ᠮᠠᠨ ᠤ ᠬᠤᠰᠢᠭᠤ ᠵᠤᠨ ᠤ ᠬᠠᠯᠠᠭᠤᠨ ᠤ ᠲᠤᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/7/11
     ᠵᠣᠨ ᠤ ᠤᠯᠠᠷᠢᠯ ᠤᠨ ᠠᠭᠠᠭᠢᠮ᠎ᠠ ᠬᠠᠯᠠᠭᠤᠨ ᠴᠠᠭ ᠬᠥᠷᠴᠤ ᠢᠷᠡᠬᠦ ᠶᠢ ᠳᠠᠭᠠᠯᠳᠤᠨ᠂ ᠥᠷᠭᠡᠨ ᠤᠯᠠᠨ ᠬᠥᠳᠡᠯᠮᠦᠷᠢᠴᠢᠳ ᠤᠨ ᠪᠡᠶ᠎ᠡ ᠮᠠᠬᠠᠪᠤᠳ ᠤᠨ ᠡᠷᠡᠭᠦᠯ ᠮᠡᠨᠳᠦ ᠳᠤ ᠤᠴᠠᠷᠠᠭᠤᠯᠬᠤ ᠬᠤᠤᠷ ᠬᠥᠨᠥᠭᠡᠯ ᠢ ᠪᠠᠭᠠᠰᠬᠠᠵᠤ᠂ ᠲᠡᠲᠡᠨ ᠤ ᠬᠥᠳᠡᠯᠮᠦᠷᠢ ᠶᠢᠨ ᠡᠷᠡᠭᠦᠯ ᠮᠡᠨᠳᠦ ᠶᠢᠨ ᠡᠷᠬᠡ ᠠᠰᠢᠭ ᠢ ᠦᠨᠡᠨ ᠬᠦ ᠬᠠᠮᠠᠭᠠᠯᠠᠬᠤ ᠶᠢᠨ ᠳᠣᠰᠠᠳᠠ᠂ ᠤᠶᠢᠷ᠎ᠠ ᠶᠢᠨ ᠡᠳᠤᠷ᠂ ᠮᠠᠨ ᠤ ᠬᠤᠰᠢᠭᠤ ᠡᠯ᠎ᠡ ᠠᠵᠢᠯ ᠤᠨ ᠪᠠᠶᠢᠷᠢ ᠶᠢᠨ ᠨᠢᠭᠡᠳᠦᠭᠡᠷ ᠹᠷᠤᠨᠲ ᠲᠤ ᠭᠠᠪᠰᠢᠭᠠᠶᠢᠯᠠᠨ ᠠᠵᠢᠯᠠᠯᠵᠤ ᠪᠠᠶᠢᠭ᠎ᠠ ᠠᠵᠢᠯᠲᠠᠨ  ᠠᠵᠢᠯᠴᠢᠨ  ᠢ ᠳᠣᠬᠤᠨᠢᠭᠤᠯᠬᠤ ᠠᠵᠢᠯᠯᠠᠭ᠎ᠠ ᠥᠷᠨᠢᠬᠦᠯᠪᠡ᠃ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠦᠢ ᠵᠢᠩ ᠲᠣᠬᠤᠨᠢᠭᠤᠯᠬᠤ ᠠᠵᠢᠯᠯᠠᠭ᠎ᠠ ᠳᠤ ᠤᠷᠤᠯᠴᠠᠵᠡᠢ  ᠃      ᠲᠤᠰ ᠤᠳᠠᠭᠠᠨ ᠤ ᠠᠵᠢᠯᠯᠠᠭᠠᠨ ᠳᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠦᠢ ᠵᠢᠩ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠺᠠᠳ᠋ᠷ ᠠᠵᠢᠯᠲᠠᠨ ᠢ ᠳᠠᠭᠠᠭᠤᠯᠤᠨ᠂ ᠨᠢᠭᠡᠳᠦᠭᠡᠷ ᠹᠷᠣᠨᠲ ᠲᠤ ᠭᠠᠪᠰᠠᠭᠠᠶᠢᠯᠠᠨ ᠠᠵᠢᠯᠯᠠᠭ᠎ᠠ ᠪᠠᠶᠢᠭ᠎ᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯᠲᠠᠨ᠂ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠴᠠᠬᠢᠯᠭᠠᠨ ᠬᠦᠴᠦ᠂ ᠤᠰᠤ ᠬᠠᠩᠭᠠᠬᠤ᠂ ᠣᠷᠴᠢᠨ ᠲᠣᠭᠤᠷᠢᠨ ᠪᠠ ᠴᠡᠴᠡᠷᠯᠢᠭ ᠤᠨ ᠠᠵᠢᠯᠴᠢᠨ᠂ ᠪᠠᠷᠢᠯᠭ᠎ᠠ ᠶᠢᠨ  ᠠᠵᠢᠯᠴᠢᠨ ᠠᠵᠢᠯᠳᠠᠨ ᠨᠡᠷ ᠲᠤ 8 ᠳᠥᠮᠡᠨ ᠳᠦᠭᠦᠷᠢᠭ ᠤᠨ ᠥᠷᠲᠡᠭ ᠪᠦᠬᠦᠢ ᠤᠮᠳᠠᠭᠠᠨ᠂ ᠨᠣᠭᠤᠭᠠᠨ ᠪᠤᠷᠴᠠᠭ᠂ ᠲᠠᠷᠪᠤᠰ ᠵᠡᠷᠭᠡ ᠨᠠᠷᠠᠰᠢᠬᠤ ᠠᠴᠠ ᠰᠡᠷᠬᠡᠶᠢᠯᠡᠬᠦ ᠡᠳ᠋ ᠪᠣᠳᠠᠰ ᠪᠠ ᠠᠮᠢᠳᠤᠷᠠᠯ ᠤᠨ ᠡᠳ᠋ᠯᠡᠯ ᠬᠡᠷᠡᠭᠰᠡᠯ ᠢ ᠬᠦᠷᠭᠡᠵᠤ᠂ ᠳᠡᠳᠡᠨᠡᠷ ᠲᠤ ᠨᠠᠮ ᠵᠠᠰᠠᠭ ᠤᠨ ᠬᠠᠶᠢᠷ᠎ᠠ ᠬᠠᠯᠠᠮᠵᠢ ᠬᠦᠷᠲᠡᠭᠡᠬᠦ ᠶᠢᠨ ᠬᠠᠮᠳᠣ ᠳᠠᠳᠠᠨᠠᠷ ᠤᠨ ᠮᠠᠨ ᠤ ᠬᠤᠰᠢᠭᠤᠨ ᠤ ᠨᠠᠶᠢᠬᠡᠮ ᠤᠨ ᠬᠦᠭᠵᠢᠯᠲᠡ ᠳᠤ ᠥᠵᠡᠭᠦᠯᠦᠭᠰᠡᠨ ᠬᠤᠪᠢ ᠨᠡᠮᠡᠷᠢ ᠳᠤ  ᠪᠠᠶᠠᠷᠯᠡᠵᠦ ᠳᠠᠯᠠᠷᠬᠠᠭᠰᠠᠨ ᠰᠡᠳᠬᠢᠯ ᠢᠶᠠᠨ ᠢᠯᠡᠷᠬᠡᠶᠢᠯᠡᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号