ᠤᠶᠢᠷ᠎ᠠ ᠶᠢᠨ ᠡᠳᠤᠷ᠂ ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶ᠎ᠠ᠂ | ᠪᠡᠭᠡᠵᠢᠩ ᠤᠨ ᠤᠢ ᠰᠢᠭᠤᠢ ᠶᠢᠨ ᠶᠡᠭᠡ ᠰᠤᠷᠭᠠᠭᠤᠯᠢ᠂ ᠬᠤᠰᠢᠭᠤᠨ ᠤ ᠤᠯᠤᠰ ᠤᠨ ᠥᠮᠴᠢᠯᠡᠯᠲᠤ ᠤᠢ | ᠰᠢᠭᠤᠢ ᠶᠢᠨ ᠲᠠᠯᠠᠪᠠᠢ ᠠᠴᠠ ᠬᠠᠮᠳᠤᠷᠠᠨ ᠮᠡᠳᠡᠭᠦᠯᠦᠭᠰᠡᠨ ︽ᠲᠤᠤᠷᠠᠢ ᠶᠢᠨ ᠡᠮ᠎ᠡ ᠪᠡᠯᠭᠡᠳᠤ ᠤᠷᠭᠤᠮᠠᠯ ᠢ ᠡᠷ᠎ᠡ | ᠪᠡᠯᠭᠡᠳᠤ ᠤᠷᠭᠤᠮᠠᠯ ᠳᠤ ᠵᠠᠯᠭᠠᠬᠤ ᠨᠢᠭᠡ ᠵᠦᠢᠯ ᠤᠨ ᠠᠷᠭ᠎ᠠ︾ ᠶᠢᠨ ᠡᠭᠦᠳᠦᠯᠳᠡ ᠨᠢ ᠤᠯᠤᠰ ᠤᠨ ᠮᠡᠳᠡᠯᠭᠡ ᠶᠢᠨ | ᠪᠦᠳᠦᠭᠡᠭᠳᠡᠭᠦᠨ ᠤ ᠦᠮᠴᠢᠯᠡᠬᠦ ᠡᠷᠬᠡ ᠶᠢᠨ ᠲᠤᠪᠴᠢᠶᠠᠨ ᠤ ᠬᠢᠨᠠᠨ ᠲᠤᠭᠲᠠᠭᠠᠯᠲᠠ ᠪᠠᠷ ᠡᠭᠦᠳᠦᠯᠳᠡ ᠶᠢᠨ ᠲᠤᠰᠬᠠᠢ | ᠠᠰᠢᠭ ᠤᠨ ᠦᠨᠡᠮᠯᠡᠯ ᠤᠯᠪᠠ᠃ | ᠲᠤᠤᠷᠠᠢ ᠶᠢ ᠡᠮ᠎ᠡ ᠪᠡᠯᠭᠡᠳᠤ ᠪᠠ ᠡᠷ᠎ᠡ ᠪᠡᠯᠭᠡᠳᠤ ᠤᠷᠭᠤᠮᠠᠯ ᠭᠡᠮᠡᠨ ᠬᠤᠪᠢᠶᠠᠵᠤ᠂ ᠵᠢᠯ ᠪᠤᠯᠭᠠᠨ ᠤ ᠲᠤᠯᠤᠭᠠᠨ | ᠰᠠᠷ᠎ᠠ᠂ ᠨᠠᠢᠮᠠᠨ ᠰᠠᠷ᠎ᠠ ᠪᠣᠯᠬᠤ ᠳᠤ ᠲᠤᠤᠷᠠᠢ ᠶᠢᠨ ᠡᠮ᠎ᠡ ᠪᠡᠯᠭᠡᠳᠤ ᠤᠷᠭᠤᠮᠠᠯ ᠠᠴᠠ ᠶᠡᠭᠡ ᠬᠡᠮᠵᠢᠶᠡᠨ ᠤ | ᠲᠤᠤᠷᠠᠢ ᠶᠢᠨ ᠴᠠᠭᠠᠨ ᠭᠠᠷᠳᠠᠭ᠃ ᠡᠨᠡ ᠨᠢ ᠤᠷᠴᠢᠨ ᠲᠤᠭᠤᠷᠢᠨ ᠢ ᠪᠤᠬᠢᠷᠳᠤᠭᠤᠯᠵᠤ᠂ ᠬᠦᠮᠦᠨ ᠤ ᠪᠡᠶ᠎ᠡ ᠶᠢᠨ | ᠡᠷᠡᠭᠦᠯ ᠮᠡᠨᠳᠤ ᠶᠢ ᠨᠥᠯᠥᠭᠡᠯᠡᠬᠦ ᠪᠠᠷ ᠪᠠᠷᠠᠬᠤ ᠦᠭᠡᠢ ᠭᠠᠯ ᠤᠨ ᠠᠶᠤᠯ ᠤᠨ ᠲᠠᠯᠳᠠ ᠭᠡᠮ ᠲᠠᠢ ᠪᠠᠶᠢᠵᠤ᠂ | ᠲᠤᠤᠷᠠᠢ ᠶᠢᠨ ᠮᠤᠳᠤ ᠶᠢ ᠬᠤᠳᠠ ᠪᠠᠯᠭᠠᠰᠤᠨ ᠤ ᠨᠤᠭᠤᠭᠠᠷᠠᠭᠤᠯᠤᠯᠳᠠ ᠳᠤ ᠭᠡᠷᠡᠭᠯᠡᠬᠦ ᠳᠤ ᠵᠣᠬᠢᠬᠤ ᠬᠡᠮᠵᠢᠶᠡᠨ ᠤ | ᠬᠠᠷᠰᠢ ᠰᠠᠭᠠᠳ ᠤᠴᠠᠷᠠᠭᠤᠯᠳᠠᠭ ᠪᠠᠶᠢᠨ᠎ᠠ᠃ ᠲᠤᠰᠬᠠᠢ ᠮᠡᠷᠭᠡᠵᠢᠯᠳᠡᠨ ᠠᠴᠠ ᠲᠤᠤᠷᠠᠢ ᠶᠢᠨ ᠡᠮ᠎ᠡ ᠪᠡᠯᠭᠡᠳᠤ | ᠤᠷᠭᠤᠮᠠᠯ ᠤᠨ ᠡᠶᠢᠮᠷᠦᠬᠦ ᠠᠰᠠᠭᠤᠳᠠᠯ ᠢ ᠥᠭᠡᠷᠡᠴᠢᠯᠡᠨ ᠰᠠᠶᠢᠵᠢᠷᠠᠭᠤᠯᠬᠤ ᠪᠠᠷ 2019 ᠤᠨ ᠳᠤ ︽ᠲᠤᠤᠷᠠᠢ ᠶᠢᠨ | ᠡᠮ᠎ᠡ ᠪᠡᠯᠭᠡᠳᠤ ᠤᠷᠭᠤᠮᠠᠯ ᠢ ᠡᠷ᠎ᠡ ᠪᠡᠯᠭᠡᠳᠤ ᠤᠷᠭᠤᠮᠠᠯ ᠳᠤ ᠵᠠᠯᠭᠠᠵᠤ ᠤᠷᠭᠤᠭᠤᠯᠬᠤ ᠵᠢᠱᠢᠶ᠎ᠡ ᠦᠵᠡᠬᠦᠯᠬᠦ ᠤᠢ ᠶᠢᠨ | ᠲᠦᠷᠦᠯ ᠵᠦᠢᠯ︾ ᠤᠨ ᠲᠤᠷᠰᠢᠯᠲᠠ ᠶᠢ ᠠᠮᠵᠢᠯᠳᠠ ᠲᠠᠢ ᠬᠢᠭᠰᠡᠨ ᠪᠠᠶᠢᠨ᠎ᠠ᠃ | ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠤ ᠲᠤᠤᠷᠠᠢ ᠶᠢᠨ ᠤᠢ ᠰᠤᠳᠤᠯᠬᠤ | ᠭᠠᠵᠠᠷ ᠤᠨ ᠲᠡᠭᠡᠳᠤ ᠵᠡᠷᠭᠡ ᠶᠢᠨ ᠢᠨᠵᠧᠨᠧᠷ ᠯᠢᠦᠢ ᠾᠦᠢ ᠠᠴᠠ᠂ ᠰᠤᠳᠤᠯᠭᠠᠨ ᠤ ᠶᠠᠪᠤᠴᠠ ᠳᠤ ᠪᠢᠳᠠ | ᠲᠤᠤᠷᠠᠢ ᠶᠢᠨ ᠮᠤᠳᠤᠨ ᠤ ᠮᠠᠰᠢ ᠤᠯᠠᠨ ᠤᠨᠴᠠᠯᠢᠭ ᠢ ᠤᠯᠵᠤ ᠮᠡᠳᠡᠭᠰᠡᠨ᠂ ᠡᠨᠡᠬᠦ ᠲᠦᠷᠦᠯ ᠵᠦᠢᠯ ᠢ | ᠲᠤᠭᠳᠠᠭᠠᠭᠰᠨ ᠤ ᠲᠠᠷᠠᠭ᠎ᠠ᠂ 2019 —2020 ᠤᠨ ᠪᠣᠯᠳᠠᠯ᠎ᠠ ᠡᠨᠡ ᠭᠤᠷᠪᠠᠨ ᠵᠢᠯ ᠲᠤᠳᠤᠷ᠎ᠠ ᠪᠢᠳᠠᠨᠠᠷ ᠪᠤᠢ | ᠪᠦᠬᠦᠢ ᠠᠵᠢᠯ ᠢᠶᠠᠨ ᠲᠠᠭᠤᠰᠬᠠᠵᠤ᠂ ᠡᠨᠡ ᠵᠢᠯ ᠲᠤᠰᠬᠠᠢ ᠠᠰᠢᠭ ᠤᠨ ᠡᠷᠬᠡ ᠶᠢ ᠤᠯᠤᠭᠰᠠᠨ ᠪᠠᠶᠢᠨ᠎ᠠ ᠭᠡᠵᠦ | ᠶᠠᠷᠢᠪᠠ᠃ | ᠲᠤᠤᠷᠠᠢ ᠶᠢᠨ ᠡᠮ᠎ᠡ ᠪᠡᠯᠭᠡᠳᠤ ᠤᠷᠭᠤᠮᠠᠯ ᠢ ᠡᠷ᠎ᠡ ᠪᠡᠯᠭᠡᠳᠤ ᠤᠷᠭᠤᠮᠠᠯ ᠳᠤ ᠵᠠᠯᠭᠠᠬᠤ ᠮᠡᠷᠭᠡᠵᠢᠯ ᠨᠢ | ᠬᠡᠷᠡᠭᠯᠡᠬᠦ ᠳᠤ ᠲᠦᠭᠦᠮ᠂ ᠤᠷᠭᠤᠯᠳᠠ ᠶᠢᠨ ᠨᠤᠷᠮ᠎ᠠ ᠨᠢ ᠦᠨᠳᠤᠷ ᠵᠡᠷᠭᠡ ᠲᠠᠪᠠᠭᠤᠯᠢᠭ ᠲᠠᠢ ᠪᠠᠶᠢᠳᠠᠭ᠃ ᠡᠨᠡᠬᠦ | ᠮᠡᠷᠭᠡᠵᠢᠯ ᠢᠶᠠᠷ ᠦᠷᠡᠵᠢᠬᠦᠯᠦᠨ ᠪᠤᠶᠢᠵᠢᠭᠤᠯᠵᠤ᠂ ᠡᠷ᠎ᠡ ᠪᠡᠯᠭᠡᠳᠤ ᠲᠣᠣᠷᠠᠢ ᠶᠢᠨ ᠰᠢᠯᠢᠳᠡᠭ ᠰᠠᠶᠢᠨ ᠴᠢᠬᠢ ᠮᠤᠳᠤ ᠶᠢ | ᠬᠤᠳᠠ ᠶᠢᠨ ᠵᠠᠮ ᠤᠨ ᠨᠤᠭᠤᠭᠠᠷᠠᠭᠤᠯᠤᠯᠳᠠ ᠪᠠ ᠦᠵᠡᠮᠵᠢ ᠶᠢᠨ ᠤᠢ ᠳᠤ ᠲᠡᠯᠭᠡᠷᠡᠬᠦᠯᠦᠨ ᠬᠡᠷᠡᠭᠯᠡᠵᠤ ᠪᠤᠯᠬᠤ | ᠮᠥᠷᠲᠡᠭᠡᠨ ᠡᠮ᠎ᠡ ᠪᠡᠯᠭᠡᠳᠤ ᠲᠤᠤᠷᠠᠢ ᠶᠢᠨ ᠤᠷᠭᠤᠯᠳᠠ ᠶᠢᠨ ᠲᠠᠷᠬᠠᠯᠳᠠ ᠵᠢᠭᠳᠡ ᠪᠤᠰᠤ ᠪᠠᠶᠢᠳᠠᠯ ᠳᠤ | ᠲᠡᠩᠴᠡᠭᠦᠷᠢ ᠶᠢᠨ ᠦᠢᠯᠡᠳᠦᠯ ᠥᠵᠡᠭᠦᠯᠭᠦ ᠪᠤᠯᠤᠨ᠎ᠠ᠃ ᠡᠨᠡ ᠵᠢᠯ ᠪᠤᠯᠳᠠᠯ᠎ᠠ᠂ ᠮᠠᠨ ᠤ ᠬᠤᠰᠢᠭᠤ ᠨᠢᠭᠡᠨᠳᠡ 3.5 | ᠲᠦᠮᠡᠨ ᠮᠤ᠋ ᠲᠤᠷᠰᠢᠯᠳᠠ ᠶᠢᠨ ᠤᠢ ᠶᠢ ᠪᠠᠶᠢᠭᠤᠯᠵᠤ᠂ ᠵᠠᠯᠭᠠᠵᠤ ᠤᠷᠭᠤᠭᠤᠯᠤᠭᠰᠠᠨ ᠲᠤᠤᠷᠠᠢ ᠶᠢᠨ ᠮᠤᠳᠤᠨ ᠤ | ᠲᠤᠮᠳᠠᠴᠢ ᠦᠨᠳᠤᠷ ᠤᠨ ᠬᠡᠮᠵᠢᠶ᠎ᠡ ᠨᠢ 2.5 ᠮᠧᠲᠷ ᠲᠤ ᠬᠦᠷᠴᠡᠢ᠃ | ᠬᠤᠰᠢᠭᠤᠨ ᠤ ᠤᠢ ᠰᠢᠭᠤᠢ ᠪᠠ ᠨᠤᠳᠤᠭ ᠪᠡᠯᠴᠢᠭᠡᠷ ᠤᠨ ᠲᠤᠪᠴᠢᠶᠠᠨ ᠤ ᠲᠤᠤᠷᠠᠢ ᠶᠢᠨ ᠤᠢ ᠰᠤᠳᠤᠯᠬᠤ | ᠭᠠᠵᠠᠷ ᠤᠨ ᠲᠡᠭᠡᠳᠤ ᠵᠡᠷᠭᠡ ᠶᠢᠨ ᠢᠨᠵᠧᠨᠧᠷ ᠯᠢᠦᠢ ᠾᠦᠢ ᠠᠴᠠ᠂ ᠬᠦᠮᠦᠨ ᠤ ᠬᠦᠴᠤ ᠪᠠᠷ ᠡᠮ᠎ᠡ ᠪᠡᠯᠭᠡᠳᠤ ᠲᠣᠣᠷᠠᠢ | ᠪᠠ ᠡᠷ᠎ᠡ ᠪᠡᠯᠭᠡᠳᠤ ᠲᠣᠣᠷᠠᠢ ᠶᠢ ᠵᠠᠯᠭᠠᠬᠤ ᠪᠠᠷ ᠲᠠᠮᠵᠢᠭᠠᠳ ᠡᠨᠡᠬᠦ ᠤᠷᠭᠤᠮᠠᠯ ᠤᠨ ᠲᠠᠷᠬᠠᠯᠳᠠ ᠨᠢ ᠨᠡᠩ ᠵᠢᠭᠳᠡ᠂ | ᠲᠤᠤᠷᠠᠢ ᠶᠢᠨ ᠤᠢ ᠶᠢ ᠦᠷᠡᠵᠢᠬᠦᠯᠦᠨ ᠪᠤᠶᠢᠵᠢᠭᠤᠯᠬᠤ ᠳᠤ ᠨᠡᠩ ᠠᠰᠢᠭᠲᠠᠢ ᠪᠠᠶᠢᠳᠠᠭ᠃ ᠡᠨᠡ ᠤᠳᠠᠭᠠᠨ ᠤ | ᠲᠤᠰᠬᠠᠢ ᠠᠰᠢᠭ ᠤᠨ ᠡᠷᠬᠡ ᠤᠯᠤᠭᠰᠠᠨ ᠶᠠᠪᠤᠳᠠᠯ ᠨᠢ ᠮᠠᠨ ᠤ ᠰᠢᠨᠵᠢᠯᠡᠬᠦ ᠤᠬᠠᠭᠠᠨ ᠤ ᠰᠤᠳᠤᠯᠭᠠᠨ ᠤ ᠬᠥᠮᠥᠰ ᠲᠤ | ᠮᠠᠰᠢ ᠶᠡᠭᠡ ᠢᠳᠡᠭᠡᠯ ᠵᠤᠷᠢᠭ ᠢ ᠤᠯᠭᠤᠭᠰᠠᠨ ᠶᠤᠮ᠃ ᠲᠠᠷᠠᠭᠠᠴᠢ ᠶᠢᠨ ᠠᠯᠬᠤᠮ ᠳᠤ᠂ ᠪᠢᠳᠠ ᠡᠳᠡᠭᠡᠷ ᠵᠠᠯᠭᠠᠵᠤ | ᠤᠷᠭᠤᠭᠤᠯᠤᠭᠰᠠᠨ ᠲᠤᠤᠷᠠᠢ ᠶᠢᠨ ᠮᠤᠳᠤᠨ ᠤ ᠡᠳᠤᠷ ᠲᠤᠳᠤᠮ ᠤᠨ ᠬᠠᠮᠢᠶᠠᠷᠤᠯᠳᠠ ᠶᠢᠨ ᠠᠵᠢᠯ ᠢᠶᠠᠨ ᠨᠡᠩ ᠰᠠᠶᠢᠨ | ᠴᠢᠩᠭᠠᠳᠬᠠᠵᠤ᠂ ᠲᠤᠤᠷᠠᠢ ᠶᠢᠨ ᠳᠤᠷᠰᠢᠯᠲᠡ ᠶᠢᠨ ᠤᠢ ᠶᠢ ᠪᠤᠶᠢᠵᠢᠭᠤᠯᠤᠨ᠂ ᠡᠨᠡᠬᠦ ᠲᠤᠷᠰᠢᠯᠳᠠ ᠶᠢᠨ ᠤᠢ ᠪᠠᠨ | ᠠᠰᠢᠭᠯᠠᠨ ᠨᠡᠩ ᠤᠯᠠᠨ ᠲᠤᠷᠰᠢᠯᠳᠠ ᠶᠢ ᠬᠢᠬᠦ ᠪᠤᠯᠤᠨ᠎ᠠ ᠭᠡᠪᠡ᠃ | ᠲᠤᠤᠷᠠᠢ ᠨᠢ ᠭᠠᠩ ᠬᠠᠭᠤᠷᠠᠢ ᠡᠯᠡᠰᠤᠨ ᠴᠦᠯ ᠤᠨ ᠨᠤᠭᠤᠭᠠᠨ ᠪᠦᠷᠢᠳᠤ ᠳᠠᠬᠢ ᠴᠤᠷ ᠤᠨ ᠭᠠᠭᠴᠠ | ᠠᠶᠠᠨᠳᠠᠭᠠᠨ ᠤᠷᠭᠤᠵᠤ ᠤᠢ ᠰᠢᠭᠤᠢ ᠪᠣᠯᠳᠠᠭ ᠲᠤᠷᠤᠭ ᠮᠤᠳᠤᠨ ᠤ ᠲᠦᠷᠦᠯ ᠵᠦᠢᠯ ᠪᠤᠯᠤᠨ᠎ᠠ᠃ ᠲᠡᠭᠦᠨ ᠤ | ᠰᠠᠯᠠᠭ᠎ᠠ ᠨᠠᠮᠠᠭ᠎ᠠ ᠨᠢ ᠢᠭᠴᠤ ᠰᠠᠬᠤᠯᠢᠭ᠂ ᠦᠨᠳᠤᠰᠤ ᠤᠯᠠᠨ᠂ ᠠᠮᠢ ᠨᠠᠰᠤ ᠨᠢ ᠤᠷᠳᠤ ᠪᠠᠶᠢᠵᠤ ︽ᠡᠯᠡᠰᠤᠨ | ᠴᠦᠯ ᠤᠨ ᠬᠠᠮᠠᠭᠠᠯᠠᠭᠴᠢ︾ ᠭᠡᠳᠡᠭ᠂ ᠮᠠᠨ ᠤ ᠤᠯᠤᠰ ᠤᠨ ᠪᠠᠷᠠᠭᠤᠨ ᠬᠤᠶᠢᠳᠤ ᠶᠢᠨ ᠭᠠᠩ ᠬᠠᠭᠤᠷᠠᠢ ᠤᠷᠤᠨ ᠤ | ᠪᠠᠭᠤᠷᠠᠢ ᠠᠮᠢ ᠠᠬᠤᠢ ᠶᠢᠨ ᠤᠷᠴᠢᠨ ᠲᠤᠭᠤᠷᠢᠨ ᠢ ᠰᠠᠶᠢᠵᠢᠷᠠᠭᠤᠯᠬᠤ ᠪᠠ ᠡᠯᠡᠰᠤᠨ ᠴᠦᠯ ᠨᠤᠭᠤᠭᠠᠨ ᠪᠦᠷᠢᠳᠤ ᠶᠢᠨ | ᠲᠠᠷᠢᠶᠠᠯᠠᠩ ᠮᠠᠯ ᠠᠵᠤ ᠠᠬᠤᠢ ᠶᠢᠨ ᠬᠦᠭᠵᠢᠯᠳᠡ ᠶᠢ ᠪᠠᠳᠤᠯᠠᠬᠤ ᠳᠤ ᠴᠢᠬᠤᠯᠠ ᠦᠢᠯᠡᠳᠦᠯ ᠦᠵᠡᠬᠦᠯᠵᠤ ᠪᠠᠶᠢᠳᠠᠭ᠃ | ᠲᠤᠤᠷᠠᠢ ᠶᠢᠨ ᠡᠮ᠎ᠡ ᠪᠡᠯᠭᠡᠳᠤ ᠤᠷᠭᠤᠮᠠᠯ ᠢ ᠡᠷ᠎ᠡ ᠪᠡᠯᠭᠡᠳᠤ ᠤᠷᠭᠤᠮᠠᠯ ᠳᠤ ᠵᠠᠯᠭᠠᠵᠤ ᠤᠷᠭᠤᠭᠤᠯᠬᠤ ᠠᠷᠭ᠎ᠠ ᠶᠢᠨ | ᠠᠮᠵᠢᠯᠳᠠ ᠨᠢ ᠬᠤᠶᠢᠰᠢᠳᠠ ᠶᠢᠨ ᠮᠠᠨ ᠤ ᠬᠤᠰᠢᠭᠤᠨ ᠤ ᠲᠤᠤᠷᠠᠢ ᠶᠢᠨ ᠤᠢ ᠶᠢ ᠬᠠᠮᠠᠭᠠᠯᠠᠬᠤ ᠪᠠ ᠰᠤᠳᠤᠯᠬᠤ ᠳᠤ | ᠢᠳᠡᠪᠬᠢ ᠠᠬᠢᠭᠤᠯᠬᠤ ᠦᠢᠯᠡᠳᠦᠯ ᠦᠵᠡᠬᠦᠯᠬᠦ ᠪᠤᠯᠤᠨ᠎ᠠ᠃ |