ᠪᠠᠶᠠᠨᠲᠤᠤᠷᠠᠢ ᠰᠤᠮᠤᠨ ᠤ ᠵᠢᠷᠭᠠᠯᠠᠩᠲᠦ ᠭᠠᠴᠠᠭ᠎ᠠ ᠶᠢᠨ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠥᠢᠯᠡᠴᠢᠯᠡᠭᠡ ᠶᠢᠨ ᠠᠩᠭᠢ ᠦᠨᠳᠦᠷ ᠨᠠᠰᠤᠲᠠᠢ ᠪᠤᠭᠤᠷᠤᠯᠴᠤᠳ  ᠲᠤ ᠬᠠᠶᠢᠷ᠎ᠠ ᠬᠠᠯᠠᠮᠵᠢ ᠶᠢᠨ ᠥᠢᠯᠡᠴᠢᠯᠡᠭᠡ ᠬᠥᠷᠭᠡᠪᠡ
ᠨᠡᠶᠢᠲᠡᠯᠡᠭᠰᠡᠨ ᠴᠠᠭ᠄
2022/7/1
     ᠨᠠᠮ ᠪᠠᠶᠢᠭᠤᠯᠤᠭᠳᠠᠭᠰᠠᠨ 101 ᠵᠢᠯ ᠤᠨ ᠤᠢ ᠬᠦᠷᠴᠤ ᠢᠷᠡᠬᠦ ᠲᠠᠰᠢᠷᠠᠮ ᠢᠶᠠᠷ᠂ ᠪᠠᠶᠠᠨᠲᠤᠤᠷᠠᠢ ᠰᠤᠮᠤᠨ ᠤ ᠵᠢᠷᠭᠠᠯᠠᠩᠲᠦ ᠭᠠᠴᠠᠭᠠᠨ ᠤ ᠨᠠᠮ ᠤᠨ ᠡᠭᠦᠷ ᠰᠢᠨ᠎ᠡ ᠴᠠᠭ ᠦᠶ᠎ᠡ ᠶᠢᠨ ᠪᠤᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠤᠬᠢᠶᠠᠨ ᠪᠠᠶᠢᠭᠤᠯᠤᠨ ᠭᠤᠤᠯ ᠰᠡᠳᠦᠪᠲᠦ ᠨᠠᠮ ᠤᠨ ᠡᠳᠦᠷ ᠤᠨ ᠠᠵᠢᠯᠯᠠᠭ᠎ᠠ ᠶᠢ ᠦᠷᠨᠢᠭᠦᠯᠵᠦ᠂ ᠦᠨᠳᠦᠷ ᠨᠠᠰᠤᠲᠠᠢ  ᠪᠤᠭᠤᠷᠤᠯᠴᠤᠳ ᠲᠤ ᠬᠠᠶᠢᠷ᠎ᠠ ᠶᠢᠨ ᠰᠡᠳᠬᠢᠯ ᠤᠨ ᠥᠢᠯᠡᠴᠢᠯᠡᠭᠡ ᠬᠥᠷᠭᠡᠭᠰᠡᠨ ᠪᠠᠶᠢᠨ᠎ᠠ᠃      ᠰᠠᠶᠢᠨ ᠲᠤᠷ᠎ᠠ ᠶᠢᠨ ᠥᠢᠯᠡᠴᠢᠯᠡᠭᠡ ᠶᠢᠨ ᠠᠩᠬᠢ ᠶᠢᠨ ᠨᠥᠭᠦᠳ ᠨᠠᠰᠤᠲᠠᠶᠢᠴᠤᠳ ᠤᠨ ᠭᠡᠷ ᠡᠷᠤᠬᠡ ᠪᠠᠷ ᠬᠥᠨᠵᠢᠭᠡᠶᠢᠷᠡᠨ ᠬᠥᠷᠴᠤ ᠲᠠᠲᠠᠨ ᠲᠠᠢ ᠬᠠᠯᠠᠭᠤᠨ ᠲᠤᠳᠤᠨᠤ ᠶᠠᠷᠢᠯᠴᠠᠬᠤ ᠶᠢᠨ ᠬᠠᠮᠲᠤ ᠨᠠᠰᠤᠲᠠᠶᠢᠴᠣᠳ ᠤᠨ ᠡᠳᠤᠷ ᠲᠤᠲᠤᠮ ᠤᠨ ᠠᠮᠢᠳᠤᠷᠠᠯ ᠪᠤᠯᠤᠨ ᠪᠡᠶ᠎ᠡ ᠶᠢᠨ ᠪᠠᠶᠢᠳᠠᠯ ᠢ ᠨᠠᠷᠢᠨ ᠣᠶᠢᠯᠠᠭᠠᠵᠤ᠂ ᠪᠡᠶ᠎ᠡ ᠶᠢᠨ ᠡᠷᠡᠭᠦᠯ ᠮᠡᠨᠳᠤ ᠪᠠᠨ ᠢᠯᠡᠭᠦᠬᠡᠨ ᠠᠩᠬᠠᠷᠴᠤ ᠪᠠᠶᠢᠬᠤ ᠶᠢ ᠰᠠᠨᠠᠭᠤᠯᠤᠭᠰᠠᠨ ᠪᠠᠶᠢᠨ᠎ᠠ᠃ ᠡᠭᠦᠨ ᠤ ᠬᠠᠮᠳᠤ ᠪᠠᠰᠠ ᠨᠠᠰᠤᠲᠠᠶᠢᠴᠣᠳ ᠢ ᠴᠠᠬᠢᠯᠭᠠᠨ ᠡᠳᠡᠯᠡᠯ ᠬᠡᠷᠡᠭᠰᠡᠯ ᠪᠠ ᠰᠢᠩᠭᠡᠨ ᠬᠡᠢ ᠪᠡᠶᠡᠳᠤ ᠶᠢ ᠬᠡᠷᠡᠭᠯᠡᠬᠦ ᠳᠤ ᠠᠩᠬᠠᠷᠬᠤ ᠵᠥᠢᠯ ᠢ ᠬᠡᠯᠡᠵᠤ ᠰᠠᠨᠠᠭᠤᠯᠤᠭᠰᠠᠨ ᠪᠠ ᠲᠡᠳᠡᠨᠡᠷ ᠤᠨ ᠪᠡᠶ᠎ᠡ ᠶᠢᠨ ᠬᠢᠨ ᠪᠠᠶᠢᠳᠠᠯ ᠵᠢᠴᠢ ᠡᠳᠦᠷ ᠳᠤᠲᠤᠮ ᠤᠨ ᠠᠮᠢᠳᠤᠷᠠᠯ  ᠠᠮᠢᠳᠤᠷᠠᠯ ᠲᠤᠮᠳᠠᠬᠢ ᠬᠦᠴᠢᠷᠳᠡᠯ ᠢᠶᠠᠨ ᠴᠠᠭ ᠲᠤᠬᠠᠢ ᠳᠤᠨᠢ ᠭᠠᠴᠠᠭᠠᠨ ᠳᠤ ᠲᠤᠰᠬᠠᠵᠤ ᠭᠤᠶᠤᠴᠢᠯᠠᠯᠲᠠ ᠬᠢᠬᠦ ᠶᠢ ᠰᠠᠨᠠᠭᠠᠴᠢᠯᠠᠵᠡᠢ᠃ ᠰᠠᠶᠢᠨ ᠲᠤᠷ᠎ᠠ ᠶᠢᠨ ᠥᠢᠯᠡᠴᠢᠯᠯᠡᠭᠡ ᠶᠢᠨ ᠠᠩᠭᠢ ᠶᠢᠨ ᠬᠢᠨ ᠨᠠᠰᠤᠲᠠᠶᠢᠴᠤᠳ ᠲᠤ ᠠᠮᠤ       ᠪᠤᠳᠠᠭ᠎ᠠ᠂ ᠭᠤᠯᠢᠷ᠂ ᠲᠤᠰᠤ ᠵᠡᠷᠭᠡ ᠲᠤᠬᠤᠨᠢᠭᠤᠯᠭ᠎ᠠ ᠶᠢᠨ ᠪᠤᠳᠠᠰ ᠬᠦᠷᠭᠡᠵᠦ᠂ ᠲᠡᠲᠡᠨ ᠳᠤ ᠴᠢᠩ ᠰᠡᠳᠬᠢᠯ ᠤᠨ ᠰᠠᠶᠢᠨ ᠰᠠᠶᠢᠬᠠᠨ ᠬᠥᠰᠡᠯ ᠵᠦᠩᠨᠡᠯ ᠢᠶᠠᠨ ᠬᠦᠷᠭᠡᠵᠦ ᠪᠤᠭᠤᠷᠤᠯᠴᠤᠳ ᠤᠨ ᠢᠶᠠᠨ ᠰᠡᠳᠬᠢᠯ ᠢ ᠨᠢ ᠲᠤᠯᠠᠭᠠᠴᠠᠭᠤᠯᠤᠭᠰᠠᠨ ᠪᠠᠷ ᠪᠠᠷᠠᠬᠤ ᠦᠭᠡᠢ ᠬᠡᠷ ᠬᠦᠷᠢᠶ᠎ᠡ ᠶᠢ ᠨᠢ ᠴᠡᠪᠡᠷᠯᠡᠨ᠂ ᠬᠤᠪᠴᠠᠰᠤ ᠬᠤᠨᠠᠷ ᠢ ᠨᠢ       ᠤᠭᠢᠶᠠᠵᠤ᠂ ᠲᠡᠳᠡᠨᠡᠷ ᠲᠤ ᠨᠠᠮ ᠤᠨ ᠬᠠᠶᠢᠷ᠎ᠠ ᠬᠠᠯᠠᠮᠵᠢ ᠶᠢ ᠬᠦᠷᠲᠡᠭᠡᠪᠡ᠃ ᠳᠠᠷᠠᠭ᠎ᠠ ᠪᠠᠷ ᠨᠢ ᠪᠦᠬᠦ ᠨᠠᠮ ᠤᠨ ᠭᠡᠰᠢᠭᠦᠳ ᠨᠠᠮ ᠤᠨ ᠲᠤᠭ ᠤᠷᠤᠭᠤ ᠪᠠᠨ ᠬᠠᠨᠳᠤᠵᠤ ᠨᠠᠮ ᠳᠤ ᠤᠷᠤᠬᠤ ᠲᠠᠩᠭᠠᠷᠢᠭ ᠤᠨ ᠥᠭᠡ ᠶᠢ ᠲᠠᠬᠢᠨᠳᠠ ᠤᠩᠰᠢᠵᠤ᠂ ᠠᠩᠬ᠎ᠠ ᠨᠠᠮ ᠳᠤ ᠤᠷᠤᠬᠤ ᠥᠶ᠎ᠡ ᠶᠢᠨ ᠤᠷᠬᠢᠯᠤᠮ᠎ᠠ ᠬᠠᠯᠠᠭᠤᠨ ᠰᠡᠳᠬᠢᠯ ᠢᠶᠠᠨ ᠡᠷᠭᠢᠴᠡᠭᠦᠯᠥᠨ ᠰᠠᠨᠠᠭᠠᠯᠵᠠᠬᠤ ᠶᠢᠨ ᠬᠠᠮᠳᠤ ᠨᠠᠮ ᠤᠨ ᠭᠡᠰᠢᠭᠦᠨ ᠤ ᠭᠤᠤᠯᠳᠠᠯᠭᠠᠲᠤ ᠡᠷᠦᠬᠡ ᠳᠤ ᠬᠠᠮᠳᠤ ᠶᠢᠨ ᠰᠤᠷᠤᠯᠴᠠᠯᠭ᠎ᠠ       ᠬᠢᠵᠡᠢ᠃      ᠤᠶᠢᠷ᠎ᠠ ᠶᠢᠨ ᠵᠢᠯ ᠤᠨ ᠲᠤᠷᠰᠢ᠂  ᠪᠠᠶᠠᠨᠲᠤᠤᠷᠠᠢ ᠰᠤᠮᠤᠨ ᠤ ᠵᠢᠷᠭᠠᠯᠠᠩᠲᠦ ᠭᠠᠴᠠᠭ᠎ᠠ ᠨᠢ       ᠨᠠᠰᠤᠲᠠᠶᠢᠴᠤᠳ ᠢᠶᠠᠨ ᠬᠦᠨᠳᠦᠳᠭᠡᠨ ᠬᠠᠶᠢᠷᠯᠠᠬᠤ᠂ ᠬᠥᠴᠢᠷᠳᠡᠯ ᠲᠠᠢ ᠨᠢᠭᠡ ᠪᠠᠨ ᠠᠪᠤᠷᠠᠨ ᠲᠤᠰᠠᠯᠠᠬᠤ ᠤᠯᠠᠮᠵᠢᠯᠠᠯᠲᠦ ᠰᠠᠶᠢᠬᠠᠨ ᠰᠤᠷᠲᠠᠯ ᠢ ᠪᠠᠳᠠᠷᠠᠭᠤᠯᠵᠤ᠂ ︽ᠪᠢ ᠤᠯᠠᠨ ᠲᠦᠮᠡᠨ ᠳᠤ ᠪᠤᠳᠠᠳᠠᠢ ᠶᠠᠪᠤᠳᠠᠯ ᠬᠢᠬᠦ︾ ᠦᠢᠯᠡᠳᠦᠯᠭᠡ ᠶᠢᠨ ᠠᠵᠢᠯᠯᠠᠭ᠎ᠠ ᠪᠠᠷ ᠭᠠᠷᠳᠠᠴᠠ ᠪᠤᠯᠭᠠᠨ᠂ ᠰᠢᠨ᠎ᠡ ᠴᠠᠭ ᠦᠶ᠎ᠡ ᠶᠢᠨ ᠪᠤᠯᠪᠠᠰᠤᠨ ᠤ       ᠦᠢᠯᠡᠳᠦᠯᠭᠡ ᠶᠢᠨ ᠦᠷᠳᠡᠭᠡ ︵ᠭᠠᠵᠠᠷ︶ ᠤᠨ ᠲᠠᠪᠴᠠᠩ ᠳᠤ ᠲᠦᠰᠢᠭᠯᠡᠵᠤ᠂ ᠰᠠᠶᠢᠨ ᠲᠤᠷ᠎ᠠ ᠶᠢᠨ       ᠦᠢᠯᠡᠴᠢᠯᠡᠭᠡᠨ ᠤ ᠠᠩᠬᠢ ᠵᠡᠷᠭᠡ ᠬᠡᠯᠪᠡᠷᠢ ᠪᠠᠷ ᠭᠠᠴᠠᠭᠠᠨ ᠤ ᠪᠠᠨ ᠦᠨᠳᠦᠷ ᠨᠠᠰᠤᠲᠠᠢ ᠪᠤᠭᠤᠷᠤᠯᠴᠤᠳ᠂ ᠭᠤᠨᠢ ᠪᠡᠶ᠎ᠡ ᠨᠠᠰᠤᠲᠠᠨ᠂ ᠵᠡᠮᠳᠡᠭ ᠨᠠᠰᠤᠲᠠᠶᠢᠴᠤᠳ ᠵᠡᠷᠭᠡ ᠪᠠᠭᠤᠷᠠᠶᠢᠴᠤᠳ ᠢ ᠬᠠᠪᠰᠤᠷᠤᠨ ᠲᠡᠳᠬᠦᠵᠤ ᠠᠪᠤᠷᠠᠨ ᠲᠤᠰᠠᠯᠠᠬᠤ ᠠᠵᠢᠯ ᠢ ᠢᠲᠡᠪᠬᠢᠲᠡᠢ ᠬᠢᠵᠦ᠂ ᠰᠠᠶᠢᠨ ᠲᠤᠷ᠎ᠠ ᠶᠢᠨ ᠦᠢᠯᠡᠴᠢᠯᠡᠭᠡ ᠶᠢ ᠨᠡᠩ ᠦᠷᠭᠡᠨ ᠢᠶᠠᠷ᠂ ᠨᠡᠩ ᠪᠦᠲᠦᠮᠵᠢᠲᠠᠢ ᠤᠷᠲᠤ ᠬᠤᠭᠤᠴᠠᠭ᠎ᠠ ᠪᠠᠷ ᠦᠷᠨᠢᠭᠦᠯᠬᠦ ᠶᠢ ᠪᠠᠷᠢᠮᠲᠠᠯᠠᠨ᠂ ᠨᠠᠰᠤᠲᠠᠶᠢᠴᠤᠳ ᠲᠤ ᠦᠢᠯᠡᠴᠢᠯᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠭᠠᠴᠠᠭᠠᠨ ᠤ ᠨᠠᠰᠤᠲᠠᠶᠢᠴᠤᠳ ᠲᠤ ︽ᠦᠲᠡᠯᠦᠭᠰᠡᠨ ᠴᠦ ᠠᠰᠠᠷᠠᠮᠵᠢ ᠲᠠᠢ᠂ ᠵᠢᠷᠭᠠᠯ ᠲᠠᠢ︾ ᠪᠠᠶᠢᠬᠤ ᠶᠢ ᠦᠨᠡᠨᠬᠦ ᠪᠤᠳᠠᠲᠠᠶᠢᠵᠢᠭᠤᠯᠪᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号