ᠵᠢᠤᠢ ᠶᠡᠨ ᠤ ᠬᠤᠯᠣᠰᠣᠨ ᠪᠢᠴᠢᠭ᠄ ᠡᠵᠡᠨ᠎ᠡ ᠬᠤᠰᠢᠭᠤᠨ ᠤ ᠣᠯᠠᠨ ᠦᠨᠳᠦᠰᠦᠲᠡᠨ ᠤ ᠠᠭᠤᠰᠤᠯᠴᠠᠨ ᠬᠥᠭᠵᠢᠭᠰᠡᠨ ᠭᠡᠷᠡᠴᠢ ᠪᠠᠷᠢᠯᠳᠣᠯᠭ᠎ᠠ
ᠨᠡᠶᠢᠲᠡᠯᠡᠭᠰᠡᠨ ᠴᠠᠭ᠄
2022/7/15
     ᠡᠵᠡᠨ᠎ᠡ ᠬᠤᠰᠢᠭᠤ ᠥᠨᠢ ᠤᠳᠠᠭᠠᠨ ᠲᠡᠦᠬᠡ ᠰᠤᠶᠤᠯ ᠲᠠᠢ ᠪᠠᠷ ᠪᠠᠷᠠᠬᠤ ᠦᠭᠡᠢ ᠢᠯᠡᠷᠡᠭᠦᠯᠦᠭᠰᠡᠨ ᠳᠡᠤᠬᠡᠨ ᠳᠤᠷᠠᠰᠬᠠᠯᠲᠤ ᠵᠣᠶᠢᠯ ᠪᠠᠰᠠ ᠮᠠᠰᠢ ᠤᠯᠠᠨ ᠬᠠᠳᠠᠭᠠᠯᠠᠭᠳᠠᠵᠤ ᠪᠠᠶᠢᠳᠠᠭ᠃ ᠲᠡᠦᠬᠡ ᠵᠢᠨ‌‍ᠲ᠋ᠤᠷᠠᠰᠬᠠᠯᠲᠤ ᠵᠦᠢᠯ ᠳᠤ ᠠᠭᠤᠯᠤᠭᠳᠠᠵᠤ ᠪᠤᠢ ᠲᠡᠦᠬᠡ ᠶᠢ ᠭᠦᠨᠵᠡᠭᠡᠢ ᠠᠭᠤᠳᠠᠯᠬᠤ ᠪᠠᠷ ᠳᠠᠮᠵᠢᠨ᠂ ᠦᠨᠳᠦᠰᠦᠲᠡᠨ ᠨᠦᠭᠦᠳ ᠤᠨ ᠬᠠᠷᠢᠯᠴᠠᠭ᠎ᠠ᠂ ᠰᠣᠯᠢᠯᠴᠠᠭ᠎ᠠ᠂ ᠠᠭᠤᠰᠤᠯᠴᠠᠯ ᠤᠨ ᠲᠡᠦᠬᠡᠨ ᠦᠯᠢᠭᠡᠷ ᠤᠴᠢᠷ ᠤᠳ ᠢ ᠳᠡᠯᠭᠡᠨ ᠦᠵᠡᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠬᠥᠮᠥᠰ ᠤᠨ ᠰᠡᠳᠬᠢᠯ ᠳᠤ ᠭᠦᠨ ᠬᠠᠳᠠᠩᠰᠢᠭᠤᠯᠪᠠ᠃      ᠵᠢᠦᠢ ᠶᠠᠨ ᠤ ᠬᠤᠯᠤᠰᠤᠨ ᠪᠢᠴᠢᠭ ᠪᠣᠯ ᠡᠵᠡᠨ᠎ᠡ ᠶᠢᠨ ᠮᠠᠰᠢ ᠣᠯᠠᠨ ᠬᠤᠪᠣᠷ ᠨᠠᠨᠳᠢᠨ ᠲᠡᠦᠬᠡ ᠶᠢᠨ ᠳᠤᠷᠠᠰᠬᠠᠯᠲᠤ ᠵᠦᠢᠯᠡᠰ ᠤᠨ ᠳᠤᠳᠤᠷᠡᠬᠢ ᠨᠢᠭᠡ ᠨᠢ ᠪᠠᠶᠢᠵᠦ᠂ ᠡᠨᠡ ᠨᠢ ᠲᠡᠦᠬᠡ ᠪᠠ ᠣᠯᠠᠨ ᠦᠨᠳᠦᠰᠦᠲᠡᠨ ᠤ ᠠᠭᠤᠰᠤᠯᠳᠤᠨ ᠬᠥᠭᠵᠢᠭᠰᠡᠨ ᠪᠣᠳᠠᠲᠤ ᠪᠣᠳᠠᠰ ᠤᠨ ᠭᠡᠷᠡᠴᠢ ᠪᠠᠷᠢᠯᠳᠣᠯᠭ᠎ᠠ ᠪᠣᠯᠣᠭᠰᠠᠨ ᠢᠶᠠᠷ ︽20 ᠳ᠋ᠤᠭᠠᠷ ᠵᠠᠭᠤᠨ ᠤ ᠳᠤᠮᠳᠠᠳᠤ ᠤᠯᠤᠰ ᠤᠨ ᠳᠤᠯᠭᠤᠷ ᠪᠢᠴᠢᠭ ᠤᠨ ᠳᠥᠷᠪᠡᠨ ᠶᠡᠭᠡ ᠢᠯᠡᠷᠡᠭᠦᠯᠦᠯᠲᠡ ᠶᠢᠨ ᠨᠢᠭᠡ︾᠎ ᠪᠠᠷ ᠨᠡᠷᠡᠯᠡᠭᠳᠡᠭᠰᠡᠨ ᠶᠤᠮ᠃ ᠵᠢᠤᠢ ᠶᠡᠨ ᠤ ᠬᠤᠯᠣᠰᠣᠨ ᠪᠢᠴᠢᠭ ᠶᠢ ᠬᠤᠯᠤᠰᠤ ᠪᠠ ᠮᠣᠳᠣ ᠬᠡᠮᠡᠨ ᠬᠤᠶᠠᠷ ᠲᠥᠷᠥᠯ ᠳᠤ ᠬᠤᠪᠢᠶᠠᠵᠤ᠂ ᠬᠤᠯᠤᠰᠤᠨ ᠪᠢᠴᠢᠭ ᠨᠢ ᠴᠥᠭᠡᠨ ᠬᠡᠰᠡᠭ ᠢ ᠡᠵᠡᠯᠡᠵᠦ᠂ ᠮᠣᠳᠣᠨ ᠴᠤᠭᠤᠳᠠᠰᠤ ᠨᠢ ᠭᠤᠣᠯᠳᠠᠭᠤ ᠲᠤᠬᠠᠢ ᠶᠢᠨ ᠭᠠᠵᠠᠷ ᠤᠨ ᠦᠢᠯᠡᠳᠪᠦᠷᠢᠯᠡᠭᠰᠡᠨ ᠲᠣᠣᠷᠠᠢ ᠮᠣᠳᠤ᠂ ᠰᠤᠬᠠᠢ ᠪᠤᠷᠭᠠᠰᠤ ᠪᠠᠷ ᠲᠦᠭᠦᠬᠡᠢ ᠮᠠᠲ᠋ᠧᠷᠢᠶᠠᠯ ᠪᠣᠯᠭᠠᠨ᠂ ᠪᠦᠬᠦ ᠮᠣᠳᠣᠨ ᠴᠤᠭᠤᠳᠠᠰᠤ ᠶᠢᠨ ᠳᠣᠲᠣᠷ᠎ᠠ ᠬᠠᠮᠤᠭ ᠤᠨ ᠶᠡᠭᠡ ᠬᠠᠷᠢᠴᠠᠯ ᠢ ᠡᠵᠡᠯᠡᠵᠦ ᠪᠠᠶᠢᠭ᠎ᠠ ᠨᠢ ᠬᠢᠲᠠᠳ ᠵᠠᠬᠢᠳᠠᠯ ᠤᠨ ᠳᠥᠭᠦᠮ ᠳᠡᠪᠲᠡᠷ ᠪᠣᠯᠣᠨ᠎ᠠ᠂ ᠳᠡᠬᠦᠨ ᠤ ᠬᠡᠮᠵᠢᠶ᠎ᠠ ᠨᠢ ᠪᠠᠷᠤᠭ ᠲᠠᠭᠠᠨ 22.3 ᠰᠠᠨᠲ᠋ᠢᠮᠧᠲᠷ ᠠᠴᠠ 22.5 ᠰᠠᠨᠲ᠋ᠢᠮᠧᠲᠷ ᠤᠨ ᠬᠤᠭᠤᠷᠣᠨᠳᠤ ᠪᠠᠶᠢᠳᠠᠭ᠃      ᠡᠵᠡᠨ᠎ᠡ ᠬᠤᠰᠢᠭᠤᠨ ᠤ ᠲᠡᠦᠬᠡ ᠶᠢᠨ ᠳᠤᠷᠠᠰᠬᠠᠯᠲᠤ ᠵᠦᠢᠯᠡᠰ ᠤᠨ ᠬᠠᠮᠠᠭᠠᠯᠠᠯᠲᠠ ᠶᠢᠨ ᠲᠥᠪ ᠤᠨ ᠲᠠᠶᠢᠯᠪᠤᠷᠢᠯᠠᠭᠴᠢ ᠵᠠᠩ ᠵᠢᠶᠠᠨ ᠬᠤᠸᠠ ᠠᠴᠠ᠂ ᠵᠢᠦᠢ ᠶᠠᠨ ᠤ ᠬᠤᠯᠣᠰᠣᠨ ᠪᠢᠴᠢᠭ ᠤᠨ ᠪᠢᠴᠢᠭᠰᠡᠨ ᠴᠠᠭ ᠨᠢ 270 ᠭᠠᠷᠤᠢ ᠵᠢᠯ ᠠᠯᠣᠰᠯᠠᠭᠳᠠᠵᠤ᠂ ᠵᠢᠦᠢ ᠶᠠᠨ ᠣᠷᠣᠨ ᠤ ᠲᠡᠦᠬᠡ ᠶᠢ ᠲᠡᠮᠳᠡᠭᠯᠡᠭᠰᠡᠨ ᠨᠡᠪᠲᠡᠷᠬᠡᠢ ᠲᠣᠯᠢ ᠮᠥᠷᠲᠡᠭᠡᠨ ᠬᠠᠨ ᠤᠯᠤᠰ ᠤᠨ ᠦᠶ᠎ᠡ ᠶᠢᠨ ᠤᠯᠤᠰ ᠲᠦᠷᠦ᠂ ᠠᠵᠤ ᠠᠬᠤᠢ᠂ ᠴᠡᠷᠢᠭ ᠤᠨ ᠶᠠᠪᠤᠳᠠᠯ᠂ ᠰᠣᠶᠣᠯ ᠪᠣᠯᠣᠨ ᠬᠠᠤᠯᠢ ᠳᠦᠷᠢᠮ ᠢ ᠰᠣᠳᠣᠯᠣᠭᠰᠠᠨ ᠠᠩᠬᠠᠨ ᠤ ᠮᠠᠲ᠋ᠧᠷᠢᠶᠠᠯ ᠪᠣᠯᠣᠨ᠎ᠠ᠃      ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠭᠡᠷᠡᠯ ᠰᠠᠴᠤᠷᠠᠩᠭᠤᠢ ᠲᠡᠦᠬᠡᠨ ᠳᠤ᠂ ᠰᠣᠪᠨᠠᠭᠤᠷ᠂ ᠵᠢᠦᠢ ᠶᠠᠨ ᠬᠤᠳᠠ  ᠪᠣᠯ ᠤᠮᠠᠷᠠᠲᠤ ᠶᠢᠨ ᠨᠡᠭᠦᠳᠡᠯᠴᠢᠨ ᠦᠨᠳᠦᠰᠦᠲᠡᠨ ᠤ ᠡᠮᠦᠨᠡᠰᠢ ᠨᠡᠭᠦᠳᠡᠯᠯᠡᠬᠦ ᠥᠶ᠎ᠠ ᠶᠢᠨ ᠵᠠᠪᠠᠯ ᠥᠩᠭᠡᠷᠡᠬᠦ ᠵᠠᠮ ᠪᠣᠯᠣᠨ᠎ᠠ᠃ ᠬᠢᠯᠢ ᠶᠢᠨ ᠬᠠᠮᠠᠭᠠᠯᠠᠯᠲᠠ ᠶᠢᠨ ᠪᠣᠭᠤᠮᠲᠠ ᠪᠣᠯᠤᠭᠰᠠᠨ ᠤ ᠬᠤᠪᠢ ᠳᠤ᠂ ᠠᠳᠡᠬᠢ ᠨᠢ ᠶᠡᠷᠦ ᠠᠴᠠ ᠴᠡᠷᠢᠭ ‍ᠦᠨ‌ᠡᠷᠳᠡᠮᠲᠡᠳ ᠤᠨ ᠵᠠᠪᠠᠯ ᠪᠤᠯᠢᠶᠠᠯᠳᠤᠬᠤ ᠭᠠᠵᠠᠷ ᠪᠣᠯᠣᠭᠰᠠᠭᠠᠷ ᠢᠷᠡᠭᠰᠡᠨ ᠶᠤᠮ᠃ ᠬᠠᠨ ᠤᠯᠤᠰ ᠤᠨ ᠦᠶ᠎ᠡ ᠶᠢᠨ ᠾᠦᠩᠨᠦ᠂ ᠲᠠᠩ ᠤᠯᠤᠰ ᠤᠨ ᠦᠶ᠎ᠡ ᠶᠢᠨ ᠲᠦᠷᠺ᠂ ᠤᠶᠢᠭᠤᠷ᠂ ᠰᠦᠩ ᠤᠯᠤᠰ ᠤᠨ ᠦᠶ᠎ᠡ ᠶᠢᠨ ᠪᠠᠷᠠᠭᠤᠨ ᠰᠢᠶᠠ ᠵᠡᠷᠭᠡ ᠦᠨᠳᠦᠰᠦᠲᠡᠨ ᠪᠦᠷ ᠡᠨᠡ ᠬᠦ ᠨᠤᠲᠤᠭ ᠳᠡᠪᠢᠰᠬᠡᠷ ᠳᠡᠭᠡᠷ᠎ᠡ ᠤᠯᠠ ᠮᠦᠷ ᠢᠶᠠᠨ ᠥᠯᠡᠳᠡᠭᠡᠵᠦ᠂ ᠡᠮᠦᠨᠡᠰᠢ ᠳᠠᠶᠢᠯᠠᠨ ᠤᠮᠠᠷᠠᠰᠢ ᠪᠠᠶᠢᠯᠳᠣᠵᠤ᠂ ᠥᠪᠡᠷ ᠤᠨ ᠭᠡᠷᠡᠯ ᠰᠠᠴᠤᠷᠠᠩᠭᠤᠢ ᠬᠠᠭᠤᠳᠠᠰᠤ ᠪᠠᠨ ᠥᠯᠡᠳᠡᠭᠡᠵᠡᠢ᠃      ᠡᠵᠡᠨ᠎ᠡ ᠬᠤᠰᠢᠭᠤᠨ ᠤ ᠲᠡᠦᠬᠡ ᠪᠠ ᠭᠠᠵᠠᠷ ᠵᠦᠢ ᠶᠢᠨ ᠡᠷᠳᠡᠮᠲᠡᠨ ᠯᠢ ᠵᠢᠩ᠄ ᠵᠢᠦᠢ ᠶᠠᠨ ᠤ ᠬᠤᠯᠣᠰᠣᠨ ᠪᠢᠴᠢᠭ ᠪᠠᠷ ᠳᠠᠮᠵᠢᠨ ᠪᠢᠳᠠ ᠦᠨᠳᠦᠰᠦᠲᠡᠨ ᠨᠦᠭᠦᠳ ᠤᠨ ᠬᠠᠷᠢᠯᠴᠠᠨ ᠠᠭᠤᠰᠤᠯᠴᠠᠵᠤ ᠪᠠᠶᠢᠬᠤ ᠶᠢ ᠦᠵᠡᠵᠦ ᠭᠠᠷᠤᠨ᠎ᠠ᠃ ᠲᠤᠬᠠᠢ ᠶᠢᠨ ᠦᠶ᠎ᠡ ᠳᠤ ᠵᠢᠦᠢ ᠶᠠᠨ ᠣᠷᠣᠨ ᠤ ᠴᠡᠷᠢᠭ ᠠᠩᠭᠢ ᠳᠤ ᠮᠣᠷᠢᠲᠤ ᠪᠠᠭᠠᠲᠤᠷ ᠲᠠᠢ᠂ ᠡᠨᠡ ᠬᠦ ᠴᠡᠷᠢᠭ ᠠᠩᠭᠢ ᠪᠣᠯ ᠴᠤᠯᠤ ᠬᠢᠲᠠᠳ ᠦᠨᠳᠦᠰᠦᠲᠡᠨ ᠢᠶᠠᠷ ᠪᠦᠷᠢᠯᠳᠦᠭᠰᠡᠨ ᠴᠡᠷᠢᠭ ᠠᠩᠭᠢ ᠪᠢᠰᠢ᠂ ᠲᠡᠷᠡ ᠪᠣᠯ ᠨᠢᠭᠡᠨ ᠤᠯᠡᠠ ᠦᠨᠳᠦᠰᠦᠲᠡᠨ ᠢᠶᠠᠷ ᠪᠦᠷᠢᠯᠳᠦᠭᠰᠡᠨ ᠨᠢᠭᠡᠨ ᠰᠠᠯᠠᠭ᠎ᠠ ᠴᠡᠷᠢᠭ ᠠᠩᠭᠢ ᠮᠥᠨ᠂ ᠲᠡᠳᠡᠠ ᠤ ᠬᠠᠮᠲᠤ ᠶᠢᠨ ᠡᠭᠦᠷᠭᠡ ᠪᠣᠯ ᠳᠠᠷᠤᠢ ᠭᠠᠳᠠᠭᠠᠳᠤ ᠶᠢᠨ ᠳᠠᠶᠢᠰᠤᠨ ᠢ ᠡᠰᠡᠷᠭᠦᠴᠡᠨ ᠬᠤᠷᠢᠭᠯᠠᠵᠤ᠂ ᠵᠦᠩᠶᠤᠸᠠᠨ ᠣᠷᠣᠨ ᠤ ᠸᠠᠩᠲᠤ ᠲᠦᠷᠦ ᠪᠣᠯᠣᠨ ᠠᠷᠠᠳ ᠲᠦᠮᠡᠨ ᠤ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠬᠠᠮᠠᠭᠠᠯᠠᠬᠤ ᠶᠠᠪᠤᠳᠠᠯ ᠪᠣᠯᠣᠨ᠎ᠠ᠃      ᠡᠲᠡᠭᠡᠷ ᠬᠤᠶᠠᠷ ᠮᠢᠩᠭᠠᠨ ᠵᠢᠯ ᠢ ᠲᠤᠭᠤᠯᠵᠤ ᠢᠷᠡᠭᠰᠡᠨ ᠵᠢᠤᠢ ᠶᠡᠨ ᠤ ᠬᠤᠯᠣᠰᠣᠨ ᠪᠢᠴᠢᠭ ᠨᠢ ᠬᠡᠳᠣᠶᠢᠪᠡᠷ ᠶᠠᠯᠢᠮ ᠦᠭᠡᠢ ᠪᠣᠯᠪᠠᠴᠤ ᠪᠠᠯᠠᠷᠬᠠᠢ ᠥᠰᠥᠭ ᠪᠢᠴᠢᠭ ᠲᠤ ᠬᠠᠷᠢᠨ ᠶᠡᠭᠡ ᠬᠡᠮᠵᠢᠶᠡᠨ ᠤ ᠮᠡᠳᠡᠭᠡ ᠵᠠᠩᠭᠢ ᠨᠢᠭᠤᠭᠳᠠᠵᠤ ᠪᠠᠶᠢᠳᠠᠭ᠃ ᠲᠡᠷᠡ ᠬᠦ ᠵᠠᠪᠰᠠᠷ ᠤᠨ ᠤᠳᠬ᠎ᠠ ᠲᠡᠭᠦᠯᠳᠡᠷ ᠲᠣᠯᠪᠣᠲᠤ ᠪᠡᠭᠡ ᠶᠢᠨ ᠤᠷᠤᠮ ᠳᠣᠲᠣᠷ᠎ᠠ ᠠᠴᠠ ᠤᠯᠠᠨ ᠦᠨᠳᠦᠰᠦᠲᠡᠨ ᠬᠠᠮᠲᠤ ᠪᠠᠷ ᠴᠡᠴᠡᠭᠯᠡᠨ ᠬᠥᠭᠵᠢᠭᠰᠡᠨ ᠶᠡᠭᠡ ᠨᠢᠭᠡᠳᠦᠯ ᠤᠨ ᠴᠠᠭ ᠦᠶ᠎ᠡ ᠶᠢ ᠳᠡᠮᠳᠡᠭᠯᠡᠭᠰᠡᠨ ᠪᠠᠶᠢᠳᠠᠭ᠃ 36 ᠬᠤᠪᠢ ︽ᠵᠢᠶᠠᠨ ᠦ᠋ ᠶᠢᠨ ᠭᠤᠷᠪᠠᠳᠤᠭᠠᠷ ᠣᠨ ᠤ ᠠᠷᠪᠠᠨ ᠬᠤᠶᠠᠳᠤᠭᠠᠷ ᠰᠠᠷ᠎ᠠ ᠳᠤ ᠾᠧᠦ ᠵᠢᠶᠠ ᠵᠢᠶᠦ᠋ᠨ ᠤ ᠬᠠᠷᠢᠭᠤᠴᠠᠭᠰᠠᠨ ︵ᠥᠷᠢᠲᠦ︶ ᠳᠡᠭᠡᠷᠡᠮ ᠤᠨ ᠠᠴᠢᠲᠤ ᠬᠡᠷᠡᠭ︾ ᠎ ᠤᠨ  ᠵᠢᠤᠢ ᠶᠡᠨ ᠤ ᠬᠤᠯᠣᠰᠣᠨ ᠪᠢᠴᠢᠭ ᠲᠤ᠂ 2000 ᠣᠨ ᠠᠴᠠ ᠡᠮᠦᠨᠡᠬᠢ ᠨᠢᠭᠡᠨ ᠠᠵᠤ ᠠᠬᠤᠢ ᠶᠢᠨ ᠵᠢᠭᠤᠷᠠᠯᠳᠤᠭᠠᠨ ᠤ ᠬᠡᠷᠡᠭ ᠢ ᠳᠡᠮᠳᠡᠭᠯᠡᠵᠦ᠂ ᠲᠡᠭᠦᠨ ᠤ ᠳᠣᠲᠣᠷᠠᠬᠢ ᠨᠢᠭᠡ ᠲᠤᠬᠠᠢ ᠶᠢᠨ ᠬᠥᠮᠥᠨ ᠨᠢ ᠳᠠᠷᠤᠢ ᠵᠦᠩᠶᠤᠸᠠᠨ ᠣᠷᠣᠨ ᠤ ᠾᠧᠨᠠᠨ ᠠᠴᠠ ᠢᠷᠡᠵᠤ ᠵᠢᠦᠢ ᠶᠠᠨ ᠳᠤ ᠲᠠᠷᠢᠶᠠᠯᠠᠵᠤ ᠪᠠᠶᠢᠭᠰᠠᠨ ᠲᠠᠷᠢᠶᠠᠴᠢᠨ ᠪᠠᠶᠢᠵᠦ᠂ ᠡᠨᠡ ᠬᠦ ᠬᠡᠷᠡᠭ ᠨᠢ ᠳᠠᠷᠣᠢ ᠲᠤᠬᠠᠢ ᠶᠢᠨ ᠦᠶ᠎ᠡ ᠶᠢᠨ ᠠᠵᠤ ᠠᠬᠤᠢ ᠶᠢᠨ ᠶᠠᠪᠤᠯᠴᠠᠭ᠎ᠠ ᠪᠠ ᠡᠯ᠎ᠡ ᠦᠨᠳᠦᠰᠦᠲᠡᠨ ᠤ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠯ ᠢ ᠨᠥᠬᠦᠭᠡ ᠨᠢᠭᠡ ᠲᠠᠯ᠎ᠠ ᠠᠴᠠ  ᠬᠦᠢᠴᠡᠳ ᠳᠣᠰᠬᠠᠵᠠᠢ᠃      ᠡᠵᠡᠨ᠎ᠡ ᠬᠤᠰᠢᠭᠤᠨ ᠤ ᠲᠡᠦᠬᠡ ᠪᠠ ᠭᠠᠵᠠᠷ ᠵᠦᠢ ᠶᠢᠨ ᠡᠷᠳᠡᠮᠲᠡᠨ ᠯᠢ ᠵᠢᠩ᠄ ᠡᠵᠡᠨ᠎ᠡ ᠶᠢᠨ ᠭᠠᠵᠠᠷ       ᠣᠷᠣᠨ ᠨᠢ ᠪᠦᠬᠦ ᠤᠯᠤᠰ ᠤᠨ ᠡᠯ᠎ᠡ ᠭᠠᠵᠠᠷ ᠣᠷᠣᠨ ᠲᠠᠢ ᠠᠳᠠᠯᠢᠬᠠᠨ᠂ ᠡᠯ᠎ᠡ ᠦᠨᠳᠦᠰᠦᠲᠡᠨ ᠨᠦᠭᠦᠳ ᠰᠣᠶᠣᠯ ᠤᠨ ᠲᠠᠯ᠎ᠠ ᠪᠠᠷ᠂ ᠠᠵᠤ ᠠᠬᠤᠢ ᠶᠢᠨ ᠲᠠᠯ᠎ᠠ ᠪᠠᠷ᠂ ᠤᠯᠤᠰ ᠲᠦᠷᠦ ᠶᠢᠨ ᠲᠠᠯ᠎ᠠ ᠪᠠᠷ ᠴᠢᠨᠠᠭᠰᠢᠯᠠᠪᠠᠯ ᠤᠷᠤᠭ ᠬᠤᠷᠢᠮ ᠤᠨ ᠲᠠᠯ᠎ᠠ ᠪᠠᠷ ᠪᠦᠷ ᠬᠠᠷᠢᠯᠴᠠᠨ ᠠᠭᠤᠰᠤᠯᠴᠠᠯ ᠲᠠᠢ ᠪᠠᠶᠢᠳᠠᠭ᠃ ᠡᠨᠡ ᠬᠦ ᠠᠭᠤᠰᠤᠯᠴᠠᠯ ᠪᠣᠯ ᠦᠶ᠎ᠡ ᠤᠯᠠᠷᠢᠨ ᠣᠷᠣᠰᠢᠨ ᠲᠣᠭᠲᠠᠨᠢᠵᠤ᠂ ᠶᠡᠷᠦ ᠠᠴᠠ ᠦᠶ᠎ᠡ ᠲᠠᠰᠤᠷᠠᠭ᠎ᠠ ᠦᠭᠡᠢ ᠤᠴᠢᠷ ᠠᠴᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠣᠯ ᠣᠳᠣᠬᠠᠨ ᠤ ᠳᠠᠷᠬᠠᠨ ᠡᠭᠦᠷᠭᠡ ᠪᠣᠯᠬᠤ ᠪᠠᠷ ᠪᠠᠷᠠᠬᠤ ᠦᠭᠡᠢ ᠪᠠᠰᠠ ᠴᠤ ᠡᠷᠲᠡᠨ ᠠᠴᠠ ᠠᠪᠤᠭᠠᠳ ᠮᠠᠨ ᠤ ᠬᠥᠮᠥᠨ ᠨᠢᠭᠡᠪᠦᠷᠢ ᠶᠢᠨ ᠴᠢᠰᠤ ᠶᠠᠰᠤᠨ ᠳᠤ  ᠬᠦᠨ ᠬᠠᠳᠠᠩᠰᠢᠭᠰᠠᠨ ᠨᠢᠭᠡ ᠵᠦᠢᠯ ᠤᠨ ᠢᠲᠡᠭᠡᠯ ᠪᠢᠰᠢᠷᠡᠯ ᠪᠣᠯᠬᠤ ᠶᠤᠮ᠃      ᠥᠨᠥᠳᠥᠷ ᠪᠣᠯᠳᠠᠯ᠎ᠠ ᠵᠢᠦᠢ ᠶᠠᠨ ᠤ ᠰᠤᠶᠤᠯ ᠮᠥᠨᠬᠦ ᠴᠢᠬᠤᠯᠠ ᠦᠢᠯᠡᠳᠦᠯ ᠢᠶᠠᠨ ᠪᠠᠳᠠᠷᠠᠭᠤᠯᠤᠭᠰᠠᠭᠠᠷ       ᠪᠠᠶᠢᠵᠦ᠂ ᠳᠡᠯᠡᠬᠡᠢ ᠳᠡᠭᠡᠷᠡᠬᠢ ᠡᠯᠡᠰᠦᠨ ᠴᠦᠯ ᠢ ᠲᠤᠭᠤᠯᠤᠭᠰᠠᠨ ᠬᠠᠮᠤᠭ ᠤᠨ ᠤᠷᠳᠤ ᠵᠠᠰᠠᠮᠠᠯ ᠵᠠᠮ ᠪᠣᠯᠬᠤ ᠪᠡᠭᠡᠵᠢᠩ ᠠᠴᠠ ᠰᠢᠨᠵᠢᠶᠠᠩ ᠬᠦᠷᠬᠦ ᠲᠦᠷᠭᠡᠨ ᠤ ᠵᠠᠰᠠᠮᠠᠯ ᠵᠠᠮ ᠠᠳᠡ ᠠᠴᠠ ᠥᠩᠭᠡᠷᠡᠵᠦ  ᠪᠤᠢ᠃ ᠤᠰᠤ ᠨᠢ ᠳᠣᠩᠭᠠᠯᠠᠭ ᠡᠪᠡᠰᠤ ᠨᠢ ᠬᠤᠴᠢᠯᠢᠭ ᠰᠣᠪᠨᠠᠭᠤᠷ ᠨᠢ ᠬᠡᠳᠣᠨ ᠮᠢᠩᠭᠠᠨ ᠵᠢᠯ ᠤᠨ ᠲᠤᠷᠰᠢ ᠬᠥᠮᠥᠰ ᠤᠨ ᠠᠩᠬᠠᠷᠤᠯ ᠢ ᠲᠠᠲᠠᠭᠰᠠᠭᠠᠷ ᠪᠠᠷ ᠪᠠᠷᠠᠬᠤ ᠦᠭᠡᠢ ᠬᠢᠲᠠᠳ ᠬᠤᠯᠣᠰᠣᠨ ᠪᠢᠴᠢᠭ ᠨᠢ ᠥᠨᠢ ᠤᠳᠠᠭᠠᠨ ᠲᠡᠦᠬᠡ ᠶᠢᠨ ᠦᠯᠢᠭᠡᠷ       ᠣᠴᠢᠷ ᠤᠳ ᠢ ᠥᠯᠡᠳᠡᠭᠡᠵᠦ᠂ ᠡᠬᠡ ᠤᠯᠤᠰ ᠤᠨ ᠥᠷᠭᠡᠨ ᠠᠭᠤᠳᠠᠮ ᠨᠤᠲᠤᠭ ᠳᠡᠪᠢᠰᠬᠡᠷ ᠢ ᠦᠨᠳᠦᠰᠦᠲᠡᠨ ᠨᠦᠭᠦᠳ ᠬᠠᠮᠲᠤ ᠪᠠᠷ ᠡᠭᠦᠳᠦᠨ ᠨᠡᠭᠡᠭᠡᠭᠰᠡᠨ᠂ ᠥᠨᠢ ᠤᠳᠠᠭᠠᠨ ᠲᠡᠦᠬᠡ ᠶᠢ ᠬᠠᠮᠲᠤ ᠪᠠᠷ ᠪᠢᠴᠢᠭᠯᠡᠭᠰᠡᠨ᠂ ᠭᠡᠷᠡᠯ ᠰᠠᠴᠤᠷᠠᠩᠭᠤᠢ ᠰᠣᠶᠣᠯ ᠢ ᠬᠠᠮᠲᠤ ᠪᠠᠷ ᠡᠭᠦᠳᠦᠨ ᠪᠦᠲᠦᠭᠡᠭᠰᠡᠨ᠂ ᠠᠭᠤᠤ ᠶᠡᠭᠡ ᠵᠣᠷᠢᠭ ᠰᠠᠨᠠᠭ᠎ᠠ ᠶᠢ ᠬᠠᠮᠲᠤ ᠪᠠᠷ ᠪᠣᠶᠢᠵᠢᠭᠤᠯᠤᠭᠰᠠᠨ ᠲᠡᠦᠬᠡ ᠶᠢᠨ ᠪᠣᠳᠠᠲᠤ ᠬᠡᠷᠡᠭ ᠮᠥᠨ ᠭᠡᠳᠡᠭ ᠢ ᠪᠠᠲᠤ ᠭᠡᠷᠡᠴᠢᠯᠡᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号