ᠮᠠᠨ ᠤ ᠬᠤᠰᠢᠭᠤᠨ ᠤ ᠨᠢᠭᠡᠨ ᠬᠠᠶᠢᠷ᠎ᠠ ᠶᠢᠨ ᠰᠡᠳᠬᠢᠯ ᠤᠨ ᠨᠠᠶᠢᠬᠡᠮᠯᠢᠭ ᠮᠠᠯᠴᠢᠨ ᠳᠥᠮᠡᠨ ᠳᠤ ᠭᠠᠩ ᠬᠠᠭᠰᠠᠷᠭᠠᠨ ᠢ ᠡᠰᠡᠷᠭᠦᠴᠡᠬᠦ ᠡᠪᠡᠰᠦ ᠪᠣᠷᠳᠤᠭ᠎ᠠ ᠬᠠᠨᠳᠢᠪᠯᠠᠪᠠ
ᠨᠡᠶᠢᠲᠡᠯᠡᠭᠰᠡᠨ ᠴᠠᠭ᠄
2022/7/11
     ᠤᠶᠢᠷ᠎ᠠ ᠶᠢᠨ ᠡᠳᠤᠷ᠂ ᠡᠵᠡᠨ᠎ᠡ ᠬᠤᠰᠢᠭᠤᠨ ᠤ ᠮᠠᠯᠴᠢᠳ ᠤᠨ ᠪᠠᠶᠠᠰᠣᠯ ᠵᠠᠩᠭᠠᠷ ᠣᠷᠠᠯᠢᠭ ᠤᠨ ᠨᠠᠶᠢᠬᠡᠮᠯᠢᠭ ᠥᠩᠳᠣᠣᠭᠤᠯ ᠰᠣᠮᠣᠨ ᠳᠤ ᠬᠦᠷᠴᠦ᠂ ︽ᠬᠠᠶᠢᠷ᠎ᠠ ᠬᠠᠯᠠᠮᠵᠢ ᠶᠢ ᠨᠢᠭᠳᠠᠷᠠᠭᠤᠯᠵᠤ᠂ ᠬᠠᠶᠢᠷ᠎ᠠ ᠬᠠᠯᠠᠮᠵᠢ ᠶᠢ ᠳᠠᠮᠵᠢᠭᠤᠯᠬᠤ︾ ᠭᠤᠣᠯ ᠰᠡᠳᠦᠪᠳᠤ ᠭᠠᠩ ᠬᠠᠭᠰᠠᠷᠭᠠᠨ ᠲᠠᠢ ᠲᠡᠮᠡᠴᠡᠵᠤ ᠭᠠᠮᠰᠢᠭ ᠠᠴᠠ ᠠᠪᠤᠷᠠᠬᠤ ᠡᠪᠡᠰᠦ ᠪᠣᠷᠳᠤᠭ᠎ᠠ ᠳᠠᠷᠬᠠᠭᠠᠬᠤ ᠠᠵᠢᠯᠯᠠᠭ᠎ᠠ ᠥᠷᠨᠢᠬᠦᠯᠪᠡ᠃      ᠶᠣᠰᠣᠯᠠᠯ ᠳᠤ᠂ ᠡᠵᠡᠨ᠎ᠡ ᠬᠤᠰᠢᠭᠤᠨ ᠤ ᠮᠠᠯᠴᠢᠳ ᠤᠨ ᠪᠠᠶᠠᠰᠣᠯ ᠵᠠᠩᠭᠠᠷ ᠣᠷᠠᠯᠢᠭ ᠤᠨ ᠨᠠᠶᠢᠬᠡᠮᠯᠢᠭ ᠥᠩᠳᠣᠣᠭᠤᠯ ᠰᠣᠮᠣᠨ ᠤ ᠪᠠᠶᠠᠨᠭᠤᠣᠯ ᠭᠠᠴᠠᠭᠠᠨ ᠤ ᠮᠠᠯᠴᠢᠨ ᠡᠷᠦᠬᠡ ᠳᠤ ᠴᠢᠨᠠᠷ ᠰᠠᠶᠢᠲᠠᠢ ᠴᠠᠷᠭᠠᠰᠤ ᠡᠪᠡᠰᠦ ᠢ ᠥᠨ᠎ᠡ ᠳᠦᠯᠦᠪᠤᠷᠢ ᠦᠭᠡᠢ ᠪᠠᠷ ᠳᠠᠷᠬᠠᠭᠠᠨ ᠦᠭᠴᠦ᠂ ᠳᠡᠳᠡᠨᠡᠷ ᠲᠤ ᠬᠠᠶᠢᠷ᠎ᠠ ᠬᠠᠯᠠᠮᠵᠢ ᠬᠦᠷᠲᠡᠭᠡᠨ᠂       ᠰᠡᠳᠬᠢᠯ ᠢ ᠨᠢ ᠳᠣᠯᠠᠭᠠᠴᠠᠭᠤᠯᠣᠨ᠎ᠠ᠃      ᠡᠨᠡ ᠵᠢᠯ ᠤᠨ ᠵᠤᠨ ᠤ ᠤᠯᠠᠷᠢᠯ ᠠᠴᠠ ᠨᠠᠰᠢ᠂ ᠮᠠᠨ ᠤ ᠬᠤᠰᠢᠭᠤᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠪᠠᠭ᠎ᠠ ᠪᠣᠯᠣᠭᠰᠠᠨ ᠠᠴᠠ ᠡᠪᠡᠰᠤ ᠪᠡᠯᠴᠢᠭᠡᠷ ᠤᠨ ᠣᠷᠭᠤᠴᠠ ᠶᠢ ᠶᠡᠬᠡᠪᠡᠷ ᠨᠦᠯᠦᠭᠡᠯᠡᠵᠦ᠂ ᠬᠡᠰᠡᠭ ᠰᠤᠮᠤᠨ ᠪᠠᠯᠭᠠᠰᠤᠨ ᠳᠤ ᠪᠠᠰᠠ ᠭᠠᠩ ᠬᠠᠭᠰᠠᠷᠠᠭᠠᠨ ᠤ ᠪᠠᠶᠢᠳᠠᠯ ᠢᠯᠡᠷᠡᠪᠡ᠃ ᠡᠵᠡᠨ᠎ᠡ ᠬᠤᠰᠢᠭᠤᠨ ᠤ ᠮᠠᠯᠴᠢᠳ ᠤᠨ ᠪᠠᠶᠠᠰᠣᠯ ᠵᠠᠩᠭᠠᠷ ᠣᠷᠠᠯᠢᠭ ᠤᠨ ᠨᠠᠶᠢᠬᠡᠮᠯᠢᠭ ᠂ ᠪᠣᠳᠠᠲᠤ ᠪᠠᠶᠢᠳᠠᠯ ᠢ ᠣᠶᠢᠯᠠᠭᠠᠭᠰᠠᠨ ᠤ ᠳᠠᠷᠠᠭ᠎ᠠ ᠲᠡᠷᠡ ᠳᠠᠷᠤᠢ ᠳᠤᠨᠢ ᠬᠠᠶᠢᠷ᠎ᠠ ᠶᠢᠨ ᠬᠠᠯᠠᠭᠤᠨ ᠭᠠᠷ ᠢᠶᠠᠨ ᠰᠤᠩᠭᠠᠵᠤ᠂ ᠨᠠᠶᠢᠬᠡᠮᠯᠢᠭ ᠠᠴᠠ ᠪᠠᠨ 10000 ᠲᠥᠭᠦᠷᠢᠭ ᠭᠠᠷᠭᠠᠨ ᠥᠩᠳᠣᠣᠭᠤᠯ ᠰᠣᠮᠣᠨ ᠤ ᠪᠠᠶᠠᠨᠭᠤᠣᠯ ᠭᠠᠴᠠᠭᠠᠨ ᠤ 15 ᠡᠷᠦᠬᠡ ᠮᠠᠯᠴᠢᠳ ᠲᠤ 9000 ᠵᠢᠩ ᠭᠠᠩ ᠬᠠᠭᠰᠠᠷᠠᠭᠠᠨ ᠲᠠᠢ ᠲᠡᠮᠡᠴᠡᠬᠦ ᠴᠢᠨᠠᠷ ᠰᠠᠶᠢᠲᠠᠢ ᠴᠠᠷᠭᠠᠰᠤ ᠡᠪᠡᠰᠦ ᠬᠠᠨᠳᠢᠪᠯᠡᠵᠤ᠂ ᠮᠠᠯᠴᠢᠳ ᠤᠨ ᠭᠠᠩ ᠬᠠᠭᠰᠠᠷᠠᠭᠠᠨ ᠤ ᠬᠤᠭᠤᠴᠠᠭᠠᠨ ᠳᠤ ᠡᠪᠡᠰᠦ ᠪᠣᠷᠳᠤᠭ᠎ᠠ ᠲᠤᠲᠠᠭᠳᠠᠵᠤ ᠪᠠᠶᠢᠭ᠎ᠠ ᠠᠰᠠᠭᠤᠳᠠᠯ ᠢ ᠪᠦᠲᠦᠮᠵᠢᠲᠡᠢ  ᠰᠢᠢᠳᠪᠣᠷᠢᠯᠡᠨ ᠦᠭᠴᠡᠢ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号