ᠮᠠᠨ ᠤ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠠᠴᠠ ᠠᠪᠤᠷᠠᠬᠤ ᠡᠪᠡᠰᠤ      ᠪᠤᠷᠳᠤᠭ᠎ᠠ ᠶᠢ ᠲᠠᠷᠬᠠᠭᠠᠬᠤ ᠶᠤᠰᠤᠯᠠᠯ ᠢ ᠶᠠᠪᠤᠭᠳᠠᠭᠤᠯᠪᠠ
ᠨᠡᠶᠢᠲᠡᠯᠡᠭᠰᠡᠨ ᠴᠠᠭ᠄
2022/7/5
     ᠤᠶᠢᠷ᠎ᠠ ᠶᠢᠨ ᠡᠳᠤᠷ᠂ ᠮᠠᠨ ᠤ ᠬᠤᠰᠢᠭᠤ ᠭᠠᠩ ᠬᠠᠭᠰᠠᠷᠠᠭᠠᠨ ᠲᠠᠢ ᠲᠡᠮᠡᠴᠡᠵᠤ ᠭᠠᠮᠰᠢᠭ ᠠᠴᠠ ᠠᠪᠤᠷᠠᠬᠤ ᠡᠪᠡᠰᠤ ᠪᠤᠷᠳᠤᠭ᠎ᠠ ᠶᠢ ᠲᠠᠷᠬᠠᠭᠠᠬᠤ ᠶᠤᠰᠤᠯᠠᠯ ᠢ ᠶᠠᠪᠤᠭᠳᠠᠭᠤᠯᠵᠤ᠂ ᠬᠤᠰᠢᠭᠤᠨ ᠤ ᠲᠡᠳ᠋ ᠲᠠᠷᠤᠭ᠎ᠠ ᠵᠠᠩ ᠬᠠᠢ ᠮᠢᠩ ᠶᠤᠰᠤᠯᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶᠠᠨ ᠤ ᠪᠦᠬᠦ ᠺᠠᠳ᠋ᠷ ᠠᠵᠢᠯᠳᠠᠨ᠂ ᠡᠯ᠎ᠡ ᠰᠤᠮᠤ ᠪᠠᠯᠭᠠᠰᠤᠨ ᠤ ᠮᠠᠯᠴᠢᠨ ᠲᠠᠷᠢᠶᠠᠴᠢᠨ ᠤ ᠲᠦᠯᠦᠭᠡᠯᠡᠭᠴᠢ ᠨᠠᠷ ᠲᠤᠰ ᠤᠳᠠᠭᠠᠨ ᠤ ᠲᠠᠷᠬᠠᠭᠠᠯᠳᠠ ᠶᠢᠨ ᠶᠤᠰᠤᠯᠠᠯ ᠳᠤ ᠤᠷᠤᠯᠴᠠᠵᠡᠢ᠃      ᠦᠷᠯᠦᠭᠡ ᠡᠷᠳᠡ᠂ ᠠᠩᠬᠠᠠᠳᠤᠭᠠᠷ ᠪᠦᠯᠦᠭ ᠤᠨ 151.35 ᠲᠤᠨ ᠡᠪᠡᠰᠤ ᠪᠤᠷᠳᠤᠭ᠎ᠠ ᠲᠡᠭᠡᠭᠡᠭᠰᠡᠨ ᠲᠤᠮᠤ ᠠᠴᠢᠶᠠᠨ ᠤ ᠲᠡᠷᠭᠡ ᠲᠠᠯᠠᠶᠢᠬᠦ᠋ᠪ ᠪᠠᠯᠭᠠᠰᠤᠨ ᠤ ᠮᠤᠷᠢ ᠲᠡᠮᠡᠭᠡᠨ ᠤ ᠤᠷᠤᠯᠳᠤᠭᠠᠨ ᠤ ᠲᠠᠯᠠᠪᠤᠷ ᠲᠤ ᠢᠷᠡᠯ᠎ᠡ᠃ ᠡᠪᠡᠰᠤ ᠪᠤᠷᠳᠤᠭ᠎ᠠ ᠠᠪᠬᠤ ᠪᠠᠷ ᠢᠷᠡᠭᠰᠡᠨ ᠮᠠᠯᠴᠢᠳ ᠮᠠᠨᠢ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶᠠᠨ ᠤ ᠠᠵᠢᠯᠳᠠᠳ ᠤᠨ ᠲᠤᠬᠢᠷᠠᠭᠤᠯᠭ᠎ᠠ ᠪᠠᠷ ᠪᠦᠷᠢᠳᠬᠡᠨ ᠲᠠᠩᠰᠠᠯᠠᠬᠤ᠂ ᠲᠡᠷᠭᠡᠨ ᠳᠤ ᠵᠦᠭᠡᠭᠡᠪᠤᠷᠢᠯᠡᠬᠦ ᠵᠡᠷᠭᠡ ᠠᠵᠢᠯ ᠢᠶᠠᠨ ᠡᠮᠬᠢ ᠵᠢᠷᠤᠮ ᠲᠠᠢ ᠬᠢᠵᠤ ᠶᠠᠭᠠᠷᠠᠯᠳᠤᠨ᠎ᠠ᠃ ᠲᠠᠯᠠᠶᠢᠬᠦ᠋ᠪ ᠪᠠᠯᠭᠠᠰᠤᠨ ᠤ ᠤᠯᠠᠭᠠᠠᠭᠡᠷᠡᠯ       ᠭᠠᠴᠠᠭᠠᠨ ᠤ ᠮᠠᠯᠴᠢᠨ ᠰᠠᠶᠢᠨᠳᠠᠯᠠᠢ ᠲᠤᠰ ᠤᠳᠠᠭᠠᠨ ᠤ ᠭᠠᠩ ᠬᠠᠭᠰᠠᠷᠭᠠᠨ ᠲᠠᠢ ᠲᠡᠮᠡᠴᠡᠬᠦ ᠡᠪᠡᠰᠤ ᠪᠤᠷᠳᠤᠭ᠎ᠠ ᠶᠢ ᠲᠦᠪᠯᠡᠷᠡᠬᠦᠯᠦᠨ ᠲᠠᠷᠬᠠᠭᠠᠨ᠎ᠠ ᠭᠡᠬᠦ ᠰᠠᠶᠢᠬᠠᠨ ᠴᠢᠮᠡᠭᠡ ᠶᠢ ᠰᠤᠨᠤᠰᠤᠮᠠᠭᠴᠠ᠂ ᠠᠯᠢ ᠡᠷᠳᠡ ᠲᠤᠭᠳᠠᠭᠰᠠᠨ ᠭᠠᠵᠠᠷ ᠲᠤ ᠬᠦᠷᠴᠤ᠂ ᠡᠪᠡᠰᠤ ᠪᠤᠷᠳᠤᠭ᠎ᠠ ᠪᠠᠨ ᠭᠠᠷᠳᠠᠨ ᠠᠪᠴᠤ᠂ ᠨᠠᠮ ᠵᠠᠰᠠᠭ ᠤᠨ ᠬᠠᠶᠢᠷ᠎ᠠ ᠬᠠᠯᠠᠮᠵᠢ ᠳᠤ ᠲᠤᠩ ᠪᠠᠶᠠᠷᠯᠠᠨ ᠲᠠᠯᠠᠷᠬᠠᠨ᠎ᠠ᠃      ᠪᠠᠶᠠᠨᠳᠤᠤᠷᠠᠢ ᠰᠤᠮᠤᠨ ᠤ ᠵᠠᠰᠠᠭ ᠤᠨ ᠤᠷᠳᠤᠨ ᠤ ᠠᠵᠢᠯᠳᠠᠨ ᠯᠢ ᠮᠢᠨ ᠵᠧᠨ ᠠᠴᠠ᠂ ᠬᠤᠰᠢᠭᠤᠨ ᠤ       ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠦᠴᠦᠲᠠᠢ ᠲᠡᠮᠵᠢᠯᠭᠡ ᠲᠤᠤᠷ᠎ᠠ᠂ ᠡᠨᠡ ᠤᠳᠠᠭ᠎ᠠ ᠮᠠᠨ ᠤ ᠪᠠᠶᠠᠨᠳᠤᠤᠷᠠᠢ ᠰᠤᠮᠤ ᠭᠠᠩ ᠬᠠᠭᠰᠠᠷᠭᠠᠨ ᠲᠠᠢ ᠲᠡᠮᠡᠴᠡᠬᠦ 44 ᠲᠤᠨ ᠡᠪᠡᠰᠤ ᠪᠤᠷᠳᠤᠭ᠎ᠠ ᠶᠢ ᠤᠯᠵᠤ ᠠᠪᠤᠯ᠎ᠠ᠂ ᠮᠠᠨ ᠤ ᠪᠠᠶᠠᠨᠳᠤᠤᠷᠠᠢ ᠰᠤᠮᠤ  ᠭᠤᠤᠯ ᠲᠠᠭᠠᠤ ᠰᠤᠮᠤ ᠮᠥᠷᠲᠡᠭᠡᠨ ᠡᠨᠡ ᠬᠠᠪᠤᠷ ᠬᠡᠰᠡᠭ ᠡᠪᠡᠰᠤ ᠪᠡᠯᠴᠢᠭᠡᠷ ᠨᠢᠭᠡᠨᠳᠡ ᠤᠰᠤᠵᠢᠭᠤᠯᠤᠯᠳᠠ ᠬᠢᠭᠰᠡᠨ ᠪᠤᠯᠬᠤᠷ ᠭᠠᠩ ᠤᠨ ᠪᠠᠶᠢᠳᠠᠯ ᠬᠠᠷᠢᠴᠠᠩᠭᠤᠢ ᠪᠠᠷ ᠨᠡᠯᠢᠶᠡᠳ ᠬᠦᠩᠭᠡᠨ ᠰᠢᠭ᠂ ᠡᠨᠡ 44 ᠲᠤᠨ ᠡᠪᠡᠰᠤ ᠪᠤᠷᠳᠤᠭ᠎ᠠ ᠨᠢ ᠮᠠᠨ ᠤ  ᠭᠠᠩ ᠬᠠᠭᠰᠠᠷᠭᠠᠨ ᠤ ᠪᠠᠴᠢᠮ ᠪᠠᠶᠢᠳᠠᠯ ᠢ ᠰᠢᠢᠳᠪᠤᠷᠢᠯᠡᠵᠤ ᠴᠢᠳᠠᠬᠤ ᠪᠤᠯᠤᠨ᠎ᠠ ᠭᠡᠵᠦ ᠪᠠᠶᠢᠯ᠎ᠠ᠃      ᠡᠨᠡ ᠵᠢᠯ ᠤᠨ ᠵᠤᠨ ᠤ ᠤᠯᠠᠷᠢᠯ ᠤᠷᠤᠭᠰᠠᠨ ᠠᠴᠠ ᠨᠠᠰᠢ᠂ ᠮᠠᠨ ᠤ ᠬᠤᠰᠢᠭᠤᠨ ᠤ ᠬᠤᠷ᠎ᠠ ᠲᠤᠨᠤᠳᠠᠰᠤ ᠶᠢᠨ ᠬᠡᠮᠵᠢᠶ᠎ᠡ ᠪᠠᠭ᠎ᠠ᠂ ᠡᠯᠡᠰᠤᠨ ᠰᠢᠭᠤᠷᠭ᠎ᠠ ᠶᠢᠨ ᠠᠭᠤᠷ ᠠᠮᠰᠢᠬᠤᠯ ᠤᠯᠠᠰᠢᠷᠠᠭᠰᠠᠨ ᠠᠴᠠ ᠭᠠᠩ ᠬᠠᠭᠰᠠᠷᠭᠠᠨ ᠤ ᠪᠠᠶᠢᠳᠠᠯ ᠢᠯᠡᠷᠡᠨ᠂ ᠪᠠᠶᠢᠭᠠᠯᠢ ᠶᠢᠨ ᠡᠪᠡᠰᠤ ᠪᠡᠯᠴᠢᠭᠡᠷ ᠤᠨ ᠤᠷᠭᠤᠴᠠ ᠶᠢᠨ ᠪᠠᠶᠢᠳᠠᠯ ᠮᠠᠭᠤᠳᠠᠭᠰᠠᠨ             ᠪᠠᠶᠢᠨ᠎ᠠ᠃ ᠪᠦᠬᠦ ᠬᠤᠰᠢᠭᠤᠨ ᠤ 9 ᠰᠤᠮᠤ ᠪᠠᠯᠭᠠᠰᠤ ᠶᠢᠨ 21 ᠭᠠᠴᠠᠭ᠎ᠠ ᠳᠤ ᠠᠳᠠᠯᠢ ᠪᠤᠰᠤ ᠬᠡᠮᠵᠢᠶ᠎ᠡ ᠪᠠᠷ ᠭᠠᠩᠳᠠᠵᠤ᠂ ᠭᠠᠮᠰᠢᠭᠳᠠᠭᠰᠠᠨ ᠪᠡᠯᠴᠢᠭᠡᠷ ᠤᠨ ᠲᠠᠯᠠᠪᠠᠢ 832.24 ᠲᠦᠮᠡᠨ ᠾᠧᠺᠲᠷ᠂ 23387 ᠲᠤᠯᠤᠭᠠᠢ ᠪᠣᠳᠠ ᠪᠤᠭ ᠮᠠᠯ ᠭᠠᠮᠰᠢᠭᠳᠠᠨ᠂ 1845 ᠭᠠᠷᠦᠢ ᠲᠦᠮᠡᠨ ᠲᠦᠭᠦᠷᠢᠭ ᠤᠨ ᠠᠵᠤ ᠠᠬᠤᠢ ᠶᠢᠨ ᠬᠤᠬᠢᠷᠠᠯ ᠳᠤ ᠤᠴᠠᠷᠠᠭᠰᠠᠨ ᠪᠠᠶᠢᠨ᠎ᠠ᠃  ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠤᠷᠳᠤᠨ ᠬᠦᠨᠳᠤ ᠨᠤᠴᠢᠲᠠᠢ ᠭᠠᠩ ᠬᠠᠭᠰᠠᠷᠭᠠᠨ ᠤ ᠪᠠᠶᠢᠳᠠᠯ ᠢ ᠲᠡᠭᠡᠳᠤ ᠬᠡᠮᠵᠢᠶ᠎ᠡ ᠪᠠᠷ ᠴᠢᠬᠤᠯᠠᠴᠢᠯᠠᠵᠤ᠂ 123.84 ᠲᠦᠮᠡᠨ ᠲᠦᠭᠦᠷᠢᠭ ᠤᠨ ᠭᠠᠩ ᠬᠠᠭᠰᠠᠷᠭᠠᠨ ᠲᠠᠢ ᠲᠡᠮᠡᠴᠡᠬᠦ ᠪᠡᠯᠡ ᠮᠦᠩᠭᠦ ᠶᠢ ᠨᠢᠭᠡᠳᠦᠯᠲᠡᠢ ᠲᠦᠯᠦᠪᠯᠡᠨ ᠲᠤᠬᠢᠷᠠᠭᠤᠯᠵᠤ᠂ 516 ᠲᠤᠨ ᠡᠪᠡᠰᠤ ᠪᠤᠷᠳᠤᠭ᠎ᠠ ᠶᠢ ᠬᠤᠳᠠᠯᠳᠤᠨ ᠠᠪᠴᠤ ᠨᠥᠭᠡᠴᠡᠯᠡᠨ᠂ ᠪᠦᠬᠦ ᠬᠦᠴᠦᠨ ᠢᠶᠠᠷ ᠢᠶᠠᠨ ᠭᠠᠩ ᠬᠠᠭᠰᠠᠷᠭᠠᠨ ᠲᠠᠢ ᠲᠡᠮᠡᠴᠡᠵᠤ ᠭᠠᠮᠰᠢᠭ ᠢ ᠬᠠᠮᠤᠭ ᠪᠠᠭ᠎ᠠ ᠬᠡᠮᠵᠢᠶᠡᠨ ᠳᠤ ᠬᠢᠵᠠᠭᠠᠷᠯᠠᠵᠤ᠂ ᠮᠠᠯᠴᠢᠨ ᠲᠦᠮᠡᠨ ᠤ ᠦᠢᠯᠡᠳᠪᠤᠷᠢᠯᠡᠯ ᠠᠮᠢᠳᠤᠷᠠᠯ ᠤᠨ ᠬᠡᠪ ᠤᠨ ᠪᠠᠶᠢᠳᠠᠯ ᠢ ᠪᠠᠳᠤᠯᠠᠬᠤ ᠪᠠᠷ ᠪᠠᠶᠢᠨ᠎ᠠ᠃      ᠬᠤᠰᠢᠭᠤᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠳᠠ ᠶᠢᠨ ᠲᠤᠪᠴᠢᠶᠠᠨ ᠤ ᠨᠠᠮ ᠤᠨ       ᠬᠤᠷᠢᠶᠠᠨ ᠤ ᠱᠦᠵᠢ᠂ ᠲᠤᠪᠴᠢᠶᠠᠨ ᠲᠠᠷᠤᠭ᠎ᠠ ᠦ᠋ ᡁᠢ ᠭᠠᠩ ᠠᠴᠠ᠂ ᠲᠠᠷᠠᠭᠠᠴᠢ ᠶᠢᠨ ᠠᠯᠬᠤᠮ ᠳᠤ᠂ ᠪᠢᠳᠠ ᠡᠪᠡᠰᠤ ᠪᠤᠷᠳᠤᠭ᠎ᠠ ᠶᠢ ᠰᠢᠯᠵᠢᠬᠦᠯᠦᠨ ᠵᠦᠭᠡᠭᠡᠪᠤᠷᠢᠯᠡᠵᠤ ᠨᠦᠭᠡᠴᠡᠯᠡᠬᠦ ᠠᠵᠢᠯ ᠢᠶᠠᠨ ᠦᠷᠭᠦᠯᠵᠢᠯᠡᠨ ᠴᠢᠩᠭᠠᠳᠬᠠᠵᠤ᠂ ᠭᠠᠩ ᠬᠠᠭᠰᠠᠷᠭᠠᠨ ᠲᠠᠢ ᠲᠡᠮᠡᠴᠡᠬᠦ ᠪᠡᠯᠡ ᠮᠦᠩᠭᠦ ᠶᠢ ᠢᠳᠡᠪᠬᠢᠲᠠᠢ ᠲᠡᠮᠡᠴᠡᠨ ᠤᠯᠵᠤ᠂ ᠮᠠᠯᠴᠢᠳ ᠢ ᠬᠠᠪᠰᠤᠷᠤᠨ ᠬᠦᠴᠢᠷ  ᠪᠡᠷᠬᠡ  ᠎ ᠶᠢ ᠲᠤᠭᠤᠯᠤᠨ᠂ ᠡᠨᠡᠬᠦ ᠭᠠᠩ ᠬᠠᠭᠰᠠᠷᠭᠠᠨ ᠲᠠᠢ ᠲᠡᠮᠡᠴᠡᠬᠦ  ᠢᠯᠠᠯᠳᠠ ᠶᠢ ᠤᠯᠬᠤ ᠪᠠᠷ ᠴᠢᠷᠮᠠᠶᠢᠨ᠎ᠠ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号