6 ᠳ᠋ᠤᠭᠠᠷ ᠰᠠᠷ᠎ᠠ ᠶᠢᠨ 7 ᠤ ᠡᠳᠤᠷ᠂ 2022 ᠤᠨ ᠤ ᠶᠡᠭᠡ ᠰᠤᠷᠭᠠᠭᠤᠯᠢ ᠳᠤ ᠲᠠᠪᠰᠢᠨ ᠤᠷᠤᠬᠤ | ᠤᠯᠤᠰ ᠤᠨ ᠨᠢᠭᠡᠲᠦᠯᠲᠡᠢ ᠰᠢᠯᠭᠠᠯᠳᠠ ᠡᠬᠢᠯᠡᠵᠤ᠂ ᠡᠬᠦᠨ ᠳᠤ ᠮᠠᠨ ᠤ ᠬᠤᠰᠢᠭᠤᠨ ᠤ 121ᠰᠤᠷᠤᠭᠴᠢ ᠤᠯᠤᠰ ᠤᠨ | ᠨᠢᠭᠡᠳᠦᠯᠲᠡᠢ ᠰᠢᠯᠭᠠᠯᠳᠠ ᠳᠤ ᠣᠷᠣᠯᠴᠠᠨ᠂ ᠬᠤᠰᠢᠭᠤᠨ ᠤ ᠡᠯ᠎ᠡ ᠬᠠᠮᠢᠶᠠᠳᠠᠢ ᠰᠠᠯᠠᠭ᠎ᠠ ᠮᠦᠴᠢᠷ ᠬᠠᠮᠲᠤᠷᠠᠯᠴᠠᠨ ᠪᠦᠬᠦ | ᠬᠦᠴᠦᠨ ᠢᠶᠠᠷ ᠤᠯᠤᠰ ᠤᠨ ᠨᠢᠭᠡᠳᠦᠯᠲᠡᠢ ᠰᠢᠯᠭᠠᠯᠳᠠ ᠶᠢᠨ ᠤᠷᠤᠭᠰᠢᠲᠠᠢ ᠶᠠᠪᠤᠭᠳᠠᠬᠤ ᠶᠢ ᠪᠠᠳᠤᠯᠠᠭᠰᠠᠨ ᠪᠠᠶᠢᠨ᠎ᠠ᠃ | ᠰᠤᠷᠪᠤᠯᠵᠢᠯᠠᠭᠴᠢ ᠬᠤᠰᠢᠭᠤᠨ ᠤ ᠴᠤᠷ ᠤᠨ ᠭᠠᠭᠴᠠ ᠶᠡᠭᠡ ᠳᠡᠭᠡᠳᠦ ᠰᠤᠷᠭᠠᠭᠤᠯᠢ ᠳᠤ ᠰᠢᠯᠭᠠᠭᠤᠯᠬᠤ | ᠬᠤᠪᠢᠶᠡᠷᠢ ᠰᠢᠯᠭᠠᠯᠲᠠ ᠶᠢᠨ ᠲᠠᠯᠠᠪᠤᠷ ᠪᠣᠯᠬᠤ ᠬᠤᠰᠢᠭᠤᠨ ᠤ ᠳᠤᠮᠳᠠᠳᠤ ᠰᠤᠷᠭᠠᠭᠤᠯᠢ ᠳᠤ ᠬᠦᠷᠬᠦ ᠳᠤ ᠰᠤᠷᠤᠭᠴᠢᠳ | ᠶᠠᠭ ᠰᠢᠯᠭᠠᠭᠤᠯᠬᠤ ᠪᠢᠴᠢᠭ ᠪᠠᠷᠢᠮᠲᠠ᠂ ᠪᠡᠶ᠎ᠡ ᠶᠢᠨ ᠦᠨᠡᠮᠯᠠᠯ ᠢᠶᠠᠨ ᠠᠪᠴᠤ᠂ ᠰᠢᠯᠭᠠᠯᠲᠠ ᠶᠢᠨ ᠲᠠᠯᠠᠪᠤᠷ ᠲᠤ | ᠣᠷᠤᠬᠤ ᠠᠴᠠ ᠡᠮᠦᠨᠡᠬᠢ ᠴᠢᠩᠭ᠎ᠠ ᠪᠠᠶᠢᠴᠠᠭᠠᠯᠲᠠ ᠶᠢ ᠥᠩᠭᠡᠷᠡᠭᠡᠵᠦ ᠪᠠᠶᠢᠯ᠎ᠠ᠃ ᠡᠨᠡ ᠵᠢᠯ ᠮᠠᠨ ᠤ ᠬᠤᠰᠢᠭᠤᠨ ᠤ | ᠤᠯᠤᠰ ᠤᠨ ᠨᠢᠭᠡᠳᠦᠯᠲᠡᠢ ᠰᠢᠯᠭᠠᠯᠳᠠ ᠳᠤ ᠤᠷᠤᠯᠴᠠᠭᠰᠠᠨ ᠰᠤᠷᠤᠭᠴᠢ ᠨᠡᠶᠢᠳᠡ 121 ᠬᠦᠮᠦᠨ ᠪᠠᠶᠢᠵᠤ᠂ | ᠲᠤᠮᠳᠠᠳᠤ ᠰᠤᠷᠭᠠᠭᠤᠯᠢ ᠶᠢᠨ ᠰᠢᠯᠭᠠᠯᠳᠠ ᠶᠢᠨ ᠴᠡᠭ ᠲᠤ ᠵᠢᠷᠭᠤᠭᠠᠨ ᠰᠢᠯᠭᠠᠯᠳᠠ ᠶᠢᠨ ᠲᠠᠯᠠᠪᠤᠷ᠂ ᠭᠤᠷᠪᠠᠨ | ᠪᠡᠯᠡᠳᠬᠡᠯ ᠲᠤᠰᠠᠭᠠᠷᠯᠠᠯ ᠤᠨ ᠰᠢᠯᠭᠠᠯᠳᠠ ᠶᠢᠨ ᠲᠠᠯᠠᠪᠤᠷ᠂ ᠨᠢᠭᠡ ᠪᠡᠯᠡᠳᠬᠡᠯ ᠰᠢᠯᠭᠠᠯᠳᠠ ᠶᠢᠨ ᠲᠠᠯᠠᠪᠤᠷ ᠢ | ᠳᠣᠬᠢᠷᠠᠭᠤᠯᠵᠠᠢ᠃ ᠠᠬᠤᠢ ᠲᠠᠯᠠᠪᠤᠷ ᠲᠤ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠭᠠᠯ | ᠰᠡᠷᠭᠡᠶᠢᠯᠡᠯᠳᠡ᠂ ᠡᠷᠡᠬᠦᠯ ᠬᠠᠮᠠᠭᠠᠯᠠᠯ ᠡᠷᠡᠬᠦᠯ ᠮᠡᠨᠳᠤ ᠵᠡᠷᠭᠡ ᠤᠯᠠᠨ ᠰᠠᠯᠠᠭ᠎ᠠ ᠮᠦᠴᠢᠷ ᠤᠨ ᠠᠵᠢᠯᠳᠠᠳ | ᠰᠢᠯᠭᠠᠯᠳᠠ ᠶᠢᠨ ᠲᠠᠯᠠᠪᠠᠢ ᠶᠢᠨ ᠵᠠᠮ ᠬᠠᠷᠢᠯᠴᠠᠭ᠎ᠠ ᠰᠠᠭᠠᠳ ᠦᠭᠡᠢ ᠨᠡᠪᠳᠡᠷᠡᠬᠦ᠂ ᠬᠢᠵᠢᠭ ᠢ ᠰᠡᠷᠭᠡᠶᠢᠯᠡᠨ ᠡᠵᠡᠮᠳᠡᠬᠦ᠂ | ᠡᠮ ᠡᠮᠨᠡᠯᠭᠡ ᠡᠷᠡᠬᠦᠯ ᠬᠠᠮᠠᠭᠠᠯᠠᠯ ᠵᠡᠷᠭᠡ ᠡᠯ᠎ᠡ ᠲᠦᠷᠦᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠰᠠᠶᠢᠳᠤᠷ | ᠬᠢᠵᠤ᠂ ᠰᠢᠯᠭᠠᠭᠤᠯᠤᠭᠰᠠᠳ ᠲᠤ ᠠᠮᠤᠷ ᠲᠦᠪᠰᠢᠨ ᠰᠢᠯᠭᠠᠯᠳᠠ ᠶᠢᠨ ᠤᠷᠴᠢᠨ ᠲᠤᠭᠤᠷᠢᠨ ᠢ ᠪᠦᠷᠢᠨ | ᠬᠠᠩᠭᠠᠭᠰᠠᠨ ᠢᠶᠠᠷ ᠪᠠᠷᠠᠬᠤ ᠦᠭᠡᠢ ᠬᠤᠰᠢᠭᠤᠨ ᠤ ᠠᠵᠢᠯᠴᠢᠨ ᠤ ᠶᠡᠷᠤᠩᠭᠡᠢ ᠡᠪᠯᠡᠯ᠂ ᠡᠪᠯᠡᠯ ᠤᠨ ᠬᠤᠷᠢᠶ᠎ᠠ᠂ ᠵᠠᠮ | ᠬᠠᠷᠢᠯᠴᠠᠭ᠎ᠠ ᠲᠡᠭᠡᠭᠡᠪᠤᠷᠢ᠂ ᠬᠠᠮᠳᠤᠷᠠᠭᠰᠠᠨ ᠬᠤᠯᠪᠤᠭ᠎ᠠ᠂ ᠴᠠᠬᠢᠯᠭᠠᠨ ᠬᠤᠯᠪᠤᠭ᠎ᠠ ᠵᠡᠷᠭᠡ ᠪᠠᠶᠢᠭᠤᠯᠭ᠎ᠠ ᠨᠢᠭᠡᠴᠡ ᠶᠢᠨ | ᠬᠢᠨ ᠪᠠᠰᠠ ᠰᠠᠶᠢᠨ ᠲᠤᠷ᠎ᠠ ᠠᠴᠠ ᠪᠠᠨ ᠨᠠᠷᠠᠨ ᠤ ᠰᠡᠷᠠᠪᠴᠢ ᠪᠠᠷᠢᠵᠤ᠂ ᠰᠢᠯᠭᠠᠭᠤᠯᠤᠭᠰᠠᠳ ᠪᠠ ᠭᠡᠷ ᠤᠨ | ᠠᠬᠠᠮᠠᠳ ᠲᠤ ᠰᠠᠶᠢᠨ ᠲᠤᠷ᠎ᠠ ᠶᠢᠨ ᠦᠢᠯᠴᠢᠯᠡᠭᠡ ᠬᠠᠩᠭᠠᠪᠠ᠃ |