ᠪᠦᠬᠡ ᠵᠡᠷᠭᠡ ᠬᠤᠰᠢᠭᠤ ᠤᠳᠤᠷᠢᠳᠤᠯᠭ᠎ᠠ ᠨᠠᠷ ᠠᠬᠠᠮᠠᠳ ᠨᠠᠮ ᠤᠨ ᠭᠡᠰᠢᠭᠦᠨ ᠪᠤᠯᠤᠨ ᠬᠦᠴᠢᠷᠳᠡᠯᠲᠠᠢ      ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠪᠠ
ᠨᠡᠶᠢᠲᠡᠯᠡᠭᠰᠡᠨ ᠴᠠᠭ᠄
2022/7/4
     ︽ᠲᠤᠯᠤᠭᠠᠨ ᠰᠠᠷ᠎ᠠ ᠶᠢᠨ ᠨᠢᠭᠡᠨ︾᠎ ᠤ ᠨᠠᠮ ᠪᠠᠶᠢᠭᠤᠯᠤᠭᠳᠠᠭᠰᠠᠨ ᠪᠠᠶᠠᠷ ᠤᠨ ᠡᠳᠤᠷ ᠢ       ᠲᠤᠬᠢᠶᠠᠯᠳᠤᠭᠤᠯᠤᠨ᠂ 6 ᠳ᠋ᠤᠭᠠᠷ ᠰᠠᠷ᠎ᠠ ᠶᠢᠨ 30᠎ ᠤ ᠡᠳᠤᠷ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ᠂ ᠬᠤᠰᠢᠭᠤ ᠲᠠᠷᠤᠭ᠎ᠠ ᠪᠦᠬᠡ᠂ ᠬᠤᠰᠢᠭᠤᠨ ᠤ ᠨᠠᠮ ᠤᠨ ᠬᠤᠷᠢᠶᠠᠨ ᠤ ᠲᠡᠳ᠋ ᠱᠦᠵᠢ ᠰᠢᠦᠢ ᠵᠢᠩ᠂ ᠬᠤᠰᠢᠭᠤᠨ ᠤ ᠨᠠᠮ ᠤᠨ ᠬᠤᠷᠢᠶᠠᠨ ᠤ  ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠳᠡᠰ ᠤᠨ ᠲᠠᠷᠤᠭ᠎ᠠ ᠳ᠋ᠦ᠋ ᠶᠦᠩ ᠭᠠᠩ ᠨᠠᠷ ᠠᠬᠠᠮᠠᠳ ᠨᠠᠮ ᠤᠨ ᠭᠡᠰᠢᠭᠦᠨ ᠪᠤᠯᠤᠨ ᠬᠦᠴᠢᠷᠳᠡᠯᠲᠠᠢ ᠨᠠᠮ ᠤᠨ ᠭᠡᠰᠢᠭᠦᠨ ᠢ ᠪᠤᠯᠭᠤᠭᠠᠨ ᠲᠤᠬᠤᠨᠢᠭᠤᠯᠵᠤ᠂ ᠲᠡᠳᠡᠨᠡᠷ ᠲᠤ  ᠪᠠᠶᠠᠷ ᠤᠨ ᠡᠳᠤᠷ ᠤᠨ ᠮᠡᠨᠳᠤᠴᠢᠯᠡᠯ ᠲᠡᠪᠰᠢᠬᠦᠯᠬᠦ ᠶᠢᠨ ᠬᠠᠮᠳᠤ ᠨᠠᠮ ᠤᠨ ᠬᠠᠶᠢᠷ᠎ᠠ ᠬᠠᠯᠠᠮᠵᠢ ᠶᠢ ᠬᠦᠷᠳᠡᠭᠡᠪᠡ᠃      ᠠᠬᠠᠮᠠᠳ ᠨᠠᠮ ᠤᠨ ᠭᠡᠰᠢᠭᠦᠨ ᠵᠢᠶᠠ ᠱᠣᠣ ᠷᠦᠨ ᠤ ᠭᠡᠷ ᠲᠤ᠂ ᠪᠦᠬᠡ ᠠᠴᠠ᠂ ᠨᠠᠰᠤᠳᠠᠨ ᠤ ᠠᠮᠢᠳᠤᠷᠠᠯ ᠪᠠ ᠪᠡᠶ᠎ᠡ ᠮᠠᠬᠠᠪᠤᠳ ᠤᠨ ᠪᠠᠶᠢᠳᠠᠯ ᠢ ᠨᠠᠷᠢᠨ ᠠᠰᠠᠭᠤᠨ ᠯᠠᠪᠯᠠᠵᠤ᠂  ᠨᠠᠰᠤᠳᠠᠨ ᠢ ᠪᠠᠶᠠᠷ ᠬᠦᠷ ᠲᠠᠢ᠂ ᠵᠤᠯ ᠵᠢᠷᠭᠠᠯ ᠲᠠᠢ ᠦᠲᠡᠯᠦᠭᠡ ᠨᠠᠰᠤ ᠪᠠᠨ ᠦᠩᠭᠡᠷᠡᠬᠦᠯᠬᠦ ᠶᠢ ᠬᠦᠰᠡᠵᠡᠢ᠃ ᠠᠬᠠᠮᠠᠳ ᠨᠠᠮ ᠤᠨ ᠭᠡᠰᠢᠭᠦᠨ ᠵᠠᠩ ᠰᠢᠩ ᠬᠤᠩ ᠤᠨ    ᠭᠡᠷ ᠲᠤ᠂ ᠪᠦᠬᠡ ᠲᠡᠭᠦᠨ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠭᠦᠨ ᠢ ᠦᠷᠭᠦᠯᠵᠢᠯᠡᠨ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠵᠤ᠂ ᠲᠡᠤᠬᠡᠳᠤ ᠡᠭᠦᠷᠭᠡ ᠪᠠᠨ ᠡᠭᠦᠷᠭᠡᠯᠡᠨ᠂ ᠠᠬᠠᠮᠠᠳ ᠨᠠᠮ ᠤᠨ ᠭᠡᠰᠢᠭᠦᠨ ᠤ ᠬᠤᠰᠢᠭᠤᠴᠢ ᠵᠢᠱᠢᠶᠡᠴᠢ ᠶᠢᠨ ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠭᠠᠴᠠᠭᠠᠨ ᠤ ᠪᠠᠨ ᠵᠠᠯᠠᠭᠤ ᠨᠠᠮ ᠤᠨ ᠭᠡᠰᠢᠭᠦᠳ ᠢ ᠬᠦᠳᠦᠯᠦᠨ ᠲᠠᠭᠠᠭᠤᠯᠵᠤ ᠨᠠᠮᠴᠢ ᠴᠢᠨᠠᠷ ᠤᠨ ᠬᠡᠪ ᠪᠤᠯᠪᠠᠰᠤᠷᠠᠯ ᠢ ᠨᠢ ᠲᠠᠰᠤᠷᠠᠯᠳᠠ ᠦᠭᠡᠢ ᠲᠡᠭᠡᠭᠰᠢᠯᠡᠬᠦᠯᠦᠨ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠶᠢ ᠢᠳᠡᠪᠬᠢᠲᠠᠢ ᠠᠬᠢᠭᠤᠯᠬᠤ ᠶᠢ       ᠬᠦᠰᠡᠪᠡ᠃      ᠠᠬᠠᠮᠠᠳ ᠨᠠᠮ ᠤᠨ ᠭᠡᠰᠢᠭᠦᠨ ᠰᠦᠩ ᠮᠢᠩ ᠯᠢᠨ᠂ ᠸᠠᠩ ᠶᠦᠩ ᠹᠦ᠋ ᠶᠢ ᠪᠤᠯᠭᠤᠭᠠᠨ ᠲᠤᠬᠤᠨᠢᠭᠤᠯᠬᠤ ᠳᠤ᠂ ᠰᠢᠦᠢ ᠵᠢᠩ ᠠᠬᠠᠮᠠᠳ ᠨᠠᠮ ᠤᠨ ᠭᠡᠰᠢᠭᠦᠨ ᠳᠤ ︽ᠨᠠᠮ ᠤᠨ ᠭᠡᠰᠢᠭᠦᠨ ᠪᠤᠯᠤᠭᠰᠠᠨ ᠢᠷᠠᠭᠤ ᠠᠯᠳᠠᠷ ᠲᠠᠢ 50       ᠵᠢᠯ︾᠎ ᠤᠨ ᠲᠤᠷᠠᠰᠬᠠᠯ ᠤᠨ ᠲᠡᠮᠳᠡᠭ ᠢ ᠵᠡᠭᠦᠯᠭᠡᠵᠤ᠂ ᠲᠡᠳᠡᠨᠡᠷ ᠤᠨ ᠨᠠᠮ ᠤᠨ ᠦᠢᠯᠡᠰ ᠲᠤ ᠦᠵᠡᠬᠦᠯᠦᠭᠰᠡᠨ ᠢᠳᠡᠪᠬᠢ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠪᠡ᠃ ᠰᠢᠦᠢ ᠵᠢᠩ ᠬᠡᠯᠡᠬᠦ ᠳᠡᠭᠡᠨ᠄ ᠠᠬᠠᠮᠠᠳ ᠨᠠᠮ ᠤᠨ ᠭᠡᠰᠢᠭᠦᠳ ᠨᠠᠮ ᠤᠨ ᠲᠥᠷᠢᠮ ᠢᠶᠠᠷ ᠥᠪᠡᠷ ᠢ ᠢᠶᠠᠨ ᠴᠢᠩᠭ᠎ᠠ ᠱᠠᠭᠠᠷᠳᠠᠨ᠂ ᠨᠠᠮ ᠤᠨ       ᠭᠡᠰᠢᠭᠦᠨ ᠤ ᠲᠡᠷᠢᠭᠦᠨ ᠤ ᠵᠢᠱᠢᠶᠡᠴᠢ ᠥᠢᠯᠡᠳᠤᠯ ᠢᠶᠠᠨ ᠭᠥᠢᠴᠡᠳ ᠪᠠᠳᠠᠷᠠᠭᠤᠯᠵᠤ᠂ ᠡᠵᠡᠨ᠎ᠡ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠢᠳᠡᠪᠬᠢ ᠬᠤᠪᠢ ᠨᠡᠮᠡᠷᠢ ᠪᠠᠨ ᠥᠵᠡᠭᠦᠯᠪᠡ᠃ ᠵᠠᠯᠠᠭᠤ ᠨᠢᠭᠡ ᠦᠶ᠎ᠡ ᠶᠢᠨ ᠬᠢᠨ ᠲᠡᠲᠡᠨ ᠤ ᠰᠢᠯᠢᠳᠡᠭ ᠤᠯᠠᠮᠵᠢᠯᠠᠯ ᠢ ᠤᠯᠠᠮᠵᠢᠯᠠᠨ ᠰᠤᠷᠤᠯᠴᠠᠵᠤ ᠪᠠᠳᠠᠷᠠᠭᠤᠯᠬᠤ ᠴᠢᠬᠤᠯᠲᠠᠢ ᠭᠡᠯ᠎ᠡ᠃ ᠬᠦᠴᠢᠷᠲᠡᠯᠳᠡᠢ ᠨᠠᠮ ᠤᠨ ᠭᠡᠰᠢᠭᠦᠨ ᠵᠦ ᠲᠢᠶᠧ ᠵᠦ᠂ ᠳ᠋ᠦᠩ ᠷᠧᠨ ᠨᠠᠷ ᠤᠨ ᠭᠡᠷ ᠲᠤ᠂ ᠰᠢᠦᠢ ᠵᠢᠩ ᠲᠡᠳᠡᠨᠡᠷ ᠤᠨ ᠪᠡᠶ᠎ᠡ       ᠮᠠᠬᠠᠪᠤᠳ ᠤᠨ ᠪᠠᠶᠢᠳᠠᠯ ᠪᠤᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠬᠠᠯᠠᠮᠵᠢᠯᠠᠨ ᠠᠰᠠᠭᠤᠵᠤ᠂ ᠲᠡᠳᠡᠨ ᠢ       ᠠᠮᠢᠳᠤᠷᠠᠯ ᠳᠤ ᠪᠠᠨ ᠪᠠᠶᠠᠰᠤᠩᠭᠤᠢ ᠣᠪᠣᠷ ᠢᠶᠠᠷ ᠬᠠᠨᠳᠤᠬᠤ ᠶᠢ ᠵᠤᠷᠢᠭᠵᠢᠭᠤᠯᠬᠤ ᠶᠢᠨ ᠬᠠᠮᠳᠤ ᠬᠤᠯᠪᠤᠭᠳᠠᠯ ᠪᠦᠬᠦᠢ ᠰᠠᠯᠠᠭ᠎ᠠ ᠮᠦᠴᠢᠷ ᠢ ᠠᠬᠠᠮᠠᠳ ᠨᠠᠮ ᠤᠨ ᠭᠡᠰᠢᠭᠦᠨ᠂ ᠠᠮᠢᠳᠤᠷᠠᠯ ᠬᠦᠴᠢᠷᠳᠡᠯᠲᠡᠢ ᠨᠠᠮ ᠤᠨ ᠭᠡᠰᠢᠭᠦᠨ ᠢ ᠢᠯᠡᠬᠦᠭᠡᠨ ᠬᠠᠷᠠᠭᠠᠯᠵᠠᠨ ᠬᠠᠯᠠᠮᠵᠢᠯᠠᠵᠤ᠂ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠨ᠂ ᠲᠡᠳᠡᠨᠡᠷ ᠲᠤ ᠨᠠᠮ ᠤᠨ ᠵᠤᠬᠢᠶᠠᠨ ᠪᠠᠶᠢᠭᠤᠯᠤᠯᠳᠠ ᠶᠢᠨ ᠬᠠᠶᠢᠷ᠎ᠠ ᠬᠠᠯᠠᠮᠵᠢ ᠶᠢ ᠦᠨᠨᠡᠬᠦ ᠬᠦᠷᠳᠡᠬᠡᠬᠦ ᠬᠡᠷᠡᠭᠲᠠᠢ ᠭᠡᠪᠡ᠃      ᠨᠤᠳᠤᠭ ᠤᠷᠤᠨ ᠤ ᠢᠶᠠᠨ ᠬᠥᠭᠵᠢᠯᠲᠡ ᠳᠤ ᠬᠠᠷᠠᠮ ᠦᠭᠡᠢ ᠬᠤᠪᠢ ᠨᠡᠮᠡᠷᠢ ᠪᠠᠨ ᠡᠷᠭᠦᠵᠤ ᠶᠠᠪᠤᠭᠰᠠᠨ ᠠᠬᠠᠮᠠᠳ ᠨᠠᠮ ᠤᠨ ᠭᠡᠰᠢᠭᠦᠨ ᠨᠠᠷᠠᠨᠳᠤᠩᠭᠠᠯᠠᠭ᠂ ᠶᠠᠩᠵᠢᠮ᠎ᠠ᠂ ᠱᠠᠨ ᠷᠦᠩ ᠵᠢᠴᠢ ᠡᠪᠡᠳᠴᠢᠨ ᠠᠴᠠ ᠪᠤᠯᠵᠤ ᠠᠮᠢᠳᠤᠷᠠᠯ ᠬᠦᠴᠢᠷᠳᠡᠯ ᠲᠠᠢ ᠪᠤᠯᠤᠭᠰᠠᠨ ᠨᠠᠮ ᠤᠨ ᠭᠡᠰᠢᠭᠦᠨ ᠵᠣᠣ ᠶᠦᠩ ᠨᠠᠷ ᠤᠨ ᠭᠡᠷ ᠲᠤ᠂ ᠳ᠋ᠦ᠋ ᠶᠦᠩ ᠭᠠᠩ ᠲᠡᠳᠡᠨᠡᠷ ᠤᠨ ᠪᠡᠶ᠎ᠡ ᠶᠢᠨ ᠡᠷᠡᠭᠦᠯ ᠮᠡᠨᠳᠤ ᠶᠢᠨ ᠪᠠᠶᠢᠳᠠᠯ ᠢ ᠬᠠᠯᠠᠮᠵᠢᠯᠠᠨ ᠠᠰᠠᠭᠤᠬᠤ ᠶᠢᠨ ᠬᠠᠮᠳᠤ ᠥᠳᠡᠯᠥᠭᠡ       ᠨᠠᠰᠤ ᠪᠠᠨ ᠵᠤᠯ ᠵᠢᠷᠭᠠᠯ ᠲᠠᠢ ᠥᠩᠭᠡᠷᠡᠭᠦᠯᠬᠦ ᠶᠢ ᠬᠥᠰᠡᠨ ᠵᠥᠩᠨᠡᠭᠰᠡᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号