︽ᠰᠠᠨᠰᠠᠷ ᠤᠨ ᠠᠶᠠᠯᠠᠯ ᠤᠨ ᠬᠠᠮᠠᠭᠠᠯᠠᠯᠳᠠ ᠶᠢᠨ ᠠᠩᠭᠢ︾᠎ ᠨᠢ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠭᠠᠳᠠᠷ ᠤᠷᠴᠢᠨ ᠤ ᠠᠮᠤᠷ ᠢ ᠬᠠᠮᠠᠭᠠᠯᠠᠬᠤ ᠠᠵᠢᠯ ᠢ ᠲᠡᠭᠦᠰ ᠠᠮᠵᠢᠯᠳᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/6/8
     ᠪᠡᠭᠡᠵᠢᠩ ᠤᠨ ᠴᠠᠭ ᠢᠶᠠᠷ 2022 ᠤᠨ ᠤ 6 ᠳ᠋ᠤᠭᠠᠷ ᠰᠠᠷ᠎ᠠ ᠶᠢᠨ 5᠎ ᠤ ᠡᠳᠤᠷ ᠤᠨ 10 ᠴᠠᠭ 44 ᠮᠢᠨᠦ᠋ᠲ ᠲᠤ᠂ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢ ᠠᠮᠵᠢᠯᠳᠠ ᠲᠠᠢ ᠬᠠᠷᠪᠤᠵᠤ᠂ ᠬᠤᠰᠢᠭᠤᠨ ᠤ ︽ᠰᠠᠨᠰᠠᠷ ᠤᠨ ᠠᠶᠠᠯᠠᠯ ᠤᠨ ᠬᠠᠮᠠᠭᠠᠯᠠᠯᠳᠠ ᠶᠢᠨ ᠠᠩᠭᠢ︾᠎ ᠨᠢ ᠮᠦᠨᠴᠤ ᠲᠤᠰ ᠤᠳᠠᠭᠠᠨ ᠤ ᠭᠠᠳᠠᠷ ᠤᠷᠴᠢᠨ ᠤ ᠠᠮᠤᠷ ᠢ ᠬᠠᠮᠠᠭᠠᠯᠠᠬᠤ ᠠᠵᠢᠯ ᠢ ᠲᠡᠭᠦᠰ ᠠᠮᠵᠢᠯᠳᠠ ᠲᠠᠢ ᠪᠡᠶᠡᠯᠡᠬᠦᠯᠵᠡᠢ᠃ ᠡᠨᠡ ᠨᠢ 2020 ᠤᠨ ᠳᠤ ᠲᠤᠰ ᠠᠩᠭᠢ ᠪᠠᠶᠢᠭᠤᠯᠤᠭᠳᠠᠭᠰᠠᠨ ᠠᠴᠠ ᠨᠠᠰᠢ ᠪᠡᠶᠡᠯᠡᠬᠦᠯᠦᠭᠰᠡᠨ ᠪᠠᠰᠠ ᠨᠢᠭᠡ ᠤᠳᠠᠭᠠᠨ ᠤ ᠭᠠᠳᠠᠷ ᠤᠷᠴᠢᠨ ᠤ ᠠᠮᠤᠷ ᠢ ᠬᠠᠮᠠᠭᠠᠯᠠᠬᠤ ᠡᠭᠦᠷᠭᠡ ᠪᠤᠯᠤᠨ᠎ᠠ᠃      ᠮᠠᠨ ᠤ ᠬᠤᠰᠢᠭᠤᠨ ᠤ ︽ᠰᠠᠨᠰᠠᠷ ᠤᠨ ᠠᠶᠠᠯᠠᠯ ᠤᠨ ᠬᠠᠮᠠᠭᠠᠯᠠᠯᠳᠠ ᠶᠢᠨ ᠠᠩᠭᠢ︾᠎ ᠨᠢ ᠰᠠᠭᠤᠭ᠎ᠠ       ᠭᠠᠵᠠᠷ ᠤᠨ ᠴᠡᠷᠢᠭ ᠠᠩᠭᠢ᠂ ᠠᠮᠤᠷ ᠢ ᠬᠠᠮᠠᠭᠠᠯᠠᠬᠤ ᠮᠡᠳᠡᠭᠡᠴᠢᠨ  ᠂ ᠬᠢᠯᠢ ᠶᠢᠨ ᠬᠠᠮᠠᠭᠠᠯᠠᠯᠳᠠ ᠶᠢᠨ ᠪᠠᠬᠢᠯᠡᠯᠳᠡ ᠶᠢᠨ ᠡᠷᠤᠬᠡ᠂ ᠭᠤᠷᠤᠨᠠᠢ ᠶᠢᠨ ᠬᠢᠯᠢ ᠶᠢᠨ ᠲᠤᠮᠢᠯᠠᠭᠰᠠᠨ ᠰᠠᠯᠪᠤᠷᠢ ᠪᠠᠷ ᠪᠦᠷᠢᠯᠳᠦᠵᠤ᠂ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠭᠠᠳᠠᠷ ᠤᠷᠴᠢᠨ ᠤ ᠠᠮᠤᠷ ᠢ ᠬᠠᠮᠠᠭᠠᠯᠠᠬᠤ       ᠠᠵᠢᠯ ᠢ ᠡᠭᠦᠷᠭᠡᠯᠡᠭᠰᠡᠨ ᠠᠴᠠ ᠨᠠᠰᠢ᠂ ᠡᠵᠡᠨ᠎ᠡ ᠶᠢᠨ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠶᠢᠨ ᠬᠢᠨ ᠲᠡᠭᠡᠳᠤ ᠬᠡᠮᠵᠢᠶ᠎ᠡ ᠪᠠᠷ ᠴᠢᠬᠤᠯᠠᠴᠢᠯᠠᠨ᠂ ᠠᠮᠤᠷ ᠢ ᠬᠠᠮᠠᠭᠠᠯᠠᠬᠤ ᠠᠵᠢᠯ ᠳᠤ ᠤᠷᠢᠳᠴᠢᠯᠠᠨ ᠤᠷᠤᠵᠤ᠂ ︽ᠪᠦᠬᠦ ᠴᠠᠭᠳᠠᠭ᠎ᠠ ᠢ ᠲᠠᠶᠢᠴᠢᠯᠠᠬᠤ᠂ ᠪᠦᠬᠦ ᠴᠠᠭᠳᠠᠭ᠎ᠠ ᠤᠷᠤᠯᠴᠠᠬᠤ᠂ ᠪᠦᠬᠦ ᠬᠦᠴᠦᠨ ᠢᠶᠠᠷ ᠢᠶᠠᠨ ᠴᠢᠷᠮᠠᠶᠢᠨ ᠠᠵᠢᠯᠯᠠᠬᠤ︾ ᠵᠠᠷᠴᠢᠮ ᠢ ᠪᠠᠷᠢᠮᠳᠠᠯᠠᠨ᠂ ᠴᠠᠭᠳᠠᠭᠠᠨ ᠤ ᠬᠦᠴᠦᠨ ᠢ ᠤᠷᠢᠳᠴᠢᠯᠠᠨ ᠨᠢᠭᠡ ᠰᠠᠷ᠎ᠠ ᠶᠢᠨ ᠡᠮᠤᠨ᠎ᠡ ᠵᠤᠬᠢᠶᠠᠨ ᠪᠠᠶᠢᠭᠤᠯᠵᠤ ᠪᠠᠶᠢᠭᠠᠳ ᠬᠢᠯᠢ ᠶᠢᠨ ᠡᠮᠤᠨ᠎ᠡ ᠹᠷᠤᠨᠲ᠂ ᠬᠠᠷᠢᠶᠠᠳᠤ ᠤᠷᠤᠨ ᠤ ᠦᠢᠯᠡᠳᠪᠤᠷᠢᠯᠡᠯ ᠤᠨ ᠭᠠᠵᠠᠷ᠂ ᠨᠢᠭᠤᠨ ᠲᠠᠯᠳᠠᠯᠠᠬᠤ ᠳᠤ ᠲᠦᠭᠦᠮ ᠵᠡᠷᠭᠡ ᠭᠤᠤᠯᠳᠠᠯᠭ᠎ᠠ ᠲᠠᠢ ᠭᠠᠵᠠᠷ ᠲᠤ ᠮᠦᠷᠳᠡᠨ ᠪᠠᠶᠢᠴᠠᠭᠠᠯᠳᠠ ᠬᠢᠵᠤ᠂ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢ ᠨᠦᠯᠦᠭᠡᠯᠡᠵᠤ ᠮᠡᠳᠡᠬᠦ ᠠᠯᠢᠪᠠ ᠬᠦᠴᠦᠨ ᠵᠦᠢᠯ ᠢ ᠪᠦᠬᠦ ᠲᠠᠯ᠎ᠠ ᠪᠠᠷ ᠡᠵᠡᠮᠳᠡᠪᠡ᠃ ᠡᠭᠦᠨ ᠤ ᠵᠡᠷᠭᠡᠪᠡᠷ᠂           ︽ᠰᠠᠨᠰᠠᠷ ᠤᠨ ᠠᠶᠠᠯᠠᠯ ᠤᠨ ᠬᠠᠮᠠᠭᠠᠯᠠᠯᠳᠠ ᠶᠢᠨ ᠠᠩᠭᠢ︾᠎ ᠨᠢ ᠡᠷᠤᠬᠡ ᠢᠶᠠᠷ ᠭᠦᠨᠵᠡᠭᠡᠶᠢᠷᠡᠨ᠂ ᠮᠠᠯᠴᠢᠨ ᠲᠠᠷᠢᠶᠠᠴᠢᠳ ᠲᠤ ᠤᠬᠠᠭᠤᠯᠭ᠎ᠠ ᠬᠦᠮᠦᠵᠢᠯ ᠵᠢᠴᠢ ᠲᠠᠶᠢᠴᠢᠯᠠᠯᠳᠠ ᠶᠢᠨ ᠠᠵᠢᠯ ᠢ ᠢᠳᠡᠪᠬᠢᠲᠠᠢ ᠦᠷᠨᠢᠬᠦᠯᠵᠤ᠂ ᠲᠡᠳᠡᠨᠡᠷ ᠲᠤ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠨᠢᠰᠦᠯᠳᠡ ᠶᠢᠨ ᠡᠭᠦᠷᠭᠡ ᠶᠢᠨ ᠴᠢᠬᠤᠯᠠ ᠶᠡᠭᠡ ᠠᠴᠢ       ᠬᠤᠯᠪᠤᠭᠳᠠᠯ ᠢ ᠲᠠᠶᠢᠯᠪᠤᠷᠢᠯᠠᠨ ᠦᠭᠴᠡᠢ᠃      ᠪᠠᠳᠠᠷᠠᠯᠳᠤ ᠪᠤᠯ ᠠᠯᠠᠱᠠ ᠶᠢᠨ ᠬᠢᠯᠢ ᠶᠢᠨ ᠬᠠᠮᠢᠶᠠᠷᠤᠯᠳᠠ ᠶᠢᠨ ᠰᠠᠯᠪᠤᠷᠢ ᠠᠩᠭᠢ ᠶᠢᠨ ᠡᠵᠡᠨ᠎ᠡ ᠶᠢᠨ       ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠪᠤᠯᠤᠨ᠎ᠠ᠂ ᠬᠤᠪᠢᠯᠭᠠᠨ ᠤᠩᠭᠤᠴᠠ ᠠᠷᠪᠠᠨ ᠬᠤᠶᠠᠳᠤᠭᠠᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢ ᠬᠠᠷᠪᠤᠭᠰᠠᠨ ᠠᠴᠠ ᠨᠠᠰᠢ᠂ ᠲᠡᠷᠡ ᠬᠤᠪᠢᠯᠭᠠᠨ ᠤᠩᠭᠤᠴᠠ ᠶᠢᠨ ᠬᠠᠷᠪᠤᠯᠳᠠ ᠪᠤᠯᠤᠨ ᠭᠠᠳᠠᠷ ᠤᠷᠴᠢᠨ ᠤ ᠠᠮᠤᠷ ᠢ ᠬᠠᠮᠠᠭᠠᠯᠠᠬᠤ       ᠠᠵᠢᠯ ᠳᠤ ᠢᠳᠡᠪᠬᠢᠲᠠᠢ ᠤᠷᠤᠯᠴᠠᠭᠰᠠᠭᠠᠷ ᠢᠷᠡᠭᠰᠡᠨ ᠶᠤᠮ᠃ ᠨᠡᠭᠦᠳᠡᠯ ᠠᠷᠠᠳ ᠤᠨ ᠬᠠᠮᠢᠶᠠᠷᠤᠯᠳᠠ ᠶᠢᠨ ᠴᠠᠭᠳᠠᠭ᠎ᠠ ᠪᠤᠯᠤᠭᠰᠠᠨ ᠤ ᠬᠤᠪᠢ ᠳᠤ᠂ ᠡᠨᠡᠬᠦ ᠠᠮᠤᠷ ᠲᠦᠪᠰᠢᠨ ᠢ ᠬᠠᠮᠠᠭᠠᠯᠠᠬᠤ ᠠᠵᠢᠯ ᠳᠤ ᠤᠷᠤᠯᠴᠠᠵᠤ᠂ ᠰᠠᠨᠰᠠᠷ ᠤᠨ ᠠᠶᠠᠯᠠᠯ ᠤᠨ ᠦᠢᠯᠡᠰ ᠲᠤ ᠦᠪᠡᠷ ᠬᠡᠰᠡᠨ ᠬᠦᠴᠦᠨ ᠴᠢᠳᠠᠯ ᠢᠶᠠᠨ ᠡᠷᠭᠦᠭᠦ ᠨᠢ ᠠᠷᠢᠭᠤᠨ  ᠲᠠᠷᠬᠠᠨ ᠪᠦᠭᠡᠳ ᠢᠷᠠᠭᠤ ᠠᠯᠳᠠᠷᠳᠠᠢ ᠶᠤᠮ ᠭᠡᠵᠡᠢ᠃      ᠠᠯᠠᠱᠠ ᠶᠢᠨ ᠬᠢᠯᠢ ᠶᠢᠨ ᠬᠠᠮᠢᠶᠠᠷᠤᠯᠳᠠ ᠶᠢᠨ ᠰᠠᠯᠪᠤᠷᠢ ᠠᠩᠭᠢ ᠶᠢᠨ ᠡᠵᠡᠨ᠎ᠡ ᠶᠢᠨ ᠬᠢᠯᠢ ᠶᠢᠨ       ᠬᠠᠮᠢᠶᠠᠷᠤᠯᠳᠠ ᠶᠢᠨ ᠶᠡᠭᠡ ᠠᠩᠭᠢ ᠶᠢᠨ ᠤᠯᠤᠰ ᠲᠦᠷᠦ ᠶᠢᠨ ᠵᠢᠭᠠᠨ ᠵᠢᠯᠤᠭᠤᠳᠤᠭᠴᠢ ᠪᠠᠳᠠᠷᠠᠯᠳᠤ ᠠᠴᠠ᠂ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠬᠠᠷᠪᠤᠯᠳᠠ ᠶᠢ ᠦᠵᠡᠭᠰᠡᠨ ᠳᠡᠭᠡᠨ ᠪᠢ ᠲᠦᠢᠯ ᠢᠶᠠᠷ ᠤᠮᠤᠭᠰᠢᠵᠤ ᠪᠠᠶᠢᠨ᠎ᠠ᠂ ᠲᠤᠰ ᠤᠳᠠᠭᠠᠨ ᠤ ᠭᠠᠳᠠᠷ ᠤᠷᠴᠢᠨ ᠤ ᠠᠮᠤᠷ ᠢ ᠬᠠᠮᠠᠭᠠᠯᠠᠬᠤ ᠠᠵᠢᠯ ᠳᠤ ᠦᠴᠦᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠠᠳᠤᠯᠠᠬᠤ ᠶᠢᠨ ᠲᠤᠰᠠᠳᠠ᠂ ᠡᠵᠡᠨ᠎ᠡ ᠶᠢᠨ ᠬᠢᠯᠢ ᠶᠢᠨ ᠬᠠᠮᠢᠶᠠᠷᠤᠯᠳᠠ ᠶᠢᠨ ᠶᠡᠭᠡ ᠠᠩᠭᠢ ᠨᠢ ᠭᠠᠳᠠᠷ ᠤᠷᠴᠢᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ ᠴᠠᠭᠳᠠᠭᠠᠨ ᠤ ᠬᠦᠴᠤ᠂ ᠴᠠᠭᠳᠠᠭᠠᠨ ᠤ ᠲᠡᠷᠭᠡ ᠶᠢ ᠭᠠᠳᠠᠷ ᠤᠷᠴᠢᠨ ᠤ ᠭᠤᠤᠯᠳᠠᠯᠭ᠎ᠠ ᠲᠠᠢ       ᠬᠡᠰᠡᠭ ᠲᠤ ᠪᠠᠶᠢᠷᠢᠯᠠᠭᠤᠯᠵᠤ᠂ ᠠᠮᠤᠷ ᠢ ᠬᠠᠮᠠᠭᠠᠯᠠᠬᠤ ᠠᠵᠢᠯ ᠤᠨ ᠠᠮᠤᠷ ᠲᠦᠪᠰᠢᠨ ᠲᠤᠭᠳᠠᠭᠤᠨ ᠪᠠᠶᠢᠬᠤ ᠶᠢ ᠪᠠᠳᠤᠯᠭᠰᠠᠨ ᠪᠠᠶᠢᠨ᠎ᠠ ᠭᠡᠪᠡ᠃      ᠬᠤᠰᠢᠭᠤᠨ ᠤ ᠳ᠋ᠦᠩᠹᠧᠩ ᠪᠠᠯᠭᠠᠰᠤᠨ ᠤ ᠰᠠᠭᠤᠭᠠᠯᠢ ᠠᠷᠠᠳ ᠵᠠᠩ ᠴᠢ ᠯᠢᠨ ᠠᠴᠠ᠂ ᠬᠤᠪᠢᠯᠭᠠᠨ ᠤᠩᠭᠤᠴᠠ ᠠᠷᠪᠠᠨ ᠲᠦᠷᠪᠡᠳᠦᠭᠡᠷ ᠬᠦᠮᠦᠨ ᠰᠠᠭᠤᠯᠭᠠᠭᠰᠠᠨ ᠨᠢᠰᠬᠦ ᠤᠩᠭᠤᠴᠠ ᠶᠢᠨ ᠠᠮᠵᠢᠯᠳᠠ ᠲᠠᠢ       ᠬᠠᠷᠪᠤᠭᠰᠠᠨ ᠢ ᠬᠠᠷᠠᠭᠠᠳ ᠮᠠᠰᠢ ᠶᠡᠭᠡ ᠪᠠᠶᠠᠷᠯᠠᠵᠤ ᠪᠠᠶᠢᠨ᠎ᠠ᠂ ᠭᠤᠷᠪᠠᠨ ᠰᠠᠨᠰᠠᠷᠴᠢᠨ ᠮᠠᠨᠢ ᠪᠦᠬᠦ ᠡᠭᠦᠷᠭᠡ ᠪᠠᠨ ᠲᠡᠭᠦᠰ ᠠᠮᠵᠢᠯᠳᠠ ᠲᠠᠢ ᠪᠡᠶᠡᠯᠡᠬᠦᠯᠦᠭᠡᠳ ᠠᠮᠤᠷ ᠲᠦᠪᠰᠢᠨ ᠬᠠᠷᠢᠵᠤ ᠢᠷᠡᠬᠦ ᠶᠢ  ᠬᠦᠰᠡᠵᠤ ᠪᠠᠶᠢᠨ᠎ᠠ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号