ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠳᠤ ᠠᠮᠤᠷ ᠲᠤᠭᠳᠠᠭᠤᠨ ᠤᠯᠤᠰ | ᠲᠦᠷᠦ ᠨᠡᠶᠢᠬᠡᠮ ᠤᠨ ᠤᠷᠴᠢᠨ ᠲᠤᠭᠤᠷᠢᠨ ᠢ ᠪᠤᠢ ᠪᠤᠯᠭᠠᠬᠤ ᠶᠢᠨ ᠲᠤᠰᠠᠳᠠ᠂ 6 ᠳ᠋ᠤᠭᠠᠷ ᠰᠠᠷ᠎ᠠ ᠶᠢᠨ 27 ᠤ | ᠡᠳᠤᠷ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠪᠦᠬᠦ ᠠᠷᠠᠳ ᠤᠨ ᠴᠠᠭᠳᠠᠭ᠎ᠠ᠂ ᠲᠤᠰᠠᠯᠠᠭᠴᠢ | ᠴᠠᠭᠳᠠᠭ᠎ᠠ ᠨᠡᠷ ᠢᠶᠠᠨ ᠵᠤᠬᠢᠶᠠᠨ ᠪᠠᠶᠢᠭᠤᠯᠵᠤ᠂ ᠠᠮᠤᠷ ᠢ ᠬᠠᠮᠠᠭᠠᠯᠠᠵᠤ ᠬᠠᠤᠯᠢ ᠪᠤᠰᠤ ᠠᠵᠢᠯᠯᠠᠭ᠎ᠠ ᠳᠤ ᠴᠤᠬᠢᠯᠳᠠ | ᠦᠭᠴᠤ ᠴᠡᠭᠴᠡᠯᠡᠨ ᠵᠠᠰᠠᠬᠤ ᠵᠤᠨ ᠤ ᠤᠯᠠᠷᠢᠯ ᠤᠨ ︽ᠵᠠᠭᠤᠨ ᠡᠳᠤᠷ ᠤᠨ ᠠᠵᠢᠯᠯᠠᠭ᠎ᠠ︾ ᠶᠢᠨ ᠲᠠᠩᠭᠠᠷᠢᠭ ᠤᠨ | ᠬᠤᠷᠠᠯ ᠢ ᠵᠣᠬᠢᠶᠠᠨ ᠪᠠᠶᠢᠭᠤᠯᠪᠠ᠃ | ᠲᠠᠩᠭᠠᠷᠢᠭ ᠤᠨ ᠬᠤᠷᠠᠯ ᠤᠨ ᠲᠤᠬᠠᠢ ᠶᠢᠨ ᠲᠠᠯᠠᠪᠤᠷ ᠲᠤ᠂ ᠲᠤᠳᠤᠭᠠᠳᠤ ᠶᠢ ᠬᠠᠮᠠᠭᠠᠯᠠᠬᠤ ᠠᠷᠠᠳ ᠤᠨ | ᠴᠠᠭᠳᠠᠭ᠎ᠠ᠂ ᠲᠤᠰᠠᠯᠠᠭᠴᠢ ᠴᠠᠭᠳᠠᠭ᠎ᠠ ᠨᠠᠷ ᠲᠡᠷᠢ ᠲᠡᠭᠰᠢ ᠵᠢᠭᠰᠠᠵᠤ᠂ ᠲᠥᠪ ᠴᠢᠩᠭ᠎ᠠ ᠪᠠᠷ ᠲᠠᠩᠭᠠᠷᠢᠭ ᠬᠢᠵᠤ᠂ | ᠬᠤᠷᠢᠳᠤᠭᠠᠷ ᠶᠡᠭᠡ ᠬᠤᠷᠠᠯ ᠤᠨ ᠠᠮᠵᠢᠯᠲᠠᠲᠠᠢ ᠬᠤᠷᠠᠯᠳᠤᠬᠤ ᠪᠠ ᠨᠡᠶᠢᠬᠡᠮ ᠤᠨ ᠠᠮᠤᠷ ᠲᠤᠭᠳᠠᠭᠤᠨ ᠢ ᠬᠠᠮᠠᠭᠠᠯᠠᠬᠤ | ᠢᠳᠡᠭᠡᠯ ᠵᠤᠷᠢᠭ ᠢᠶᠠᠨ ᠢᠯᠡᠳᠬᠡᠪᠡ᠃ ᠶᠡᠭᠡ ᠬᠤᠷᠠᠯ ᠠᠴᠠ ᠱᠠᠭᠠᠷᠳᠠᠬᠤ ᠳᠠᠭᠠᠨ᠄ ᠪᠦᠬᠦ ᠠᠷᠠᠳ ᠤᠨ ᠴᠠᠭᠳᠠᠭ᠎ᠠ᠂ | ᠲᠤᠰᠠᠯᠠᠭᠴᠢ ᠴᠠᠭᠳᠠᠭ᠎ᠠ ᠨᠠᠷ ᠡᠷᠬᠡᠪᠰᠢ ᠤᠯᠤᠰ ᠲᠦᠷᠦ ᠶᠢᠨ ᠵᠤᠭᠰᠤᠴᠠ ᠪᠠᠨ ᠲᠡᠭᠡᠭᠰᠢᠯᠡᠬᠦᠯᠵᠤ᠂ ᠦᠵᠡᠯ ᠰᠠᠨᠠᠭ᠎ᠠ | ᠲᠠᠨᠢᠯᠳᠠ ᠪᠠᠨ ᠨᠢᠬᠡᠳᠬᠡᠬᠦ ᠬᠡᠷᠡᠭᠲᠠᠢ᠃ ᠨᠠᠷᠢᠨ ᠬᠢᠨᠠᠮᠠᠭᠠᠢ᠂ ᠲᠦᠪ ᠴᠢᠩᠭ᠎ᠠ ᠠᠵᠢᠯ ᠤᠨ ᠰᠤᠷᠳᠠᠯ ᠢᠶᠠᠷ ᠠᠮᠤᠷ | ᠲᠤᠭᠳᠠᠭᠤᠨ ᠢ ᠬᠠᠮᠠᠭᠠᠯᠠᠬᠤ ᠡᠯ᠎ᠡ ᠲᠦᠷᠦᠯ ᠤᠨ ᠠᠵᠢᠯ ᠢ ᠰᠠᠶᠢᠳᠤᠷ ᠬᠢᠬᠦ ᠬᠡᠷᠡᠭᠲᠠᠢ᠃ ᠮᠦᠨᠴᠤ ᠭᠤᠣᠯᠳᠠᠯᠭ᠎ᠠ | ᠵᠠᠩᠭᠢᠯᠠᠭ᠎ᠠ ᠳᠤ ᠠᠩᠬᠠᠷᠤᠯ ᠢᠶᠠᠨ ᠲᠦᠪᠯᠡᠷᠡᠬᠦᠯᠵᠤ᠂ ᠴᠤᠬᠢᠯᠳᠠ ᠦᠭᠭᠦ ᠶᠠᠰᠤ ᠴᠢᠨᠠᠷ ᠤᠨ ᠦᠷ᠎ᠡ ᠪᠦᠳᠦᠮᠵᠢ ᠢ | ᠦᠨᠡᠨᠬᠦ ᠲᠡᠭᠡᠭᠰᠢᠯᠡᠬᠦᠯᠬᠦ ᠶᠢᠨ ᠬᠠᠮᠳᠤ ᠬᠠᠷ᠎ᠠ ᠪᠦᠯᠦᠭᠳᠡᠨ ᠬᠠᠷᠬᠢᠰ ᠬᠦᠴᠦᠨ᠂ ᠲᠦᠷᠢᠮᠡᠬᠡᠶᠢᠯᠡᠯ ᠳᠤ ᠣᠴᠠᠷᠠᠭᠰᠠᠨ | ᠪᠠᠭᠤᠷᠠᠶᠢᠴᠤᠤᠯ ᠪᠠ ᠭᠤᠤᠯᠳᠠᠯᠭᠠᠳᠤ ᠲᠠᠯᠠᠪᠤᠷ ᠶᠢᠨ ᠡᠯ᠎ᠡ ᠵᠦᠢᠯ ᠤᠨ ᠬᠠᠤᠯᠢ ᠠᠴᠠ ᠵᠦᠷᠢᠴᠡᠭᠰᠡᠨ ᠶᠠᠯᠠᠳᠤ | ᠠᠵᠢᠯᠯᠠᠭ᠎ᠠ ᠳᠤ ᠴᠢᠩᠭ᠎ᠠ ᠴᠤᠬᠢᠯᠳᠠ ᠦᠭᠴᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ ᠢ | ᠲᠡᠭᠡᠭᠰᠢᠯᠡᠬᠦᠯᠬᠦ ᠬᠡᠷᠡᠭᠲᠠᠢ᠃ ᠨᠡᠶᠢᠬᠡᠮ ᠤᠨ ᠠᠮᠤᠷ ᠢ ᠬᠠᠮᠠᠭᠠᠯᠠᠬᠤ ᠡᠵᠡᠮᠳᠡᠯ ᠤᠨ ᠬᠥᠴᠥᠨ ᠢ ᠤᠯᠠᠮ ᠨᠢᠭᠡ ᠠᠯᠬᠤᠮ | ᠴᠢᠩᠭᠠᠳᠬᠠᠵᠤ᠂ ᠢᠯᠠᠩᠭᠤᠶ᠎ᠠ ᠵᠤᠨ ᠤ ᠤᠯᠠᠷᠢᠯ ᠤᠨ ᠠᠮᠤᠷ ᠢ ᠬᠠᠮᠠᠭᠠᠯᠠᠬᠤ ᠤᠨᠴᠠᠯᠢᠭ ᠲᠤ ᠴᠢᠭᠯᠡᠬᠦᠯᠦᠨ᠂ | ᠰᠦᠨᠢ ᠶᠢᠨ ᠪᠠᠶᠢᠴᠠᠭᠠᠯᠳᠠ ᠶᠢ ᠴᠢᠩᠭᠠᠳᠬᠠᠵᠤ᠂ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ | ᠲᠦᠪᠰᠢᠨ ᠢ ᠡᠷᠡᠰ ᠬᠠᠮᠠᠭᠠᠯᠠᠬᠤ ᠬᠡᠷᠡᠭᠲᠠᠢ ᠭᠡᠯᠡ᠃ | ᠲᠠᠩᠭᠠᠷᠢᠭ ᠤᠨ ᠬᠤᠷᠠᠯ ᠲᠡᠭᠦᠰᠦᠭᠰᠡᠨ ᠤ ᠲᠠᠷᠠᠭ᠎ᠠ᠂ ᠪᠦᠬᠦ ᠠᠷᠠᠳ ᠤᠨ ᠴᠠᠭᠳᠠᠭ᠎ᠠ᠂ ᠲᠤᠰᠠᠯᠠᠭᠴᠢ | ᠴᠠᠭᠳᠠᠭ᠎ᠠ ᠨᠠᠷ ᠲᠤᠰ ᠲᠤᠰ ᠠᠵᠢᠯ ᠤᠨ ᠪᠠᠶᠢᠷᠢᠨ ᠳᠤ ᠪᠠᠨ ᠬᠦᠷᠴᠤ᠂ ᠴᠢᠩᠭ᠎ᠠ ᠴᠤᠬᠢᠯᠳᠠ ᠦᠭᠴᠤ ᠴᠡᠭᠴᠡᠯᠡᠨ | ᠵᠠᠰᠠᠬᠤ᠂ ᠴᠠᠭᠳᠠᠨ ᠲᠤᠭᠤᠷᠢᠵᠤ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠪᠦᠬᠦ ᠲᠠᠯ᠎ᠠ ᠪᠠᠷ ᠡᠬᠢᠯᠡᠬᠦᠯᠦᠭᠰᠡᠨ | ᠪᠠᠶᠢᠨ᠎ᠠ᠃ | ᠤᠶᠢᠯᠠᠭᠠᠭᠰᠠᠨ ᠢᠶᠠᠷ᠂ ᠡᠨᠡᠬᠦ 100 ᠡᠳᠤᠷ ᠤᠨ ᠬᠤᠭᠤᠴᠠᠭ᠎ᠠ ᠲᠠᠢ ᠵᠤᠨ ᠤ ᠤᠯᠠᠷᠢᠯ ᠤᠨ ᠠᠮᠤᠷ ᠢ | ᠬᠠᠮᠠᠭᠠᠯᠠᠬᠤ ᠬᠠᠤᠯᠢ ᠪᠤᠰᠤ ᠠᠵᠢᠯᠯᠭ᠎ᠠ ᠳᠤ ᠴᠤᠬᠢᠯᠳᠠ ᠦᠭᠴᠤ ᠴᠡᠭᠴᠡᠯᠡᠨ ᠵᠠᠰᠠᠬᠤ ᠲᠤᠰᠬᠠᠢ ᠲᠦᠷᠦᠯ ᠤᠨ | ᠠᠵᠢᠯᠯᠠᠭ᠎ᠠ ᠳᠤ᠂ ᠬᠤᠰᠢᠭᠤᠨ ᠤ ᠲᠤᠳᠤᠭᠠᠳᠤ ᠶᠢ ᠬᠠᠮᠠᠭᠠᠯᠠᠬᠤ ᠲᠤᠪᠴᠢᠶ᠎ᠠ ᠠᠴᠠ ᠬᠠᠤᠯᠢ ᠶᠢ ᠵᠦᠷᠢᠴᠡᠭᠰᠡᠨ | ᠲᠤᠪᠤᠶᠢᠮ᠎ᠠ ᠶᠠᠯᠠᠳᠤ ᠠᠵᠢᠯᠯᠭ᠎ᠠ ᠳᠤ ᠬᠦᠴᠦᠲᠠᠢ ᠴᠤᠬᠢᠯᠳᠠ ᠦᠭᠴᠤ᠂ ᠨᠡᠶᠢᠬᠡᠮ ᠤᠨ ᠠᠮᠤᠷ ᠲᠦᠪᠰᠢᠨ ᠤ | ᠠᠰᠠᠭᠤᠳᠠᠯ ᠢ ᠶᠡᠭᠡ ᠪᠠᠷ ᠴᠡᠭᠴᠡᠯᠡᠨ ᠵᠠᠰᠠᠵᠤ᠂ ᠡᠯ᠎ᠡ ᠲᠦᠷᠦᠯ ᠤᠨ ᠠᠮᠤᠷ ᠲᠦᠪᠰᠢᠨ ᠤ ᠲᠠᠯᠳᠠ ᠭᠡᠮ ᠢ ᠴᠠᠭ | ᠲᠤᠬᠠᠢ ᠳᠤᠨᠢ ᠰᠢᠢᠳᠪᠤᠷᠢᠯᠡᠨ᠂ ᠨᠡᠶᠢᠬᠡᠮ ᠤᠨ ᠲᠤᠭᠳᠠᠭᠤᠨ ᠪᠠᠶᠢᠳᠠᠯ ᠢ ᠬᠠᠮᠠᠭᠠᠯᠠᠵᠤ᠂ ᠠᠷᠠᠳ ᠲᠦᠮᠡᠨ ᠤ ᠠᠮᠤᠷ | ᠲᠦᠪᠰᠢᠨ ᠢ ᠪᠠᠳᠤᠯᠠᠨ᠂ ᠡᠵᠡᠨ᠎ᠡ ᠶᠢᠨ ᠬᠦᠭᠵᠢᠯᠳᠡ ᠳᠤ ᠠᠮᠤᠷ ᠲᠦᠪᠰᠢᠨ᠂ ᠲᠤᠭᠳᠠᠭᠤᠨ᠂ ᠡᠶ᠎ᠡ ᠵᠣᠬᠢᠴᠠᠯᠲᠤ | ᠨᠡᠶᠢᠬᠡᠮ ᠤᠨ ᠤᠷᠴᠢᠨ ᠲᠤᠭᠤᠷᠢᠨ ᠢ ᠪᠤᠢ ᠪᠤᠯᠭᠠᠨ᠎ᠠ᠃ | |