7 ᠳ᠋ᠤᠭᠠᠷ ᠰᠠᠷ᠎ᠠ ᠶᠢᠨ 29 ᠤ ᠡᠳᠦᠷ᠂ ᠳᠠᠯᠠᠶᠢᠬᠥ᠋ᠪ ᠪᠠᠯᠭᠠᠰᠤᠨ ᠤ ᠵᠢᠷᠭᠠᠯᠠᠩᠲᠤ ᠵᠠᠮ ᠨᠡᠶᠢᠭᠡᠮ ᠲᠣᠭᠤᠷᠢᠭ | ︽8·1︾ ᠤ ᠴᠡᠷᠢᠭ ᠪᠠᠶᠢᠭᠤᠯᠣᠭᠳᠠᠭᠰᠠᠨ ᠪᠠᠶᠠᠷ ᠤᠨ ᠡᠳᠤᠷ ᠢ ᠪᠡᠯᠭᠡᠯᠡᠨ ︽ᠬᠤᠷᠢᠳᠤᠭᠠᠷ ᠶᠡᠭᠡ ᠬᠤᠷᠠᠯ ᠢ | ᠪᠠᠶᠠᠷᠯᠠᠨ ᠤᠭᠲᠤᠬᠤ ᠂ ᠠᠷᠢᠭᠤᠨ ᠴᠢᠬᠡᠴᠢ ᠰᠡᠳᠬᠢᠯ ᠨᠠᠮ ᠲᠠᠭᠠᠨ︾ ᠭᠡᠬᠦ ᠲᠤᠭᠯᠠᠯᠲᠠ ᠭᠠᠷᠭᠠᠵᠤ᠂ ᠴᠡᠷᠢᠭ ᠠᠴᠠ | ᠬᠠᠯᠠᠭᠳᠠᠭᠰᠠᠳ ᠪᠣᠯᠣᠨ ᠪᠤᠰᠤᠳ ᠠᠰᠠᠷᠠᠨ ᠬᠠᠷᠠᠭᠠᠯᠵᠠᠬᠤ ᠡᠲᠡᠭᠡᠳ ᠲᠤ ᠬᠠᠷᠠᠭᠠᠯᠵᠠᠯ ᠤᠨ ᠦᠨᠡᠮᠯᠡᠯ ᠣᠯᠭᠤᠬᠤ | ᠶᠣᠰᠣᠯᠠᠯ ᠶᠠᠪᠣᠭᠳᠠᠭᠤᠯᠪᠠ᠃ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ | ᠬᠡᠯᠲᠡᠰ ᠤᠨ ᠳᠠᠷᠤᠭ᠎ᠠ ᠴᠢ ᠶᠦᠩ ᠶᠣᠰᠣᠯᠠᠯ ᠳᠤ ᠣᠷᠣᠯᠴᠠᠪᠠ᠃ | ᠶᠣᠰᠣᠯᠠᠯ ᠤᠨ ᠲᠤᠭᠯᠠᠯᠲᠠ ᠨᠢ ︽ᠡᠪ ᠬᠠᠮᠲᠤ ᠨᠠᠮ ᠪᠠᠶᠢᠬᠤ ᠦᠭᠡᠢ ᠪᠣᠯ ᠰᠢᠨ᠎ᠡ ᠳᠤᠮᠳᠠᠳᠤ ᠤᠯᠤᠰ | ᠪᠠᠶᠢᠬᠤ ᠦᠭᠡᠢ︾ ᠬᠡᠮᠡᠬᠦ ᠨᠠᠶᠢᠷᠠᠯ ᠳᠠᠭᠤᠤ ᠶᠢᠨ ᠳᠤᠮᠳᠠ ᠬᠥᠰᠢᠭᠡ ᠪᠠᠨ ᠰᠡᠭᠦᠵᠦ᠂ ᠳᠠᠷᠠᠭ᠎ᠠ ᠪᠠᠷ ᠨᠢ ᠰᠠᠭᠤᠭᠠᠯᠢ | ᠠᠷᠠᠳ ᠤᠨ ᠥᠪᠡᠷᠰᠡᠳ ᠢᠶᠠᠨ ᠨᠠᠶᠢᠷᠠᠭᠤᠯᠵᠦ ᠪᠡᠯᠡᠳᠭᠡᠭᠰᠡᠨ ︽ᠡᠬᠡ ᠤᠯᠤᠰ ᠢᠶᠠᠨ ᠮᠠᠷᠲᠠᠬᠤ ᠦᠭᠡᠢ︾᠂ | ︽ᠴᠡᠷᠢᠭ ᠢ ᠬᠦᠴᠦᠷᠭᠡᠭᠵᠢᠭᠦᠯᠬᠦ ᠪᠠᠶᠢᠯᠳᠤᠭᠠᠨ ᠤ ᠳᠠᠭᠤᠤ︾᠂ ︽ᠮᠠᠭᠳᠠᠭᠠᠯ ᠳᠠᠭᠤᠤ︾ ᠵᠡᠷᠭᠡ ᠬᠤᠪᠢᠰᠬᠠᠯ ᠤᠨ | ᠳᠠᠭᠤᠤ ᠪᠠᠨ ᠠᠷᠤ ᠠᠷᠤ ᠠᠴᠠ ᠪᠠᠨ ᠨᠢ ᠬᠠᠩᠭᠢᠨᠠᠳᠠᠯ᠎ᠠ ᠳᠠᠭᠤᠯᠠᠵᠦ᠂ ᠴᠡᠷᠢᠭ ᠬᠦᠮᠦᠨ ᠢ ᠪᠢᠰᠢᠷᠠᠨ ᠬᠦᠨᠳᠦᠳᠭᠡᠵᠦ | ᠪᠠᠶᠢᠬᠤ ᠰᠡᠳᠬᠢᠯᠬᠡ ᠪᠠ ᠴᠡᠷᠢᠭ ᠠᠴᠠ ᠬᠠᠯᠠᠭᠳᠠᠭᠰᠠᠳ ᠤᠨ ᠤᠯᠤᠰ ᠪᠠ ᠨᠡᠶᠢᠭᠡᠮ ᠳᠤ ᠦᠵᠡᠭᠦᠯᠦᠭᠰᠡᠨ ᠬᠤᠪᠢ | ᠨᠡᠮᠡᠷᠢ ᠳᠤ ᠪᠠᠶᠠᠷᠯᠠᠨ ᠳᠠᠯᠠᠷᠬᠠᠵᠦ ᠪᠠᠶᠢᠬᠤ ᠰᠡᠳᠬᠢᠯᠭᠡ ᠪᠠᠨ ᠳᠠᠶᠢᠰᠠᠨ ᠤ ᠤᠷᠠᠯᠢᠭ ᠤᠨ ᠬᠡᠯᠪᠡᠷᠢ ᠪᠠᠷ ᠢᠯᠡᠳᠬᠡᠭᠰᠡᠨ | ᠪᠠᠶᠢᠨ᠎ᠠ᠃ ᠶᠣᠰᠣᠯᠠᠯ ᠳᠤ ᠪᠠᠰᠠ ᠨᠡᠶᠢᠭᠡᠮ ᠲᠣᠭᠤᠷᠢᠭ ᠤᠨ 11 ᠨᠡᠷᠡᠰ ᠴᠡᠷᠢᠭ ᠠᠴᠠ ᠬᠠᠯᠠᠭᠳᠠᠭᠰᠠᠳ ᠲᠤ | ᠬᠠᠷᠠᠭᠠᠯᠵᠠᠯ ᠤᠨ ᠦᠨᠡᠮᠯᠡᠯ ᠣᠯᠭᠤᠵᠤ᠂ ᠨᠡᠶᠢᠭᠡᠮ ᠲᠣᠭᠤᠷᠢᠭ ᠤᠨ ᠣᠯᠠᠨ ᠲᠦᠮᠡᠨ ᠤ ᠠᠮᠢᠳᠤᠷᠠᠯ ᠳᠤ ᠪᠠᠨ | ᠬᠠᠶᠢᠷᠠᠲᠠᠢ᠂ ᠴᠡᠷᠢᠭ ᠢᠶᠠᠨ ᠬᠦᠷᠢᠶᠡᠯᠡᠨ ᠴᠡᠷᠢᠭ ᠢᠶᠠᠨ ᠬᠠᠶᠢᠷᠠᠯᠠᠬᠤ ᠣᠶᠤᠨ ᠰᠠᠨᠠᠭᠠᠨ ᠤ ᠳᠦᠷᠰᠦ ᠪᠠᠶᠢᠳᠠᠯ ᠢ | ᠭᠦᠢᠴᠡᠳ ᠢᠯᠡᠷᠡᠭᠦᠯᠵᠦ᠂ ᠨᠡᠶᠢᠭᠡᠮ ᠲᠣᠭᠤᠷᠢᠭ ᠤᠨ ᠰᠣᠶᠣᠯ ᠤᠨ ᠪᠠᠶᠢᠭᠤᠯᠤᠯᠲᠠ ᠪᠣᠯᠣᠨ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠠᠵᠢᠯᠯᠠᠭ᠎ᠠ ᠶᠢ ᠪᠦᠳᠦᠮᠵᠢᠲᠠᠢ ᠠᠬᠢᠭᠤᠯᠣᠨ᠂ ᠤᠯᠠᠨ ᠲᠦᠮᠡᠨ ᠤ ᠰᠣᠶᠣᠯ ᠤᠨ | ᠠᠮᠢᠳᠤᠷᠠᠯ ᠢ ᠶᠡᠬᠡᠪᠡᠷ ᠪᠠᠶᠠᠯᠢᠭᠵᠢᠭᠤᠯᠵᠤ᠂ ︽ᠨᠢᠭᠡ ᠬᠥᠮᠥᠨ ᠴᠡᠷᠢᠭ ᠲᠤ ᠣᠷᠣᠪᠠᠯ ᠪᠦᠬᠦ ᠭᠡᠷ ᠢᠶᠠᠷ ᠢᠶᠠᠨ ᠢᠷᠠᠭᠤ | ᠠᠯᠳᠠᠷ ᠲᠠᠢ︾ ᠬᠡᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠴᠡᠷᠢᠭ ᠠᠴᠠ ᠬᠠᠯᠠᠭᠳᠠᠭᠰᠠᠳ ᠤᠨ ᠢᠷᠠᠭᠤ | ᠠᠯᠳᠠᠷ ᠤᠨ ᠲᠥᠷᠥᠭᠳᠡᠯ᠂ ᠣᠮᠣᠭᠰᠢᠯ ᠤᠨ ᠲᠥᠷᠥᠭᠳᠡᠯ ᠢ ᠳᠡᠭᠡᠭᠰᠢᠯᠡᠬᠦᠯᠵᠦ᠂ ᠴᠡᠷᠢᠭ ᠠᠴᠠ ᠬᠠᠯᠠᠭᠳᠠᠭᠰᠠᠳ ᠵᠢᠴᠢ | ᠴᠡᠷᠢᠭ ᠤᠨ ᠭᠡᠷ ᠪᠦᠯᠢ ᠳᠤ ᠨᠠᠮ ᠤᠨ ᠬᠠᠶᠢᠷ᠎ᠠ ᠬᠠᠯᠠᠮᠵᠢ ᠶᠢ ᠬᠥᠷᠲᠡᠭᠡᠪᠡ᠃ |