ᠮᠠᠨ ᠤ ᠬᠤᠰᠢᠭᠤ ᠨᠠᠮ ᠤᠨ ᠬᠤᠷᠢᠳᠤᠭᠠᠷ ᠶᠡᠭᠡ ᠬᠤᠷᠠᠯ ᠪᠠ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠪᠡᠯᠭᠡᠯᠡᠨ ᠣᠶᠣᠨ ᠤ ᠮᠡᠳᠡᠯᠭᠡ ᠶᠢᠨ ᠣᠷᠣᠯᠳᠣᠭᠠᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2022/7/5
     ᠤᠶᠢᠷ᠎ᠠ ᠶᠢᠨ ᠡᠳᠦᠷ᠂ ᠮᠠᠨ ᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ᠂ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠪᠠ ᠤᠬᠠᠭᠤᠯᠬᠤ ᠬᠡᠯᠲᠡᠰ᠂ ᠬᠤᠰᠢᠭᠤᠨ ᠤ ᠰᠢᠭᠤᠳ ᠬᠠᠷᠢᠶ᠎ᠠ ᠪᠠᠶᠢᠭᠤᠯᠤᠯᠭ᠎ᠠ ᠶᠢᠨ ᠨᠠᠮ ᠤᠨ ᠠᠵᠢᠯ ᠤᠨ ᠵᠦᠪᠯᠡᠯ᠂ ᠨᠠᠮ ᠪᠠ ᠣᠯᠠᠨ ᠳᠥᠮᠡᠨᠴᠢ ᠪᠦᠯᠬᠦᠮ ᠤᠨ ᠦᠢᠯᠡᠴᠢᠯᠡᠭᠡᠨ ᠤ ᠲᠥᠪ ᠤᠨ ᠨᠠᠮ ᠤᠨ ᠠᠵᠢᠯ ᠤᠨ ᠵᠦᠪᠯᠡᠯ ᠤᠨ ᠬᠠᠮᠲᠤᠷᠠᠨ ᠡᠷᠭᠢᠯᠡᠭᠰᠡᠨ ︽ᠰᠢᠨ᠎ᠡ ᠠᠶᠠᠨ ᠵᠠᠮ ᠳᠤ ᠡᠷᠢᠯᠭᠡᠯᠡᠨ ᠳᠡᠮᠡᠴᠠᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠨ᠂ ᠨᠠᠮ ᠪᠠᠶᠢᠭᠤᠯᠤᠭᠳᠠᠭᠰᠠᠨ 101 ᠵᠢᠯ ᠤᠨ ᠣᠶ ᠶᠢ ᠬᠠᠮᠳᠣᠪᠡᠷ ᠪᠡᠯᠭᠡᠯᠡᠶ᠎ᠡ︾ ᠬᠡᠬᠦ ᠣᠶᠣᠨ ᠤ ᠮᠡᠳᠡᠯᠭᠡ ᠶᠢᠨ ᠤᠷᠤᠯᠳᠤᠭᠠᠨ ᠨᠢ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠳᠤ ᠳᠡᠭᠦᠰ ᠠᠮᠵᠢᠯᠲᠠ ᠲᠠᠢ ᠶᠠᠪᠤᠭᠳᠠᠪᠠ᠃ ᠬᠤᠰᠢᠭᠤ ᠤᠳᠤᠷᠢᠳᠤᠯᠭ᠎ᠠ ᠰᠢᠦᠢ ᠵᠢᠩ᠂ ᠴᠢ ᠶᠦᠩ᠂ ᠪᠣᠯᠣᠳ᠂ ᠳ᠋ᠦ᠋ ᠶᠦᠩ ᠭᠠᠩ ᠨᠠᠷ ᠤᠷᠤᠯᠳᠤᠭᠠᠨ ᠢ ᠰᠣᠨᠢᠷᠬᠠᠬᠤ ᠶᠢᠨ ᠬᠠᠮᠳᠤ ᠱᠠᠩᠨᠠᠯ ᠬᠦᠷᠲᠡᠭᠰᠡᠳ ᠲᠤ ᠱᠠᠩᠨᠠᠯ ᠭᠠᠷᠳᠠᠭᠤᠯᠪᠠ᠃      ᠲᠣᠰ ᠤᠳᠠᠭᠠᠨ ᠤ ᠤᠶᠤᠨ ᠤ ᠮᠡᠳᠡᠯᠭᠡ ᠶᠢᠨ ᠤᠷᠤᠯᠳᠤᠭᠠᠨ ᠨᠢ ᠨᠠᠮ ᠤᠨ ᠳᠦᠷᠢᠮ᠂ ᠨᠠᠮ ᠤᠨ ᠲᠣᠭᠲᠠᠭᠠᠯ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠦᠬᠡ᠂ ᠨᠠᠮ ᠤᠨ ᠪᠠᠶᠢᠭᠤᠯᠤᠯᠲᠠ ᠪᠠ ᠨᠠᠮ ᠤᠨ ᠰᠠᠬᠢᠯᠭ᠎ᠠ ᠪᠠᠲᠤ ᠶᠢᠨ ᠳᠦᠷᠢᠮ ᠲᠣᠭᠲᠠᠭᠠᠯ᠂ ᠰᠢ ᠶᠢᠨ ᠫᠢᠩ ᠶᠡᠷᠦᠩᠬᠡᠢ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠬᠤᠪᠢ ᠬᠦᠮᠦᠨ ᠤ ᠵᠠᠪᠠᠯ ᠬᠠᠷᠢᠭᠤᠯᠬᠤ ᠰᠡᠳᠤᠪ᠂ ᠲᠤᠭᠤᠶᠢᠯᠠᠩ ᠤᠨ ᠵᠠᠪᠠᠯ ᠬᠠᠷᠢᠭᠤᠯᠬᠤ ᠰᠡᠳᠤᠪ᠂ ᠪᠤᠯᠢᠶᠠᠯᠳᠤᠨ ᠬᠠᠷᠢᠭᠤᠯᠬᠤ ᠰᠡᠳᠤᠪ᠂ ᠬᠥᠴᠢᠷ ᠰᠡᠳᠤᠪ ᠢ ᠬᠠᠷᠢᠭᠤᠯᠬᠤ ᠵᠡᠷᠭᠡ ᠬᠡᠯᠪᠡᠷᠢ ᠪᠠᠷ ᠶᠠᠪᠤᠭᠳᠠᠵᠤ᠂ ᠰᠡᠳᠤᠪ ᠨᠢ ᠠᠭᠤᠯᠭ᠎ᠠ ᠪᠠᠷ ᠪᠠᠶᠠᠯᠢᠭ᠂ ᠮᠡᠳᠡᠯᠭᠡ ᠶᠢᠨ ᠬᠡᠪᠴᠢᠶ᠎ᠡ ᠦᠷᠭᠡᠨ ᠪᠠᠶᠢᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠦᠵᠢᠯ ᠤᠨ ᠦᠷ᠎ᠡ ᠪᠦᠳᠦᠮᠵᠢ ᠢ ᠤᠯᠠᠨ ᠲᠠᠯ᠎ᠠ ᠠᠴᠠ ᠰᠢᠯᠭᠠᠭᠰᠠᠨ ᠪᠠᠶᠢᠨ᠎ᠠ᠃ ᠡᠭᠦᠨ ᠳᠤ ᠪᠡᠯᠡᠳᠭᠡᠯ ᠤᠷᠤᠯᠳᠤᠭᠠᠨ ᠢᠶᠠᠷ ᠲᠠᠮᠵᠢᠨ 8 ᠲᠦᠯᠦᠭᠡᠯᠡᠭᠴᠢ ᠠᠩᠭᠢ ᠨᠢ ᠪᠦᠬᠦ ᠬᠤᠰᠢᠭᠤᠨ ᠤ 44 ᠲᠦᠯᠦᠭᠡᠯᠡᠭᠴᠢ ᠠᠩᠭᠢ ᠠᠴᠠ ᠴᠤᠯᠭᠤᠷᠠᠨ ᠭᠠᠷᠴᠤ ᠡᠴᠤᠰ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠵᠤ᠂ ᠤᠷᠤᠯᠳᠤᠭᠠᠨ ᠤ ᠡᠴᠤᠰ ᠲᠤ ᠶᠤᠸᠠᠨ ᠲᠦᠩ ᠠᠭᠤᠷᠬᠠᠢ ᠶᠢᠨ ᠦᠢᠯᠡᠰ ᠤᠨ ᠨᠠᠮ ᠤᠨ ᠡᠭᠦᠷ ᠤᠨ ᠲᠥᠯᠥᠭᠡᠯᠡᠭᠴᠢᠳ ᠤᠨ ᠠᠩᠭᠢ ᠮᠠᠩᠯᠠᠶᠢᠯᠠᠵᠤ᠂ ᠬᠤᠰᠢᠭᠤᠨ ᠤ ᠪᠠᠭ᠎ᠠ ᠰᠤᠷᠭᠠᠭᠤᠯᠢ ᠶᠢᠨ ᠨᠢᠭᠡᠳᠦᠭᠡᠷ ᠠᠩᠭᠢ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠨᠢᠭᠡᠳᠦᠭᠡᠷ ᠠᠩᠭᠢ ᠬᠤᠶᠠᠳᠤᠭᠠᠷ ᠳᠡᠰ ᠤᠨ ᠱᠠᠩᠨᠠᠯ ᠬᠦᠷᠲᠡᠵᠦ᠂ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠳᠣᠪᠴᠢᠶᠠᠨ ᠤ ᠨᠠᠮ ᠤᠨ ᠡᠭᠦᠷ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠮᠲᠤᠷᠠᠭᠰᠠᠨ ᠲᠥᠯᠥᠭᠡᠯᠡᠭᠴᠢᠳ ᠤᠨ ᠠᠩᠭᠢ᠂ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠨᠠᠮ ᠤᠨ ᠡᠭᠦᠷ ᠤᠨ ᠬᠤᠶᠠᠳᠤᠭᠠᠷ ᠠᠩᠭᠢ ᠭᠤᠷᠪᠠᠳᠤᠭᠠᠷ ᠳᠡᠰ ᠤᠨ ᠱᠠᠩᠨᠠᠯ ᠭᠥᠷᠳᠡᠪᠡ᠃      ᠣᠷᠣᠯᠴᠠᠭᠴᠢ ᠶᠠᠩ ᠰᠢᠶᠣᠣ ᠺᠦᠨ ᠠᠴᠠ᠂ ᠪᠢ ᠡᠨᠡ ᠤᠳᠠᠭᠠᠨ ᠤ ᠤᠶᠤᠨ ᠤ ᠮᠡᠳᠡᠯᠭᠡ ᠶᠢᠨ       ᠤᠷᠤᠯᠳᠤᠭᠠᠨ ᠳᠤ ᠣᠷᠣᠯᠴᠠᠭᠰᠠᠨ ᠰᠡᠳᠬᠢᠭᠲᠡᠯ ᠲᠥᠷᠥᠭᠳᠡᠯ ᠢᠶᠠᠨ ᠠᠵᠢᠯ ᠤᠨ ᠬᠥᠳᠡᠯᠭᠡᠬᠦ ᠬᠥᠴᠥᠨ ᠪᠤᠯᠭᠠᠵᠤ᠂ ᠬᠠᠷᠢᠭᠤᠴᠠᠯᠭ᠎ᠠ ᠪᠠᠨ ᠪᠠᠲᠤ ᠴᠡᠭᠡᠵᠢᠯᠡᠨ᠂ ᠠᠵᠢᠯ ᠤᠨ ᠪᠠᠶᠢᠷᠢ ᠪᠠᠨ ᠬᠠᠶᠢᠷᠠᠯᠠᠵᠤ᠂ ᠢᠷᠠᠭᠤ ᠠᠯᠲᠠᠷᠲᠤ ᠰᠡᠳᠬᠢᠯᠭᠡ ᠪᠤᠯᠤᠨ ᠡᠭᠦᠷᠭᠡ ᠬᠠᠷᠢᠭᠤᠴᠠᠯᠭᠠᠲᠤ ᠰᠡᠳᠬᠢᠯᠭᠡ ᠪᠠᠨ ᠮᠠᠨ ᠤ ᠬᠤᠰᠢᠭᠤᠨ ᠤ ᠴᠢᠨᠠᠷ ᠰᠠᠶᠢᠲᠠᠢ ᠬᠥᠭᠵᠢᠯᠲᠠ ᠶᠢ ᠲᠥᠯᠬᠢᠨ ᠠᠬᠢᠭᠤᠯᠬᠤ ᠬᠥᠴᠤᠨ ᠪᠤᠯᠭᠠᠨ ᠬᠤᠪᠢᠷᠠᠭᠤᠯᠤᠨ᠎ᠠ ᠭᠡᠪᠡ᠃      ᠬᠤᠰᠢᠭᠤᠨ ᠤ ᠵᠡᠮᠳᠡᠭᠴᠦᠳ ᠤᠨ ᠡᠷᠡᠭᠦᠯᠵᠢᠯ ᠤᠨ ᠨᠠᠶᠢᠳᠠᠨ ᠠᠰᠠᠷᠠᠭᠤᠯᠬᠤ ᠦᠢᠯᠡᠴᠢᠯᠡᠭᠡᠨ ᠤ ᠲᠥᠪ ᠤᠨ ᠡᠷᠬᠢᠯᠡᠭᠴᠢ ᠭᠤᠸ᠎ᠠ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠷᠡᠯ ᠰᠠᠴᠤᠷᠠᠩᠭᠤᠢ ᠲᠡᠤᠬᠡ ᠶᠢ ᠣᠶᠢᠯᠠᠭᠠᠵᠤ᠂ ᠮᠠᠨ ᠤ ᠨᠠᠮ ᠤᠨ ᠭᠠᠶᠢᠬᠠᠮᠰᠢᠭᠲᠤ ᠣᠨ ᠵᠢᠯ ᠤᠳ ᠢ ᠬᠠᠮᠳᠣᠪᠡᠷ ᠢᠶᠠᠨ ᠡᠷᠬᠢᠴᠡᠬᠦᠯᠦᠯ᠎ᠡ᠃ ᠡᠨᠡ ᠨᠢ ᠪᠢᠳᠠᠨᠠᠷ ᠤᠨ ᠬᠤᠪᠢᠰᠬᠠᠯ ᠤᠨ ᠰᠣᠩᠭᠤᠳᠠᠭ ᠰᠣᠶᠣᠯ ᠤᠨ ᠲᠤᠬᠠᠢ ᠣᠶᠢᠯᠠᠭᠠᠯᠲᠠ ᠪᠠ ᠳᠦᠷᠦᠭᠳᠡᠯ ᠢ ᠨᠡᠩ ᠬᠦᠨᠵᠡᠭᠡᠶᠢᠷᠡᠬᠦᠯᠦᠭᠰᠡᠨ ᠢᠶᠠᠷ ᠪᠠᠷᠠᠬᠤ ᠦᠭᠡᠢ ᠪᠠᠰᠠ ᠬᠤᠶᠢᠰᠢᠳᠠ ᠶᠢᠨ ᠠᠵᠢᠯ ᠳᠤ ᠴᠦ ᠨᠡᠩ ᠶᠡᠭᠡ ᠬᠥᠳᠡᠯᠭᠡᠭᠦ ᠬᠦᠴᠦᠨ ᠪᠤᠯᠪᠠ ᠭᠡᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号