠯ ᠲᠥᠷᠥᠯ ᠤᠨ ᠪᠠᠶᠢᠷᠢ ᠲᠡᠭᠡᠷ᠎ᠡ | ᠠᠵᠢᠯᠯᠠᠵᠤ ᠪᠠᠶᠢᠭ᠎ᠠ ᠤᠯᠠᠨ ᠲᠥᠮᠡᠨ ᠳᠤ ᠬᠠᠶᠢᠷ᠎ᠠ ᠶᠢᠨ ᠰᠡᠳᠬᠢᠯ ᠤᠨ ᠬᠠᠯᠠᠭᠤᠨ ᠥᠢᠯᠡᠴᠢᠯᠡᠭᠡ ᠶᠢ ᠬᠠᠩᠭᠠᠵᠤ | ᠪᠠᠶᠢᠨ᠎ᠠ᠃ | ᠲᠦᠷᠭᠡᠨ ᠤ ᠵᠦᠭᠡᠭᠡᠪᠤᠷᠢᠯᠡᠭᠴᠢ᠂ ᠵᠠᠬᠢᠶᠠᠯᠠᠭ᠎ᠠ ᠶᠢᠨ ᠬᠤᠭᠤᠯᠠ ᠬᠦᠷᠭᠡᠭᠴᠢ᠂ ᠰᠦᠯᠵᠢᠶ᠎ᠡ ᠪᠠᠷ ᠪᠣᠯᠵᠣᠬᠤ | ᠮᠠᠰᠢᠨ ᠲᠡᠷᠭᠡᠨ ᠤ ᠵᠢᠯᠣᠭᠤᠴᠢ ᠪᠣᠯ ᠰᠢᠨ᠎ᠡ ᠪᠠᠷ ᠬᠥᠭᠵᠢᠨ ᠮᠠᠨᠳᠤᠵᠤ ᠪᠠᠶᠢᠭ᠎ᠠ ᠰᠢᠨ᠎ᠡ ᠠᠵᠢᠯ ᠲᠥᠷᠥᠯ ᠤᠨ ᠥᠢᠯᠡᠰ | ᠡᠷᠬᠢᠯᠡᠭᠴᠢ ᠪᠤᠯᠤᠨ᠎ᠠ᠃ ᠰᠢᠨ᠎ᠡ ᠠᠵᠢᠯ ᠲᠥᠷᠥᠯ ᠤᠨ ᠬᠠᠲᠠᠭᠤᠵᠢᠯᠲᠠᠢ ᠠᠵᠢᠯ ᠤᠨ ᠪᠠᠶᠢᠷᠢᠨ ᠳᠤ ᠠᠵᠢᠯᠯᠠᠵᠤ | ᠪᠠᠶᠢᠭ᠎ᠠ ᠡᠨᠡ ᠨᠢᠭᠡ ᠪᠥᠯᠥᠭ ᠬᠥᠮᠥᠰ ᠤᠨ ᠠᠵᠢᠯ ᠨᠢ ᠶᠠᠭᠠᠷᠠᠤ ᠮᠥᠷᠲᠡᠬᠡᠨ ᠶᠠᠳᠠᠷᠠᠯ ᠲᠠᠢ ᠪᠤᠯᠪᠠᠴᠤ ᠲᠠᠲᠠᠨ ᠳᠤ | ᠬᠠᠨᠳᠤᠭᠰᠠᠨ ᠥᠢᠯᠡᠴᠢᠯᠡᠭᠡᠨ ᠤ ᠪᠠᠲᠤᠯᠠᠭ᠎ᠠ ᠪᠤᠯᠤᠨ ᠨᠡᠶᠢᠬᠡᠮ ᠨᠡᠶᠢᠲᠡ ᠶᠢᠨ ᠬᠥᠯᠢᠶᠡᠨ ᠵᠥᠪᠰᠢᠶᠡᠷᠡᠬᠦ ᠬᠡᠮᠵᠢᠶ᠎ᠡ ᠨᠢ | ᠲᠤᠤᠷ᠎ᠠ ᠪᠠᠶᠢᠳᠠᠭ᠃ ᠤᠷᠴᠢᠮ ᠤᠨ ᠡᠳᠤᠷ ᠮᠠᠨ ᠤ ᠬᠤᠰᠢᠭᠤ ᠡᠨᠡᠬᠦ ᠪᠠᠶᠢᠳᠠᠯ ᠳᠤ ᠴᠢᠭᠯᠡᠭᠦᠯᠥᠨ ᠠᠩᠬᠠᠳᠤᠭᠠᠷ | ᠪᠦᠯᠦᠭ ᠤᠨ 7 ᠡᠷᠦᠬᠡ ︽ᠬᠠᠶᠢᠷ᠎ᠠ ᠬᠠᠯᠠᠮᠵᠢᠲᠤ ᠬᠤᠳᠠᠯᠳᠤᠭᠠᠨ ᠤ ᠡᠷᠦᠬᠡ︾ ᠳᠤ ᠫᠠᠶᠢᠰᠠ ᠡᠯᠭᠦᠨ | ᠠᠰᠢᠭᠯᠠᠯᠳᠠ ᠳᠤ ᠣᠷᠣᠭᠤᠯᠵᠤ᠂ ᠲᠦᠷᠭᠡᠨ ᠤ ᠵᠦᠭᠡᠭᠡᠪᠤᠷᠢᠯᠡᠭᠴᠢ᠂ ᠵᠠᠬᠢᠶᠠᠯᠠᠭ᠎ᠠ ᠶᠢᠨ ᠬᠤᠭᠤᠯᠡ ᠬᠦᠷᠭᠡᠭᠴᠢ ᠵᠡᠷᠭᠡ | ᠬᠦᠮᠦᠰ ᠲᠤ ᠨᠠᠶᠢᠬᠡᠮ ᠤᠨ ᠬᠠᠯᠠᠭᠤᠨ ᠳᠤᠯᠠᠭᠠᠨ ᠬᠠᠶᠢᠷ᠎ᠠ ᠬᠠᠯᠠᠮᠵᠢ ᠶᠢ ᠬᠦᠷᠲᠡᠭᠡᠭᠰᠡᠨ ᠪᠠᠶᠢᠨ᠎ᠠ᠃ | ᠲᠦᠷᠭᠡᠨ ᠤ ᠵᠦᠭᠡᠭᠡᠪᠤᠷᠢᠯᠡᠭᠴᠢ ᠬᠤᠤ ᠱᠧᠩ ᠬᠤᠤ ᠠᠴᠠ᠂ ᠬᠠᠶᠢᠷ᠎ᠠ ᠬᠠᠯᠠᠮᠵᠢᠲᠤ ᠬᠤᠳᠠᠯᠳᠤᠭᠠᠨ ᠤ | ᠡᠷᠤᠬᠡ ᠲᠠᠢ ᠪᠣᠯᠤᠭᠰᠠᠨ ᠠᠴᠠ ᠬᠤᠶᠢᠰᠢ᠂ ᠮᠠᠨ ᠤ ᠬᠠᠮᠳᠤ ᠠᠵᠢᠯᠯᠠᠭᠴᠢ ᠨᠡᠷ ᠬᠠᠯᠠᠭᠤᠨ ᠳᠤ ᠠᠳᠡ ᠢᠷᠡᠵᠦ ᠤᠰᠤ | ᠤᠤᠭᠤᠬᠤ ᠶᠤᠮ ᠤᠤ ᠡᠰᠡᠬᠦᠯ᠎ᠡ ᠭᠠᠷ ᠤᠲᠠᠰᠤ ᠪᠠᠨ ᠴᠡᠨᠡᠭᠡᠯᠡᠵᠦ ᠳᠦᠷ ᠠᠮᠠᠷᠠᠵᠤ ᠰᠠᠭᠤᠳᠠᠭ ᠭᠠᠵᠠᠷ ᠲᠠᠢ | ᠪᠣᠯᠣᠭᠰᠠᠨ᠃ ᠡᠨᠡ ᠨᠢ ᠪᠢᠳᠠᠨ ᠳᠤ ᠲᠤᠶᠢᠯ ᠤᠨ ᠶᠡᠭᠡ ᠲᠦᠭᠦᠮ ᠢ ᠥᠵᠡᠬᠦᠯᠵᠦ ᠪᠠᠶᠢᠨ᠎ᠠ᠃ ᠪᠢᠳᠠᠨ ᠨᠡᠷ ᠪᠦᠷ | ᠰᠡᠳᠬᠢᠯ ᠶᠡᠭᠡ ᠬᠠᠨᠣᠮᠵᠢᠲᠠᠢ ᠪᠠᠶᠢᠨ᠎ᠠ ᠭᠡᠵᠦ ᠶᠠᠷᠢᠨ᠎ᠠ᠃ | ᠤᠶᠢᠯᠠᠭᠠᠭᠰᠠᠨ ᠢᠶᠠᠷ᠂ ᠬᠠᠶᠢᠷ᠎ᠠ ᠬᠠᠯᠠᠮᠵᠢᠲᠤ ᠬᠤᠳᠠᠯᠳᠤᠭᠠᠨ ᠤ ᠡᠷᠤᠬᠡ ᠨᠢ ᠡᠳᠡᠭᠡᠷ ᠵᠠᠬᠢᠶᠠᠯᠠᠭ᠎ᠠ ᠶᠢᠨ | ᠬᠤᠭᠤᠯᠡ ᠬᠦᠷᠭᠡᠭᠴᠢ᠂ ᠲᠦᠷᠭᠡᠨ ᠤ ᠵᠦᠭᠡᠭᠡᠪᠤᠷᠢᠯᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷᠯᠡᠭᠴᠢ ᠨᠡᠷ ᠲᠤ | ᠰᠦᠢᠳᠬᠡᠯ ᠬᠤᠷᠢᠶᠠᠬᠤ ᠦᠭᠡᠢ ᠪᠠᠷ ᠴᠠᠬᠢᠯᠭᠠᠨ ᠴᠡᠨᠡᠭᠯᠡᠬᠦ᠂ Wifi ᠵᠠᠯᠭᠠᠬᠤ᠂ ᠲᠦᠷᠭᠡᠨ ᠠᠪᠤᠷᠠᠯᠳᠠ ᠶᠢᠨ ᠡᠮ | ᠵᠡᠷᠭᠡ ᠦᠨᠳᠦᠰᠦᠨ ᠦᠢᠯᠡᠴᠢᠯᠡᠭᠡ ᠶᠢ ᠬᠠᠩᠭᠠᠬᠤ ᠶᠢᠨ ᠬᠠᠮᠲᠤ ᠪᠠᠰᠠ ᠳᠡᠳᠡᠨᠡᠷ ᠲᠤ ᠣᠷᠣᠯᠠᠨ ᠭᠦᠢᠴᠡᠳᠬᠡᠬᠦ | ᠦᠢᠯᠡᠴᠢᠯᠡᠭᠡ᠂ ᠡᠯᠧᠺᠲᠷᠣᠨ ᠨᠣᠮ ᠤᠩᠰᠢᠬᠤ᠂ ᠰᠡᠳᠬᠢᠴᠡ ᠶᠢᠨ ᠲᠠᠯ᠎ᠠ ᠪᠠᠷ ᠬᠠᠪᠰᠤᠷᠤᠨ ᠵᠢᠯᠤᠭᠤᠳᠬᠤ᠂ ᠬᠠᠤᠯᠢ | ᠴᠠᠭᠠᠵᠠ ᠶᠢᠨ ᠵᠥᠪᠯᠡᠯᠭᠡ ᠥᠭᠬᠦ ᠵᠡᠷᠭᠡ ᠦᠢᠯᠡᠴᠢᠯᠡᠭᠡ ᠶᠢ ᠬᠠᠩᠭᠠᠵᠤ ᠪᠤᠢ᠃ | ᠮᠢ ᠰᠢᠤᠸᠠᠢ ᠪᠢᠩ ᠴᠧᠩ ᠤᠨ ᠡᠵᠡᠨ᠎ᠡ ᠬᠤᠰᠢᠭᠤᠨ ᠳᠠᠬᠢ ᠳᠡᠯᠭᠡᠭᠦᠷ ᠤᠨ ᠡᠵᠡᠨ ᠸᠠᠩ ᠰᠢᠨ ᠡᠸ᠋ᠾ | ᠪᠢᠳᠡᠨ ᠳᠤ ᠶᠠᠷᠢᠬᠤ ᠳᠠᠭᠠᠨ᠄ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠢᠷᠡᠪᠡᠯ ᠡᠪᠦᠯ ᠳᠡᠭᠡᠨ | ᠬᠠᠯᠠᠭᠤᠨ ᠤᠰᠤ ᠤᠤᠭᠤᠵᠤ᠂ ᠵᠤᠨ ᠳᠠᠭᠠᠨ ᠬᠥᠢᠲᠡᠨ ᠣᠮᠳᠠᠭᠠᠨ ᠣᠣᠭᠤᠵᠤ ᠪᠣᠯᠣᠨ᠎ᠠ᠃ ᠵᠠᠬᠢᠶᠠᠯᠠᠭ᠎ᠠ ᠶᠢᠨ | ᠬᠤᠭᠤᠯᠡ ᠬᠦᠷᠭᠡᠭᠴᠢ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ᠂ ᠳᠡᠭᠡᠪᠡᠯ ᠪᠠᠰᠠ ᠵᠠᠮ | ᠬᠠᠷᠢᠯᠴᠠᠭᠠᠨ ᠤ ᠴᠠᠭᠳᠠᠭ᠎ᠠ᠂ ᠬᠤᠲᠠ ᠶᠢᠨ ᠬᠠᠮᠢᠶᠠᠷᠤᠯᠲᠠ ᠶᠢᠨ ᠠᠩᠭᠢ ᠶᠢᠨ ᠭᠡᠰᠢᠭᠦᠳ ᠲᠤ ᠭᠠᠷ ᠤᠳᠠᠰᠤ ᠪᠠᠨ | ᠴᠡᠨᠡᠭᠯᠡᠬᠦ ᠳᠦᠬᠦᠭᠡᠷᠤᠮᠵᠢ ᠶᠢ ᠪᠡᠯᠡᠳᠭᠡᠵᠦ ᠦᠭᠭᠦᠭᠰᠡᠨ᠃ ᠳᠡᠳᠡᠨᠡᠷ ᠬᠡᠵᠢᠶ᠎ᠠ ᠴᠦ ᠭᠡᠰᠡᠨ ᠢᠷᠡᠵᠦ ᠬᠡᠷᠡᠭᠯᠡᠵᠦ᠂ | ᠠᠮᠠᠷᠠᠵᠤ ᠪᠣᠯᠣᠨ᠎ᠠ ᠭᠡᠪᠡ᠃ | ᠮᠠᠨ ᠤ ᠬᠤᠰᠢᠭᠤ ᠨᠠᠮ ᠤᠨ ᠪᠠᠶᠢᠭᠤᠯᠤᠯᠲᠠ ᠶᠢᠨ ᠤᠳᠤᠷᠢᠳᠤᠨ ᠲᠠᠭᠠᠭᠤᠯᠬᠤ ᠥᠢᠯᠡᠳᠥᠯ ᠢ ᠭᠥᠢᠴᠡᠳ | ᠪᠠᠳᠠᠷᠠᠭᠤᠯᠵᠤ᠂ ᠨᠠᠮ ᠪᠠ ᠣᠯᠠᠨ ᠲᠥᠮᠡᠨᠴᠢ ᠦᠢᠯᠡᠴᠢᠯᠡᠭᠡᠨ ᠤ ᠲᠥᠪ ᠲᠤ ︽ᠬᠠᠶᠢᠷ᠎ᠠ ᠬᠠᠯᠠᠮᠵᠢᠲᠤ ᠤᠯᠠᠭ᠎ᠠ | ᠥᠷᠲᠡᠭᠡ︾ ᠶᠢᠨ ᠶᠡᠷᠦᠩᠬᠡᠢ ᠥᠷᠲᠡᠭᠡ ᠪᠠ ᠨᠡᠭᠦᠳᠡᠯ ᠨᠠᠮ ᠤᠨ ᠭᠡᠰᠢᠭᠦᠳ ᠤᠨ ᠨᠠᠮ ᠤᠨ ᠡᠭᠦᠷ ᠢ ᠪᠠᠶᠢᠭᠤᠯᠪᠠ᠃ | ᠡᠭᠦᠨ ᠠᠴᠠ ᠭᠠᠳᠠᠨ᠎ᠠ ᠪᠠᠰᠠ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠬᠡᠬᠡᠷ᠎ᠡ ᠭᠠᠳᠠᠨ᠎ᠠ | ᠬᠥᠳᠡᠯᠮᠦᠷᠢᠴᠢᠳ ᠤᠨ ᠤᠯᠠᠭ᠎ᠠ ᠥᠷᠲᠡᠭᠡ ᠳᠤ ᠲᠦᠰᠢᠭᠯᠡᠨ᠂ ᠦᠨᠳᠦᠰᠦᠲᠡᠨ ᠤ ᠪᠦᠯᠬᠦᠮᠳᠡᠯ ᠤᠨ ᠠᠭᠤᠳᠠᠮ ᠲᠠᠯᠠᠪᠠᠶ | ᠪᠠ ᠰᠢᠤᠳᠠᠨ ᠤ ᠬᠤᠯᠪᠤᠭᠠᠨ ᠤ ᠠᠭᠤᠳᠠᠮ ᠲᠠᠯᠠᠪᠠᠶ ᠳᠤ ︽ᠬᠠᠶᠢᠷ᠎ᠠ ᠬᠠᠯᠠᠮᠵᠢᠲᠤ ᠤᠯᠠᠭ᠎ᠠ ᠥᠷᠲᠡᠭᠡ︾ ᠶᠢᠨ | ᠬᠤᠶᠠᠷ ᠬᠤᠪᠢᠶᠠᠷᠢ ᠥᠷᠲᠡᠭᠡ ᠶᠢ ᠪᠠᠶᠢᠭᠤᠯᠵᠤ᠂ ᠠᠲᠡ ᠭᠤᠣᠯᠳᠠᠭᠤ ᠰᠣᠨᠢᠨ ᠰᠡᠳᠬᠦᠯ ᠤᠨ ᠲᠠᠯᠪᠢᠭᠤᠷ᠂ ᠠᠭᠠᠷ | ᠲᠣᠬᠢᠷᠠᠭᠤᠯᠤᠭᠴᠢ᠂ ᠤᠤᠭᠤᠬᠤ ᠤᠰᠤᠨ ᠤ ᠮᠠᠰᠢᠨ᠂ ᠪᠢᠴᠢᠯ ᠳᠣᠯᠭᠢᠶᠠᠨ ᠵᠤᠤᠬ᠎ᠠ᠂ ᠱᠠᠹᠠ ᠵᠡᠷᠭᠡ | ᠲᠥᠬᠦᠭᠡᠷᠦᠮᠵᠢ ᠶᠢ ᠪᠦᠷᠢᠨ ᠲᠣᠬᠢᠷᠠᠭᠤᠯᠵᠤ᠂ ᠭᠡᠭᠡᠷ᠎ᠡ ᠭᠠᠳᠠᠨ᠎ᠠ ᠠᠵᠢᠯᠯᠠᠵᠤ ᠪᠠᠶᠢᠭ᠎ᠠ ᠬᠥᠮᠥᠰ ᠤᠨ ᠠᠮᠠᠷᠠᠵᠤ | ᠰᠠᠭᠤᠬᠤ᠂ ᠬᠤᠭᠤᠯᠠ ᠤᠮᠲᠠ ᠪᠠᠨ ᠬᠠᠯᠠᠭᠠᠵᠤ ᠢᠳᠡᠬᠦ ᠳᠤ ᠲᠥᠭᠦᠮ ᠨᠥᠭᠦᠴᠡᠯ ᠢ ᠪᠥᠷᠢᠯᠳᠥᠭᠦᠯᠥᠨ ᠥᠭᠭᠦᠭᠰᠡᠨ | ᠪᠠᠶᠢᠨ᠎ᠠ᠃ | ᠡᠵᠡᠨ᠎ᠡ ᠬᠤᠰᠢᠭᠤᠨ ᠤ ᠮᠧᠩ ᠲᠧᠦ ᠣᠷᠴᠢᠨ ᠠᠬᠤᠢ ᠶᠢᠨ ᠢᠨᠵᠧᠨᠧᠷᠢᠩ ᠤᠨ ᠬᠢᠵᠠᠭᠠᠷᠲᠤ ᠺᠣᠮᠫᠠᠨᠢ ᠶᠢᠨ | ᠨᠡᠶᠢᠲᠡ ᠶᠢᠨ ᠵᠣᠷᠯᠣᠩ ᠤᠨ ᠬᠠᠮᠢᠶᠠᠷᠤᠭᠴᠢ ᠴᠧᠨ ᠵᠢᠶᠦ᠋ᠨ ᠮᠧᠶ ᠠᠴᠠ᠂ ᠤᠤᠯ ᠨᠢ ᠪᠢᠳᠠ ᠮᠣᠳᠣᠨ ᠤ ᠰᠡᠭᠦᠳᠡᠷ | ᠪᠤᠶᠤ ᠬᠤᠭ ᠵᠣᠭᠡᠭᠡᠪᠤᠷᠢᠯᠡᠬᠦ ᠲᠡᠷᠭᠡᠨ ᠳᠤ ᠪᠠᠨ ᠰᠠᠭᠤᠵᠤ ᠠᠮᠠᠷᠠᠳᠠᠭ ᠪᠠᠶᠢᠭᠰᠠᠨ᠃ ᠣᠲᠣ ᠬᠠᠷᠢᠨ ᠲᠤᠰᠬᠠᠢ | ᠠᠮᠠᠷᠠᠬᠤ ᠭᠠᠵᠠᠷ ᠲᠠᠢ ᠪᠣᠯᠤᠭᠰᠠᠨ᠃ ᠠᠳᠡ ᠠᠭᠠᠷ ᠲᠣᠬᠢᠷᠠᠭᠤᠯᠤᠭᠴᠢ᠂ ᠤᠤᠭᠤᠬᠤ ᠤᠰᠤᠨ ᠤ ᠮᠠᠰᠢᠨ ᠵᠡᠷᠭᠡ | ᠲᠥᠬᠦᠭᠡᠷᠦᠮᠵᠢ ᠪᠦᠷᠢᠨ ᠪᠠᠶᠢᠵᠦ᠂ ᠪᠢᠳᠡᠨ ᠳᠤ ᠥᠨᠡᠭᠡᠷ ᠳᠦᠬᠦᠮ ᠢ ᠥᠵᠡᠬᠦᠯᠦᠭᠰᠡᠨ ᠶᠤᠮ᠂ ᠪᠢᠳᠡ ᠶᠡᠭᠡ | ᠪᠠᠶᠠᠷᠯᠠᠵᠤ ᠪᠠᠶᠢᠨ᠎ᠠ ᠭᠡᠯᠡ᠃ | ᠬᠤᠰᠢᠭᠤᠨ ᠤᠨ ᠨᠠᠮ ᠪᠠ ᠣᠯᠠᠨ ᠲᠥᠮᠡᠨᠴᠢ ᠦᠢᠯᠡᠴᠢᠯᠡᠭᠡᠨ ᠤ ᠲᠥᠪ ᠤᠨ ᠡᠷᠬᠢᠯᠡᠭᠴᠢ ᠱᠢ ᠵᠢᠶᠠᠨ | ᠪᠢᠳᠡᠨ ᠳᠤ ᠶᠠᠷᠢᠬᠤ ᠳᠠᠭᠠᠨ᠄ ᠬᠠᠶᠢᠷ᠎ᠠ ᠬᠠᠯᠠᠮᠵᠢᠲᠤ ᠤᠯᠠᠭ᠎ᠠ ᠥᠷᠲᠡᠭᠡ ᠶᠢ ᠬᠤᠰᠢᠭᠤᠨ ᠤ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ ᠪᠤᠯᠤᠨ ᠨᠠᠮ ᠪᠠ ᠤᠯᠠᠨ ᠲᠥᠮᠡᠨᠴᠢ ᠦᠢᠯᠡᠴᠢᠯᠡᠭᠡᠨ ᠤ ᠲᠥᠪ ᠤᠨ ᠬᠠᠮᠳᠤᠷᠠᠭᠰᠠᠨ | ᠨᠠᠮ ᠤᠨ ᠠᠵᠢᠯᠯᠠᠬᠤ ᠵᠦᠪᠯᠡᠯ ᠲᠠᠢ ᠬᠠᠮᠳᠤᠷᠠᠵᠤ ᠪᠠᠶᠢᠭᠠᠳ ᠪᠠᠶᠢᠭᠤᠯᠤᠭᠰᠠᠨ ᠶᠤᠮ᠂ ᠭᠤᠣᠯ ᠨᠢ ᠣᠯᠠᠨ ᠲᠦᠮᠡᠨ ᠤ | ᠬᠡᠷᠡᠭᠴᠡᠭᠡ ᠱᠠᠭᠠᠷᠳᠠᠯᠭ᠎ᠠ ᠬᠠᠮᠢᠭ᠎ᠠ ᠪᠠᠶᠢᠪᠠᠯ᠂ ᠮᠠᠨ ᠤ ᠨᠠᠮ ᠤᠨ ᠠᠵᠢᠯ ᠳᠡᠨᠳᠡ ᠪᠠᠶᠢᠬᠤ ᠵᠣᠷᠢᠯᠭ᠎ᠠ ᠪᠠᠷ | ᠶᠠᠪᠤᠭᠳᠠᠭᠤᠯᠤᠭᠰᠠᠨ ᠶᠤᠮ᠃ | | |