7 ᠳ᠋ᠤᠭᠠᠷ ᠰᠠᠷ᠎ᠠ ᠶᠢᠨ 21 ᠤ ᠡᠳᠤᠷ᠂ ᠮᠠᠨ ᠤ ᠬᠤᠰᠢᠭᠤᠨ ᠳᠤ ᠪᠤᠷᠤᠭ᠎ᠠ ᠪᠠᠭᠤᠵᠤ᠂ ᠬᠡᠰᠡᠭ ᠰᠤᠮᠤ | ᠪᠠᠯᠭᠠᠰᠤᠨ ᠤ ᠭᠠᠩ ᠬᠠᠭᠰᠠᠷᠭᠠᠨ ᠤ ᠪᠠᠶᠢᠳᠠᠯ ᠢ ᠨᠠᠮᠳᠠᠭᠤᠯᠤᠨ᠂ ᠠᠭᠠᠬᠢᠮ᠎ᠠ ᠬᠠᠯᠠᠭᠤᠨ ᠵᠤᠨ ᠤ ᠤᠯᠠᠷᠢᠯ ᠳᠤ | ᠰᠡᠷᠢᠭᠦᠨ ᠲᠠᠭᠠᠯᠠᠮᠵᠢᠲᠠᠢ ᠠᠭᠤᠷ ᠠᠮᠢᠰᠬᠤᠯ ᠢ ᠠᠪᠴᠢᠷᠠᠭᠰᠠᠨ ᠪᠠᠶᠢᠨ᠎ᠠ᠃ | ᠦᠷᠯᠦᠭᠡ ᠡᠷᠳᠡ᠂ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠳᠤ ᠪᠠᠭ᠎ᠠ ᠪᠤᠷᠤᠭᠠᠨ ᠤᠷᠤᠵᠤ᠂ | ᠬᠥᠳᠡᠭᠡ ᠳᠡᠯ᠎ᠠ ᠶᠢᠨ ᠠᠭᠤᠷ ᠠᠮᠢᠰᠬᠤᠯ ᠢ ᠨᠡᠩ ᠴᠢᠬᠢᠯᠢᠭ ᠰᠠᠶᠢᠬᠠᠨ ᠪᠣᠯᠭᠠᠵᠤ᠂ ᠮᠠᠯᠴᠢᠨ ᠠᠷᠠᠳ ᠤᠨ ᠰᠡᠳᠬᠢᠯ ᠢ | ᠪᠠᠶᠠᠰᠬᠠᠨᠨᠠ᠃ ᠡᠨᠡ ᠵᠢᠯ᠂ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭ᠎ᠠ ᠨᠢ ᠨᠡᠯᠢᠶᠡᠳ ᠬᠦᠨᠳᠤ ᠨᠤᠴᠢᠲᠠᠢ | ᠭᠠᠩᠳᠠᠭᠰᠠᠨ ᠠᠴᠠ ᠬᠠᠪᠤᠷ ᠤᠨ ᠤᠯᠠᠷᠢᠯ ᠤᠨ ᠡᠪᠡᠰᠤ ᠤᠷᠭᠤᠮᠠᠯ ᠤᠨ ᠨᠤᠭᠤᠭᠠᠷᠠᠭᠤᠯᠤᠯᠲᠠ ᠪᠠ ᠤᠷᠭᠤᠯᠳᠠ ᠤᠨ | ᠬᠡᠮᠵᠢᠶ᠎ᠠ ᠶᠡᠭᠡ ᠪᠠᠷ ᠮᠠᠭᠤᠳᠠᠵᠤ᠂ ᠮᠠᠯᠴᠢᠳ ᠲᠤ ᠵᠤᠬᠢᠬᠤ ᠬᠡᠮᠵᠢᠶᠡᠨ ᠤ ᠠᠵᠤ ᠠᠬᠤᠢ ᠶᠢᠨ ᠬᠤᠬᠢᠷᠠᠯ ᠢ | ᠣᠴᠠᠷᠠᠭᠤᠯᠣᠭᠰᠠᠨ ᠢᠶᠠᠷ ᠪᠠᠷᠠᠬᠤ ᠦᠭᠡᠢ ᠮᠥᠨᠴᠦ ᠦᠢᠯᠡᠳᠪᠤᠷᠢᠯᠡᠯ ᠠᠮᠢᠳᠤᠷᠠᠯ ᠢ ᠨᠢ ᠴᠦ ᠶᠡᠬᠡᠬᠡᠨ ᠨᠦᠯᠦᠭᠡᠯᠡᠭᠰᠡᠨ | ᠪᠠᠶᠢᠨ᠎ᠠ᠃ | ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠲᠠᠷᠤᠭ᠎ᠠ | ᠪᠠᠳᠤᠴᠠᠭᠠᠨ᠄ ︽ᠡᠨᠡ ᠵᠢᠯ ᠤᠨ ᠵᠢᠷᠭᠤᠭᠠᠨ ᠰᠠᠷ᠎ᠠ ᠠᠴᠠ ᠡᠮᠤᠨ᠎ᠡ ᠭᠠᠩ ᠬᠠᠭᠰᠠᠷᠭᠠᠨ ᠤ ᠪᠠᠶᠢᠳᠠᠯ ᠨᠡᠯᠢᠶᠡᠳ | ᠬᠦᠨᠳᠤ ᠨᠤᠴᠢᠲᠠᠢ ᠪᠠᠶᠢᠭᠰᠠᠨ᠂ ᠤᠴᠢᠷ ᠨᠢ ᠭᠤᠷᠪᠠᠨ ᠵᠢᠯ ᠲᠠᠷᠠᠭᠠᠯᠠᠨ ᠬᠤᠷ᠎ᠠ ᠲᠤᠨᠤᠳᠠᠰᠤ ᠤᠷᠤᠭᠰᠠᠨ ᠦᠭᠡᠢ | ᠭᠠᠩ ᠲᠠᠢ ᠪᠠᠶᠢᠭᠰᠠᠨ ᠠᠴᠠ ᠮᠠᠨ ᠤ ᠮᠠᠯᠴᠢᠳ ᠮᠠᠨᠢ ᠦᠪᠡᠷᠰᠡᠳ ᠢᠶᠠᠨ ᠡᠪᠡᠰᠤ ᠪᠤᠷᠳᠤᠭ᠎ᠠ ᠬᠤᠳᠠᠯᠳᠤᠨ ᠠᠪᠴᠤ | ᠲᠡᠮᠡᠭᠡ ᠪᠠᠨ ᠪᠦᠷ ᠬᠠᠰᠢᠶᠠᠯᠠᠵᠤ ᠲᠡᠵᠢᠭᠡᠳᠡᠭ︾ ᠭᠡᠵᠦ ᠪᠠᠶᠢᠯ᠎ᠠ᠃ | ᠪᠠᠳᠤᠴᠠᠭᠠᠨ ᠤ ᠬᠡᠯᠡᠬᠦ ᠪᠠᠷ᠂ ᠦᠩᠭᠡᠷᠡᠭᠰᠡᠨ ᠳᠤ ᠪᠡᠯᠴᠢᠭᠡᠷ ᠤᠨ ᠤᠷᠭᠤᠴᠠ ᠮᠠᠰᠢ ᠠᠨᠠᠢ ᠪᠠᠶᠢᠵᠤ᠂ 6 | ᠰᠠᠷ᠎ᠠ ᠶᠢᠨ ᠰᠡᠭᠦᠯᠴᠢ ᠪᠤᠯᠬᠤ ᠳᠤ᠂ ᠳ᠋ᠦᠩᠹᠧᠩ ᠪᠠᠯᠭᠠᠰᠤᠨ ᠤ ᠭᠤᠷᠤᠨᠠᠢ ᠭᠠᠴᠠᠭᠠᠨ ᠳᠤ ᠨᠢᠭᠡ ᠤᠳᠠᠭ᠎ᠠ | ᠨᠡᠯᠢᠶᠡᠳ ᠶᠡᠭᠡ ᠪᠤᠷᠤᠭᠠᠨ ᠣᠷᠣᠭᠰᠠᠨ ᠨᠢ ᠪᠡᠯᠴᠢᠭᠡᠷ ᠤᠨ ᠤᠷᠭᠤᠯᠳᠠ ᠳᠤ ᠲᠦᠢᠯ ᠤᠨ ᠠᠰᠢᠭᠲᠠᠢ ᠪᠣᠯᠵᠤ᠂ ᠭᠠᠩ | ᠬᠠᠭᠰᠠᠷᠭᠠᠨ ᠤ ᠪᠠᠶᠢᠳᠠᠯ ᠢ ᠪᠦᠳᠦᠮᠵᠢᠲᠠᠢ ᠪᠠᠷ ᠨᠠᠮᠳᠠᠭᠤᠯᠵᠤ ᠴᠢᠳᠠᠭᠰᠠᠨ ᠪᠠᠶᠢᠨ᠎ᠠ ᠭᠡᠯᠡ᠃ ᠨᠢᠭᠡᠳᠦᠭᠡᠷ ᠤᠳᠠᠭᠠᠨ ᠤ | ᠪᠤᠷᠤᠭᠠᠨ ᠤᠷᠤᠭᠰᠠᠨ ᠤ ᠲᠠᠷᠠᠭ᠎ᠠ᠂ ᠡᠪᠡᠰᠤ ᠤᠷᠭᠤᠮᠠᠯ ᠤᠨ ᠤᠰᠤ ᠴᠢᠬᠢᠭ ᠢ ᠪᠦᠳᠦᠮᠵᠢᠲᠠᠢ ᠨᠦᠬᠦᠪᠦᠷᠢᠯᠡᠵᠤ᠂ | ᠤᠳᠤᠬᠠᠨ ᠳᠤ ᠡᠪᠡᠰᠤᠨ ᠤ ᠤᠷᠭᠤᠴᠠ ᠨᠡᠯᠢᠶᠡᠳ ᠰᠠᠶᠢᠨ ᠪᠤᠯᠵᠤ᠂ ᠮᠠᠯᠴᠢᠳ ᠤᠨ ᠮᠠᠯ ᠲᠡᠵᠢᠭᠡᠪᠤᠷᠢ ᠶᠢᠨ ᠡᠪᠡᠰᠤ | ᠪᠤᠷᠳᠤᠭ᠎ᠠ ᠲᠤᠳᠠᠭᠳᠠᠬᠤ ᠠᠰᠠᠭᠤᠳᠠᠯ ᠢ ᠳᠦᠢᠯᠪᠤᠷᠢᠲᠠᠢ ᠰᠢᠢᠳᠪᠤᠷᠢᠯᠡᠵᠤ ᠴᠢᠳᠠᠵᠡᠢ᠃ | ᠡᠨᠡ ᠤᠳᠠᠭᠠᠨ ᠤ ᠪᠣᠷᠤᠭ᠎ᠠ ᠨᠢ᠂ ᠮᠠᠨ ᠤ ᠬᠤᠰᠢᠭᠤᠨ ᠤ ᠳ᠋ᠦᠩᠹᠧᠩ ᠪᠠᠯᠭᠠᠰᠤᠨ ᠳᠤ ᠬᠠᠮᠤᠭ ᠶᠡᠭᠡ | ᠤᠷᠤᠵᠤ᠂ ᠬᠥᠷᠥᠰᠤᠨ ᠤ ᠴᠢᠭᠡᠭ ᠤᠨ ᠬᠡᠮᠵᠢᠶ᠎ᠡ ᠨᠢ 14.5 ᠮᠢᠯᠢᠮᠧᠲᠷ ᠲᠤ ᠬᠦᠷᠴᠤ᠂ ᠡᠪᠡᠰᠤ ᠪᠡᠯᠴᠢᠭᠡᠷ | ᠰᠡᠷᠭᠦᠯᠲᠠ ᠶᠢᠨ ᠪᠠᠶᠢᠳᠠᠯ ᠲᠠᠢ ᠪᠤᠯᠵᠤ᠂ ᠭᠠᠩ ᠤᠨ ᠪᠠᠶᠢᠳᠠᠯ ᠢ ᠨᠠᠮᠳᠠᠭᠤᠯᠤᠨ᠂ ᠬᠦᠷᠦᠰᠤ ᠰᠢᠷᠦᠢ ᠶᠢᠨ ᠴᠢᠬᠢᠭ ᠤᠨ | ᠪᠠᠶᠢᠳᠠᠯ ᠢ ᠪᠦᠳᠦᠮᠵᠢᠲᠠᠢ ᠰᠠᠶᠢᠵᠢᠷᠠᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠡᠯ ᠳᠤ ᠲᠦᠢᠯ ᠤᠨ | ᠠᠰᠢᠭᠲᠠᠢ ᠪᠤᠯᠤᠭᠰᠠᠨ ᠪᠠᠶᠢᠨ᠎ᠠ᠃ | |