ᠮᠠᠨ ᠤ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠬᠢᠭᠤᠯᠤᠯᠲᠠ ᠶᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠨᠢᠭᠡᠳᠦᠭᠡᠷ ᠤᠳᠠᠭᠠᠨ ᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/2
     7 ᠳ᠋ᠤᠭᠠᠷ ᠰᠠᠷ᠎ᠠ ᠶᠢᠨ 27᠎ ᠤ ᠡᠳᠦᠷ᠂ ᠬᠤᠰᠢᠭᠤᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠬᠢᠭᠤᠯᠤᠯᠲᠠ ᠶᠢ ᠡᠬᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ 2022 ᠣᠨ ᠤ ᠨᠢᠭᠡᠳᠦᠭᠡᠷ ᠣᠳᠠᠭᠠᠨ ᠤ ᠬᠤᠷᠠᠯ ᠢ ᠬᠤᠷᠠᠯᠳᠤᠭᠤᠯᠪᠠ᠃ ᠬᠤᠰᠢᠭᠤᠨ ᠤ ᠨᠠᠮ ᠤᠨ  ᠬᠤᠷᠢᠶᠠᠨ ᠤ ᠱᠦᠵᠢ ᠸᠠᠩ ᠯᠢ ᠵᠢᠶᠦ᠋ᠨ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠤ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠪᠦᠬᠡ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠵᠡᠷᠭᠡ ᠬᠤᠰᠢᠭᠤ ᠤᠳᠤᠷᠢᠳᠤᠯᠭ᠎ᠠ ᠨᠠᠷ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ᠃      ᠬᠤᠷᠠᠯ ᠳᠤ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠪᠣᠯᠣᠳ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠪᠠᠶᠢᠴᠠᠭᠠᠨ ᠰᠤᠳᠤᠯᠬᠤ ᠳᠤᠭᠤᠶᠢᠯᠠᠩ ᠤᠨ ᠠᠯᠠᠱᠠ ᠠᠶᠢᠮᠠᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠳᠤ ᠬᠠᠷᠢᠭᠤ ᠲᠤᠰᠬᠠᠭᠰᠠᠨ ᠰᠠᠨᠠᠯ ᠢ ᠨᠡᠶᠢᠲᠡᠯᠡᠨ ᠮᠡᠳᠡᠭᠳᠡᠵᠦ᠂ ᠠᠶᠢᠮᠠᠭ ᠤᠨ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ 2022 ᠣᠨ ᠤ ᠬᠤᠶᠠᠳᠤᠭᠠᠷ ᠤᠳᠠᠭᠠᠨ ᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠳᠠᠮᠵᠢᠭᠤᠯᠬᠤ ᠶᠢᠨ ᠬᠠᠮᠳᠤ ︽ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠲᠠ ︵ᠲᠤᠰᠬᠠᠢ ᠣᠷᠣᠨ᠂ ᠵᠧᠦ᠂ ᠠᠶᠢᠮᠠᠭ︶᠂ ᠰᠢᠶᠠᠨ ︵ᠬᠤᠲᠠ᠂ ᠲᠣᠭᠤᠷᠢᠭ᠂ ᠬᠤᠰᠢᠭᠤ︶᠎ ᠤ ᠰᠢᠯᠭᠠᠨ ᠲᠣᠭᠲᠠᠭᠠᠬᠤ ᠭᠦᠢᠴᠡᠳᠬᠡᠯ ᠲᠤᠭ᠎ᠠ︾᠎ ᠶᠢᠨ ᠡᠭᠦᠷᠭᠡ ᠶᠢᠨ ᠵᠠᠳᠠᠯᠤᠭᠰᠠᠨ ᠪᠠᠶᠢᠳᠠᠯ ᠳᠤ ᠲᠠᠶᠢᠯᠤᠮᠵᠢ ᠬᠢᠪᠡ᠃ ᠬᠤᠷᠠᠯ ᠳᠤ ᠪᠠᠰᠠ ᠳᠠᠯᠠᠶᠢᠬᠥ᠋ᠪ ᠪᠠᠯᠭᠠᠰᠤ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠢᠦᠢ ᠶᠠᠨ ᠤ ᠴᠧᠩ ᠯᠦᠩ ᠰᠣᠶᠣᠯ ᠵᠤᠭᠠᠴᠠᠯ ᠤᠨ ᠺᠣᠮᠫᠠᠨᠢ ᠪᠣᠯᠣᠨ ᠡᠭᠦᠳᠦᠨ ᠪᠠᠶᠢᠭᠤᠯᠬᠤ ᠠᠯᠪᠠᠨ ᠭᠡᠷ ᠤᠨ ᠠᠵᠢᠯ ᠢ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃      ᠬᠤᠷᠠᠯ ᠠᠴᠠ ᠵᠢᠭᠠᠵᠤ ᠭᠠᠷᠠᠭᠠᠬᠤ ᠳᠠᠭᠠᠨ᠄ ᠡᠷᠬᠡᠪᠰᠢ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠬᠥᠮᠦᠵᠢᠯ ᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠢ ᠬᠥᠲᠥᠯᠥᠨ ᠵᠢᠯᠤᠭᠤᠳᠴᠤ ᠪᠠᠶᠢᠭᠠᠳ ︽ᠲᠠᠪᠤᠨ ᠬᠠᠮᠲᠤ ᠶᠢᠨ ᠲᠠᠨᠢᠯᠳᠠ︾᠎ ᠶᠢ ᠥᠨᠡᠨᠬᠦ  ᠴᠢᠩᠭᠠᠳᠬᠠᠨ᠂ ᠵᠥᠪ ᠣᠨᠣᠪᠴᠢᠲᠠᠢ ᠤᠯᠤᠰ ᠤᠨ ᠦᠵᠡᠯᠲᠡ᠂ ᠦᠨᠳᠦᠰᠦᠲᠡᠨ ᠤ ᠦᠵᠡᠯᠲᠡ᠂ ᠲᠡᠦᠬᠡ ᠶᠢᠨ ᠦᠵᠡᠯᠲᠡ᠂ ᠰᠣᠶᠣᠯ ᠤᠨ ᠦᠵᠡᠯᠲᠡ ᠪᠠ ᠱᠠᠰᠢᠨ ᠰᠤᠷᠲᠠᠬᠤᠨ ᠤ ᠦᠵᠡᠯᠲᠡ ᠶᠢ ᠪᠤᠢ ᠪᠤᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠡᠵᠡᠨ᠎ᠡ ᠶᠢᠨ ᠪᠦᠬᠦ ᠤᠯᠤᠰ᠂ ᠣᠷᠣᠨ᠂ᠠᠶᠢᠮᠠᠭ ᠤᠨ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠳᠤᠮᠳᠠᠬᠢ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠢᠯᠢ ᠬᠢᠵᠠᠭᠠᠷ ᠣᠷᠣᠨ ᠢ ᠬᠥᠭᠵᠢᠭᠦᠯᠵᠦ ᠠᠷᠠᠳ ᠢ ᠪᠠᠶᠠᠵᠢᠭᠤᠯᠬᠤ᠂ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠠᠮᠢ ᠠᠬᠤᠢ ᠶᠢᠨ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠬᠥᠭᠵᠢᠯᠲᠡ ᠵᠡᠷᠭᠡ ᠭᠤᠣᠯᠳᠠᠯᠭ᠎ᠠ ᠲᠠᠢ ᠠᠵᠢᠯ ᠢ ᠭᠦᠨᠵᠡᠭᠡᠢ ᠠᠭᠤᠰᠤᠯᠴᠠᠭᠤᠯᠬᠤ ᠬᠡᠷᠡᠭᠲᠡᠢ᠃ ᠡᠷᠬᠡᠪᠰᠢ ᠥᠪᠡᠷᠮᠢᠴᠡ ᠣᠨᠴᠠᠯᠢᠭ ᠲᠠᠢ ᠭᠢᠯᠠᠰ ᠴᠡᠭ ᠢ ᠳᠣᠪᠤᠶᠢᠯᠭᠠᠵᠤ᠂ ᠠᠷᠭ᠎ᠠ ᠬᠡᠯᠪᠡᠷᠢ ᠪᠠᠨ ᠰᠢᠨᠠᠴᠢᠯᠡᠨ᠂ ᠦᠨᠳᠦᠰᠦᠲᠡᠨ ᠨᠦᠭᠦᠳ ᠤᠨ ᠣᠯᠠᠨ ᠲᠦᠮᠡᠨ ᠤ ᠦᠵᠡᠵᠦ ᠰᠣᠨᠢᠷᠬᠠᠬᠤ ᠳᠤᠷᠠᠲᠠᠢ ᠠᠵᠢᠯᠯᠠᠭ᠎ᠠ ᠶᠢ ᠢᠯᠡᠭᠦᠬᠡᠨ ᠡᠷᠬᠢᠯᠡᠨ ᠶᠠᠪᠣᠭᠳᠠᠭᠤᠯᠵᠤ᠂ ᠡᠯ᠎ᠡ ᠠᠵᠢᠯ ᠲᠥᠷᠥᠯ ᠤᠨ ᠬᠢᠨ ᠳᠤ ᠡᠭᠦᠳᠦᠨ ᠪᠠᠶᠢᠭᠤᠯᠬᠤ ᠠᠵᠢᠯ ᠤᠨ ᠴᠢᠬᠤᠯᠡ ᠴᠢᠨᠡᠷ ᠢ ᠳᠣᠣᠱᠲᠠᠢ ᠤᠶᠢᠯᠠᠭᠠᠭᠤᠯᠬᠤ ᠶᠢᠨ ᠬᠠᠮᠳᠤ ᠦᠨᠳᠦᠰᠦᠲᠡᠨ ᠨᠦᠭᠦᠳ ᠤᠨ ᠣᠯᠠᠨ ᠲᠦᠮᠡᠨ ᠢ ᠳᠠᠶᠢᠴᠢᠯᠠᠨ ᠡᠭᠦᠳᠦᠨ ᠪᠠᠶᠢᠭᠤᠯᠬᠤ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠠᠶᠢᠮᠠᠭ ᠢ ᠡᠭᠦᠳᠦᠨ ᠪᠠᠶᠢᠭᠤᠯᠬᠤ ᠡᠯ᠎ᠡ ᠳᠦᠷᠦᠯ ᠤᠨ ᠠᠵᠢᠯ ᠪᠣᠳᠠᠲᠠᠢ ᠦᠷ᠎ᠡ ᠪᠦᠲᠦᠮᠵᠢ ᠣᠯᠬᠤ ᠶᠢ ᠪᠥᠬᠦ ᠬᠦᠴᠦᠨ ᠢᠶᠠᠷ ᠲᠦᠯᠬᠢᠨ ᠠᠬᠢᠭᠤᠯᠬᠤ ᠬᠡᠷᠡᠭᠲᠡᠢ ᠭᠡᠪᠡ  ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号