44 ᠵᠢᠯ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠰᠠᠭᠤᠭ᠎ᠠ ᠲᠡᠮᠡᠭᠡᠴᠢᠨ ᠪᠦᠰᠡᠭᠦᠢ
ᠨᠡᠶᠢᠲᠡᠯᠡᠭᠰᠡᠨ ᠴᠠᠭ᠄
2022/8/10
     ᠮᠠᠨ ᠤ ᠬᠤᠰᠢᠭᠤᠨ ᠤ ᠰᠤᠪᠨᠠᠭᠤᠷ ᠰᠤᠮᠤᠨ ᠤ ᠢᠪᠠᠤᠲᠦ ᠭᠠᠴᠠᠭᠠᠨ ᠤ ᠮᠠᠯᠴᠢᠨ ᠤᠶᠤᠨᠴᠢᠮᠡᠭ ᠮᠠᠨᠢ 44 ᠵᠢᠯ ᠲᠡᠨᠢᠭᠡᠷ ᠭᠤᠪᠢ ᠶᠢᠨ ᠬᠦᠨ ᠳᠤ ᠬᠢᠯᠢ ᠪᠠᠨ ᠰᠠᠬᠢᠵᠤ ᠰᠠᠭᠤᠬᠤ ᠶᠢᠨ ᠲᠠᠭᠠᠤ ᠳᠤ 400 ᠲᠡᠮᠡᠭᠡ ᠪᠠᠨ ᠠᠷᠠᠴᠢᠯᠡᠨ ᠦᠷᠡᠵᠢᠭᠦᠯᠦᠭᠰᠡᠨ ᠵᠢᠱᠢᠶᠡᠴᠢ ᠶᠤᠮ᠃       ᠤᠶᠤᠨᠴᠢᠮᠡᠭ ᠤᠨ ᠬᠢᠨ ᠤ ᠲᠤᠮᠳᠠᠳᠤ ᠮᠤᠩᠭᠤᠯ ᠤᠨ ᠬᠢᠯᠢ ᠤᠨ ᠱᠤᠭᠤᠮ ᠠᠴᠠ 16 ᠺᠢᠯᠤᠮᠧᠲᠷ ᠵᠠᠶᠢᠳᠠᠢ ᠪᠠᠶᠢᠳᠠᠭ᠂ 2008 ᠤᠨ ᠳᠤ ᠠᠯᠠᠱᠠ ᠠᠶᠢᠮᠠᠭ ᠤᠨ ᠬᠢᠯᠢ ᠶᠢᠨ ᠬᠠᠮᠠᠭᠠᠯᠠᠯᠳᠠ ᠶᠢᠨ ᠵᠦᠪᠯᠡᠯ ᠠᠴᠠ       ᠤᠶᠤᠨᠴᠢᠮᠡᠭ ᠤᠨ ᠭᠡᠷ ᠢ 21 ᠳ᠋ᠦ᠋ᠭᠡᠷ ᠲᠤᠭᠠᠳᠤ ︽ᠮᠤᠩᠭᠤᠯ ᠭᠡᠷ ᠤᠨ ᠬᠠᠷᠠᠭᠤᠯ ᠤᠨ ᠭᠠᠵᠠᠷ︾ ᠭᠡᠮᠡᠨ ᠨᠡᠷᠡᠯᠡᠵᠡᠢ᠃ ᠬᠢᠯᠢ ᠬᠢᠵᠠᠭᠠᠷ ᠤᠨ ᠰᠠᠬᠢᠭᠴᠢ ᠪᠤᠯᠤᠭᠰᠠᠨ ᠤ ᠬᠤᠪᠢ ᠳᠤ᠂ ᠲᠡᠷᠡ ᠮᠠᠨᠢ ᠡᠳᠤᠷ ᠪᠦᠷᠢ ᠲᠡᠮᠡᠭᠡ ᠪᠠᠨ ᠤᠨᠤᠵᠤ ᠬᠢᠯᠢ ᠶᠢᠨ ᠱᠤᠭᠤᠮ ᠢᠶᠠᠷ 20 ᠭᠠᠷᠦᠢ ᠺᠢᠯᠤᠮᠧᠲᠷ ᠲᠤᠭᠤᠷᠢᠨ ᠴᠠᠭᠳᠠᠵᠤ᠂ ᠪᠠᠶᠢᠳᠠᠯ ᠢ ᠨᠠᠷᠢᠨ ᠲᠡᠮᠳᠡᠭᠯᠡᠨ᠂ ᠲᠤᠬᠠᠢ ᠶᠢᠨ ᠭᠠᠵᠠᠷ ᠤᠨ ᠬᠢᠯᠢ ᠶᠢᠨ ᠬᠠᠮᠠᠭᠠᠯᠠᠯᠳᠠ ᠳᠤ ᠬᠠᠷᠢᠭᠤ ᠮᠡᠳᠡᠭᠦᠯᠳᠡᠭ  ᠪᠠᠶᠢᠪᠠ᠃ 1978 ᠤᠨ ᠠᠴᠠ ᠤᠳᠤ ᠪᠤᠯᠳᠠᠯ᠎ᠠ ᠲᠡᠷᠡ ᠮᠠᠨᠢ ᠨᠢᠭᠡ ᠡᠳᠤᠷ ᠢ ᠴᠦ ᠲᠠᠰᠤᠯᠳᠠᠭᠰᠠᠨ ᠦᠭᠡᠢ ᠡᠭᠦᠷᠭᠡ ᠬᠠᠷᠢᠭᠤᠴᠠᠯᠭ᠎ᠠ ᠪᠠᠨ ᠰᠠᠶᠢᠳᠤᠷ  ᠭᠦᠢᠴᠡᠳᠬᠡᠨ ᠶᠠᠪᠤᠭᠰᠠᠨ ᠠᠴᠠ ᠡᠨᠡᠬᠦ 44 ᠵᠢᠯ ᠤᠨ ᠲᠤᠷᠰᠢ᠂ ᠲᠡᠭᠦᠨ ᠤ ᠬᠠᠮᠢᠶᠠᠷᠤᠯᠳᠠ ᠶᠢᠨ ᠬᠡᠪᠴᠢᠶᠡᠨ ᠳᠤ ᠬᠢᠯᠢ ᠬᠢᠵᠠᠭᠠᠷ ᠤᠷᠤᠨ ᠳᠤ ᠬᠤᠯᠪᠤᠭᠳᠠᠭᠰᠠᠨ ᠬᠡᠷᠡᠭ ᠶᠡᠷᠤ ᠠᠴᠠ ᠭᠠᠷᠤᠭᠰᠠᠨ ᠦᠭᠡᠢ ᠠᠵᠡᠢ᠃      ᠰᠤᠪᠨᠠᠭᠤᠷ ᠰᠤᠮᠤᠨ ᠤ ᠱᠦᠵᠢ ᠬᠤᠤᠰᠪᠠᠭᠠᠨ᠎ᠠ ᠬᠡᠯᠡᠬᠦ ᠳᠡᠭᠡᠨ᠄ ᠤᠶᠤᠨᠴᠢᠮᠡᠭ ᠨᠠᠰᠤᠳᠠᠨ 20           ᠨᠠᠰᠤᠨ ᠠᠴᠠ ᠪᠠᠨ ᠡᠬᠢᠯᠡᠵᠤ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ  ᠰᠠᠭᠤᠭᠠᠳ ᠨᠢᠭᠡᠨᠳᠡ 44 ᠵᠢᠯ ᠪᠤᠯᠵᠤ ᠪᠠᠶᠢᠨ᠎ᠠ᠂ ᠬᠢᠯᠢ ᠶᠢᠨ ᠱᠤᠭᠤᠮ ᠳᠤ ᠬᠦᠮᠦᠨ ᠬᠠᠷ᠎ᠠ ᠴᠦᠬᠡᠨ᠂ ᠪᠠᠶᠢᠭᠠᠯᠢ ᠶᠢᠨ ᠨᠦᠭᠦᠴᠡᠯ ᠠᠨᠠᠢ ᠪᠠᠶᠢᠭᠰᠠᠨ ᠴᠦ ᠲᠡᠷᠡ ᠮᠦᠨᠬᠦ ᠨᠤᠳᠤᠭ ᠲᠡᠪᠢᠰᠭᠡᠷ ᠢᠶᠠᠨ ᠬᠠᠶᠢᠷᠠᠯᠠᠵᠤ᠂ ᠬᠢᠯᠢ ᠬᠢᠵᠠᠭᠠᠷ ᠢᠶᠠᠨ ᠰᠠᠬᠢᠨ ᠬᠠᠮᠠᠭᠠᠯᠠᠵᠤ ᠲᠠᠩᠰᠤᠭ ᠰᠠᠶᠢᠬᠠᠨ ᠠᠮᠢᠳᠤᠷᠠᠯ ᠢ ᠥᠩᠭᠡᠷᠡᠭᠡᠵᠦ ᠰᠠᠭᠤᠨ᠎ᠠ᠃ ᠲᠡᠷᠡ ᠬᠢᠯᠢ ᠬᠢᠵᠠᠭᠠᠷ ᠤᠷᠤᠨ ᠢᠶᠠᠷ ᠲᠤᠭᠤᠷᠢᠨ ᠴᠠᠭᠳᠠᠬᠤ ᠎ ᠳᠠᠭᠠᠨ ᠲᠡᠮᠡᠭᠡ ᠲᠡᠵᠢᠭᠡᠵᠤ᠂ ᠲᠡᠮᠡᠭᠡᠨ ᠤ ᠬᠡᠷᠡᠭᠰᠡᠯ ᠬᠢᠬᠦ᠂ ᠲᠡᠮᠡᠭᠡᠨ ᠤ ᠨᠠᠶᠢᠷ ᠨᠠᠭᠠᠳᠤᠮ ᠢ ᠡᠷᠬᠢᠯᠡᠵᠤ᠂ ᠬᠤᠯᠠ ᠤᠶᠢᠷ᠎ᠠ ᠳᠠᠭᠠᠨ ᠠᠯᠳᠠᠷᠰᠢᠭᠰᠠᠨ ᠪᠤᠳᠠᠰ ᠤᠨ ᠪᠤᠰᠤ ᠰᠤᠶᠤᠯ ᠤᠨ ᠦᠪ ᠤᠨ ᠤᠯᠠᠮᠵᠢᠯᠠᠭᠴᠢ ᠪᠤᠯᠤᠭᠰᠠᠨ ᠪᠠᠶᠢᠨ᠎ᠠ᠂ ᠤᠯᠠᠨ ᠤ ᠨᠢᠳᠤᠨ ᠳᠤ ᠲᠡᠷᠡ ᠪᠤᠯ ᠬᠠᠯᠠᠭᠤᠨ ᠰᠡᠳᠬᠢᠯᠳᠤ ᠨᠠᠰᠤᠳᠠᠨ ᠪᠦᠭᠡᠳ ᠮᠠᠨ ᠤ ᠰᠤᠮᠤᠨ ᠤ ᠡᠯ᠎ᠡ ᠦᠨᠳᠤᠰᠤᠳᠡᠨ ᠨᠦᠭᠦᠳ ᠪᠦᠯᠬᠦᠮᠳᠡᠨ ᠲᠡᠮᠡᠴᠡᠵᠤ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠶᠢᠨ ᠦᠢᠯᠡᠳᠦᠯᠭᠡᠵᠢᠬᠦᠯᠦᠭᠴᠢ ᠪᠤᠯᠵᠤ ᠶᠠᠪᠤᠨ᠎ᠠ᠂ ᠡᠨᠡᠬᠦ 44 ᠵᠢᠯ ᠤᠨ ᠲᠤᠷᠰᠢ᠂ ᠤᠶᠤᠨᠴᠢᠮᠡᠭ ᠨᠠᠰᠤᠳᠠᠨ ᠴᠠᠭ ᠢᠮᠠᠭᠳᠠ ᠦᠭᠡᠢ ᠬᠢᠯᠢ ᠢᠶᠠᠨ ᠰᠠᠬᠢᠵᠤ᠂ ᠦᠪᠡᠷ ᠤᠨ ᠪᠤᠳᠠᠳᠤ ᠦᠢᠯᠡ ᠠᠵᠢᠯᠯᠠᠭ᠎ᠠ ᠪᠠᠷ ᠢᠶᠠᠨ ᠡᠷᠡᠰ ᠪᠠᠳᠤ ᠲᠠᠩᠭᠠᠷᠢᠭ ᠢᠶᠠᠨ ᠦᠢᠯᠡᠳᠦᠯᠭᠡᠵᠢᠬᠦᠯᠵᠤ᠂ ᠮᠦᠨᠴᠤ ᠲᠡᠭᠦᠨ ᠤ ᠡᠨᠡᠬᠦ ᠬᠢᠯᠢ ᠬᠢᠵᠠᠭᠠᠷ ᠲᠤ ᠰᠠᠭᠤᠷᠢᠰᠢᠵᠤ᠂ ᠤᠯᠤᠰ ᠤᠨ ᠪᠠᠳᠤᠯᠠᠨ ᠬᠠᠮᠠᠭᠠᠯᠠᠯᠳᠠ ᠲᠠᠢ ᠰᠡᠳᠬᠢᠯ ᠵᠢᠷᠤᠬᠡ ᠪᠠᠨ ᠬᠤᠯᠪᠤᠭᠰᠠᠨ ᠤᠯᠤᠰ ᠭᠡᠷ ᠢᠶᠠᠨ ᠬᠠᠶᠢᠷᠠᠯᠠᠬᠤ ᠰᠡᠳᠬᠢᠯᠭᠡ ᠪᠠ ᠨᠠᠰᠤᠨ ᠲᠤᠷᠰᠢᠳᠠ ᠪᠠᠨ ᠪᠠᠳᠤ ᠰᠠᠬᠢᠬᠤ ᠵᠤᠷᠢᠭ ᠰᠠᠨᠠᠭ᠎ᠠ ᠨᠢ ᠪᠢᠳᠠᠨ ᠤ ᠵᠠᠯᠭᠠᠮᠵᠢᠯᠠᠭᠤᠰᠢᠲᠠᠢ ᠶᠠᠪᠤᠳᠠᠯ ᠪᠤᠯᠤᠨ᠎ᠠ ᠭᠡᠵᠦ ᠪᠠᠶᠢᠯ᠎ᠠ᠃      ᠬᠠᠷᠢᠭᠤᠴᠠᠯᠭ᠎ᠠ ᠲᠠᠢ ︽ᠠᠬᠠᠮᠠᠳ ᠡᠷᠤᠬᠡ ᠶᠢᠨ ᠴᠡᠷᠢᠭ︾᠂ ᠮᠦᠨᠴᠦ ᠵᠤᠴᠢᠨᠰᠠᠭ ᠮᠤᠩᠭᠤᠯ ᠡᠵᠢ ᠪᠣᠯᠬᠤ ᠤᠶᠤᠨᠴᠢᠮᠡᠭ ᠢ ᠲᠤᠬᠠᠢ ᠶᠢᠨ ᠭᠠᠵᠠᠷ ᠤᠨ ᠬᠢᠯᠢ ᠶᠢᠨ ᠬᠠᠮᠠᠭᠠᠯᠠᠯᠳᠠ ᠶᠢᠨ ᠪᠠᠶᠢᠯᠳᠤᠭᠴᠢ᠂ ᠡᠷᠤᠬᠡ ᠶᠢᠨ ᠴᠡᠷᠢᠭ ᠲᠠᠢ ᠬᠦᠨ ᠵᠤᠵᠠᠭᠠᠨ ᠨᠦᠬᠦᠷᠯᠡᠯ ᠲᠠᠢ ᠪᠤᠯᠭᠠᠵᠡᠢ᠃ ᠲᠡᠮᠡᠭᠡᠨ ᠤ ᠨᠤᠤᠰᠤ ᠬᠠᠶᠢᠴᠢᠯᠠᠬᠤ ᠴᠠᠭ ᠪᠦᠷᠢ ᠳᠤ ᠵᠠᠯᠠᠭᠤᠴᠤᠳ ᠮᠠᠨᠢ ᠬᠦᠷᠦᠯᠴᠡᠨ ᠢᠷᠡᠵᠤ ᠠᠵᠢᠯ ᠢ ᠨᠢ ᠲᠡᠮᠵᠢᠨ ᠬᠢᠵᠤ᠂ ᠤᠶᠤᠨᠴᠢᠮᠡᠭ ᠭᠤᠪᠢ ᠶᠢᠨ ᠭᠦᠨ ᠳᠤ ᠦᠨᠳᠤᠰᠤᠳᠡᠨ ᠤ ᠪᠦᠯᠬᠦᠮᠳᠡᠯ ᠤᠨ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠭᠰᠠᠨ ᠰᠡᠳᠬᠢᠯ ᠬᠦᠳᠡᠯᠭᠡᠮ᠎ᠡ ᠦᠯᠢᠭᠡᠷ ᠢ ᠪᠢᠴᠢᠭᠯᠡᠭᠰᠡᠭᠡᠷ ᠢᠷᠡᠵᠡᠢ᠃ ᠲᠡᠭᠡᠷ᠎ᠡ ᠵᠠᠭᠤᠨ ᠤ ᠵᠢᠷᠠᠭᠠᠳ ᠤᠨ ᠠᠴᠠ ᠡᠬᠢᠯᠡᠨ᠂ ᠠᠳᠡ ᠰᠠᠬᠢᠨ ᠰᠠᠭᠤᠵᠤ ᠪᠠᠶᠢᠭᠰᠠᠨ ᠬᠢᠯᠢ ᠶᠢᠨ ᠬᠠᠮᠠᠭᠠᠯᠠᠯᠳᠠ ᠶᠢᠨ ᠪᠠᠶᠢᠯᠳᠤᠭᠴᠢ ᠪᠤᠯᠤᠨ ᠡᠷᠤᠬᠡ ᠶᠢᠨ ᠴᠡᠷᠢᠭ ᠲᠡᠮᠡᠭᠡ ᠪᠠᠷ ᠭᠤᠤᠯ ᠵᠠᠮ       ᠬᠠᠷᠢᠯᠴᠠᠭᠠᠨ ᠤ ᠪᠠᠭᠠᠵᠢ ᠪᠤᠯᠭᠠᠵᠤ᠂ ᠴᠡᠷᠢᠭ ᠤᠨ ᠲᠡᠮᠡᠭᠡ ᠲᠡᠵᠢᠭᠡᠬᠦ ᠨᠢ ᠴᠡᠷᠢᠭ ᠠᠷᠠᠳ ᠤᠨ ᠬᠠᠷᠢᠯᠴᠠᠨ ᠬᠠᠪᠰᠤᠷᠤᠯᠴᠠᠬᠤ ᠰᠢᠯᠢᠳᠡᠭ ᠤᠯᠠᠮᠵᠢᠯᠠᠯ ᠳᠤ ᠲᠤᠭᠠᠴᠠᠭᠳᠠᠵᠤ᠂ ᠤᠶᠤᠨᠴᠢᠮᠡᠭ ᠦᠨ᠎ᠡ ᠲᠦᠯᠦᠪᠤᠷᠢ ᠦᠭᠡᠢ ᠪᠠᠷ ᠴᠡᠷᠢᠭ ᠠᠩᠭᠢ ᠳᠤ ᠲᠡᠮᠡᠭᠡ ᠲᠡᠵᠢᠭᠡᠨ ᠦᠭᠭᠦ ᠶᠢᠨ ᠬᠠᠮᠳᠤ ᠤᠯᠠᠨ ᠳᠤ ᠪᠠᠰᠠ ᠮᠡᠷᠭᠡᠵᠢᠯ ᠤᠨ ᠵᠢᠯᠤᠭᠤᠳᠤᠯᠭ᠎ᠠ ᠬᠢᠳᠡᠭ ᠪᠠᠶᠢᠨ᠎ᠠ᠃      ᠰᠤᠪᠨᠠᠭᠤᠷ ᠰᠤᠮᠤᠨ ᠤ ᠡᠷᠤᠬᠡ ᠶᠢᠨ ᠴᠡᠷᠢᠭ ᠸᠧᠢ ᡁᠢ ᠵᠢᠶᠦ᠋ᠨ ᠬᠡᠯᠡᠬᠦ ᠳᠡᠭᠡᠨ᠂ ᠤᠶᠤᠨᠴᠢᠮᠡᠭ       ᠨᠠᠰᠤᠳᠠᠨ ᠪᠤᠯ ᠮᠠᠨ ᠤ ᠠᠳᠡᠬᠢ ᠶᠢᠨ ᠲᠡᠮᠡᠭᠡᠨ ᠤ ᠰᠤᠷᠭᠠᠭᠴᠢ ᠪᠤᠯᠤᠨ᠎ᠠ᠃ ᠠᠳᠡᠬᠢ ᠶᠢᠨ ᠲᠤᠭᠤᠷᠢᠨ ᠴᠠᠭᠳᠠᠬᠤ ᠬᠦᠷᠢᠶ᠎ᠡ ᠬᠡᠪᠴᠢᠶ᠎ᠡ ᠨᠢ ᠦᠨᠳᠤᠰᠤᠨ ᠳᠡᠭᠡᠨ ᠪᠦᠷ ᠡᠯᠡᠰᠤᠨ ᠴᠦᠯ ᠤᠨ ᠬᠠᠵᠠᠭᠤ ᠪᠠᠷ ᠲᠤᠭᠤᠷᠢᠨ ᠴᠠᠭᠳᠠᠳᠠᠭ ᠤᠴᠢᠷ ᠠᠴᠠ ᠤᠯᠠᠩᠬᠢ ᠦᠶ᠎ᠡ ᠳᠤ ᠲᠡᠮᠡᠭᠡ ᠤᠨᠤᠬᠤ ᠪᠠᠶᠢᠳᠠᠯ ᠤᠯᠠᠨ ᠪᠠᠶᠢᠳᠠᠭ᠃ ᠲᠡᠷᠡ ᠶᠡᠷᠤ ᠨᠢ ᠲᠡᠮᠡᠭᠡ ᠲᠠᠢ ᠬᠡᠷᠬᠢᠨ ᠨᠡᠪᠳᠡᠷᠡᠯᠴᠡᠬᠦ᠂ ᠲᠡᠮᠡᠭᠡ ᠶᠢ ᠬᠡᠷᠬᠢᠨ ᠯᠠᠪᠳᠠᠭᠤᠨ ᠤᠨᠤᠬᠤ ᠶᠢ ᠪᠢᠳᠠᠨ ᠳᠤ ᠨᠠᠷᠢᠯᠢᠭ ᠰᠠᠶᠢᠬᠠᠨ ᠬᠡᠯᠡᠵᠤ ᠦᠭᠭᠦᠳᠡᠭ ᠶᠤᠮ ᠭᠡᠵᠦ ᠪᠠᠶᠢᠯ᠎ᠠ᠃      44 ᠵᠢᠯ ᠤᠨ ᠲᠤᠷᠰᠢ᠂ ᠤᠶᠤᠨᠴᠢᠮᠡᠭ ᠨᠢᠭᠡ ᠲᠠᠯ᠎ᠠ ᠪᠠᠷ ᠬᠢᠯᠢ ᠪᠠᠨ ᠰᠠᠬᠢᠵᠤ ᠨᠢᠭᠡ ᠲᠠᠯ᠎ᠠ ᠪᠠᠷ ᠲᠡᠮᠡᠭᠡ ᠪᠠᠨ ᠠᠷᠠᠴᠢᠯᠠᠵᠦ ᠦᠰᠭᠡᠨ᠂ ᠮᠦᠨᠬᠦ ᠲᠡᠮᠡᠭᠡ ᠪᠠᠨ ᠠᠷᠠᠴᠢᠯᠠᠨ ᠦᠰᠭᠡᠬᠦ ᠪᠠᠷ ᠳᠠᠮᠵᠢᠨ ᠳᠡᠷᠭᠡᠳᠡᠬᠢ ᠮᠠᠯᠴᠢᠨ ᠡᠷᠦᠬᠡ ᠤᠳ ᠎ ᠢᠶᠠᠨ ᠳᠠᠶᠢᠴᠢᠯᠠᠨ ᠬᠠᠮᠲᠤ ᠳᠠᠭᠠᠨ ᠪᠠᠶᠠᠵᠢᠨ ᠴᠢᠨᠡᠭᠡᠯᠢᠭᠵᠢᠬᠦ ᠵᠠᠮ ᠢᠶᠠᠷ ᠵᠠᠮᠨᠠᠬᠤ ᠶᠢᠨ ᠬᠠᠮᠲᠤ ᠲᠡᠷᠡ ᠮᠠᠨᠢ ᠪᠠᠰᠠ ᠲᠡᠮᠡᠭᠡᠨ ᠰᠤᠶᠤᠯ ᠢ ᠬᠠᠮᠠᠭᠠᠯᠠᠨ ᠤᠯᠠᠮᠵᠢᠯᠠᠨ᠎ᠠ᠃ 2022 ᠤᠨ ᠳᠤ᠂ ᠦᠪᠡᠷᠲᠡᠭᠡᠨ ᠵᠠᠰᠠᠬᠤ ᠤᠷᠤᠨ ᠤ ᠳᠡᠰ ᠤᠨ ᠰᠤᠶᠤᠯ ᠤᠨ ᠠᠮᠢ ᠠᠬᠤᠢ ᠶᠢᠨ ᠬᠠᠮᠠᠭᠠᠯᠠᠯᠲᠠ ᠶᠢᠨ ᠤᠷᠤᠨ ᠤ ᠪᠦᠲᠦᠭᠡᠨ ᠪᠠᠶᠢᠭᠤᠯᠤᠯᠲᠠ ᠶᠢᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠲᠠ ᠶᠢᠨ ᠤᠯᠠᠮᠵᠢᠯᠠᠨ ᠵᠠᠯᠭᠠᠮᠵᠢᠯᠠᠬᠤ ᠪᠡᠯᠡ ᠮᠦᠩᠭᠦ ᠶᠢ ᠬᠡᠷᠡᠭᠯᠡᠬᠦ ᠲᠦᠷᠦᠯ       ᠵᠦᠢᠯ ᠤᠨ ᠲᠦᠯᠦᠪᠵᠢᠭᠦᠯᠭᠡ ᠶᠢ ᠦᠨᠳᠦᠰᠦᠯᠡᠨ᠂ ᠠᠯᠠᠱᠠ ᠠᠶᠢᠮᠠᠭ ᠤᠯᠤᠰ ᠤᠨ ᠳᠡᠰ ᠤᠨ ᠪᠤᠳᠠᠰ ᠤᠨ ᠪᠤᠰᠤ ᠰᠤᠶᠤᠯ ᠤᠨ ᠦᠪ ᠤᠨ ᠲᠦᠷᠦᠯ ᠵᠦᠢᠯ ︽ᠮᠤᠩᠭᠤᠯ ᠦᠨᠳᠦᠰᠦᠲᠡᠨ ᠤ ᠲᠡᠮᠡᠭᠡ ᠶᠢ ᠠᠷᠠᠴᠢᠯᠠᠨ ᠦᠰᠭᠡᠬᠦ         ᠵᠠᠩᠰᠢᠯ︾᠎ ᠤᠨ ᠤᠯᠠᠮᠵᠢᠯᠠᠨ ᠵᠠᠯᠭᠠᠮᠵᠢᠯᠠᠬᠤ ᠰᠠᠭᠤᠷᠢᠨ ᠭᠠᠵᠠᠷ ᠢ ᠤᠶᠤᠨᠴᠢᠮᠡᠭ ᠤᠨ ᠲᠡᠮᠡᠭᠡᠨ ᠤ ᠪᠡᠯᠴᠢᠭᠡᠷ ᠲᠤ ᠪᠠᠶᠢᠭᠤᠯᠪᠠ᠃      ᠤᠶᠤᠨᠴᠢᠮᠡᠭ ᠪᠢᠳᠡᠨ ᠳᠤ᠂ ᠮᠢᠨᠤ ᠣᠮᠪᠣᠯᠣ ᠨᠠᠷ ᠭᠠᠷᠠᠭ ᠤᠨ ᠠᠮᠠᠷᠠᠯᠲᠠ ᠪᠤᠯᠤᠭᠰᠠᠭᠠᠷ ᠪᠦᠷ ᠬᠠᠷᠢᠵᠤ ᠢᠷᠡᠵᠦ ᠨᠠᠳᠠᠳᠤ ᠲᠡᠮᠵᠢᠯᠭᠡ ᠪᠤᠯᠠᠳᠠᠭ᠂ ᠲᠡᠳᠡ ᠪᠢᠴᠢᠭ ᠢᠶᠠᠨ ᠰᠠᠶᠢᠨ ᠰᠣᠷᠣᠭᠠᠳ ᠨᠠᠳᠠᠳᠤ ᠬᠠᠮᠵᠢᠵᠤ ᠲᠡᠮᠡᠭᠡ ᠬᠠᠷᠢᠭᠤᠯᠤᠨ᠎ᠠ ᠭᠡᠵᠦ ᠦᠷᠬᠦᠯᠵᠢ ᠶᠠᠷᠢᠳᠠᠭ ᠭᠡᠵᠦ ᠪᠠᠶᠢᠯ᠎ᠠ᠃      44 ᠵᠢᠯ ᠤᠨ ᠲᠤᠷᠰᠢ᠂ ᠤᠶᠤᠨᠴᠢᠮᠡᠭ ᠮᠠᠨᠢ ︽ᠰᠢᠯᠢᠳᠡᠭ ᠲᠡᠮᠡᠭᠡᠴᠢᠨ︾᠂ ᠠᠶᠢᠮᠠᠭ ᠤᠨ ᠳᠡᠰ ᠤᠨ       ︽ᠮᠠᠯᠴᠢᠳ ᠤᠨ ᠲᠦᠯᠦᠭᠡᠯᠡᠭᠴᠢ︾᠂ ︽ᠭᠤᠷᠪᠠ ᠨᠠᠢᠮᠠ ᠶᠢᠨ ᠤᠯᠠᠭᠠᠨ ᠲᠤᠭᠴᠢ︾ ᠪᠠ ᠪᠦᠬᠦ ᠤᠷᠤᠨ ᠤ       ︽ᠵᠠᠭᠤᠨ ᠰᠢᠯᠢᠳᠡᠭ ᠮᠠᠯᠴᠢᠨ ᠲᠠᠷᠢᠶᠠᠴᠢᠨ︾᠎ ᠢᠶᠠᠷ ᠦᠨᠡᠯᠡᠭᠳᠡᠵᠦ᠂ 2009 ᠤᠨ ᠳᠤ ︽ᠦᠪᠡᠷᠲᠡᠭᠡᠨ ᠵᠠᠰᠠᠬᠤ ᠤᠷᠤᠨ ᠤ ᠰᠢᠯᠢᠳᠡᠭ ᠬᠢᠯᠢ ᠶᠢᠨ ᠠᠷᠠᠳ︾᠎ ᠤᠨ ᠢᠷᠠᠭᠤ ᠠᠯᠳᠠᠷ ᠤᠨ ᠴᠤᠯᠠ ᠶᠢ ᠬᠦᠷᠲᠡᠨ᠂ 2021 ᠤᠨ ᠳᠤ ᠪᠠᠰᠠ ᠠᠯᠠᠱᠠ ᠠᠶᠢᠮᠠᠭ ᠤᠨ ︽ᠬᠠᠮᠤᠭ ᠤᠨ ᠭᠤᠶᠤ ᠬᠢᠯᠢ ᠰᠠᠬᠢᠭᠴᠢ︾ ᠪᠤᠯᠵᠤ ᠪᠢᠯᠡ᠃      ᠤᠶᠤᠨᠴᠢᠮᠡᠭ ᠬᠡᠯᠡᠬᠦ ᠳᠡᠭᠡᠨ᠂ ᠮᠠᠨ ᠤ ᠬᠢᠨ ᠬᠡᠳᠦᠨ ᠦᠶ᠎ᠡ ᠪᠠᠷ ᠢᠶᠠᠨ ᠬᠢᠯᠢ ᠬᠢᠵᠠᠭᠠᠷ ᠢᠶᠠᠨ ᠬᠠᠮᠠᠭᠠᠯᠠᠵᠤ ᠪᠠᠶᠢᠭ᠎ᠠ ᠨᠢ ᠪᠢᠳᠡᠨ ᠳᠤ ᠶᠡᠭᠡ ᠥᠩᠭᠡ ᠭᠡᠷᠡᠯᠲᠡᠢ ᠰᠠᠨᠠᠭᠳᠠᠵᠤ᠂ ᠡᠨᠡ ᠬᠦ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ ᠶᠠᠪᠤᠨ᠎ᠠ ᠭᠡᠵᠦ ᠪᠠᠶᠢᠯ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号