ᠲᠣᠰ ᠡᠳᠦᠷ ᠠᠴᠠ ᠡᠬᠢᠯᠡᠨ ᠡᠵᠡᠨ᠎ᠡ ᠬᠤᠰᠢᠭᠤᠨ ᠤ ᠪᠥᠬᠦ ᠠᠷᠠᠳ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠭᠰᠠᠨ ᠦᠭᠡᠢ ᠬᠦᠮᠦᠰ ᠤᠨ ᠭᠠᠷ ᠤᠲᠠᠰᠤᠨ ᠳᠤ ᠵᠢᠵᠢᠭ ᠴᠤᠩᠬᠤᠪᠴᠢ ᠶᠢᠨ ᠰᠠᠨᠠᠭᠤᠯᠤᠮᠵᠢ ᠢᠯᠡᠷᠡᠵᠦ ᠭᠠᠳᠠᠭᠰᠢ ᠭᠠᠷᠬᠤ ᠶᠢ ᠨᠢ ᠨᠥᠯᠦᠭᠡᠯᠡᠬᠦ ᠪᠣᠯᠣᠨ᠎ᠠ
ᠨᠡᠶᠢᠲᠡᠯᠡᠭᠰᠡᠨ ᠴᠠᠭ᠄
2022/7/26
     ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠷᠢᠯᠠᠭᠤᠯᠤᠯᠲᠠ ᠶᠢᠨ ᠠᠵᠢᠯ ᠤᠨ ᠱᠠᠭᠠᠷᠳᠠᠯᠭ᠎ᠠ ᠶᠣᠰᠣᠭᠠᠷ᠂ ᠡᠵᠡᠨ᠎ᠡ ᠬᠤᠰᠢᠭᠤᠨ ᠤ  ᠳᠠᠯᠠᠶᠢᠬᠦ᠋ᠪ ᠪᠠᠯᠭᠠᠰᠤ ᠨᠢ ᠪᠣᠭᠤᠮᠲᠠ ᠶᠢᠨ ᠬᠤᠲᠠ ︵ᠪᠠᠯᠭᠠᠰᠤ︶᠎ ᠎ ᠪᠠᠷ ᠵᠢᠭᠰᠠᠭᠠᠭᠳᠠᠵᠤ᠂ ᠪᠥᠬᠦ ᠠᠷᠠᠳ ᠤᠨ ᠪᠦᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠲᠥᠯᠥᠭᠡ᠂ ᠲᠣᠰ ᠡᠳᠦᠷ ᠠᠴᠠ ᠡᠬᠢᠯᠡᠨ ᠭᠠᠷᠠᠭ ᠪᠦᠷᠢ ᠶᠢᠨ ᠬᠤᠶᠠᠷ᠂ ᠲᠠᠪᠤᠨ ᠳᠤ ᠳᠠᠯᠠᠶᠢᠬᠦ᠋ᠪ ᠪᠠᠯᠭᠠᠰᠤᠨ ᠤ ᠪᠥᠬᠦ ᠠᠷᠠᠳ ᠤᠨ ᠪᠦᠭᠡᠮ ᠤᠨ ᠬᠦᠴᠢᠯ ᠤᠨ ᠪᠠᠶᠢᠴᠠᠭᠠᠨ ᠬᠡᠮᠵᠢᠯᠲᠡ ᠳᠤ ᠣᠷᠣᠯᠴᠠᠭᠰᠠᠨ ᠦᠭᠡᠢ ᠬᠥᠮᠥᠰ ᠲᠤ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢᠨ ᠰᠢᠰᠲ᠋ᠧᠮ ᠤᠨ ᠬᠢᠨ ᠵᠢᠵᠢᠭ ᠴᠤᠩᠬᠤᠪᠴᠢ ᠪᠠᠷ ᠰᠠᠨᠠᠭᠤᠯᠤᠮᠵᠢ ᠥᠭᠴᠦ᠂ ᠰᠠᠨᠠᠭᠤᠯᠤᠮᠵᠢ ᠥᠭᠬᠦ ᠬᠤᠭᠤᠴᠠᠭᠠᠨ ᠳᠤ ᠰᠢᠰᠲ᠋ᠧᠮ ᠤᠨ ᠡᠯ᠎ᠡ ᠵᠦᠢᠯ ᠤᠨ ᠴᠢᠳᠠᠮᠵᠢ ᠨᠢ ᠬᠢᠵᠠᠭᠠᠷᠯᠠᠯ ᠲᠠᠢ ᠪᠣᠯᠵᠤ ᠬᠡᠪ ᠤᠨ ᠪᠠᠶᠢᠳᠠᠯ ᠢᠶᠠᠷ ᠬᠡᠷᠡᠭᠯᠡᠭᠳᠡᠬᠦ ᠦᠭᠡᠢ ᠪᠠᠶᠢᠵᠤ᠂ ᠣᠯᠠᠨ ᠨᠡᠶᠢᠲᠡ ᠶᠢᠨ ᠲᠠᠯᠠᠪᠤᠷ ᠲᠤ ᠣᠷᠣᠵᠤ ᠭᠠᠷᠬᠤ ᠪᠠ ᠬᠡᠪ ᠤᠨ ᠪᠠᠶᠢᠳᠠᠯ ᠢᠶᠠᠷ ᠭᠠᠳᠠᠭᠰᠢ ᠭᠠᠷᠬᠤ ᠶᠢ ᠨᠥᠯᠥᠭᠡᠯᠡᠬᠦ ᠪᠣᠯᠣᠨ᠎ᠠ᠃ ᠪᠦᠭᠡᠮ ᠬᠦᠴᠢᠯ ᠤᠨ ᠪᠠᠶᠢᠴᠠᠭᠠᠯᠲᠠ ᠶᠢ ᠨᠥᠬᠦᠵᠦ ᠬᠢᠭᠰᠡᠨ ᠤ ᠳᠠᠷᠠᠭ᠎ᠠ᠂ ᠰᠢᠰᠲ᠋ᠧᠮ ᠨᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠦᠯᠦᠯᠲᠡ ᠶᠢ ᠪᠠᠶᠢᠴᠠᠭᠠᠨ ᠣᠯᠪᠠᠯ᠂ ᠵᠢᠵᠢᠭ ᠴᠤᠩᠬᠤᠪᠴᠢ ᠶᠢᠨ ᠰᠠᠨᠠᠭᠤᠯᠤᠮᠵᠢ ᠨᠢ ᠠᠶᠠᠨᠳᠠᠭᠠᠨ ᠲᠠᠶᠢᠯᠤᠭᠳᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号