ᠮᠠᠨ ᠤ ᠬᠤᠰᠢᠭᠤ ᠥᠪᠡᠷᠮᠢᠴᠠ ᠠᠭᠤᠯᠭ᠎ᠠ ᠪᠦᠬᠦᠢ ᠠᠵᠢᠯᠯᠠᠭ᠎ᠠ ᠥᠷᠨᠢᠬᠦᠯᠵᠦ  ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠎ ᠶᠢ ᠤᠭᠳᠤᠨ ᠪᠡᠯᠭᠡᠯᠡᠨ᠎ᠡ
ᠨᠡᠶᠢᠲᠡᠯᠡᠭᠰᠡᠨ ᠴᠠᠭ᠄
2022/7/4
     ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 101 ᠵᠢᠯ ᠤᠨ ᠣᠶ ᠳᠤ ᠲᠤᠬᠢᠶᠠᠯᠳᠤᠭᠤᠯᠤᠨ᠂  ᠣᠶᠢᠷ᠎ᠠ ᠶᠢᠨ ᠡᠳᠦᠷ ᠤᠳ ᠲᠤ᠂ ᠮᠠᠨ ᠤ ᠬᠤᠰᠢᠭᠤᠨ ᠤ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠥᠪᠡᠷᠮᠢᠴᠠ ᠠᠭᠤᠯᠭ᠎ᠠ ᠪᠦᠬᠦᠢ ᠠᠵᠢᠯᠯᠠᠭ᠎ᠠ ᠥᠷᠨᠢᠬᠦᠯᠵᠦ᠂       ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠡᠨ ᠪᠡᠯᠭᠡᠯᠡᠨ᠎ᠡ᠃      ᠬᠤᠰᠢᠭᠤᠨ ᠤᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠪᠠᠶᠢᠭᠤᠯᠤᠯᠭ᠎ᠠ ᠶᠢᠨ ᠨᠠᠮ ᠤᠨ       ᠡᠭᠦᠷ᠂ ᠣᠶ ᠰᠢᠭᠤᠢ ᠪᠠ ᠨᠣᠳᠤᠭ ᠪᠡᠯᠴᠢᠭᠡᠷ ᠤᠨ ᠳᠣᠪᠴᠢᠶᠠᠨ ᠤ ᠨᠠᠮ ᠤᠨ ᠡᠭᠦᠷ᠂ ᠰᠢᠯᠵᠢᠮᠡᠯ ᠬᠤᠯᠪᠣᠭᠠᠨ ᠤ ᠺᠣᠮᠫᠠᠨᠢ ᠶᠢᠨ ᠨᠠᠮ ᠤᠨ ᠡᠭᠦᠷ ᠬᠠᠮᠲᠤᠷᠠᠨ A+B ᠬᠠᠮᠲᠤ ᠪᠠᠷ ᠪᠠᠶᠢᠭᠤᠯᠬᠤ ᠬᠡᠯᠪᠡᠷᠢ ᠪᠠᠷ ᠬᠤᠪᠢᠰᠬᠠᠯ ᠤᠨ ᠰᠣᠩᠭᠤᠳᠠᠭ ᠰᠢᠯᠦᠭ ᠵᠣᠬᠢᠶᠠᠯ ᠤᠨ ᠤᠷᠠᠨ ᠤᠩᠰᠢᠯᠭ᠎ᠠ ᠶᠢᠨ ᠠᠵᠢᠯᠯᠠᠭ᠎ᠠ ᠥᠷᠨᠢᠬᠦᠯᠪᠡ᠃ ᠠᠵᠢᠯᠯᠠᠭᠠᠨ ᠳᠤ᠂ ᠨᠠᠮ ᠤᠨ ᠭᠡᠰᠢᠭᠦᠨ ᠨᠡᠷ ︽ᠨᠠᠮ ᠤᠨ ᠲᠤᠭ ᠤᠨ ᠮᠠᠭᠲᠠᠭᠠᠯ︾᠂ ︽ᠮᠢᠨᠤ ᠡᠬᠡ ᠣᠷᠣᠨ︾᠂ ︽ᠪᠢ ᠡᠬᠡ ᠣᠷᠣᠨ ᠳᠤ ᠪᠠᠨ ᠬᠠᠶᠢᠷᠠᠲᠠᠢ︾ ᠬᠡᠮᠡᠬᠦ ᠤᠯᠠᠨ ᠰᠠᠶᠢᠬᠠᠨ ᠬᠤᠪᠢᠰᠬᠠᠯᠲᠤ ᠰᠢᠯᠦᠭ ᠳᠠᠭᠤᠯᠠᠯ ᠢ ᠤᠶᠠᠩᠭᠠᠯᠠᠨ᠂ ᠰᠢᠨ᠎ᠡ ᠴᠠᠭ ᠦᠶ᠎ᠡ ᠶᠢᠨ ᠨᠠᠮ ᠤᠨ ᠭᠡᠰᠢᠭᠦᠨ ᠤ ᠴᠤᠭ ᠵᠢᠪᠬᠤᠭ᠎ᠠ ᠪᠤᠯᠤᠨ ᠤᠶᠤᠨ ᠰᠠᠨᠠᠭᠠᠨ ᠤ ᠳᠦᠷᠰᠦ ᠪᠠᠶᠢᠳᠠᠯ ᠢ ᠭᠦᠢᠴᠡᠳ ᠬᠠᠷᠠᠭᠤᠯᠵᠤ ᠥᠵᠡᠭᠴᠢ ᠤᠯᠠᠨ  ᠤ ᠬᠠᠯᠠᠭᠤᠨ ᠬᠦᠷᠢᠶᠠᠯᠠᠯ ᠢ ᠣᠯᠪᠠ᠃      ᠪᠢᠳᠡ ᠪᠦᠭᠦᠳᠡᠭᠡᠷ ᠢᠶᠠᠨ ᠬᠤᠪᠢᠰᠬᠠᠯ ᠤᠨ ᠦᠷᠡᠭᠳᠡᠭᠰᠡᠨ ᠪᠠᠭᠠᠲᠤᠷᠴᠤᠳ ᠤᠨ ᠤᠯᠤᠰ ᠭᠡᠷ ᠤᠨ ᠬᠠᠶᠢᠷ᠎ᠠ ᠰᠡᠳᠬᠢᠯᠭᠡ ᠶᠢ ᠡᠷᠬᠢᠴᠡᠬᠦᠯᠤᠨ ᠰᠠᠨᠠᠭᠠᠯᠵᠢᠬᠤ ᠶᠢᠨ  ᠬᠠᠮᠳᠤ ᠢᠲᠡᠭᠡᠯ ᠪᠢᠰᠢᠷᠡᠯ ᠤᠨ ᠯᠤᠲᠤ ᠶᠡᠭᠡ ᠬᠦᠴᠦᠨ ᠴᠢᠳᠠᠯ ᠢ ᠥᠨᠡᠨᠬᠦ ᠮᠡᠳᠡᠷᠡᠪᠡ᠃ ᠮᠥᠨ ᠪᠢᠳᠠᠨ ᠤ ᠨᠠᠮ ᠳᠠᠭᠠᠨ ᠳᠠᠯᠠᠷᠬᠠᠨ᠂ ᠨᠠᠮ ᠤᠨ ᠦᠭᠡ ᠶᠢ ᠰᠣᠨᠣᠰᠴᠤ᠂ ᠬᠡᠵᠢᠶ᠎ᠠ ᠡᠬᠦᠶᠢᠷᠳᠡ ᠨᠠᠮ ᠢᠶᠠᠨ ᠲᠠᠭᠠᠨ᠂ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠥᠪᠡᠷ ᠤᠨ ᠬᠤᠪᠢ ᠨᠡᠮᠡᠷᠢ ᠪᠠᠨ ᠦᠵᠡᠭᠦᠯᠬᠦ ᠶᠢ ᠬᠥᠲᠥᠯᠥᠨ  ᠵᠢᠯᠣᠭᠤᠳᠣᠭᠰᠠᠨ ᠪᠠᠶᠢᠨ᠎ᠠ᠃      ᠵᠢᠷᠭᠠᠯᠡᠩᠳᠤ ᠵᠠᠮ ᠨᠡᠶᠢᠭᠡᠮ ᠲᠣᠭᠤᠷᠢᠭ ᠤᠨ ᠨᠠᠮ ᠤᠨ ᠡᠭᠦᠷ ᠠᠴᠠ ᠪᠠᠰᠠ ︽7·1︾᠎ ᠢ ᠪᠠᠶᠠᠷᠯᠠᠨ ᠪᠡᠯᠭᠡᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠣᠭᠳᠤᠨ ᠪᠡᠯᠭᠡᠯᠡᠬᠦ ᠬᠤᠪᠢᠰᠬᠠᠯ ᠤᠨ ᠳᠠᠭᠤᠨ ᠤ ᠤᠷᠤᠯᠳᠤᠭᠠᠨ ᠶᠠᠪᠣᠭᠳᠠᠭᠤᠯᠪᠠ᠃ ᠤᠷᠤᠯᠳᠤᠭᠠᠨ ᠳᠤ ᠣᠷᠣᠯᠴᠠᠭᠰᠠᠨ ᠰᠠᠭᠤᠭᠠᠯᠢ ᠠᠷᠠᠳ ᠤᠳ ᠣᠷᠭᠢᠯᠤᠮ᠎ᠠ ᠬᠠᠯᠠᠭᠤᠨ ᠰᠡᠳᠬᠢᠯᠭᠡ ᠢᠶᠠᠷ᠂ ︽ᠥᠨᠢ ᠡᠬᠦᠷᠢᠳᠡ ᠡᠪ ᠬᠠᠮᠳᠤ ᠨᠠᠮ ᠢᠶᠠᠨ ᠮᠠᠭᠳᠠᠨ ᠳᠠᠭᠤᠯᠠᠶ᠎ᠠ︾᠂ ︽ᠡᠬᠡ ᠣᠷᠣᠨ ᠤ ᠵᠥᠩᠨᠡᠯ︾ ᠵᠡᠷᠭᠡ ᠬᠤᠪᠢᠰᠬᠠᠯ ᠤᠨ ᠳᠠᠭᠤᠨ ᠤ ᠰᠤᠳᠤᠨ ᠪᠦᠲᠦᠭᠡᠯ ᠪᠤᠯᠤᠨ ᠨᠤᠲᠤᠭ ᠤᠰᠤ ᠪᠠᠨ ᠮᠠᠭᠳᠠᠨ ᠳᠠᠭᠤᠯᠠᠭᠰᠠᠨ ᠳᠠᠭᠤᠤ ᠨᠤᠭᠤᠳ ᠢ ᠬᠠᠩᠭᠢᠨᠠᠳᠠᠯ᠎ᠠ ᠲᠠᠭᠤᠯᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠬᠦᠷ ᠬᠥᠭᠵᠢᠶᠡᠨ ᠢᠶᠠᠷ ᠪᠢᠯᠬᠠᠨ᠂ ᠠᠯᠠᠭ᠎ᠠ ᠲᠡᠰᠢᠯᠲᠡ ᠶᠢᠨ ᠲᠠᠭᠤᠨ ᠪᠠᠶᠢᠨ ᠪᠠᠶᠢᠨ ᠨᠢᠵᠢᠭᠡᠨᠡᠨ᠎ᠡ᠃ ᠳᠠᠷᠠᠭ᠎ᠠ ᠪᠠᠷ ᠨᠢ ᠪᠦᠬᠦ ᠨᠠᠮ ᠤᠨ ᠭᠡᠰᠢᠭᠦᠨ ᠨᠡᠷ ᠨᠠᠮ ᠳᠤ ᠣᠷᠣᠬᠤ ᠲᠠᠩᠭᠠᠷᠢᠭ ᠤᠨ ᠥᠭᠡ ᠶᠢ ᠲᠠᠬᠢᠨ ᠲᠠᠩᠭᠠᠷᠢᠭᠯᠠᠪᠠ᠃      ᠬᠤᠰᠢᠭᠤᠨ ᠤ ᠨᠠᠮ ᠪᠠ ᠤᠯᠠᠨ ᠳᠥᠮᠡᠨᠴᠢ ᠪᠦᠯᠬᠦᠮ ᠤᠨ ᠦᠢᠯᠡᠴᠢᠯᠡᠭᠡᠨ ᠤ ᠲᠥᠪ ᠨᠢ ᠨᠠᠮ ᠤᠨ ᠠᠵᠢᠯᠯᠠᠬᠤ ᠵᠦᠪᠯᠡᠯ᠂ ᠬᠤᠰᠢᠭᠤᠨ ᠤ ᠵᠡᠮᠳᠡᠭᠴᠦᠳ ᠤᠨ ᠬᠤᠯᠪᠣᠭ᠎ᠠ ᠲᠠᠢ ᠬᠠᠮᠲᠤᠷᠠᠨ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ ᠬᠦᠰᠡᠯᠡᠩ ᠢᠶᠠᠨ ᠲᠡᠷᠭᠡᠯᠰᠢᠭᠦᠯᠬᠦ︾ ᠬᠤᠪᠢᠰᠬᠠᠯ ᠤᠨ ᠰᠣᠩᠭᠤᠳᠠᠭ ᠰᠢᠯᠦᠭ ᠵᠣᠬᠢᠶᠠᠯ ᠤᠨ ᠤᠷᠠᠨ ᠣᠩᠰᠢᠯᠭ᠎ᠠ ᠶᠢᠨ ᠤᠷᠤᠯᠳᠤᠭᠠᠨ ᠶᠠᠪᠣᠭᠳᠠᠭᠤᠯᠵᠤ᠂ ᠵᠡᠮᠳᠡᠭᠴᠦᠳ ᠤᠨ ᠬᠤᠯᠪᠣᠭᠠᠨ ᠤ ᠰᠢᠰᠲ᠋ᠧᠮ ᠤᠨ 19 ᠠᠵᠢᠯᠳᠠᠨ ᠮᠠᠨᠢ ᠣᠷᠭᠢᠯᠤᠮ᠎ᠠ ᠬᠠᠯᠠᠭᠤᠨ ᠰᠡᠳᠬᠢᠯᠭᠡ ᠪᠠᠷ ᠨᠠᠮ ᠤᠨ ᠠᠭᠤᠤ ᠶᠡᠭᠡ ᠭᠠᠪᠢᠶ᠎ᠠ ᠵᠢᠳᠬᠦᠯ ᠢ ᠮᠠᠭᠲᠠᠨ ᠣᠶᠠᠩᠭᠠᠯᠠᠵᠦ᠂ ᠦᠷᠡᠭᠳᠡᠭᠰᠡᠨ ᠪᠠᠭᠠᠲᠤᠷᠴᠤᠳ ᠢᠶᠠᠨ ᠬᠢᠵᠠᠭᠠᠯᠠᠰᠢ ᠦᠭᠡᠢ ᠬᠦᠨᠳᠦᠳᠬᠡᠨ ᠪᠢᠰᠢᠷᠡᠵᠦ ᠪᠠᠶᠢᠬᠤ ᠰᠡᠳᠬᠢᠯᠭᠡ ᠪᠠᠨ ᠢᠯᠡᠷᠡᠭᠦᠯᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号