ᠮᠠᠨ ᠤ ᠬᠤᠰᠢᠭᠤ 2022 ᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠡᠬᠢᠯᠡᠯᠳᠠ ᠶᠢᠨ ᠶᠣᠰᠣᠯᠡᠯ ᠵᠢᠴᠢ ︽ᠬᠤᠰᠢᠭᠤ ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠭᠦᠯ ᠪᠦᠮᠪᠦᠭᠡ ᠶᠢᠨ ᠬᠠᠮᠳᠤᠷᠠᠭᠰᠠᠨ ᠤᠷᠤᠯᠳᠤᠭᠠᠨ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/6/29
     6 ᠳ᠋ᠤᠭᠠᠷ ᠰᠠᠷ᠎ᠠ ᠶᠢᠨ 23 ᠤ ᠡᠳᠤᠷ᠂ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠬᠤᠰᠢᠭᠤᠨ ᠤ ᠰᠤᠷᠭᠠᠨ ᠬᠦᠮᠦᠵᠢᠯ ᠪᠡᠶ᠎ᠡ ᠲᠠᠮᠢᠷ ᠤᠨ ᠲᠤᠪᠴᠢᠶ᠎ᠠ ᠠᠴᠠ ᠳᠠᠭᠠᠭᠠᠴᠢᠯᠠᠨ ᠡᠷᠬᠢᠯᠡᠭᠰᠡᠨ 2022 ᠤᠨ ᠤ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠤ ᠡᠬᠢᠯᠡᠯᠳᠠ ᠶᠢᠨ ᠶᠣᠰᠣᠯᠡᠯ ᠵᠢᠴᠢ ︽ᠬᠤᠰᠢᠭᠤ ᠲᠠᠷᠤᠭ᠎ᠠ ᠬᠤᠨᠳᠠᠭᠠᠳᠤ︾ ᠰᠤᠷᠭᠠᠭᠤᠯᠢ ᠶᠢᠨ ᠬᠦᠷᠢᠶᠡᠨ ᠤ ᠭᠦᠯ ᠪᠦᠮᠪᠦᠭᠡ ᠶᠢᠨ ᠬᠠᠮᠳᠤᠷᠠᠭᠰᠠᠨ ᠤᠷᠤᠯᠳᠤᠭᠠᠨ ᠠᠮᠵᠢᠯᠳᠠ ᠲᠠᠢ ᠶᠠᠪᠤᠭᠳᠠᠯ᠎ᠠ᠃ ᠬᠤᠰᠢᠭᠤᠨ ᠤ ᠲᠡᠳ᠋ ᠲᠠᠷᠤᠭ᠎ᠠ ᠶᠧ ᠢᠦᠢ ᠰᠢᠶᠠ ᠭᠦᠯ ᠪᠦᠮᠪᠦᠭᠡ ᠶᠢᠨ ᠬᠠᠮᠳᠤᠷᠠᠭᠰᠠᠨ ᠤᠷᠤᠯᠳᠤᠭᠠᠨ ᠤ ᠡᠬᠢᠯᠡᠯᠳᠡ ᠶᠢᠨ ᠶᠤᠰᠤᠯᠠᠯ ᠳᠤ ᠶᠠᠷᠢᠶ᠎ᠠ ᠲᠠᠯᠪᠢᠪᠠ᠃      ᠡᠨᠡ ᠵᠢᠯ ︽ᠦᠨᠳᠤᠰᠤᠳᠡᠨ ᠨᠦᠭᠦᠳ ᠪᠦᠯᠬᠦᠮᠳᠡᠨ ᠨᠢᠭᠡ ᠭᠡᠷ ᠪᠦᠯᠢ ᠮᠡᠲᠦ ᠲᠣᠲᠤᠨᠤᠰᠤᠭ ᠪᠠᠶᠢᠵᠤ᠂  ᠲᠠᠮᠢᠷ ᠤᠨ ᠬᠦᠳᠡᠯᠭᠡᠭᠡᠨ ᠢᠶᠠᠷ ᠠᠷᠠᠳ ᠲᠤ ᠠᠰᠢᠭ ᠬᠦᠷᠳᠡᠭᠡᠨ ᠡᠷᠡᠭᠦᠯ ᠮᠡᠨᠳᠤ ᠶᠢ ᠨᠢ ᠠᠬᠢᠭᠤᠯᠤᠶ᠎ᠠ︾ ᠬᠡᠬᠦ ᠭᠤᠣᠯ ᠰᠠᠳᠤᠪ ᠢᠶᠠᠷ ᠰᠡᠳᠦᠪᠯᠡᠨ᠂ ᠬᠤᠰᠢᠭᠤᠨ ᠤ ᠮᠤᠩᠭᠤᠯ ᠦᠨᠳᠤᠰᠤᠳᠡᠨ ᠤ ᠰᠤᠷᠭᠠᠭᠤᠯᠢ᠂ ᠬᠤᠰᠢᠭᠤᠨ ᠤ ᠪᠠᠭ᠎ᠠ ᠰᠤᠷᠭᠠᠭᠤᠯᠢ᠂ ᠬᠤᠰᠢᠭᠤᠨ ᠤ ᠲᠤᠮᠳᠠᠳᠤ ᠰᠤᠷᠭᠠᠭᠤᠯᠢ ᠪᠠ ᠠᠵᠢᠯ ᠮᠡᠷᠭᠡᠵᠢᠯ ᠤᠨ ᠲᠤᠮᠳᠠᠳᠤ ᠰᠤᠷᠭᠠᠭᠤᠯᠢ ᠶᠢᠨ ᠰᠤᠷᠤᠭᠴᠢᠳ ᠤᠨ ᠪᠡᠶ᠎ᠡ ᠴᠢᠭᠢᠷᠠᠭᠵᠢᠭᠤᠯᠬᠤ ᠲᠠᠮᠢᠷ ᠢᠶᠠᠷ ᠠᠬᠤᠢ ᠲᠠᠯᠠᠪᠠᠢ ᠶᠢ ᠬᠦᠭᠵᠢᠭᠡᠵᠦ᠂ ᠲᠠᠷᠠᠭ᠎ᠠ ᠪᠠᠷ ᠨᠢ᠂ ᠬᠦᠯ ᠪᠦᠮᠪᠦᠭᠡᠨ ᠤ ᠤᠷᠤᠯᠳᠤᠭᠠᠨ ᠪᠠᠨ ᠡᠬᠢᠯᠡᠭᠦᠯᠪᠡ᠃ ᠪᠢᠴᠢᠬᠠᠨ ᠪᠦᠮᠪᠦᠭᠡᠴᠢᠳ ᠤᠨ ᠲᠡᠷᠡᠬᠦ ᠰᠡᠳᠬᠢᠯ ᠨᠢᠭᠡᠳᠦᠨ ᠬᠠᠷᠢᠯᠴᠠᠨ ᠬᠠᠮᠵᠢᠯᠴᠠᠵᠤ᠂ ᠤᠷᠤᠯᠳᠤᠭᠠᠨ ᠳᠤ ᠢᠳᠡᠪᠬᠢᠲᠠᠢ ᠤᠷᠤᠯᠴᠠᠬᠤ ᠤᠷᠭᠢᠯᠤᠮ᠎ᠠ ᠬᠠᠯᠠᠭᠤᠨ ᠰᠡᠳᠬᠢᠯᠭᠡ ᠨᠢ ᠭᠦᠯ ᠪᠥᠮᠪᠦᠭᠡ ᠶᠢᠨ ᠬᠥᠳᠡᠯᠭᠡᠭᠡᠨ ᠳᠤ ᠬᠠᠶᠢᠷᠲᠠᠢ ᠪᠠᠶᠢᠭ᠎ᠠ ᠰᠡᠳᠬᠢᠯ ᠢ ᠨᠢ ᠢᠯᠡᠷᠡᠭᠦᠯᠥᠭᠰᠡᠨ ᠪᠠᠶᠢᠨ᠎ᠠ᠃      ᠤᠶᠢᠯᠠᠭᠠᠭᠰᠠᠨ ᠢᠶᠠᠷ᠂ ᠲᠤᠰ ᠤᠳᠠᠭᠠᠨ ᠤ ︽ᠬᠤᠰᠢᠭᠤ ᠳᠠᠷᠤᠭ᠎ᠠ ᠬᠤᠨᠳᠠᠭᠠᠳᠤ︾ ᠰᠣᠷᠭᠠᠭᠤᠯᠢ ᠶᠢᠨ ᠬᠦᠷᠢᠶᠡᠨ ᠤ ᠭᠦᠯ ᠪᠦᠮᠪᠦᠭᠡ ᠶᠢᠨ ᠬᠠᠮᠳᠤᠷᠠᠭᠰᠠᠨ ᠤᠷᠤᠯᠳᠤᠭᠠᠨ ᠨᠢ ᠪᠠᠭ᠎ᠠ ᠰᠤᠷᠭᠠᠭᠤᠯᠢ ᠶᠢᠨ ᠡᠷᠡᠭᠲᠠᠢ᠂       ᠡᠮᠡᠭᠲᠠᠢ ᠶᠢᠨ ᠲᠤᠭᠤᠶᠢᠯᠠᠩ᠂ ᠠᠩᠬ᠎ᠠ ᠲᠤᠮᠳᠠᠳᠤ   ᠶᠢᠨ ᠡᠷᠡᠭᠲᠠᠢ᠂ ᠡᠮᠡᠭᠲᠠᠢ ᠶᠢᠨ ᠲᠤᠭᠤᠶᠢᠯᠠᠩ  ᠪᠠ ᠦᠨᠳᠤᠷ ᠲᠤᠮᠳᠠᠳᠤ ᠶᠢᠨ ᠡᠷᠡᠭᠲᠠᠢ᠂ ᠡᠮᠡᠭᠲᠠᠢ ᠶᠢᠨ ᠲᠤᠭᠤᠶᠢᠯᠠᠩ ᠭᠡᠮᠡᠨ ᠬᠤᠪᠢᠶᠠᠨ ᠶᠠᠪᠤᠭᠳᠠᠭᠤᠯᠵᠤ᠂ ᠡᠬᠦᠨ ᠳᠤ ᠪᠠᠭ᠎ᠠ ᠰᠣᠷᠭᠠᠭᠤᠯᠢ ᠶᠢᠨ ᠪᠠᠭ ᠨᠢ 8 ᠬᠦᠮᠥᠨ ᠤ ᠤᠷᠤᠯᠳᠤᠭᠠᠨ᠂ ᠳᠣᠮᠳᠠᠳᠣ ᠰᠣᠷᠭᠠᠭᠤᠯᠢ ᠶᠢᠨ ᠪᠠᠭ ᠨᠢ 11 ᠬᠦᠮᠥᠨ ᠤ ᠣᠷᠣᠯᠳᠣᠭᠠᠨ ᠢᠶᠠᠷ ᠲᠤᠬᠢᠷᠠᠭᠤᠯᠵᠤ᠂ ᠬᠤᠰᠢᠭᠤᠨ ᠤ ᠳᠣᠮᠳᠠᠳᠣ ᠰᠣᠷᠭᠠᠭᠤᠯᠢ᠂ ᠬᠤᠰᠢᠭᠤᠨ ᠤ ᠠᠵᠢᠯ       ᠮᠡᠷᠭᠡᠵᠢᠯ ᠤᠨ ᠲᠤᠮᠳᠠᠳᠤ ᠰᠤᠷᠭᠠᠭᠤᠯᠢ᠂ ᠮᠣᠩᠭᠤᠯ ᠰᠣᠷᠭᠠᠭᠤᠯᠢ ᠪᠣᠯᠣᠨ ᠬᠤᠰᠢᠭᠤᠨ ᠤ ᠪᠠᠭ᠎ᠠ ᠰᠣᠷᠭᠠᠭᠤᠯᠢ ᠶᠢᠨ ᠨᠠᠶᠢᠳᠠ 184 ᠰᠤᠷᠤᠭᠴᠢᠳ ᠲᠤᠰ ᠤᠳᠠᠭᠠᠨ ᠤ ᠤᠷᠤᠯᠳᠤᠭᠠᠨ ᠳᠤ ᠢᠳᠡᠪᠬᠢᠯᠡᠨ ᠤᠷᠤᠯᠴᠠᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号