ᠮᠠᠨ ᠤ ᠬᠤᠰᠢᠭᠤ ᠨᠢ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠢ ᠵᠤᠬᠢᠶᠠᠨ ᠪᠠᠶᠢᠭᠤᠯᠤᠨ ᠲᠤᠭᠤᠷᠢᠨ ᠦᠵᠡᠬᠦ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/6/29
     ᠤᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠬᠤᠰᠢᠭᠤᠨ ᠤ ᠠᠬᠠᠮᠠᠳ ᠺᠠᠳ᠋ᠷᠴᠤᠳ ᠤᠨ ᠲᠤᠪᠴᠢᠶ᠎ᠠ ᠨᠢ ᠪᠦᠬᠦ ᠬᠤᠰᠢᠭᠤᠨ ᠤ ᠬᠡᠰᠡᠭ ᠠᠵᠢᠯ ᠠᠴᠠ ᠪᠠᠨ ᠠᠮᠠᠷᠠᠭᠰᠠᠨ ᠺᠠᠳ᠋ᠷ ᠢ ᠵᠤᠬᠢᠶᠠᠨ ᠪᠠᠶᠢᠭᠤᠯᠤᠨ ︽ᠬᠤᠷᠢᠳᠤᠭᠠᠷ ᠶᠡᠭᠡ ᠬᠤᠷᠠᠯ ᠳᠤ ᠰᠠᠨᠠᠯ ᠵᠦᠪᠯᠡᠯᠭᠡ ᠥᠭᠭᠦᠶ᠎ᠡ︾᠂  ︽ᠪᠢ ᠳᠤᠮᠳᠠᠳᠤ ᠤᠯᠤᠰ ᠤᠨ ᠤᠨᠴᠠᠯᠢᠭ ᠪᠥᠬᠦᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠡ ᠶᠢ ᠬᠠᠷᠠᠶ᠎ᠠ︾ ᠭᠡᠬᠦ ᠭᠤᠤᠯ ᠰᠡᠳᠦᠪᠲᠦ ᠲᠤᠭᠤᠷᠢᠨ ᠦᠵᠡᠬᠦ ᠠᠵᠢᠯᠯᠠᠭ᠎ᠠ ᠦᠷᠨᠢᠭᠦᠯᠵᠦ᠂ ᠠᠵᠢᠯ ᠠᠴᠠ ᠪᠠᠨ ᠠᠮᠠᠷᠠᠭᠰᠠᠨ 20 ᠠᠬᠠᠮᠠᠳ ᠺᠠᠳ᠋ᠷ ᠤᠷᠤᠯᠴᠠᠪᠠ᠃      ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠤᠨ ᠲᠤᠭᠤᠷᠢᠨ ᠦᠵᠡᠬᠦ ᠪᠦᠯᠬᠦᠮ ᠤᠷᠢᠳ ᠬᠤᠵᠢᠳ ᠦᠪᠦᠷ ᠮᠤᠩᠭᠤᠯ ᠤᠨ ᠶᠥᠩ ᠹᠧᠩ ᠠᠮᠢᠳᠤ ᠪᠤᠳᠠᠰ ᠤᠨ ᠰᠢᠨᠵᠢᠯᠡᠭᠡ ᠮᠡᠷᠭᠡᠵᠢᠯ ᠤᠨ ᠬᠢᠵᠠᠭᠠᠷᠲᠦ ᠬᠠᠷᠢᠭᠤᠴᠠᠯᠭᠠᠲᠦ ᠺᠤᠮᠫᠠᠨᠢ᠂ ᠲᠤᠤᠷᠠᠶᠢᠲᠦ ᠪᠦᠰᠡᠭᠦᠢ ᠠᠵᠤ ᠦᠢᠯᠡᠰ ᠤᠨ ᠬᠢᠵᠠᠭᠠᠲᠦ ᠬᠠᠷᠢᠭᠤᠴᠠᠯᠭᠠᠲᠦ ᠺᠤᠮᠫᠠᠨᠢ ᠪᠠ ᠪᠠᠶᠠᠨᠲᠤᠬᠤᠢ ᠰᠤᠮᠤ ᠳᠤ ᠬᠦᠷᠴᠦ ᠲᠤᠬᠠᠢ ᠶᠢᠨ ᠭᠠᠵᠠᠷ ᠲᠤ ᠪᠠᠶᠢᠴᠠᠭᠠᠨ ᠰᠤᠳᠤᠯᠤᠯᠳᠠ ᠬᠢᠵᠤ ᠲᠤᠭᠤᠷᠢᠨ ᠥᠵᠡᠬᠦ᠂ ᠲᠠᠨᠢᠯᠴᠠᠭᠤᠯᠭ᠎ᠠ ᠶᠢ ᠰᠤᠨᠤᠰᠬᠤ ᠵᠡᠷᠭᠡ ᠬᠡᠯᠪᠡᠷᠢ ᠪᠠᠷ ᠨᠤᠲᠤᠭ ᠤᠷᠤᠨ ᠤ ᠬᠤᠶᠠᠷ ᠠᠵᠤ ᠠᠬᠤᠶᠢᠯᠠᠯ ᠤᠨ ᠦᠢᠯᠡᠳᠪᠦᠷᠢᠯᠡᠯ ᠪᠤᠷᠤᠯᠠᠭᠤᠯᠭ᠎ᠠ᠂ ᠬᠦᠭᠵᠢᠯᠲᠡ ᠶᠢᠨ ᠬᠦᠷᠢᠶ᠎ᠠ ᠬᠡᠪᠴᠢᠶ᠎ᠠ ᠵᠢᠴᠢ ᠮᠠᠯᠴᠢᠨ ᠲᠠᠷᠢᠶᠠᠴᠢᠳ ᠤᠨ ᠦᠢᠯᠡᠰ ᠪᠣᠰᠬᠠᠵᠤ ᠪᠠᠶᠠᠵᠢᠨ ᠴᠢᠨᠡᠭᠡᠯᠢᠭᠵᠢᠵᠤ᠂ ᠲᠤᠰ ᠭᠠᠵᠠᠷ ᠤᠷᠤᠨ ᠤ ᠠᠵᠤ ᠠᠬᠤᠢ ᠶᠢᠨ ᠪᠥᠲᠥᠭᠡᠨ ᠪᠠᠶᠢᠭᠤᠯᠤᠯᠲᠠ ᠳᠤ ᠴᠢᠬᠤᠯᠠ ᠥᠢᠯᠡᠳᠤᠯ ᠥᠵᠡᠭᠦᠯᠵᠤ ᠪᠠᠶᠢᠭ᠎ᠠ ᠵᠡᠷᠭᠡ ᠪᠠᠶᠢᠳᠠᠯ ᠢ ᠨᠠᠷᠢᠨ ᠤᠶᠢᠯᠠᠭᠠᠪᠠ᠃      ᠪᠠᠶᠠᠨᠲᠤᠬᠤᠢ ᠰᠣᠮᠣᠨ ᠳᠤ ᠳᠣᠭᠤᠷᠢᠨ ᠥᠵᠡᠬᠦ ᠬᠤᠭᠤᠴᠠᠭᠠᠨ ᠳᠤ ᠪᠠᠰᠠ ᠰᠠᠭᠤᠳᠠᠯ ᠤᠨ ᠬᠤᠷᠠᠯ ᠬᠤᠷᠠᠯᠳᠣᠵᠤ᠂ ᠰᠤᠮᠤᠨ ᠤ ᠠᠮᠢ ᠠᠬᠤᠢ ᠶᠢᠨ ᠬᠠᠮᠠᠭᠠᠯᠠᠯᠲᠠ᠂ ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠬᠤ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠬᠤ᠂ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠵᠡᠷᠭᠡ       ᠠᠭᠤᠯᠭ᠎ᠠ ᠶᠢᠨ ᠲᠤᠭᠤᠷᠢᠨ ᠳᠤ ᠬᠠᠷᠢᠯᠴᠠᠨ ᠤᠯᠤᠯᠲᠠ ᠲᠦᠷᠦᠭᠳᠡᠯ ᠢᠶᠠᠨ ᠬᠤᠪᠢᠶᠠᠯᠴᠠᠪᠠ᠃      ᠲᠤᠰ ᠤᠳᠠᠭᠠᠨ ᠤ ᠠᠵᠢᠯᠯᠠᠭ᠎ᠠ ᠪᠠᠷ ᠳᠠᠮᠵᠢᠨ᠂ ᠠᠳᠠᠯᠢ ᠪᠤᠰᠤ ᠤᠷᠤᠨ‌‍ᠲ᠋ᠤᠭᠤᠷᠢᠭ᠂ ᠠᠳᠠᠯᠢ ᠪᠤᠰᠤ ᠠᠵᠢᠯ ᠲᠦᠷᠦᠯ ᠤᠨ ᠠᠳᠠᠯᠢ ᠪᠤᠰᠤ ᠳᠡᠰ ᠲᠠᠪᠬᠤᠷᠭ᠎ᠠ ᠶᠢᠨ ᠠᠬᠠᠮᠠᠳ ᠨᠥᠭᠦᠳ᠂ ᠨᠠᠮ ᠤᠨ ᠠᠷᠪᠠ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠠ ᠤᠯᠤᠰ ᠤᠨ ᠡᠯ᠎ᠡ ᠲᠦᠷᠦᠯ ᠤᠨ ᠠᠵᠢᠯ ᠦᠢᠯᠡᠰ ᠤᠨ ᠤᠯᠤᠭᠰᠠᠨ ᠲᠡᠤᠬᠡᠲᠦ       ᠴᠢᠨᠠᠷ ᠲᠠᠢ ᠦᠷ᠎ᠡ ᠪᠦᠲᠦᠮᠵᠢ᠂ ᠲᠡᠤᠬᠡᠴᠢ ᠴᠢᠨᠠᠷ ᠲᠠᠢ ᠬᠤᠪᠢᠷᠠᠯᠲᠠ ᠤᠨ ᠲᠤᠬᠠᠢ ᠰᠡᠳᠬᠢᠭᠲᠡᠯ ᠲᠥᠷᠥᠭᠳᠡᠯ᠂ ᠳᠤᠮᠳᠠᠳᠤ ᠤᠯᠤᠰ ᠤᠨ ᠤᠨᠴᠠᠯᠢᠭ ᠪᠥᠬᠦᠢ ᠨᠡᠶᠢᠬᠡᠮ ᠵᠢᠷᠤᠮ ᠤᠨ ᠰᠢᠨ᠎ᠡ ᠴᠠᠭ ᠦᠶ᠎ᠡ ᠶᠢᠨ ᠬᠦᠭᠵᠢᠯᠲᠡ ᠬᠤᠪᠢᠷᠠᠯᠲᠠ ᠶᠢᠨ ᠲᠤᠬᠠᠢ ᠥᠪᠡᠷ ᠤᠨ ᠥᠨᠡᠨ ᠰᠡᠳᠬᠢᠯ ᠤ ᠦᠭᠡ ᠪᠠᠨ ᠶᠠᠷᠢᠬᠤ ᠶᠢᠨ ᠬᠠᠮᠲᠤ ᠮᠠᠨ ᠤ       ᠬᠤᠰᠢᠭᠤᠨ ᠤ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠳᠤ ᠰᠠᠶᠢᠨ ᠰᠠᠶᠢᠬᠠᠨ ᠰᠠᠨᠠᠯ ᠵᠦᠪᠯᠡᠯᠭᠡ ᠳᠤᠷᠠᠳᠴᠦ ᠠᠷᠭ᠎ᠠ ᠪᠤᠳᠤᠯᠭ᠎ᠠ ᠭᠠᠷᠭᠠᠭᠰᠠᠨ ᠪᠠᠶᠢᠨ᠎ᠠ᠃ ᠲᠡᠲᠡ ᠪᠠᠰᠠ ᠬᠤᠶᠢᠰᠢᠲᠠ ᠮᠠᠨ ᠤ ᠬᠤᠰᠢᠭᠤᠨ ᠤ ᠡᠯ᠎ᠡ ᠲᠦᠷᠦᠯ ᠤᠨ ᠠᠵᠤ ᠦᠢᠯᠡᠰ ᠤᠨ ᠬᠦᠭᠵᠢᠯᠲᠡ ᠶᠢ ᠠᠩᠬᠠᠷᠤᠨ ᠬᠠᠯᠠᠮᠵᠢᠯᠠᠵᠤ᠂ ᠨᠤᠲᠤᠭ ᠣᠷᠣᠨ ᠤ ᠪᠠᠨ ᠪᠦᠲᠦᠭᠡᠨ ᠪᠠᠶᠢᠭᠤᠯᠤᠯᠲᠠ ᠳᠤ ᠢᠯᠡᠬᠦᠭᠡᠨ ᠰᠠᠨᠠᠯ ᠵᠥᠪᠯᠡᠯᠭᠡ ᠳᠤᠷᠠᠳᠤᠨ‌ᠠᠷᠭ᠎ᠠ ᠪᠤᠳᠤᠯᠭ᠎ᠠ ᠭᠠᠷᠭᠠᠵᠤ᠂ ᠦᠪᠡᠷ ᠤᠨ ᠬᠥᠴᠥ ᠨᠡᠮᠡᠷᠢ ᠪᠠᠨ ᠡᠷᠭᠦᠨ᠎ᠡ ᠭᠡᠮᠡᠨ ᠢᠯᠡᠷᠬᠡᠶᠢᠯᠡᠴᠡᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号