7 ᠳ᠋ᠤᠭᠠᠷ ᠰᠠᠷ᠎ᠠ ᠶᠢᠨ 20 ᠤ ᠡᠳᠦᠷ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ | ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢ ᠵᠣᠬᠢᠶᠠᠨ ᠪᠠᠶᠢᠭᠤᠯᠵᠤ᠂ | 60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ︽ᠭᠡᠷ ᠤᠨ ᠡᠭᠦᠳᠡᠨ ᠳᠤ ᠨᠢ ᠬᠦᠷᠴᠦ ᠸᠠᠺᠼᠢᠨ ᠤ | ᠲᠠᠷᠢᠯᠭ᠎ᠠ ᠶᠢ ᠳᠠᠷᠢᠬᠤ︾ ᠠᠵᠢᠯᠯᠠᠭ᠎ᠠ ᠥᠷᠨᠢᠬᠦᠯᠵᠦ᠂ ᠰᠢᠨ᠎ᠡ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠲᠠᠷᠢᠯᠭ᠎ᠠ ᠶᠢᠨ ᠪᠦᠷᠬᠦᠴᠡ ᠶᠢᠨ ᠨᠣᠷᠮ᠎ᠠ ᠶᠢ ᠪᠦᠳᠦᠮᠵᠢᠲᠠᠢ ᠳᠡᠭᠡᠭᠰᠢᠯᠡᠭᠦᠯᠦᠨ᠂ ᠪᠥᠬᠦ ᠠᠷᠠᠳ ᠤᠨ ᠡᠭᠡᠯᠢᠯᠡᠭᠡ ᠶᠢᠨ | ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠵᠤ ᠪᠠᠶᠢᠨ᠎ᠠ᠃ | ᠲᠣᠰ ᠤᠳᠠᠭᠠᠨ ᠤ ᠡᠷᠦᠬᠡ ᠳᠤ ᠬᠦᠨᠵᠡᠭᠡᠶᠢᠷᠡᠬᠦ ᠠᠵᠢᠯᠯᠠᠭ᠎ᠠ ᠳᠤ᠂ ᠡᠮᠨᠡᠯᠭᠡ ᠶᠢᠨ ᠠᠵᠢᠯᠲᠠᠳ | ᠨᠠᠰᠤᠲᠠᠶᠢᠴᠤᠳ ᠤᠨ ᠸᠠᠺᠼᠢᠨ ᠤ ᠲᠠᠷᠢᠯᠭ᠎ᠠ ᠶᠢᠨ ᠡᠷᠡᠭᠡᠯᠵᠡᠭᠡ ᠶᠢ ᠠᠷᠢᠯᠭᠠᠬᠤ ᠶᠢᠨ ᠲᠤᠰᠠᠲᠠ ᠸᠠᠺᠼᠢᠨ ᠤ | ᠲᠠᠷᠢᠯᠭ᠎ᠠ ᠶᠢᠨ ᠲᠠᠯ᠎ᠠ ᠶᠢᠨ ᠮᠡᠳᠡᠯᠭᠡ ᠶᠢ ᠨᠠᠷᠢᠨ ᠨᠢᠮᠪᠠᠢ ᠤᠬᠠᠭᠤᠯᠤᠨ ᠲᠠᠶᠢᠯᠪᠤᠷᠢᠯᠠᠵᠤ᠂ ᠨᠠᠰᠤᠲᠠᠶᠢᠴᠤᠳ ᠤᠨ | ᠣᠶᠢᠷ᠎ᠠ ᠶᠢᠨ ᠬᠤᠭᠤᠴᠠᠭᠠᠨ ᠤ ᠪᠡᠶ᠎ᠡ ᠶᠢᠨ ᠪᠠᠶᠢᠳᠠᠯ ᠪᠠ ᠥᠩᠭᠡᠷᠡᠭᠰᠡᠨ ᠤ ᠡᠪᠡᠳᠴᠢᠨ ᠤ ᠲᠡᠦᠬᠡ ᠶᠢ ᠣᠶᠢᠯᠠᠭᠠᠨ | ᠠᠰᠠᠭᠤᠬᠤ ᠶᠢᠨ ᠬᠠᠮᠲᠤ ᠲᠤᠬᠠᠢ ᠶᠢᠨ ᠲᠠᠯᠠᠪᠤᠷ ᠲᠤ ᠨᠠᠰᠤᠲᠠᠶᠢᠴᠤᠳ ᠤᠨ ᠴᠢᠰᠤᠨ ᠳᠠᠷᠤᠯᠲᠠ ᠶᠢ ᠬᠡᠮᠵᠢᠨ᠂ | ᠴᠡᠭᠡᠷᠯᠡᠬᠦ ᠡᠪᠡᠳᠴᠢᠨ ᠦᠭᠡᠢ ᠮᠥᠷᠲᠡᠭᠡᠨ ᠲᠠᠷᠢᠯᠭ᠎ᠠ ᠶᠢᠨ ᠨᠥᠬᠦᠴᠡᠯ ᠳᠤ ᠨᠠᠶᠢᠴᠡᠭᠰᠡᠨ ᠤ ᠳᠠᠷᠠᠭ᠎ᠠ ᠰᠠᠶ᠋ᠢ | ᠸᠠᠺᠼᠢᠨ ᠤ ᠲᠠᠷᠢᠯᠭ᠎ᠠ ᠶᠢ ᠲᠠᠷᠢᠪᠠ᠃ ᠡᠮᠨᠡᠯᠭᠡ ᠶᠢᠨ ᠠᠵᠢᠯᠲᠠᠨ ᠤ ᠬᠠᠮᠲᠤ ᠶᠢᠨ ᠴᠢᠷᠮᠠᠶᠢᠯᠭ᠎ᠠ ᠪᠠᠷ 7 ᠳ᠋ᠤᠭᠠᠷ | ᠰᠠᠷ᠎ᠠ ᠶᠢᠨ 20 ᠤ ᠡᠳᠦᠷ ᠪᠣᠯᠲᠠᠯ᠎ᠠ᠂ ᠡᠷᠦᠬᠡ ᠳᠤ ᠬᠦᠨᠵᠡᠭᠡᠶᠢᠷᠡᠨ ᠨᠡᠶᠢᠲᠡ 23 ᠤᠳᠠᠭ᠎ᠠ ᠳᠠᠷᠢᠯᠭ᠎ᠠ ᠳᠠᠷᠢᠭᠰᠠᠨ | ᠪᠠᠶᠢᠵᠦ᠂ ᠴᠥᠮ ᠬᠡᠪ ᠤᠨ ᠪᠤᠰᠤ ᠪᠠᠶᠢᠳᠠᠯ ᠭᠠᠷᠤᠭᠰᠠᠨ ᠦᠭᠡᠢ᠃ | ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠳᠤᠭᠤᠶᠢᠯᠠᠩ ᠤᠨ ᠱᠥᠵᠢ᠂ | ᠡᠷᠬᠢᠯᠡᠭᠴᠢ ᠯᠢ ᠰᠢᠶᠤᠤ ᠡᠾᠦᠢ ᠠᠴᠠ᠂ ᠭᠤᠣᠯ ᠦᠢᠯᠡᠴᠢᠯᠡᠬᠦ ᠡᠲᠡᠭᠡᠳ ᠪᠣᠯ ᠳᠠᠷᠣᠢ 60 ᠨᠠᠰᠤᠨ ᠠᠴᠠ | ᠳᠡᠭᠡᠭᠰᠢᠬᠢ ᠬᠥᠳᠡᠯᠵᠦ ᠪᠠᠷᠢᠬᠤ ᠳᠤ ᠳᠥᠭᠦᠮ ᠦᠭᠡᠢ ᠪᠣᠯᠣᠭᠰᠠᠨ ᠨᠠᠰᠤᠲᠠᠶᠢᠴᠤᠳ ᠪᠣᠯᠣᠨ᠎ᠠ᠃ ᠴᠡᠭ ᠠᠴᠠ | ᠴᠡᠭ ᠲᠤ ᠬᠦᠷᠬᠦ ᠨᠠᠷᠢᠯᠢᠭ ᠣᠨᠣᠪᠴᠢᠲᠠᠢ ᠲᠠᠷᠢᠯᠭ᠎ᠠ ᠶᠢᠨ ᠦᠢᠯᠡᠴᠢᠯᠡᠭᠡ ᠶᠢ ᠪᠦᠳᠦᠮᠵᠢᠲᠠᠢ ᠪᠡᠶᠡᠯᠡᠭᠦᠯᠵᠦ᠂ ᠸᠠᠺᠼᠢᠨ | ᠲᠠᠷᠢᠯᠭ᠎ᠠ ᠶᠢᠨ ᠦᠢᠯᠡᠴᠢᠯᠡᠭᠡ ᠶᠢ ᠡᠯ᠎ᠡ ᠰᠤᠮᠤ ᠪᠠᠯᠭᠠᠰᠤ᠂ ᠨᠡᠶᠢᠭᠡᠮ ᠲᠣᠭᠤᠷᠢᠭ᠂ ᠭᠠᠴᠠᠭ᠎ᠠ ᠳᠤ ᠬᠦᠷᠭᠡᠨ᠂ ︽ | ᠨᠢᠭᠡ ᠶᠢ ᠴᠦ ᠣᠷᠬᠢᠭᠳᠠᠭᠤᠯᠬᠤ ᠦᠭᠡᠢ︾ ᠪᠠᠶᠢᠬᠤ ᠶᠢ ᠥᠨᠡᠨᠬᠦ ᠪᠠᠳᠤᠯᠠᠨ᠎ᠠ ᠭᠡᠵᠦ ᠪᠠᠶᠢᠯ᠎ᠠ᠃ | ᠤᠶᠢᠯᠠᠭᠠᠭᠰᠠᠨ ᠢᠶᠠᠷ᠂ ᠨᠢᠳᠤᠨ ᠡᠮᠣᠨ᠎ᠠ ᠪᠣᠯᠬᠤ ᠳᠤ᠂ ᠮᠠᠨ ᠤ ᠬᠤᠰᠢᠭᠤᠨ ᠤ 60 ᠨᠠᠰᠣᠨ ᠠᠴᠠ | ᠳᠡᠭᠡᠭᠰᠢᠬᠢ ᠨᠠᠰᠤᠲᠠᠶᠢᠴᠤᠳ ᠤᠨ ᠲᠠᠷᠢᠯᠭ᠎ᠠ ᠳᠠᠷᠢᠭᠰᠠᠨ ᠶᠡᠷᠤᠩᠬᠡᠢ ᠲᠤᠭ᠎ᠠ 3512 ᠬᠥᠮᠥᠨ ᠳᠤ ᠬᠥᠷᠴᠤ᠂ | ᠲᠠᠷᠢᠯᠭ᠎ᠠ ᠶᠢᠨ ᠨᠣᠷᠮ᠎ᠠ 79.39% ᠳᠤ ᠬᠦᠷᠴᠡᠢ᠃ | | | | |