6 ᠳ᠋ᠤᠭᠠᠷ ᠰᠠᠷ᠎ᠠ ᠶᠢᠨ 25 ᠤ ᠡᠳᠦᠷ ᠪᠣᠯ 32 ᠳ᠋ᠤᠭᠠᠷ ︽ᠪᠥᠬᠦ ᠤᠯᠤᠰ ᠤᠨ ᠭᠠᠵᠠᠷ ᠰᠢᠷᠣᠢ ᠶᠢᠨ ᠡᠳᠦᠷ︾ | ᠪᠣᠯᠣᠨ᠎ᠠ᠂ ᠮᠠᠨ ᠤ ᠬᠤᠰᠢᠭᠤ ︽ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠵᠦ᠂ ᠲᠠᠷᠢᠶᠠᠨ ᠭᠠᠵᠠᠷ ᠤᠨ | ᠤᠯᠠᠭᠠᠨ ᠱᠤᠭᠤᠮ ᠢ ᠴᠢᠩᠭ᠎ᠠ ᠰᠠᠬᠢᠬᠤ︾ ᠪᠠᠷ ᠭᠤᠣᠯ ᠰᠡᠳᠦᠪ ᠪᠣᠯᠭᠠᠭᠰᠠᠨ ᠤᠬᠠᠭᠤᠯᠭ᠎ᠠ ᠶᠢᠨ ᠠᠵᠢᠯᠯᠠᠭ᠎ᠠ | ᠥᠷᠨᠢᠭᠦᠯᠵᠦ᠂ ᠤᠯᠠᠨ ᠲᠥᠮᠡᠨ ᠤ ᠭᠠᠵᠠᠷ ᠰᠢᠷᠣᠢ ᠶᠢ ᠠᠷᠪᠢᠲᠠᠢ ᠡᠷᠴᠢᠮᠯᠢᠭ ᠠᠰᠢᠭᠯᠠᠬᠤ ᠲᠠᠨᠢᠯᠲᠠ ᠶᠢ ᠤᠯᠠᠮ ᠨᠢᠭᠡ | ᠠᠯᠬᠤᠮ ᠳᠡᠭᠡᠭᠰᠢᠯᠡᠭᠦᠯᠦᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠪᠠ ᠲᠠᠷᠢᠶᠠᠨ ᠭᠠᠵᠠᠷ ᠢ | ᠬᠠᠮᠠᠭᠠᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠭᠰᠠᠨ ᠪᠠᠶᠢᠨ᠎ᠠ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠺᠠᠲᠠᠷ ᠠᠵᠢᠯᠲᠠᠨ ᠰᠤᠪᠨᠠᠭᠤᠷ | ᠰᠤᠮᠤᠨ ᠳᠤ ᠬᠦᠷᠴᠦ᠂ ᠤᠯᠠᠨ ᠲᠥᠮᠡᠨ ᠳᠤ ᠲᠠᠶᠢᠯᠤᠮᠵᠢ ᠬᠢᠬᠦ᠂ ᠠᠶᠢᠯ ᠡᠷᠦᠬᠡ ᠳᠤ ᠣᠷᠣᠬᠤ᠂ ᠲᠠᠷᠢᠶᠠᠨ | ᠭᠠᠵᠠᠷ ᠲᠤ ᠭᠦᠨᠵᠡᠭᠡᠶᠢᠷᠡᠬᠦ ᠵᠡᠷᠭᠡ ᠬᠡᠯᠪᠡᠷᠢ ᠪᠠᠷ ᠥᠷᠭᠡᠨ ᠤᠯᠠᠨ ᠲᠠᠷᠢᠶᠠᠴᠢᠨ ᠮᠠᠯᠴᠢᠨ ᠳᠤ ᠪᠠᠶᠢᠭᠠᠯᠢ ᠶᠢᠨ ᠡᠬᠢ | ᠪᠠᠶᠠᠯᠢᠭ ᠤᠨ ᠬᠠᠤᠯᠢ ᠴᠠᠭᠠᠵᠠ ᠬᠠᠤᠯᠢ ᠲᠥᠷᠢᠮ ᠪᠠ ᠬᠠᠮᠢᠶᠠᠲᠠᠢ ᠲᠥᠷᠥ ᠶᠢᠨ ᠪᠣᠳᠣᠯᠭ᠎ᠠ ᠶᠢ ᠤᠬᠠᠭᠤᠯᠤᠨ᠂ | ᠪᠠᠶᠢᠭᠠᠯᠢ ᠶᠢᠨ ᠡᠬᠢ ᠪᠠᠶᠠᠯᠢᠭ ᠢ ᠬᠠᠮᠠᠭᠠᠯᠠᠬᠤ ᠬᠢᠭᠡᠳ ᠠᠵᠤ ᠠᠬᠤᠢ ᠨᠡᠶᠢᠭᠡᠮ ᠤᠨ ᠬᠥᠭᠵᠢᠯᠲᠡ ᠶᠢᠨ | ᠬᠤᠭᠤᠷᠣᠨᠳᠣᠬᠢ ᠨᠢᠭᠲᠠ ᠬᠠᠷᠢᠯᠴᠠᠭ᠎ᠠ ᠶᠢ ᠤᠬᠠᠭᠤᠯᠤᠨ᠂ ᠲᠠᠷᠢᠶᠠᠴᠢᠨ ᠮᠠᠯᠴᠢᠳ ᠲᠤ ᠲᠠᠷᠢᠶᠠᠨ ᠭᠠᠵᠠᠷ ᠢ | ᠵᠥᠪ ᠢᠶᠠᠷ ᠠᠰᠢᠭᠯᠠᠬᠤ ᠪᠠ ᠬᠠᠮᠠᠭᠠᠯᠠᠵᠤ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠲᠥᠷᠥ ᠶᠢᠨ | ᠪᠣᠳᠣᠯᠭ᠎ᠠ ᠶᠢᠨ ᠬᠡᠷᠡᠭᠵᠢᠬᠦᠯᠦᠯᠳᠡ ᠶᠢ ᠢᠳᠡᠪᠬᠢᠲᠡᠢ ᠬᠡᠷᠡᠭᠵᠢᠭᠦᠯᠵᠦ᠂ ᠭᠠᠵᠠᠷ ᠰᠢᠷᠣᠢ ᠶᠢᠨ ᠬᠠᠮᠤᠭ ᠤᠨ ᠪᠠᠭ᠎ᠠ | ᠣᠷᠣᠭᠤᠯᠤᠯᠲᠠ ᠪᠠᠷ ᠬᠠᠮᠤᠭ ᠤᠨ ᠶᠡᠭᠡ ᠠᠰᠢᠭᠯᠠᠯᠲᠠ ᠶᠢᠨ ᠦᠷ᠎ᠡ ᠠᠰᠢᠭ ᠣᠯᠬᠤ ᠶᠢ ᠤᠷᠢᠶᠠᠯᠠᠭᠰᠠᠨ ᠪᠠᠶᠢᠨ᠎ᠠ᠃ | ᠰᠣᠪᠨᠠᠭᠤᠷ ᠰᠣᠮᠣᠨ ᠤ ᠤᠯᠠᠭᠠᠨᠳᠤᠭ ᠭᠠᠴᠠᠭᠠᠨ ᠤ ᠨᠠᠮ ᠤᠨ ᠡᠭᠦᠷ ᠤᠨ ᠱᠦᠵᠢ ᠵᠢᠶᠣᠣ ᠸᠧᠡ ᠫᠢᠩ ᠠᠴᠠ᠂ | ᠪᠢ ᠭᠠᠵᠠᠷ ᠰᠢᠷᠣᠢ ᠶᠢ ᠵᠥᠪ ᠢᠶᠠᠷ ᠭᠡᠷᠡᠭᠯᠡᠵᠦ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠴᠢᠬᠤᠯᠠ ᠴᠢᠨᠠᠷ ᠢ ᠭᠦᠢᠴᠡᠳ | ᠤᠶᠢᠯᠠᠭᠠᠨ ᠳᠠᠨᠢᠭᠰᠠᠨ ᠢᠶᠠᠷ ᠪᠠᠷᠠᠬᠤ ᠦᠭᠡᠢ ᠮᠥᠨᠴᠦ ᠲᠠᠷᠢᠶᠠᠨ ᠭᠠᠵᠠᠷ ᠢ ᠬᠠᠮᠠᠭᠠᠯᠠᠬᠤ ᠲᠦᠷᠦ ᠶᠢᠨ ᠪᠣᠳᠣᠯᠭ᠎ᠠ ᠶᠢᠨ | ᠲᠤᠬᠠᠢ ᠲᠣᠳᠣᠷᠬᠠᠢ ᠣᠶᠢᠯᠠᠭᠠᠯᠲᠠ ᠲᠠᠢ ᠪᠣᠯᠣᠭᠰᠠᠨ ᠭᠡᠵᠦ ᠪᠠᠶᠢᠯ᠎ᠠ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠣᠪᠴᠢᠶᠠᠨ ᠤ ᠭᠠᠵᠠᠷ ᠰᠢᠷᠣᠢ ᠶᠢᠨ ᠠᠰᠢᠭᠯᠠᠯᠲᠠ ᠪᠠ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠰᠤᠭ ᠤᠨ ᠳᠠᠷᠤᠭ᠎ᠠ ᠳ᠋ᠢᠩ ᠴᠧᠨ ᠰᠢᠨ ᠠᠴᠠ᠂ ᠭᠤᠣᠯ ᠨᠢ ᠮᠠᠯᠴᠢᠨ | ᠲᠠᠷᠢᠶᠠᠴᠢᠨ ᠤ ᠲᠠᠷᠢᠶᠠᠨ ᠭᠠᠵᠠᠷ ᠢ ᠬᠠᠮᠠᠭᠠᠯᠠᠬᠤ ᠪᠠ ᠭᠠᠵᠠᠷ ᠰᠢᠷᠣᠢ ᠶᠢᠨ ᠡᠬᠢ ᠪᠠᠶᠠᠯᠢᠭ ᠢ ᠬᠠᠶᠢᠷᠠᠯᠠᠬᠤ ᠤᠬᠠᠮᠰᠠᠷ ᠢ | ᠤᠯᠠᠮ ᠨᠢᠭᠡ ᠠᠯᠬᠤᠮ ᠴᠢᠩᠭᠠᠳᠬᠠᠵᠤ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠤᠰ ᠤᠨ ᠦᠨᠳᠦᠰᠦᠨ | ᠪᠣᠳᠣᠯᠭ᠎ᠠ ᠶᠢ ᠪᠦᠲᠦᠮᠵᠢᠲᠡᠶ ᠨᠠᠶᠢᠳᠠᠪᠤᠷᠢᠵᠢᠭᠤᠯᠬᠤ ᠶᠢ ᠠᠬᠢᠭᠤᠯᠵᠤ ᠪᠤᠯᠤᠨ᠎ᠠ ᠭᠡᠯᠡ᠃ | ᠣᠶᠢᠷ᠎ᠠ ᠶᠢᠨ ᠵᠢᠯ ᠤᠨ ᠲᠤᠷᠰᠢ᠂ ᠮᠠᠨ ᠤ ᠬᠤᠰᠢᠭᠤ ᠲᠠᠷᠢᠶᠠᠨ ᠭᠠᠵᠠᠷ ᠢ ᠬᠠᠮᠠᠭᠠᠯᠠᠬᠤ ᠳᠦᠷᠢᠮ ᠢ ᠭᠤᠶᠢᠪᠢᠰᠢ | ᠦᠭᠡᠢ ᠴᠢᠩᠭ᠎ᠠ ᠪᠠᠷᠢᠮᠳᠠᠯᠵᠤ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢᠨ ᠪᠢᠴᠢᠭ ᠲᠤ ᠱᠠᠲᠤ | ᠳᠠᠷᠠᠭᠠᠯᠠᠨ ᠭᠠᠷ ᠤᠨ ᠥᠰᠥᠭ ᠵᠢᠷᠤᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ ᠴᠢᠨᠠᠷ ᠪᠠ ᠠᠮᠢ | ᠠᠬᠤᠢ ᠶᠢᠨ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠶᠢ ᠪᠦᠳᠦᠮᠵᠢᠲᠠᠢ ᠨᠠᠶᠢᠳᠠᠪᠤᠷᠢᠵᠢᠭᠤᠯᠪᠠ᠃ | ᠭᠠᠵᠠᠷ ᠰᠢᠷᠣᠢ ᠶᠢ ᠴᠡᠭᠴᠡᠯᠡᠨ ᠵᠠᠰᠠᠬᠤ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ | ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠣᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠪᠠᠶᠢᠴᠠᠭᠠᠵᠤ ᠰᠢᠨᠡᠳᠬᠡᠬᠦ | ᠬᠢᠨᠠᠨ ᠬᠡᠮᠵᠢᠵᠦ ᠦᠨᠡᠯᠡᠬᠦ ᠠᠵᠢᠯ ᠢ ᠥᠷᠨᠢᠭᠦᠯᠵᠦ᠂ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠬᠤᠷᠢᠭ᠎ᠠ ᠱᠤᠭᠤᠮ | ᠪᠠ ᠠᠮᠤ ᠪᠤᠳᠠᠭᠠᠨ ᠤ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠨ᠂ ᠬᠡᠪᠴᠢᠶ᠎ᠡ ᠪᠠᠷ ᠬᠥᠲᠥᠯᠥᠨ | ᠵᠢᠯᠤᠭᠤᠳᠬᠤ᠂ ᠪᠠᠷᠢᠮᠵᠢᠶ᠎ᠠ ᠪᠠᠷ ᠡᠵᠡᠮᠳᠡᠬᠦ᠂ ᠵᠠᠬ᠎ᠠ ᠳᠡᠯᠭᠡᠭᠦᠷ ᠢᠶᠠᠷ ᠲᠣᠬᠢᠷᠠᠭᠤᠯᠬᠤ᠂ ᠴᠢᠯᠦᠭᠡᠲᠡᠢ ᠠᠰᠢᠭᠯᠠᠬᠤ ᠵᠡᠷᠭᠡ | ᠠᠷᠭ᠎ᠠ ᠬᠡᠯᠪᠡᠷᠢ ᠪᠠᠷ ᠭᠠᠵᠠᠷ ᠰᠢᠷᠣᠢ ᠶᠢ ᠠᠷᠪᠢᠯᠠᠬᠤ᠂ ᠭᠠᠵᠠᠷ ᠰᠢᠷᠣᠢ ᠶᠢᠨ ᠬᠡᠮᠵᠢᠶ᠎ᠡ ᠶᠢ ᠪᠠᠭᠠᠰᠬᠠᠨ ᠬᠡᠷᠡᠭᠯᠡᠬᠦ᠂ | ᠦᠷ᠎ᠡ ᠠᠰᠢᠭ ᠢᠶᠠᠷ ᠳᠣᠣᠷ᠎ᠠ ᠬᠠᠶᠠᠭᠳᠠᠮᠠᠯ ᠭᠠᠵᠠᠷ ᠢ ᠳᠠᠬᠢᠨ ᠠᠰᠢᠭᠯᠠᠬᠤ ᠶᠢ ᠳᠣᠣᠱᠲᠠᠢ ᠠᠬᠢᠭᠤᠯᠤᠨ᠂ ᠭᠠᠵᠠᠷ | ᠰᠢᠷᠣᠢ ᠶᠢᠨ ᠠᠰᠢᠭᠯᠠᠯᠲᠠ ᠶᠢᠨ ᠪᠦᠲᠦᠴᠡ ᠪᠠ ᠪᠠᠶᠢᠷᠢᠰᠢᠭᠤᠯᠤᠯᠲᠠ ᠶᠢ ᠳᠠᠰᠤᠷᠠᠯᠳᠠ ᠦᠭᠡᠢ ᠰᠢᠯᠢᠳᠡᠭᠵᠢᠭᠦᠯᠵᠦ᠂ | ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ ᠪᠦᠲᠦᠮᠵᠢ ᠶᠢ ᠥᠨᠡᠨᠬᠦ ᠳᠡᠭᠡᠭᠰᠢᠯᠡᠬᠦᠯᠦᠭᠰᠡᠨ ᠠᠴᠠ ᠭᠠᠵᠠᠷ | ᠰᠢᠷᠣᠢ ᠶᠢᠨ ᠬᠡᠷᠡᠭᠴᠡᠭᠡ ᠱᠠᠭᠠᠷᠳᠠᠯᠭ᠎ᠠ ᠶᠢ ᠵᠦᠢ ᠵᠣᠬᠢᠰᠲᠠᠢ ᠪᠠᠳᠤᠯᠠᠵᠦ ᠴᠢᠳᠠᠭᠰᠠᠨ ᠪᠠᠶᠢᠨ᠎ᠠ᠃ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠳᠤᠪᠴᠢᠶᠠᠨ ᠤ ᠭᠠᠵᠠᠷ ᠰᠢᠷᠣᠢ ᠶᠢᠨ ᠠᠰᠢᠭᠯᠠᠯᠲᠠ ᠪᠠ | ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠰᠤᠭ ᠤᠨ ᠳᠠᠷᠤᠭ᠎ᠠ ᠳ᠋ᠢᠩ ᠴᠧᠨ ᠰᠢᠨ ᠠᠴᠠ᠂ ᠠᠵᠤ ᠦᠢᠯᠡᠰ ᠤᠨ | ᠪᠦᠲᠦᠴᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠭᠠᠵᠠᠷ ᠰᠢᠷᠣᠢ ᠶᠢᠨ ᠠᠰᠢᠭᠯᠠᠯᠲᠠ ᠶᠢᠨ ᠦᠷ᠎ᠡ | ᠪᠦᠲᠦᠮᠵᠢ ᠶᠢ ᠳᠡᠭᠡᠭᠰᠢᠯᠡᠭᠦᠯᠵᠦ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠣᠷᠣᠨ ᠵᠠᠢ ᠶᠢᠨ ᠪᠠᠶᠢᠷᠢᠰᠢᠯ ᠢ | ᠪᠣᠶ ᠪᠤᠯᠠᠭᠠᠨ᠂ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ᠂ ᠲᠠᠷᠢᠶᠠᠨ ᠭᠠᠵᠠᠷ ᠤᠨ ᠬᠤᠷᠢᠭ᠎ᠠ ᠱᠤᠭᠤᠮ ᠢ | ᠴᠢᠩᠭ᠎ᠠ ᠰᠠᠬᠢᠬᠤ ᠶᠢ ᠪᠣᠳᠠᠳᠤ ᠠᠵᠢᠯᠯᠠᠭ᠎ᠠ ᠳᠤᠮᠳᠠ ᠪᠠᠨ ᠥᠨᠡᠨᠬᠦ ᠨᠠᠶᠢᠳᠠᠪᠤᠷᠢᠵᠢᠭᠤᠯᠵᠤ᠂ ᠳᠡᠭᠡᠳᠦ ᠳᠣᠣᠷᠠᠳᠤ | ᠱᠠᠲᠣ ᠬᠠᠮᠵᠢᠯᠴᠠᠬᠤ᠂ ᠡᠯ᠎ᠡ ᠲᠠᠯ᠎ᠠ ᠶᠢᠨ ᠬᠢᠨ ᠴᠢᠷᠮᠠᠶᠢᠬᠤ᠂ ᠬᠥᠮᠥᠨ ᠪᠦᠬᠦᠨ ᠬᠠᠷᠢᠭᠤᠴᠠᠯᠭ᠎ᠠ ᠲᠠᠢ ᠪᠠᠶᠢᠬᠤ᠂ | ᠲᠠᠷᠢᠶᠠᠨ ᠭᠠᠵᠠᠷ ᠢ ᠬᠠᠮᠲᠤ ᠪᠠᠷ ᠬᠠᠮᠠᠭᠠᠯᠠᠬᠤ ᠪᠠ ᠭᠠᠵᠠᠷ ᠰᠢᠷᠣᠢ ᠶᠢ ᠠᠷᠪᠢᠲᠠᠢ ᠡᠷᠴᠢᠮᠯᠢᠭ ᠬᠡᠷᠡᠭᠯᠡᠬᠦ ᠰᠠᠶᠢᠨ | ᠰᠠᠶᠢᠬᠠᠨ ᠪᠠᠶᠢᠳᠠᠯ ᠢ ᠬᠠᠮᠲᠤ ᠪᠠᠷ ᠪᠣᠶ ᠪᠣᠯᠭᠠᠨ᠎ᠠ ᠭᠡᠯᠡ᠃ |