ᠫᠦ᠋ ᠡᠯ ᠴᠠᠢ ᠮᠣᠷᠢ ᠶᠢᠨ ᠰᠣᠶᠣᠯ ᠤᠨ ᠵᠠᠩ ᠦᠶᠯᠡ ᠶᠢᠨ ᠲᠡᠯᠭᠡᠨ ᠦᠵᠡᠭᠦᠯᠦᠯᠭᠡ ᠮᠠᠨ ᠤ ᠬᠤᠰᠢᠭᠤᠨ ᠳᠤ ᠡᠬᠢᠯᠡᠨ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/7/1
     ᠤᠶᠢᠷ᠎ᠠ ᠶᠢᠨ ᠡᠳᠤᠷ᠂ ᠫᠦ᠋ ᠡᠯ ᠴᠠᠢ ᠮᠤᠷᠢ ᠶᠢᠨ ᠰᠣᠶᠣᠯ ᠤᠨ ᠵᠠᠩ ᠦᠶᠯᠡ ᠶᠢᠨ ᠲᠡᠯᠭᠡᠨ ᠦᠵᠡᠭᠦᠯᠦᠯᠭᠡ ᠡᠵᠡᠨ᠎ᠡ ᠮᠦᠽᠧᠢ ᠳᠤ ᠳᠡᠯᠭᠡᠭᠳᠡᠵᠦ᠂ ᠥᠵᠡᠬᠦᠯᠦᠯᠭᠡ ᠨᠢ ᠭᠤᠷᠪᠠᠨ ᠰᠠᠷ᠎ᠠ ᠶᠢᠨ ᠬᠤᠭᠤᠴᠠᠭ᠎ᠠ ᠲᠠᠢ ᠶᠠᠪᠣᠭᠳᠠᠬᠤ ᠪᠤᠯᠤᠨ᠎ᠠ᠃      ᠫᠦ᠋ ᠡᠯ ᠴᠠᠢ ᠮᠤᠷᠢ ᠶᠢᠨ ᠰᠣᠶᠣᠯ ᠤᠨ ᠵᠠᠩ ᠦᠶᠯᠡ ᠶᠢᠨ ᠲᠡᠯᠭᠡᠨ ᠦᠵᠡᠭᠦᠯᠦᠯᠭᠡ ᠶᠢ ᠮᠠᠨ ᠤ ᠬᠤᠰᠢᠭᠤᠨ ᠤ ᠰᠤᠶᠤᠯ ᠵᠢᠭᠤᠯᠴᠢᠯᠠᠯ ᠷᠠᠳᠢᠤ᠋ ᠲᠧᠯᠸᠢᠰ ᠳᠣᠪᠴᠢᠶ᠎ᠠ᠂ ᠳᠡᠤᠬᠡ ᠶᠢᠨ ᠳᠤᠷᠠᠰᠬᠠᠯᠳᠤ ᠵᠤᠶᠢᠯᠡᠰ ᠢ ᠬᠠᠮᠠᠭᠠᠯᠠᠬᠤ ᠲᠥᠪ ᠪᠠ ᠫᠦ᠋ ᠡᠯ ᠬᠤᠲᠠ ᠶᠢᠨ ᠮᠥᠽᠸᠢ ᠠᠴᠠ ᠬᠠᠮᠳᠤᠷᠠᠨ ᠡᠷᠬᠢᠯᠡᠵᠤ᠂ ᠲᠡᠯᠭᠡᠨ‌ᠥᠵᠡᠭᠦᠯᠦᠯᠭᠡ ᠨᠢ ︽ᠴᠠᠢ ᠶᠢᠨ ᠰᠤᠶᠤᠯ ᠤᠨ ᠢᠷᠡᠯᠳᠡ︾᠂ ︽ᠴᠠᠢ ᠶᠢᠨ ᠵᠡᠮ ᠤᠨ ᠡᠭᠦᠰᠦᠯ︾ ︽ᠴᠠᠢ ᠮᠤᠷᠢ ᠶᠢᠨ ᠬᠠᠪᠤᠷ ᠨᠠᠮᠤᠷ︾ ᠬᠡᠬᠦ ᠭᠤᠷᠪᠡᠨ ᠬᠡᠰᠡᠭ ᠢᠶᠠᠷ ᠪᠦᠷᠢᠯᠳᠦᠵᠦ᠂ ᠴᠠᠢ ᠮᠤᠷᠢ ᠶᠢᠨ ᠰᠣᠶᠣᠯ ᠤᠨ ᠪᠣᠳᠠᠲᠤ ᠪᠣᠳᠠᠰ ᠢᠶᠠᠷ ᠠᠴᠢᠶᠠᠯᠠᠪᠤᠷᠢ ᠪᠣᠯᠭᠠᠨ᠂ ᠫᠦ᠋ ᠡᠯ ᠴᠠᠢ ᠶᠢᠨ ᠲᠡᠦᠬᠡ ᠵᠢᠴᠢ ᠮᠣᠷᠢ ᠪᠠᠷ ᠴᠠᠢ ᠲᠡᠭᠡᠭᠡᠪᠦᠷᠢᠯᠡᠬᠦ ᠡᠷᠲᠡᠨ ᠤ ᠰᠣᠶᠣᠯ ᠢ ᠤᠯᠠᠨ ᠤ ᠬᠠᠷᠠᠭᠠᠨ ᠳᠤ ᠳᠡᠯᠭᠡᠨ ᠥᠵᠡᠬᠦᠯᠪᠡ᠃      ᠲᠡᠯᠭᠡᠨ ᠦᠵᠡᠭᠦᠯᠦᠯᠭᠡ ᠨᠢ ᠫᠦ᠋ ᠡᠯ ᠴᠠᠢ ᠶᠢᠨ ᠥᠪᠡᠷᠮᠢᠴᠡ ᠣᠨᠴᠠᠯᠢᠳᠤ ᠦᠯᠢᠭᠡᠷ ᠬᠡᠪ᠂ ᠴᠠᠢ ᠶᠢᠨ ᠮᠣᠳᠣᠨ ᠤ ᠴᠢᠯᠠᠭᠤᠵᠢᠮᠠᠯ᠂ ᠮᠣᠷᠢᠨ ᠤ ᠡᠳ᠋ᠯᠡᠯ ᠬᠡᠷᠡᠭᠰᠡᠯ᠂ ᠬᠤᠪᠴᠠᠰᠤ ᠵᠠᠰᠠᠯ ᠤᠨ ᠡᠳ᠋ᠯᠡᠯ ᠬᠡᠷᠡᠭᠰᠡᠯ ᠵᠡᠷᠭᠡ 115 ᠵᠦᠢᠯ ︵ᠢᠵᠢ︶ ᠢ ᠳᠡᠯᠭᠡᠨ ᠥᠵᠡᠭᠦᠯᠪᠡ᠃ ᠡᠬᠦᠨ ᠳᠤ  ᠤᠯᠠᠨ ᠤ ᠡᠮᠣᠨ᠎ᠠ ᠲᠡᠯᠭᠡᠵᠤ ᠪᠠᠶᠢᠭ᠎ᠠ ᠡᠳᠡᠭᠡᠷ ᠬᠠᠭᠤᠴᠢᠨ ᠨᠡᠷᠡᠲᠦ ᠴᠠᠢ ᠶᠢᠨ ᠪᠣᠣᠪᠤ᠂ ᠴᠠᠢ ᠶᠢᠨ ᠬᠠᠶᠢᠷᠴᠠᠭ ᠨᠢ ᠴᠥᠭᠡᠨ ᠪᠤᠰᠤ ᠰᠠᠭᠤᠭᠠᠯᠢ ᠠᠷᠠᠳ ᠤᠨ ᠰᠣᠨᠢᠷᠬᠠᠯ ᠢ ᠶᠡᠭᠡᠳᠡ ᠲᠠᠲᠠᠪᠠ᠃      ᠬᠤᠰᠢᠭᠤᠨ ᠤ ᠳᠡᠤᠬᠡ ᠶᠢᠨ ᠳᠤᠷᠠᠰᠬᠠᠯᠳᠤ ᠵᠤᠶᠢᠯᠡᠰ ᠢ ᠬᠠᠮᠠᠭᠠᠯᠠᠬᠤ ᠲᠥᠪ ᠤᠨ ᠳᠡᠳ᠋ ᠡᠷᠬᠢᠯᠡᠭᠴᠢ ᠲᠡᠮᠣᠷ ᠠᠴᠠ᠂ ᠫᠦ᠋ ᠡᠯ ᠨᠢ ᠴᠠᠢ ᠶᠢᠨ ᠭᠠᠷᠤᠯᠲᠠ ᠶᠢᠨ ᠤᠨᠴᠤᠭᠤᠢ ᠣᠷᠣᠨ ᠪᠠ ᠳᠠᠮᠵᠢᠭᠤᠯᠬᠤ ᠲᠥᠪᠯᠡᠷᠡᠭᠦᠯᠦᠨ ᠲᠠᠷᠬᠠᠭᠠᠬᠤ ᠭᠠᠵᠠᠷ ᠪᠣᠯᠤᠭᠰᠠᠨ ᠤ ᠬᠤᠪᠢ ᠳᠤ᠂ ᠡᠨᠡ ᠨᠢ ᠴᠠᠢ ᠮᠤᠷᠢ ᠶᠢᠨ ᠡᠷᠲᠡᠨ ᠤ ᠵᠠᠮ ᠤᠨ ᠪᠡᠯᠭᠡ ᠲᠡᠮᠳᠡᠭ ᠤᠨ ᠴᠢᠨᠠᠷᠲᠠᠢ ᠭᠠᠵᠠᠷ ᠪᠤᠯᠬᠤ ᠪᠠᠷ ᠪᠠᠷᠠᠬᠤ ᠦᠭᠡᠢ ᠤᠳᠤ ᠴᠣ᠋ ᠭᠡᠰᠡᠨ ᠳᠤᠮᠳᠠᠳᠤ ᠤᠯᠤᠰ ᠤᠨ ᠴᠠᠢ ᠮᠤᠷᠢ ᠶᠢᠨ ᠡᠷᠲᠡᠨ ᠤ ᠵᠠᠮ ᠪᠠ ᠬᠠᠮᠢᠶ᠎ᠠ ᠪᠦᠬᠦᠢ ᠦᠯᠡᠳᠡᠭᠳᠡᠯ ᠢ ᠬᠠᠮᠤᠭ ᠤᠨ ᠣᠯᠠᠨ ᠬᠠᠮᠤᠭ ᠤᠨ ᠰᠠᠶᠢᠨ ᠬᠠᠳᠠᠭᠠᠯᠠᠵᠤ ᠪᠠᠶᠢᠭ᠎ᠠ ᠭᠠᠵᠠᠷ ᠣᠷᠣᠨ ᠪᠣᠯᠣᠨ᠎ᠠ᠃ ᠡᠨᠡ ᠤᠳᠠᠭᠠᠨ ᠤ ᠲᠡᠯᠭᠡᠨ ᠦᠵᠡᠭᠦᠯᠦᠯᠭᠡ ᠪᠠᠷ ᠲᠠᠮᠵᠢᠨ ᠮᠠᠨ ᠤ ᠬᠤᠰᠢᠭᠤᠨ ᠤ ᠰᠠᠭᠤᠭᠠᠯᠢ ᠠᠷᠠᠳ ᠫᠦ᠋ ᠡᠯ ᠴᠠᠢ ᠶᠢᠨ ᠲᠡᠤᠬᠡ ᠪᠤᠯᠤᠨ ᠴᠠᠢ ᠮᠤᠷᠢ ᠶᠢᠨ ᠡᠷᠲᠡᠨ ᠤ ᠵᠠᠮ ‍ᠤᠨ‌‍ᠰᠤᠶᠤᠯ ᠢ       ᠥᠢᠷᠬᠠᠨ ᠠᠴᠠ ᠣᠶᠢᠯᠠᠭᠠᠵᠤ᠂ ᠡᠭᠦᠨ ᠤ ᠤᠯᠠᠮ ᠢᠶᠠᠷ ᠳᠤᠮᠳᠠᠳᠤ ᠶᠢᠨ ᠤᠯᠠᠮᠵᠢᠯᠠᠯᠲᠤ ᠰᠣᠶᠣᠯ ᠢ  ᠨᠡᠩ ᠭᠥᠨ ᠭᠦᠨᠵᠡᠭᠡᠢ ᠤᠶᠢᠯᠠᠭᠠᠵᠦ ᠮᠡᠲᠡᠷᠡᠬᠦ ᠶᠢ ᠬᠦᠰᠡᠵᠦ ᠪᠠᠶᠢᠨ᠎ᠠ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号