ᠡᠵᠡᠨ᠎ᠡ ᠶᠢᠨ ᠲᠤᠤᠷᠠᠢ ᠶᠢᠨ ᠤᠢ ︽ᠴᠠᠭ ᠠᠭᠤᠷ ᠤᠨ ᠦᠵᠡᠮᠵᠢ ᠶᠢ ᠰᠤᠨᠢᠷᠬᠠᠬᠤ ᠭᠠᠵᠠᠷ︾ ᠎ ᠲᠤ ᠰᠣᠩᠭᠤᠭᠳᠠᠨ ᠣᠷᠣᠪᠠ
ᠨᠡᠶᠢᠲᠡᠯᠡᠭᠰᠡᠨ ᠴᠠᠭ᠄
2022/8/3
     ᠤᠶᠢᠷ᠎ᠠ ᠳᠤ᠂ ᠳᠤᠮᠳᠠᠳᠤ ᠤᠯᠤᠰ ᠤᠨ ᠴᠠᠭ ᠠᠭᠤᠷ ᠤᠨ ᠦᠢᠯᠡᠴᠢᠯᠡᠭᠡᠨ ᠤ ᠨᠡᠶᠢᠬᠡᠮᠯᠢᠭ ᠠᠴᠠ ᠮᠠᠨ ᠤ ᠤᠯᠤᠰ ᠤᠨ ᠲᠦᠷᠦᠭᠦᠤ ᠪᠦᠯᠦᠭ ᠤᠨ 15 ︽ᠴᠠᠭ ᠠᠭᠤᠷ ᠤᠨ ᠦᠵᠡᠮᠵᠢ ᠶᠢ ᠰᠤᠨᠢᠷᠬᠠᠬᠤ ᠭᠠᠵᠠᠷ︾᠎ ᠢ ᠨᠡᠶᠢᠲᠡᠯᠡᠵᠦ᠂ ᠡᠭᠦᠨ ᠳᠤ ᠮᠠᠨ ᠤ ᠬᠤᠰᠢᠭᠤᠨ ᠤ ᠳᠤᠤᠷᠡᠢ ᠶᠢᠨ ᠤᠢ ᠨᠢ ᠥᠪᠥᠷ ᠮᠣᠩᠭᠤᠯ ᠤᠨ ᠴᠤᠷ ᠤᠨ ᠭᠠᠭᠴᠠ ᠪᠦᠬᠦ ᠤᠯᠤᠰ ᠤᠨ ︽ᠴᠠᠭ ᠠᠭᠤᠷ ᠤᠨ ᠦᠵᠡᠮᠵᠢ ᠶᠢ ᠰᠤᠨᠢᠷᠬᠠᠬᠤ ᠭᠠᠵᠠᠷ︾᠎ ᠲᠤ ᠰᠣᠩᠭᠤᠭᠳᠠᠨ ᠣᠷᠣᠭᠰᠠᠨ ᠪᠠᠶᠢᠨ᠎ᠠ᠃      ᠡᠵᠡᠨ᠎ᠡ ᠶᠢᠨ ᠲᠤᠤᠷᠠᠢ ᠶᠢᠨ ᠤᠢ ᠪᠤᠯ ᠦᠪᠦᠷ ᠮᠤᠩᠭᠤᠯ ᠤᠨ ᠠᠮᠢ ᠠᠬᠤᠢ ᠶᠢᠨ ᠵᠢᠭᠤᠯᠴᠢᠯᠠᠯ ᠤᠨ ᠴᠢᠬᠤᠯᠠ ᠡᠬᠢ ᠰᠤᠷᠪᠤᠯᠵᠢ ᠪᠤᠯᠤᠨ᠎ᠠ᠂ ᠮᠦᠨᠴᠦ ᠲᠡᠷᠡ ᠨᠢ ᠳᠡᠯᠡᠬᠡᠢ ᠶᠢᠨ  ᠭᠤᠷᠪᠠᠨ ᠶᠡᠭᠡ ᠪᠠᠶᠢᠭᠠᠯᠢᠭ ᠲᠤᠤᠷᠠᠢ ᠶᠢᠨ       ᠤᠢ ᠶᠢᠨ ᠨᠢᠭᠡ ᠨᠢ ᠪᠠᠶᠢᠵᠤ᠂ ᠨᠠᠮᠤᠷ ᠤᠨ ᠠᠭᠤᠷ ᠠᠮᠢᠰᠬᠤᠯ ᠢᠶᠠᠷ ᠲᠤᠤᠷᠠᠢ ᠶᠢᠨ ᠨᠠᠪᠴᠢ ᠨᠢ ᠰᠢᠷᠭᠠᠯᠳᠣᠨ᠂ ᠵᠢᠷᠤᠭ ᠠᠳᠠᠯᠢ ᠭᠤᠶᠤᠮᠰᠠᠭ ᠪᠣᠯᠳᠠᠭ ᠢᠶᠠᠷ ᠢᠶᠠᠨ 2020 ᠤᠨ ᠳᠤ ᠤᠯᠤᠰ ᠤᠨ 5A ᠳᠡᠰ ᠤᠨ ᠵᠢᠭᠤᠯᠴᠢᠯᠠᠯ ᠤᠨ ᠦᠵᠡᠮᠵᠢ ᠶᠢᠨ ᠤᠷᠤᠨ ᠢᠶᠠᠷ ᠦᠨᠡᠯᠡᠭᠳᠡᠭᠰᠡᠨ ᠪᠠᠶᠢᠨ᠎ᠠ᠃ ᠤᠳᠤ ᠪᠤᠯᠬᠤ ᠳᠤ ᠡᠵᠡᠨ᠎ᠡ ᠶᠢᠨ ᠲᠤᠤᠷᠠᠢ ᠶᠢᠨ ᠤᠢ ᠨᠢ ᠳᠡᠯᠡᠬᠡᠢ ᠶᠢᠨ ᠭᠠᠵᠠᠷ ᠰᠢᠨᠵᠢᠯᠡᠭᠡᠨ ᠤ ᠴᠡᠴᠡᠷᠯᠢᠭ᠂ ᠳᠤᠮᠳᠠᠳᠤ ᠤᠯᠤᠰ ᠤᠨ ᠤᠯᠤᠰ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠳᠤᠮᠳᠠᠳᠤ ᠤᠯᠤᠰ ᠤᠨ ᠠᠯᠠᠱᠠ ᠶᠢᠨ ᠡᠯᠡᠰᠦᠨ ᠴᠦᠯ ᠤᠨ ᠭᠠᠵᠠᠷ ᠰᠢᠨᠵᠢᠯᠡᠭᠡᠨ ᠤ ᠴᠡᠴᠡᠷᠯᠢᠭ᠂ ᠳᠤᠮᠳᠠᠳᠤ ᠤᠯᠤᠰ ᠤᠨ ᠤᠯᠤᠰ ᠤᠨ ᠤᠢ ᠰᠢᠭᠤᠢ ᠶᠢᠨ ᠴᠡᠴᠡᠷᠯᠢᠭ ᠲᠤ ᠵᠢᠭᠰᠠᠭᠠᠭᠳᠠᠪᠠ᠃ ᠤᠶᠢᠯᠠᠭᠠᠭᠰᠠᠨ ᠢᠶᠠᠷ᠂ ᠲᠤᠤᠷᠠᠢ ᠶᠢᠨ ᠤᠢ ᠶᠢᠨ ᠨᠠᠪᠴᠢ ᠶᠢᠨ ᠬᠤᠪᠢᠷᠠᠯᠲᠠ ᠨᠢ ᠠᠭᠤᠷ ᠠᠮᠢᠰᠬᠤᠯ ᠲᠠᠢ ᠨᠢᠭᠲᠠ ᠬᠠᠷᠢᠴᠠᠭ᠎ᠠ ᠲᠠᠢ ᠪᠠᠶᠢᠵᠤ᠂ ᠠᠯᠠᠱᠠ ᠠᠶᠢᠮᠠᠭ ᠤᠨ ᠴᠠᠭ ᠠᠭᠤᠷ ᠤᠨ ᠲᠤᠪᠴᠢᠶ᠎ᠠ ᠨᠢ ᠤᠨᠴᠠᠯᠢᠭ ᠪᠠ ᠬᠡᠷᠡᠭᠴᠡᠭᠡ ᠱᠠᠭᠠᠷᠳᠠᠯᠭ᠎ᠠ ᠶᠢ ᠨᠢ ᠵᠥᠪ ᠤᠨᠤᠪᠴᠢᠲᠠᠢ ᠠᠳᠬᠤᠵᠤ᠂ ᠴᠠᠭ ᠠᠭᠤᠷ ᠤᠨ ᠨᠦᠭᠦᠴᠡᠯ ᠪᠠ ᠠᠮᠢ ᠠᠬᠤᠢ ᠠᠭᠤᠷ ᠠᠮᠢᠰᠬᠤᠯ ᠤᠨ ᠪᠤᠳᠠᠰ ᠤᠨ ᠬᠤᠯᠪᠤᠭᠳᠠᠯᠲᠦ ᠴᠢᠨᠠᠷ ᠢ ᠳᠠᠰᠤᠷᠠᠯᠳᠠ ᠦᠭᠡᠢ ᠰᠦᠪᠡᠭᠴᠢᠯᠡᠵᠦ᠂ 2011 ᠤᠨ ᠠᠴᠠ ᠡᠬᠢᠯᠡᠨ ᠲᠤᠤᠷᠠᠢ ᠶᠢᠨ     ᠤᠢ ᠶᠢᠨ ᠦᠵᠡᠮᠵᠢ ᠶᠢᠨ ᠤᠷᠢᠳᠴᠢᠯᠠᠭᠰᠠᠨ ᠮᠡᠳᠡᠭᠡ ᠶᠢ ᠮᠡᠳᠡᠭᠡᠯᠡᠵᠤ᠂ ᠦᠪᠡᠷᠲᠡᠭᠡᠨ ᠵᠠᠰᠠᠬᠤ ᠤᠷᠤᠨ ᠤ ᠳᠤᠲᠤᠷᠠᠬᠢ ᠬᠠᠮᠤᠭ ᠠᠩᠬᠠᠨ ᠤ ᠡᠭᠦᠳᠦᠯᠲᠡ ᠪᠣᠯᠣᠭᠰᠠᠨ ᠪᠠᠶᠢᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号