ᠳ᠋ᠥᠩᠹᠧᠩ ᠰᠠᠨᠰᠠᠷ ᠤᠨ ᠬᠤᠲᠠ ︵G 213 ᠱᠤᠭᠤᠮ︶᠎ ᠠᠴᠠ ᠭᠤᠷᠤᠨᠠᠢ ᠬᠦᠷᠬᠦ ᠬᠤᠤᠰ ᠴᠢᠭᠯᠡᠯᠲᠦ ᠵᠠᠰᠠᠮᠠᠯ ᠵᠠᠮ ᠤᠨ ᠦᠭᠡᠷᠡᠴᠢᠯᠡᠨ ᠵᠠᠰᠠᠬᠤ ᠢᠨᠵᠧᠨᠧᠷᠢᠩ ᠡᠷᠴᠢᠮᠳᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/7/27
     ᠳ᠋ᠥᠩᠹᠧᠩ ᠰᠠᠨᠰᠠᠷ ᠤᠨ ᠬᠤᠲᠠ ︵G213 ᠱᠤᠭᠤᠮ︶᠎ ᠠᠴᠠ ᠳ᠋ᠦᠩᠹᠧᠩ ᠪᠠᠯᠭᠠᠰᠤ ᠶᠢᠨ ᠭᠤᠷᠤᠨᠠᠢ ᠭᠠᠴᠠᠭ᠎ᠠ ᠬᠦᠷᠬᠦ ᠬᠤᠤᠰ ᠴᠢᠭᠯᠡᠯᠲᠤ ᠵᠠᠰᠠᠮᠠᠯ ᠵᠠᠮ ᠤᠨ ᠦᠭᠡᠷᠡᠴᠢᠯᠡᠨ ᠵᠠᠰᠠᠬᠤ ᠢᠨᠵᠧᠨ᠋ᠷᠢᠩ ᠨᠢ ᠳᠣᠯᠤᠳᠤᠭᠠᠷ       ᠰᠠᠷ᠎ᠠ ᠶᠢᠨ ᠡᠬᠢ ᠪᠠᠷ ᠪᠦᠲᠦᠭᠡᠨ ᠪᠠᠶᠢᠭᠤᠯᠤᠯᠲᠠ ᠶᠢᠨ ᠠᠵᠢᠯ ᠢᠶᠠᠨ ᠡᠬᠢᠯᠡᠭᠦᠯᠵᠦ᠂ ᠤᠳᠤ ᠪᠤᠯᠬᠤ ᠳᠤ ᠲᠤᠰ ᠢᠨᠵᠧᠨ᠋ᠷᠢᠩ ᠨᠢ ᠲᠦᠯᠦᠪᠯᠡᠭᠡ ᠶᠤᠰᠤᠭᠠᠷ ᠡᠷᠴᠢᠮᠳᠠᠢ ᠶᠠᠪᠤᠭᠳᠠᠵᠤ ᠪᠠᠶᠢᠨ᠎ᠠ᠃      ᠳ᠋ᠦᠩᠹᠧᠩ ᠪᠠᠯᠭᠠᠰᠤ ᠶᠢᠨ ᠭᠤᠷᠤᠨᠠᠢ ᠭᠠᠴᠠᠭᠠᠨ ᠤ ᠲᠤᠰᠤᠨ ᠵᠠᠮ ᠤᠨ ᠬᠤᠶᠠᠷ ᠲᠠᠯ᠎ᠠ ᠪᠠᠷ ᠪᠠᠷᠢᠯᠭ᠎ᠠ ᠶᠢᠨ ᠠᠵᠢᠯᠴᠢᠨ ᠠᠴᠠ ᠠᠵᠢᠯ ᠤᠨ ᠬᠤᠪᠢᠶᠠᠷᠯᠠᠯ ᠢᠶᠠᠨ ᠦᠨᠳᠦᠰᠦᠯᠡᠨ ᠵᠠᠮ ᠤᠨ ᠰᠠᠭᠤᠷᠢ ᠳᠤ ᠰᠤᠪᠠᠭ ᠮᠠᠯᠳᠠᠬᠤ᠂ ᠤᠲᠠᠰᠤ ᠲᠠᠲᠠᠬᠤ᠂ ᠬᠡᠪ ᠤᠨ ᠬᠠᠪᠲᠠᠰᠤ ᠤᠭᠰᠠᠷᠠᠬᠤ᠂ ᠭᠠᠵᠠᠷ ᠲᠡᠭᠰᠢᠯᠡᠬᠦ ᠭᠡᠳ ᠶᠠᠭᠠᠷᠠᠯᠳᠠᠢ ᠠᠵᠢᠯᠴᠠᠭᠠᠨ᠎ᠠ᠃ ᠡᠶᠢᠨᠬᠦ ᠪᠠᠷᠢᠯᠭ᠎ᠠ ᠶᠢᠨ ᠠᠵᠢᠯ ᠤᠨ ᠠᠬᠢᠴᠠ ᠶᠢ ᠲᠦᠷᠭᠡᠳᠭᠡᠬᠦ ᠶᠢᠨ ᠲᠤᠰᠠᠲᠠ᠂ ᠪᠠᠷᠢᠯᠭ᠎ᠠ ᠶᠢᠨ ᠨᠢᠭᠡᠴᠡ ᠠᠴᠠ ᠬᠥᠮᠥᠨ᠂ ᠲᠤᠨᠤᠭ ᠲᠥᠭᠦᠭᠡᠷᠤᠮᠵᠢ᠂ ᠲᠡᠷᠭᠡ ᠮᠠᠰᠢᠨ ᠢᠶᠠᠨ ᠵᠦᠢ ᠵᠤᠬᠢᠰᠲᠠᠢ ᠲᠤᠬᠢᠷᠠᠭᠤᠯᠵᠤ᠂ ᠡᠳᠦᠷ  ᠪᠦᠷᠢ ᠶᠢᠨ ᠠᠵᠢᠯ ᠤᠨ ᠬᠡᠮᠵᠢᠶ᠎ᠡ ᠶᠢ ᠲᠦᠯᠦᠪᠯᠡᠭᠡ ᠶᠤᠰᠤᠭᠠᠷ ᠤᠷᠤᠭᠰᠢᠲᠠᠢ ᠠᠬᠢᠭᠤᠯᠬᠤ ᠶᠢ ᠪᠠᠳᠤᠯᠠᠵᠤ ᠪᠠᠶᠢᠨ᠎ᠠ᠃      ᠲᠦᠷᠦᠯ ᠵᠦᠢᠯ ᠤᠨ ᠬᠤᠶᠠᠳᠤᠭᠠᠷ ᠬᠡᠰᠡᠭ ᠤᠨ ᠬᠠᠷᠢᠭᠤᠴᠠᠯᠭᠠᠲᠠᠨ ᠯᠢ ᠵᠧᠨ ᠭᠥᠸᠧ ᠠᠴᠠ᠂ ᠪᠢᠳᠠᠨ ᠤ ᠡᠨᠡ ᠲᠦᠷᠦᠯ ᠵᠦᠢᠯ ᠨᠢ ᠵᠢᠷᠭᠤᠭᠠᠨ ᠰᠠᠷ᠎ᠠ ᠶᠢᠨ ᠲᠤᠮᠳᠠᠴᠢ ᠠᠴᠠ ᠡᠬᠢᠯᠡᠭᠰᠡᠨ ᠶᠤᠮ᠃ ᠤᠷᠢᠳᠡᠬᠢ ᠪᠤᠢ ᠪᠦᠬᠦᠢ ᠪᠡᠯᠡᠳᠬᠡᠯ ᠠᠵᠢᠯ ᠢᠶᠠᠨ ᠪᠦᠬᠦᠨ ᠢ ᠪᠡᠶᠡᠯᠡᠬᠦᠯᠦᠭᠰᠡᠨ ᠤ ᠲᠠᠷᠠᠭ᠎ᠠ ᠲᠤᠯᠤᠭᠠᠨ ᠰᠠᠷ᠎ᠠ ᠶᠢᠨ ᠡᠬᠢ ᠪᠠᠷ ᠵᠢᠩᠭᠢᠨᠢ ᠪᠠᠷ ᠠᠵᠢᠯ ᠢᠶᠠᠨ ᠡᠬᠢᠯᠡᠬᠦᠯᠦᠭᠰᠡᠨ ᠪᠠᠶᠢᠨ᠎ᠠ᠂ ᠲᠡᠭᠡᠪᠡᠯ ᠠᠷᠪᠠᠨ ᠰᠠᠷ᠎ᠠ ᠶᠢᠨ ᠲᠤᠮᠳᠠᠴᠢ ᠪᠠᠷ ᠪᠦᠬᠦ ᠠᠵᠢᠯ ᠢᠶᠠᠨ ᠲᠠᠭᠤᠰᠬᠠᠬᠤ ᠪᠠᠷ ᠲᠦᠯᠦᠪᠯᠡᠵᠤ ᠪᠤᠢ ᠭᠡᠯ᠎ᠡ᠃      ᠤᠤᠯ ᠤᠨ ᠳ᠋ᠥᠩᠹᠧᠩ ᠰᠠᠨᠰᠠᠷ ᠤᠨ ᠬᠤᠲᠠ ︵G 213 ᠱᠤᠭᠤᠮ︶᠎ ᠠᠴᠠ ᠳ᠋ᠦᠩᠹᠧᠩ ᠪᠠᠯᠭᠠᠰᠤ ᠶᠢᠨ ᠭᠤᠷᠤᠨᠠᠢ ᠭᠠᠴᠠᠭ᠎ᠠ ᠬᠦᠷᠬᠦ ᠵᠠᠰᠠᠮᠠᠯ ᠵᠠᠮ ᠢ 2009 ᠤᠨ ᠳᠤ  ᠪᠠᠶᠢᠭᠤᠯᠵᠤ᠂ ᠵᠠᠮ ᠤᠨ ᠮᠡᠷᠭᠡᠵᠢᠯ ᠤᠨ ᠵᠡᠷᠭᠡ ᠳᠡᠰ ᠳᠤᠤᠷ᠎ᠠ᠂ ᠵᠠᠮ ᠨᠢ ᠨᠠᠷᠢᠨ ᠢᠪᠴᠤᠤ᠂ ᠠᠮᠦᠷ ᠲᠦᠪᠰᠢᠨ ᠤ ᠬᠡᠮᠵᠢᠶ᠎ᠡ ᠪᠠᠷ ᠨᠡᠯᠢᠶᠡᠳ ᠲᠤᠤᠷ᠎ᠠ᠂ ᠲᠡᠷᠭᠡ ᠮᠠᠰᠢᠨ ᠨᠡᠪᠲᠡᠷᠡᠬᠦ ᠳᠤ ᠵᠤᠬᠢᠬᠤ ᠬᠡᠮᠵᠢᠶᠡᠨ ᠤ ᠠᠮᠤᠷ ᠲᠦᠪᠰᠢᠨ ᠤ ᠳᠡᠯᠳᠡ ᠭᠡᠮ ᠢ ᠤᠴᠠᠷᠠᠭᠤᠯᠵᠤ ᠪᠠᠶᠢᠪᠠ᠃ ᠮᠠᠯᠵᠢᠬᠤ ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠰᠠᠭᠠᠳ ᠦᠭᠡᠢ ᠨᠡᠪᠳᠡᠷᠡᠬᠦ ᠴᠢᠳᠠᠪᠤᠷᠢ ᠶᠢ ᠤᠯᠠᠮ ᠨᠢᠭᠡ ᠠᠯᠬᠤᠮ ᠲᠡᠭᠡᠭᠰᠢᠯᠡᠬᠦᠯᠵᠤ᠂ ︽ᠳᠦᠷᠪᠡᠨ ᠰᠠᠶᠢᠨ ᠬᠦᠳᠡᠭᠡ ᠲᠤᠰᠬᠤᠨ ᠤ ᠵᠠᠮ︾᠎ ᠤᠨ ᠴᠢᠨᠠᠷ ᠰᠠᠶᠢᠲᠠᠢ       ᠬᠦᠭᠵᠢᠯᠳᠡ ᠶᠢ ᠠᠬᠢᠭᠤᠯᠬᠤ ᠶᠢᠨ ᠲᠤᠰᠠᠳᠠ᠂  ᠬᠤᠰᠢᠭᠤᠨ ᠤ ᠵᠠᠮ ᠲᠡᠭᠡᠭᠡᠪᠦᠷᠢ ᠶᠢᠨ ᠲᠤᠪᠴᠢᠶ᠎ᠠ ᠳ᠋ᠥᠩᠹᠧᠩ ᠰᠠᠨᠰᠠᠷ ᠤᠨ ᠬᠤᠲᠠ ︵G 213 ᠱᠤᠭᠤᠮ︶᠎ ᠠᠴᠠ ᠳ᠋ᠦᠩᠹᠧᠩ ᠪᠠᠯᠭᠠᠰᠤ ᠶᠢᠨ ᠭᠤᠷᠤᠨᠠᠢ ᠭᠠᠴᠠᠭ᠎ᠠ ᠬᠦᠷᠬᠦ ᠬᠤᠤᠰ ᠴᠢᠭᠯᠡᠯᠲᠦ ᠵᠠᠰᠠᠮᠠᠯ ᠵᠠᠮ ᠤᠨ ᠦᠭᠡᠷᠡᠴᠢᠯᠡᠨ ᠵᠠᠰᠠᠬᠤ ᠢᠨᠵᠧᠨ᠋ᠷᠢᠩ ᠢ ᠵᠤᠬᠢᠶᠠᠨ ᠪᠠᠶᠢᠭᠤᠯᠤᠨ ᠬᠡᠷᠡᠭᠵᠢᠭᠦᠯᠵᠦ᠂ ᠪᠦᠬᠦ ᠵᠠᠮ ᠤᠨ ᠤᠷᠲᠤ ᠪᠠᠷᠤᠭ 94.5 ᠺᠢᠯᠤᠮᠧᠲᠷ ᠲᠤ ᠬᠥᠷᠴᠤ  ᠂ ᠤᠤᠯ ᠤᠨ ᠵᠠᠮ ᠤᠨ ᠬᠤᠶᠠᠷ ᠬᠠᠵᠠᠭᠤ ᠶᠢ ᠲᠤᠰ ᠲᠤᠰ 1.25 ᠮᠧᠲᠷ ᠦᠷᠭᠡᠳᠭᠡᠵᠦ᠂ ᠵᠠᠮ ᠤᠨ ᠭᠠᠳᠠᠷᠭᠤ ᠶᠢ 6 ᠮᠧᠲᠷ ᠦᠷᠭᠡᠨ ᠪᠤᠯᠭᠠᠵᠤ᠂ ᠲᠦᠯᠦᠪᠯᠡᠭᠡ ᠎ ᠪᠠᠷ 10 ᠳ᠋ᠤᠭᠠᠷ ᠰᠠᠷ᠎ᠠ ᠶᠢᠨ ᠰᠡᠭᠦᠯᠴᠢ ᠪᠠᠷ ᠠᠵᠢᠯ ᠢᠶᠠᠨ ᠳᠠᠭᠤᠰᠬᠠᠬᠤ ᠪᠠᠷ ᠪᠠᠶᠢᠨ᠎ᠠ᠃      ᠳ᠋ᠦᠩᠹᠧᠩ ᠪᠠᠯᠭᠠᠰᠤ ᠶᠢᠨ ᠭᠤᠷᠤᠨᠠᠢ ᠭᠠᠴᠠᠭᠠᠨ ᠤ ᠨᠠᠮ ᠤᠨ ᠡᠭᠦᠷ ᠤᠨ ᠱᠦᠵᠢ᠂ ᠭᠠᠴᠠᠭᠠᠨ ᠤ ᠳᠠᠷᠤᠭ᠎ᠠ ᠪᠠᠲᠤᠴᠠᠭᠠᠨ ᠠᠴᠠ᠂ ᠵᠠᠮ ᠦᠷᠭᠡᠨ ᠪᠤᠯᠴᠢᠬᠠᠪᠠᠯ᠂ ᠮᠠᠨ ᠤ ᠮᠠᠯᠴᠢᠳ ᠤᠨ ᠶᠠᠪᠤᠵᠤ ᠰᠠᠭᠤᠬᠤ ᠳᠤ ᠳᠦᠭᠦᠮ ᠮᠦᠷᠲᠡᠭᠡᠨ ᠭᠠᠳᠠᠨ᠎ᠠ ᠠᠴᠠ ᠬᠦᠮᠦᠨ ᠢᠷᠡᠬᠦ ᠶᠤᠮ ᠤᠤ᠂ ᠲᠡᠮᠡᠭᠡ ᠬᠤᠷᠢᠶᠠᠬᠤ ᠲᠤᠮᠤ ᠲᠡᠷᠭᠡ ᠤᠷᠤᠵᠤ ᠢᠷᠡᠬᠦ ᠳᠤ ᠪᠦᠷ ᠳᠦᠭᠦᠮ ᠪᠤᠯᠵᠤ ᠪᠠᠶᠢᠨ᠎ᠠ ᠭᠡᠵᠦ ᠶᠠᠷᠢᠨ᠎ᠠ᠃      ᠬᠤᠰᠢᠭᠤᠨ ᠤ ᠵᠠᠮ ᠲᠡᠭᠡᠭᠡᠪᠦᠷᠢ ᠶᠢᠨ ᠦᠢᠯᠡᠰ ᠤᠨ ᠬᠦᠭᠵᠢᠯᠲᠡ ᠶᠢᠨ ᠲᠦᠪ ᠤᠨ ᠡᠷᠬᠢᠯᠡᠭᠴᠢ ᠼᠣᠣ ᠵᠢᠩ ᠠᠴᠠ᠂ ᠳ᠋ᠥᠩᠹᠧᠩ ᠰᠠᠨᠰᠠᠷ ᠤᠨ ᠬᠤᠲᠠ ︵G 213 ᠱᠤᠭᠤᠮ︶᠎ ᠠᠴᠠ ᠳ᠋ᠦᠩᠹᠧᠩ ᠪᠠᠯᠭᠠᠰᠤ ᠶᠢᠨ ᠭᠤᠷᠤᠨᠠᠢ  ᠭᠠᠴᠠᠭ᠎ᠠ ᠬᠦᠷᠬᠦ ᠬᠤᠤᠰ ᠴᠢᠭᠯᠡᠯᠲᠦ ᠵᠠᠮ ᠤᠨ ᠦᠭᠡᠷᠡᠴᠢᠯᠡᠨ ᠵᠠᠰᠠᠬᠤ ᠢᠨᠵᠧᠨ᠋ᠷᠢᠩ ᠤᠨ ᠬᠡᠷᠡᠭᠵᠢᠭᠦᠯᠦᠯᠲᠡ ᠨᠢ ᠲᠤᠰ ᠵᠠᠮ ᠢ ᠳᠡᠰ ᠳᠡᠪᠰᠢᠭᠦᠯᠵᠦ ᠴᠢᠳᠠᠭᠰᠠᠨ ᠮᠦᠷᠲᠡᠭᠡᠨ ᠲᠡᠷᠭᠡ ᠮᠠᠰᠢᠨ ᠨᠡᠪᠲᠡᠷᠡᠬᠦ ᠳᠤ ᠠᠮᠦᠷ ᠲᠦᠪᠰᠢᠨ ᠨᠦᠭᠦᠴᠡᠯ ᠢ ᠬᠠᠩᠭᠠᠵᠤ᠂ ᠪᠠᠰᠠ ᠮᠠᠯᠴᠢᠳ ᠤᠨ ᠶᠠᠪᠤᠵᠤ ᠰᠠᠭᠤᠬᠤ ᠳᠤ ᠬᠡᠷᠡᠭᠴᠡᠭᠡ       ᠱᠠᠭᠠᠷᠳᠠᠯᠭ᠎ᠠ ᠶᠢ ᠬᠠᠩᠭᠠᠵᠤ᠂ ᠬᠦᠳᠡᠭᠡ ᠲᠤᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠢᠶᠠᠷ ᠨᠡᠪᠲᠡᠷᠡᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ ᠴᠢᠳᠠᠭᠰᠠᠨ ᠪᠠᠶᠢᠨ᠎ᠠ ᠭᠡᠯ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号