ᠪᠠᠶᠠᠨᠲᠤᠬᠤᠢ ᠰᠤᠮᠤ ᠨᠠᠮ ᠤᠨ ᠪᠠᠶᠢᠭᠤᠯᠣᠯᠳᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠥᠯᠬᠢᠨ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/1
     ᠪᠠᠶᠠᠨᠲᠤᠬᠤᠢ ᠰᠤᠮᠤ   ᠨᠢ ᠭᠠᠵᠠᠷ ᠣᠷᠣᠨ ᠤ ᠢᠶᠠᠨ ᠪᠠᠶᠢᠳᠠᠯ ᠳᠠᠭᠠᠨ ᠲᠣᠬᠢᠷᠠᠭᠤᠯᠵᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠴᠢᠬᠤᠯᠠ ᠠᠷᠭ᠎ᠠ ᠪᠤᠯᠭᠠᠨ ︽ᠨᠢᠭᠡ ᠲᠣᠰᠬᠤᠨ ᠨᠢᠭᠡ ᠠᠷᠭ᠎ᠠ       ᠪᠣᠳᠣᠯᠭ᠎ᠠ᠂ ᠨᠢᠭᠡ ᠲᠣᠰᠬᠤᠨ ᠨᠢᠭᠡ ᠪᠥᠳᠥᠭᠡᠭᠳᠡᠭᠦᠨ︾ ᠤ ᠬᠥᠭᠵᠢᠯᠲᠡ ᠶᠢᠨ ᠲᠥᠯᠥᠪᠵᠢᠭᠦᠯᠭᠡ ᠶᠤᠰᠤᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠠᠶᠢᠨ ᠰᠠᠶᠢᠬᠠᠨ ᠵᠢᠷᠤᠭ ᠲᠥᠯᠥᠪᠯᠡᠭᠡ ᠶᠢ ᠪᠣᠳᠠᠲᠤ ᠶᠠᠪᠤᠳᠠᠯ ᠪᠣᠯᠭᠠᠨ ᠬᠤᠪᠢᠷᠠᠭᠤᠯᠬᠤ ᠪᠠᠷ ᠬᠦᠴᠦᠯᠡᠨ ᠴᠢᠷᠮᠠᠶᠢᠨ᠎ᠠ᠃      ᠪᠠᠶᠠᠨᠲᠤᠬᠤᠢ ᠰᠣᠮᠣᠨ ᠤ ᠮᠠᠷᠽᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠳᠠᠭᠠᠭᠠᠴᠢᠯᠠᠭᠰᠠᠨ ᠵᠢᠮᠢᠰ ᠤᠨ ᠬᠦᠷᠢᠶᠡᠯᠡᠩ ᠳᠤ ᠬᠦᠢᠯᠡᠰᠦ᠂ ᠠᠯᠢᠮ᠎ᠠ᠂ ᠤᠯᠠᠭᠠᠨ ᠭᠦᠢᠯᠡᠰᠦ ᠵᠡᠷᠭᠡ ᠵᠢᠮᠢᠰ ᠥᠩᠭᠡ ᠢᠯᠭᠠᠷᠠᠨ ᠣᠷᠭᠤᠵᠤ᠂ ᠬᠦᠮᠦᠰ ᠤᠨ ᠬᠠᠷᠠᠭ᠎ᠠ ᠶᠢ ᠪᠣᠯᠢᠶᠠᠨ᠎ᠠ᠃ ᠤᠳᠤᠬᠠᠨ ᠳᠤ᠂ ᠮᠠᠷᠽᠠ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠳᠠᠭᠠᠭᠠᠴᠢᠯᠠᠯᠲᠠ ᠶᠢᠨ ᠵᠢᠮᠢᠰ ᠤᠨ ᠬᠦᠷᠢᠶᠡᠯᠡᠩ ᠤᠨ ᠲᠥᠷᠥᠯ ᠵᠦᠢᠯ ᠠᠩᠬ᠎ᠠ ᠠᠯᠬᠤᠮ ᠬᠡᠪᠴᠢᠶᠡᠵᠢᠵᠦ᠂ ᠨᠠᠯᠢᠶᠠᠳ ᠰᠠᠶᠢᠨ ᠦᠷ᠎ᠡ ᠠᠰᠢᠭ ᠢ ᠣᠯᠣᠭᠰᠠᠨ ᠪᠠᠶᠢᠨ᠎ᠠ᠃      ᠪᠠᠶᠠᠨᠲᠤᠬᠤᠢ ᠰᠤᠮᠤᠨ ᠤ ᠮᠠᠷᠽᠠ ᠭᠠᠴᠠᠭᠠᠨ ᠤ ᠯᠢ ᠵᠢᠶᠠᠨ ᠬᠤᠩ ᠠᠴᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠬᠦ ᠶᠢᠨ ᠲᠥᠯᠥᠭᠡ᠂ ᠪᠢᠳᠡ ᠵᠢᠷᠭᠤᠭᠠᠨ ᠮᠦ ᠵᠢᠮᠢᠰ ᠤᠨ ᠬᠦᠷᠢᠶᠡᠯᠡᠩ ᠢ ᠳᠠᠭᠠᠭᠠᠴᠢᠯᠠᠵᠦ ᠠᠪᠣᠭᠰᠠᠨ ᠶᠤᠮ᠂ ᠪᠢᠳᠠ ᠳᠠᠷᠠᠭ᠎ᠠ ᠵᠢᠯ ᠲᠡᠷᠢᠮᠠᠯ ᠤᠨ ᠬᠦᠷᠢᠶ᠎ᠠ ᠬᠡᠪᠴᠢᠶ᠎ᠡ ᠪᠠᠨ ᠣᠯᠠᠮ ᠥᠷᠭᠡᠳᠬᠡᠵᠤ᠂  ᠭᠠᠴᠠᠭᠠᠨ ᠳᠤ ᠪᠠᠨ50 ᠮᠦ ᠲᠠᠷᠢᠮᠠᠯ ᠢ ᠲᠠᠷᠢᠬᠤ ᠪᠠᠷ ᠪᠡᠯᠡᠳᠬᠡᠵᠦ ᠪᠠᠶᠢᠨ᠎ᠠ ᠭᠡᠪᠡ᠃      ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠭᠤᠣᠯᠳᠠᠯᠭ᠎ᠠ᠂ ᠮᠥᠨᠴᠦ ᠰᠠᠭᠤᠷᠢ ᠪᠣᠯᠣᠨ᠎ᠠ᠃ ᠪᠠᠶᠠᠨᠲᠤᠬᠤᠢ ᠰᠤᠮᠤ ᠥᠪᠡᠷ ᠤᠨ ᠪᠣᠳᠠᠲᠤ ᠰᠠᠭᠤᠷᠢ ᠪᠣᠯᠣᠨ ᠠᠯᠤᠰ ᠤᠨ ᠬᠥᠭᠵᠢᠯᠲᠠ ᠶᠢᠨ ᠪᠠᠶᠢᠷᠢ ᠲᠤᠭᠲᠠᠭᠠᠯᠲᠠ ᠶᠢ ᠶᠡᠷᠦᠩᠬᠡᠶᠢᠯᠡᠨ ᠪᠣᠳᠣᠯᠬᠢᠯᠠᠵᠤ᠂ ᠣᠨᠴᠠᠭᠠᠶ ᠠᠭᠤᠷ ᠠᠮᠢᠰᠬᠤᠯ ᠤᠨ ᠳᠠᠪᠠᠭᠤᠯᠢᠭ ᠲᠤ ᠰᠠᠭᠤᠷᠢᠯᠠᠨ᠂ 2021 ᠣᠨ ᠳᠤ ᠣᠶᠢᠳᠤ ᠭᠠᠵᠠᠷ ᠲᠤ ᠲᠠᠷᠪᠤᠰ ᠳᠠᠷᠢᠬᠤ ᠲᠥᠷᠥᠯ ᠵᠦᠢᠯ ᠢ ᠬᠡᠷᠡᠭᠵᠢᠭᠦᠯᠵᠦ᠂ 1000 ᠲᠠᠷᠪᠤᠰ ᠢ ᠲᠤᠷᠰᠢᠨ ᠲᠠᠷᠢᠵᠤ᠂  ᠠᠮᠵᠢᠯᠲᠠ ᠣᠯᠣᠭᠰᠠᠨ ᠨᠤᠷᠮ᠎ᠠ ᠨᠢ 90% ᠠᠴᠠ ᠳᠡᠭᠡᠭᠰᠢ ᠬᠡᠮᠵᠢᠶᠠᠨ ᠳᠤ ᠬᠦᠷᠦᠭᠰᠡᠨ ᠪᠠᠶᠢᠨ᠎ᠠ᠃ ᠡᠨᠠᠬᠦ ᠳᠤᠷᠰᠢᠯᠳᠡ ᠶᠢᠨ ᠳᠠᠷᠢᠮᠠᠯ ᠨᠢ ᠢᠯᠡᠳᠲᠡ ᠦᠷ᠎ᠡ ᠪᠦᠲᠦᠮᠵᠢ ᠣᠯᠣᠭᠰᠠᠨ ᠰᠠᠭᠤᠷᠢᠨ ᠳᠡᠭᠡᠷ᠎ᠡ ᠭᠠᠴᠠᠭᠠᠨ ᠤ ᠬᠢᠨ ᠰᠢᠨ᠎ᠡ ᠨᠢᠭᠡᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠣᠶ ᠰᠢᠭᠤᠢ ᠪᠣᠯᠣᠨ ᠣᠶᠢᠲᠤ ᠭᠠᠵᠠᠷ ᠤᠨ ᠡᠬᠢ ᠪᠠᠶᠠᠯᠢᠭ ᠢ ᠨᠢᠭᠡᠳᠬᠡᠨ ᠨᠡᠶᠢᠯᠡᠭᠦᠯᠵᠦ᠂ ᠲᠠᠷᠢᠶᠠᠯᠠᠩ ᠪᠠ ᠣᠶ ᠰᠢᠭᠤᠢ ᠶᠢᠨ ᠡᠬᠢ ᠪᠠᠶᠠᠯᠢᠭ ᠤᠨ ᠳᠠᠪᠠᠭᠤᠯᠢᠭ ᠬᠠᠷᠢᠯᠴᠠᠨ ᠨᠥᠬᠦᠪᠦᠷᠢᠯᠡᠬᠦ ᠶᠢ ᠪᠡᠶᠡᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠠᠮᠢᠵᠢᠷᠠᠯ ᠤᠨ ᠬᠥᠴᠥᠨ ᠲᠠᠢ ᠪᠤᠯᠭᠠᠭᠰᠠᠨ ᠪᠠᠶᠢᠨ᠎ᠠ᠃ 2022 ᠣᠨ ᠳᠤ ᠪᠠᠶᠠᠨᠲᠤᠬᠤᠢ ᠰᠤᠮᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠦᠯ ᠵᠦᠢᠯ ᠢ ᠪᠣᠳᠠᠳᠠᠢ ᠨᠠᠶᠢᠳᠠᠪᠣᠷᠢᠵᠢᠭᠤᠯᠣᠨ᠂ ᠲᠥᠷᠭᠡᠨ ᠥᠷ᠎ᠡ ᠪᠥᠳᠥᠮᠵᠢ ᠣᠯᠬᠤ ᠶᠢᠨ ᠲᠤᠰᠠᠳᠠ ᠭᠠᠴᠠᠭᠠᠨ ᠤ ᠬᠠᠮᠳᠤ ᠶᠢᠨ ᠠᠵᠤ ᠠᠬᠤᠢ ᠶᠢ ᠲᠠᠰᠤᠷᠠᠯᠲᠠ ᠦᠭᠡᠢ ᠬᠥᠭᠵᠢᠭᠦᠯᠥᠨ ᠪᠤᠵᠠᠭᠠᠶᠢᠷᠠᠭᠤᠯᠵᠤ᠂ ᠺᠠᠳ᠋ᠷ ᠠᠵᠢᠯᠲᠠᠨ ᠢᠶᠠᠨ ᠵᠣᠬᠢᠶᠠᠨ ᠪᠠᠶᠢᠭᠤᠯᠵᠤ᠂ ᠭᠠᠴᠠᠭᠠᠨ ᠤ ᠮᠠᠯᠴᠢᠨ ᠲᠠᠷᠢᠶᠠᠴᠢᠨ ᠲᠠᠢ ᠬᠠᠮᠳᠤ ᠪᠠᠷ ᠤᠢ ᠶᠢᠨ ᠲᠤᠮᠳᠠ ᠲᠠᠷᠪᠤᠰ ᠲᠠᠷᠢᠬᠤ ᠠᠵᠢᠯ ᠢ ᠢᠳᠡᠪᠬᠢᠲᠠᠢ ᠥᠷᠨᠢᠭᠦᠯᠵᠤ᠂ ᠰᠤᠮᠤᠨ ᠤ ︽ᠰᠢᠷᠭᠤᠯᠵᠢ ᠶᠢᠨ ᠣᠶ︾ ᠶᠢᠨ ᠲᠠᠷᠢᠮᠠᠯ ᠤᠨ ᠲᠥᠷᠥᠯ ᠵᠦᠢᠯ ᠪᠣᠯᠬᠤ ᠲᠣᠣᠷᠠᠢ ᠶᠢᠨ ᠤᠢ ᠳᠤ ᠬᠠᠶᠢᠨ ᠰᠤᠪᠡᠭᠴᠢᠯᠡᠯᠲᠡ ᠶᠢᠨ ᠴᠢᠨᠠᠷᠲᠠᠢ 102 ᠮᠤ᠋ ᠭᠠᠵᠠᠷ ᠲᠤ ᠲᠠᠷᠪᠤᠰ ᠲᠠᠷᠢᠵᠤ᠂ ᠭᠠᠴᠠᠭᠠᠨ ᠤ ᠣᠨᠴᠠᠯᠢᠭᠲᠤ ᠠᠵᠤ ᠦᠢᠯᠡᠰ ᠤᠨ ᠬᠥᠭᠵᠢᠯᠲᠡ ᠶᠢ ᠪᠣᠵᠠᠭᠠᠶᠢᠷᠠᠭᠤᠯᠣᠨ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠰᠢᠨ᠎ᠡ ᠰᠡᠳᠬᠢᠴᠠ ᠶᠢ ᠨᠡᠭᠡᠭᠡᠭᠰᠡᠨ ᠪᠠᠶᠢᠨ᠎ᠠ᠃      ᠪᠠᠶᠠᠨᠲᠤᠬᠤᠢ ᠰᠤᠮᠤᠨ ᠤ ᠮᠠᠷᠽᠠ ᠭᠠᠴᠠᠭᠠᠨ ᠸᠠᠩ ᠶᠢᠨ ᠮᠧᠢ ᠠᠴᠠ᠂ ᠭᠠᠴᠠᠭᠠᠨ ᠤ ᠨᠠᠮ ᠤᠨ ᠡᠭᠦᠷ ᠤᠨ ᠲᠠᠭᠠᠭᠤᠯᠭ᠎ᠠ ᠪᠠᠷ᠂ ︽ᠰᠢᠷᠭᠤᠯᠵᠢ ᠶᠢᠨ ᠤᠢ︾ ᠶᠢᠨ ᠲᠠᠷᠢᠮᠠᠯ ᠤᠨ ᠲᠥᠷᠥᠯ ᠵᠦᠢᠯ ᠪᠣᠯᠬᠤ ᠲᠣᠣᠷᠠᠢ ᠶᠢᠨ ᠤᠢ ᠳᠤ ᠲᠠᠷᠪᠤᠰ ᠲᠠᠷᠢᠬᠤ ᠪᠠᠷ ᠲᠠᠮᠵᠢᠨ ᠣᠶᠢᠳᠤ ᠭᠠᠵᠠᠷ ᠤᠨ ᠠᠵᠤ ᠠᠬᠤᠢ ᠶᠢ ᠬᠥᠭᠵᠢᠭᠦᠯᠬᠦ ᠶᠢᠨ ᠬᠠᠮᠲᠤ ᠠᠮᠢ ᠠᠬᠤᠢ ᠶᠢ ᠪᠠᠰᠠ ᠪᠦᠳᠦᠮᠵᠢᠲᠠᠢ ᠬᠠᠮᠠᠭᠠᠯᠠᠭᠰᠠᠨ ᠪᠠᠶᠢᠨ᠎ᠠ ᠭᠡᠪᠡ᠃      ᠪᠠᠶᠠᠨᠲᠤᠬᠤᠢ ᠰᠤᠮᠤ ᠨᠢ ᠭᠠᠴᠠᠭᠠᠨ ᠤ ᠲᠠᠷᠢᠶᠠᠴᠢᠳ ᠤᠨ ᠵᠢᠮᠢᠰ ᠤᠨ ᠬᠦᠷᠢᠶᠡᠯᠡᠩ ᠢ ᠳᠠᠭᠠᠭᠠᠴᠢᠯᠠᠬᠤ ᠪᠠᠷ ᠳᠠᠮᠵᠢᠨ ᠵᠢᠮᠢᠰ ᠤᠨ ᠬᠦᠷᠢᠶᠡᠯᠡᠩ ᠤᠨ ᠵᠢᠮᠢᠰ ᠲᠡᠭᠦᠵᠦ ᠪᠣᠷᠣᠯᠠᠭᠤᠯᠬᠤ ᠵᠠᠮ ᠢ ᠨᠡᠪᠲᠡᠷᠡᠭᠦᠯᠦᠨ᠂ ᠰᠦᠯᠵᠢᠶᠡᠨ ᠤ ᠰᠢᠭᠤᠳ ᠨᠡᠪᠳᠡᠷᠡᠭᠦᠯᠭᠡ᠂ ᠲᠤᠬᠠᠢ ᠶᠢᠨ ᠭᠠᠵᠠᠷ ᠨᠢ ᠬᠥᠷᠴᠤ ᠵᠢᠮᠢᠰ ᠲᠡᠭᠦᠭᠦ ᠵᠡᠷᠭᠡ ᠠᠵᠢᠯᠯᠠᠭ᠎ᠠ ᠪᠠᠷ ᠳᠠᠮᠵᠢᠨ᠂ ᠲᠡᠷᠢᠮᠠᠯ ᠪᠠ ᠵᠢᠮᠢᠰ ᠲᠡᠭᠦᠭᠦ ᠲᠥᠷᠥᠯ ᠵᠥᠢᠯ ᠢᠶᠠᠨ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠣᠨᠴᠠᠯᠢᠭᠲᠤ ᠲᠥᠷᠥᠯ ᠵᠥᠢᠯ ᠤᠨ ᠵᠢᠭᠰᠠᠭᠠᠯ ᠤᠨ ᠭᠠᠵᠠᠷ ᠪᠣᠯᠭᠠᠨ ᠡᠭᠦᠳᠤᠨ ᠪᠠᠶᠢᠭᠤᠯᠪᠠ᠃ ᠡᠭᠦᠨ ᠤ ᠬᠠᠮᠲᠤ ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠤᠷᠰᠢᠶᠠᠵᠢᠯ ᠢ ᠪᠠᠶᠢᠭᠤᠯᠬᠤ᠂ ᠲᠠᠸᠠᠷ ᠤᠨ ᠲᠡᠮᠳᠡᠭ ᠢ ᠵᠢᠷᠤᠭᠯᠠᠨ ᠲᠥᠯᠥᠪᠯᠡᠵᠦ ᠳᠠᠩᠰᠠᠯᠠᠬᠤ ᠲᠠᠯ᠎ᠠ ᠪᠠᠷ ᠢᠳᠡᠪᠬᠢᠲᠡᠢ ᠵᠢᠯᠤᠭᠤᠳᠤᠨ ᠲᠠᠭᠠᠭᠤᠯᠵᠤ᠂ ᠨᠡᠷᠡᠳᠤ ᠲᠡᠮᠳᠡᠭ ᠢ ᠡᠭᠦᠳᠬᠦ ᠲᠠᠨᠢᠯᠲᠠ ᠪᠠᠨ ᠨᠡᠮᠡᠭᠳᠡᠭᠦᠯᠵᠤ᠂ ᠲᠠᠸᠠᠷ ᠤᠨ ᠲᠡᠮᠳᠡᠭ ᠤᠨ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠤ᠂ ᠰᠤᠮᠤ ᠭᠠᠴᠠᠭᠠᠨ ᠤ ᠬᠠᠮᠳᠤ ᠶᠢᠨ ᠠᠵᠤ ᠠᠬᠤᠢ ᠨᠢ 2019 ᠣᠨ ᠳᠤ ᠪᠠᠶᠢᠭᠤᠯᠤᠭᠳᠠᠭᠰᠠᠨ ᠠᠴᠠ ᠪᠠᠨ ᠣᠲᠣ ᠪᠤᠯᠬᠤ ᠳᠤ ᠨᠢᠭᠡᠨᠲᠡ ᠰᠠᠶᠢᠨ ᠰᠠᠶᠢᠬᠠᠨ       ᠬᠥᠭᠵᠢᠯᠲᠠ ᠶᠢᠨ ᠬᠠᠨᠳᠤᠰᠢ ᠲᠠᠢ ᠪᠤᠯᠤᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号