ᠡᠵᠡᠨ᠎ᠡ ᠬᠤᠰᠢᠭᠤᠨ ᠤ 2022 ᠣᠨ ᠤ ᠤᠯᠤᠰ ᠤᠨ ᠪᠠᠶᠠᠷ ᠤᠨ ᠠᠮᠠᠷᠠᠯᠲᠠ ᠵᠢᠴᠢ ᠠᠮᠠᠷᠠᠯᠲᠠ ᠶᠢᠨ ᠡᠮᠦᠨᠡᠬᠢ ᠬᠤᠶᠢᠨᠠᠬᠢ ᠬᠤᠭᠤᠴᠠᠭᠠᠨ ᠤ ᠰᠣᠶᠣᠯ ᠵᠢᠭᠤᠯᠴᠢᠯᠠᠯ ᠤᠨ ᠠᠵᠢᠯᠯᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠢ ᠵᠠᠷᠯᠠᠯ
ᠨᠡᠶᠢᠲᠡᠯᠡᠭᠰᠡᠨ ᠴᠠᠭ᠄
2022/9/30
      ᠤᠯᠤᠰ ᠤᠨ ᠪᠠᠶᠠᠷ ᠤᠨ ᠠᠮᠠᠷᠠᠯᠲᠠ ᠶᠢᠨ ᠬᠤᠭᠤᠴᠠᠭ᠎ᠠ ᠵᠢᠴᠢ ᠠᠮᠠᠷᠠᠯᠲᠠ ᠶᠢᠨ ᠡᠮᠦᠨᠡᠬᠢ ᠬᠤᠶᠢᠨᠠᠬᠢ ᠬᠤᠭᠤᠴᠠᠭᠠᠨ ᠳᠤ ᠬᠢᠵᠢᠭ ᠤᠨ ᠪᠠᠶᠢᠳᠠᠯ ᠡᠭᠦᠰᠬᠦ ᠦᠭᠡᠢ ᠪᠠᠶᠢᠬᠤ ᠶᠢ ᠪᠠᠲᠤᠯᠠᠵᠤ᠂ ᠦᠢᠯᠡᠳᠪᠦᠷᠢᠯᠡᠯ ᠠᠮᠢᠳᠤᠷᠠᠯ ᠳᠤ ᠦᠵᠡᠭᠦᠯᠬᠦ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠠᠷᠠᠳ ᠤᠯᠠᠨ ᠢ ᠡᠷᠡᠭᠦᠯ ᠮᠡᠨᠳᠦ᠂ ᠠᠮᠤᠷ ᠠᠮᠤᠭᠤᠯᠠᠩ᠂ ᠥᠯᠵᠡᠢ ᠪᠡᠯᠭᠡ ᠲᠠᠢ ᠪᠠᠶᠠᠷ ᠤᠨ ᠡᠳᠦᠷ ᠢ ᠥᠩᠭᠡᠷᠡᠭᠦᠯᠬᠦ ᠶᠢᠨ ᠲᠥᠯᠦᠭᠡ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠠᠵᠢᠯ ᠤᠨ ᠪᠠᠶᠢᠷᠢᠯᠠᠭᠤᠯᠤᠯᠲᠠ ᠶᠣᠰᠣᠭᠠᠷ ︽ᠭᠠᠳᠠᠨ᠎ᠠ ᠠᠴᠠ ᠣᠷᠤᠬᠤ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠰᠡᠷᠭᠦᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠡᠪᠡᠳᠴᠢᠨ ᠤ ᠵᠢᠱᠢᠶ᠎ᠡ ᠶᠢ ᠳᠠᠷᠤᠢ ᠲᠦᠷᠭᠡᠨ ᠦᠭᠡᠢ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠡᠵᠡᠨ᠎ᠡ ᠶᠢᠨ ᠪᠤᠶᠢᠳᠠ ᠪᠥᠭᠯᠡᠭᠦᠦ ᠭᠠᠵᠠᠷ ᠲᠤ ᠪᠠᠶᠢᠷᠢᠯᠠᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠰᠠᠭᠤᠷᠢ ᠴᠢᠳᠠᠪᠤᠷᠢ ᠠᠨᠠᠢ ᠵᠡᠷᠭᠡ ᠪᠣᠳᠠᠲᠤ ᠪᠠᠶᠢᠳᠠᠯ ᠲᠠᠢ ᠤᠶᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ ᠣᠨᠣᠪᠴᠢᠲᠠᠢ ᠡᠷᠡᠰ ᠴᠢᠩᠭ᠎ᠠ ᠬᠢᠨ᠎ᠡ᠃ ᠤᠳᠤ ᠬᠤᠯᠪᠣᠭᠳᠠᠯ ᠪᠦᠬᠦᠢ ᠤᠴᠢᠷ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ 2022 ᠣᠨ ᠤ ᠤᠯᠤᠰ ᠤᠨ ᠪᠠᠶᠠᠷ ᠤᠨ ᠠᠮᠠᠷᠠᠯᠲᠠ ᠵᠢᠴᠢ ᠠᠮᠠᠷᠠᠯᠲᠠ ᠶᠢᠨ ᠡᠮᠦᠨᠡᠬᠢ ᠬᠤᠶᠢᠨᠠᠬᠢ ᠬᠤᠭᠤᠴᠠᠭᠠᠨ ᠳᠤ ᠪᠥᠬᠦ ᠬᠤᠰᠢᠭᠤᠨ ᠤ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ︽ᠰᠦᠯᠵᠢᠶᠡᠨ ᠳᠡᠭᠡᠷ᠎ᠡ ᠦᠢᠯᠡᠴᠢᠯᠡᠬᠦ ᠪᠠᠷ ᠭᠤᠣᠯ ᠪᠣᠯᠭᠠᠬᠤ︾ ᠬᠡᠯᠪᠡᠷᠢ ᠪᠠᠷ ᠶᠠᠪᠤᠭᠳᠠᠭᠤᠯᠵᠤ᠂ ᠤᠷᠢᠳᠴᠢᠯᠠᠨ ᠪᠣᠯᠵᠣᠬᠤ᠂ ᠬᠡᠮᠵᠢᠶ᠎ᠡ ᠶᠢ ᠬᠢᠵᠠᠭᠠᠷᠯᠠᠬᠤ᠂ ᠣᠷᠭᠢᠯ ᠦᠶ᠎ᠡ ᠶᠢ ᠵᠥᠷᠢᠭᠦᠯᠬᠦ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠦᠨ᠎ᠡ᠃ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠲᠠᠢ ᠤᠶᠠᠯᠳᠤᠭᠤᠯᠤᠨ᠂ ᠣᠶᠢᠷ᠎ᠠ ᠶᠢᠨ 7 ᠡᠳᠦᠷ ᠤᠨ ᠳᠣᠲᠣᠷ᠎ᠠ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ︵ᠬᠢᠵᠢᠭ ᠤᠨ ᠪᠠᠶᠢᠳᠠᠯ ᠤᠨ ᠪᠠᠶᠢᠭ᠎ᠠ ᠬᠤᠲᠠ᠂ ᠰᠢᠶᠠᠨ᠂ ᠲᠣᠭᠤᠷᠢᠭ᠂ ᠬᠤᠰᠢᠭᠤ ᠪᠠᠭᠲᠠᠨ᠎ᠠ︶᠎ ᠢᠶᠠᠷ ᠵᠢᠭᠤᠯᠴᠢᠯᠠᠭᠰᠠᠨ ᠲᠡᠦᠬᠡ ᠲᠠᠢ ᠪᠠᠶᠢᠪᠠᠯ᠂ ᠬᠤᠰᠢᠭᠤᠨ ᠳᠤ ᠣᠷᠣᠬᠤ ᠶᠢ ᠬᠢᠵᠠᠭᠠᠷᠯᠠᠬᠤ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠳᠤ ᠨᠡᠶᠢᠴᠡᠬᠦ ᠦᠭᠡᠢ ᠶᠢ ᠨᠢ ᠡᠯ᠎ᠡ ᠦᠵᠡᠮᠵᠢ ᠶᠢᠨ ᠣᠷᠣᠨ ᠠᠴᠠ ᠲᠦᠷ ᠭᠥᠯᠢᠶᠡᠨ ᠠᠪᠬᠤ ᠦᠭᠡᠢ᠃ ᠰᠣᠶᠣᠯ ᠪᠠ ᠵᠢᠭᠤᠯᠴᠢᠯᠠᠯ ᠤᠨ ᠶᠠᠮᠤᠨ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠤᠨ ᠬᠤᠯᠪᠣᠭᠳᠠᠯ ᠪᠦᠬᠦᠢ ᠮᠡᠳᠡᠭᠳᠡᠯ ᠤᠨ ᠱᠠᠭᠠᠷᠳᠠᠯᠭ᠎ᠠ ᠶᠣᠰᠣᠭᠠᠷ᠂ ᠵᠢᠭᠤᠯᠴᠢᠯᠠᠯ ᠤᠨ ᠭᠠᠵᠠᠷ ᠵᠢᠴᠢ ᠰᠦᠯᠵᠢᠶᠡᠨ ᠳᠡᠭᠡᠷᠡᠬᠢ ᠵᠢᠭᠤᠯᠴᠢᠯᠠᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠪᠦᠯᠬᠦᠮ᠂ ᠨᠡᠶᠢᠲᠡ ᠶᠢᠨ ᠵᠢᠭᠤᠯᠴᠢᠯᠠᠯ ᠵᠢᠴᠢ ︽ᠨᠢᠰᠬᠡᠯ ᠤᠨ ᠪᠢᠯᠧᠲ + ᠪᠠᠭᠤᠳᠠᠯ︾᠎ ᠤᠨ ᠲᠤᠬᠠᠶᠢᠯᠠᠭᠰᠠᠨ ᠠᠵᠢᠯ ᠢ ᠲᠦᠷ ᠵᠣᠭᠰᠣᠭᠠᠨ᠎ᠠ᠃      ᠬᠤᠶᠠᠷ᠂ ᠬᠤᠪᠢ ᠬᠥᠮᠥᠨ ᠤ ᠮᠡᠳᠡᠭᠡ ᠵᠠᠩᠭᠢ ᠪᠠᠨ ᠮᠡᠳᠡᠭᠦᠯᠦᠨ ᠳᠠᠩᠰᠠᠯᠠᠭᠤᠯᠬᠤ ᠪᠠ ᠦᠵᠡᠮᠵᠢ ᠶᠢᠨ       ᠣᠷᠣᠨ᠂ ᠪᠠᠭᠤᠳᠠᠯ ᠤᠨ ᠵᠠᠬᠢᠶᠠᠯᠠᠭ᠎ᠠ ᠶᠢ ᠤᠷᠢᠳᠴᠢᠯᠠᠨ ᠰᠠᠶᠢᠲᠤᠷ ᠬᠢᠬᠦ ᠬᠡᠷᠡᠭᠲᠡᠢ᠃ ᠸᠢᠴᠠᠲ ᠤᠨ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾ᠵᠢᠵᠢᠭ ᠫᠷᠣᠭ᠍ᠷᠠᠮ ᠢ ᠤᠷᠢᠳᠴᠢᠯᠠᠨ ᠬᠡᠷᠡᠭᠯᠡᠵᠦ ᠬᠤᠪᠢ ᠬᠥᠮᠥᠨ ᠤ ᠮᠡᠳᠡᠭᠡ ᠵᠠᠩᠭᠢ ᠪᠠᠨ ᠳᠠᠩᠰᠠᠯᠠᠭᠤᠯᠬᠤ ᠭᠡᠷᠡᠭᠳᠡᠢ᠃ ᠡᠨᠡ ᠵᠢᠯ ᠡᠯ᠎ᠡ ᠦᠵᠡᠮᠵᠢ ᠶᠢᠨ ᠣᠷᠣᠨ ᠳᠤ ᠴᠥᠮ ᠴᠠᠭᠠᠰᠤᠨ ᠪᠢᠯᠧᠲ ᠬᠤᠳᠠᠯᠳᠤᠬᠤ ᠦᠭᠡᠢ᠂ ᠰᠦᠯᠵᠢᠶᠡᠨ ᠳᠡᠭᠡᠷ᠎ᠡ ᠦᠨᠡᠨ ᠨᠡᠷ᠎ᠡ ᠪᠠᠷ ᠪᠢᠯᠧᠲ ᠬᠤᠳᠠᠯᠳᠤᠬᠤ ᠶᠢ ᠬᠡᠷᠡᠭᠵᠢᠭᠦᠯᠵᠦ᠂ ᠡᠳᠦᠷ ᠪᠦᠷᠢ ᠲᠣᠭᠲᠠᠭᠰᠠᠨ ᠬᠡᠮᠵᠢᠶ᠎ᠡ ᠪᠠᠷ ᠤᠷᠢᠳᠴᠢᠯᠠᠨ ᠬᠤᠳᠠᠯᠳᠤᠵᠤ᠂ ᠵᠢᠭᠤᠯᠴᠢᠯᠠᠭᠴᠢ ᠨᠢᠭᠡᠪᠦᠷᠢ ᠦᠵᠡᠮᠵᠢ ᠶᠢᠨ ᠣᠷᠣᠨ ᠨᠢᠭᠡᠪᠦᠷᠢ ᠠᠴᠠ 1 ᠪᠢᠯᠧᠲ ᠬᠤᠳᠠᠯᠳᠤᠨ ᠠᠪᠬᠤ ᠶᠢ ᠬᠢᠵᠠᠭᠠᠷᠯᠠᠨ᠎ᠠ᠃ ᠵᠢᠭᠤᠯᠴᠢᠯᠠᠭᠰᠠᠳ 48 ᠴᠠᠭ ᠤᠨ ᠡᠮᠦᠨ᠎ᠡ ᠸᠢᠴᠠᠲ ᠤᠨ ︽ᠨᠢᠭᠡ ᠭᠠᠷ ᠤᠲᠠᠰᠤ ᠪᠠᠷ ᠡᠵᠡᠨ᠎ᠡ ᠪᠠᠷ ᠵᠢᠭᠤᠯᠴᠢᠯᠠᠬᠤ︾ ᠵᠢᠵᠢᠭ ᠫᠷᠣᠭ᠍ᠷᠠᠮ ᠪᠤᠶᠤ PC ᠲᠠᠪᠴᠠᠩ ︵http://travel.chenhaitech.com/︶᠎ ᠎ ᠢᠶᠠᠷ ᠦᠵᠡᠮᠵᠢ ᠶᠢᠨ ᠣᠷᠣᠨ ᠤ ᠡᠯᠧᠺᠲᠷᠣᠨ ᠡᠭᠦᠳᠡᠨ ᠪᠢᠯᠧᠲ ᠪᠠ ᠰᠠᠭᠤᠬᠤ ᠪᠠᠭᠤᠳᠠᠯ ︵ᠵᠣᠴᠢᠳ ᠤᠨ ᠪᠠᠭᠤᠳᠠᠯ ᠂ ᠭᠡᠷ ᠪᠦᠯᠢ ᠶᠢᠨ ᠵᠣᠴᠢᠳ ᠤᠨ ᠪᠠᠭᠤᠳᠠᠯ︶᠂ ᠭᠡᠷ ᠲᠡᠷᠭᠡᠨ ᠤ ᠪᠠᠭᠤᠴᠠ ᠶᠢᠨ ᠭᠠᠵᠠᠷ ᠢᠶᠠᠨ ᠤᠷᠢᠳᠴᠢᠯᠠᠨ ᠪᠤᠯᠵᠤᠬᠤ ᠬᠡᠷᠡᠭᠲᠡᠢ᠃      ᠭᠤᠷᠪᠠ᠂ ᠵᠢᠭᠤᠯᠴᠢᠯᠠᠭᠰᠠᠳ ᠡᠵᠡᠨ᠎ᠡ ᠬᠤᠰᠢᠭᠤᠨ ᠤ ︽ᠬᠤᠶᠠᠷ ᠥᠷᠲᠡᠭᠡ ᠨᠢᠭᠡ ᠲᠠᠯᠠᠪᠤᠷ︾᠂ ᠵᠠᠰᠠᠮᠠᠯ ᠵᠠᠮ ᠤᠨ ᠬᠢᠵᠢᠭ ᠢ ᠰᠡᠷᠭᠡᠶᠢᠯᠡᠨ ᠪᠠᠶᠢᠴᠠᠭᠠᠵᠤ ᠰᠢᠯᠭᠠᠬᠤ ᠴᠡᠭ ᠪᠠ ᠵᠢᠭᠤᠯᠴᠢᠯᠠᠭᠴᠢᠳ ᠢ ᠰᠠᠯᠪᠤᠷᠢᠯᠠᠬᠤ ᠴᠡᠭ ᠲᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠵᠢᠴᠢ ᠦᠵᠡᠮᠵᠢ ᠶᠢᠨ ᠣᠷᠤᠨ ᠤ ᠭᠡᠷᠡᠴᠢ ᠪᠠᠷᠢᠮᠲᠠ᠂ ᠤᠷᠢᠳᠴᠢᠯᠠᠨ ᠪᠤᠯᠵᠤᠭᠰᠠᠨ ᠪᠠᠭᠤᠳᠠᠯ ᠤᠨ ᠭᠡᠷᠡᠴᠢ ᠪᠠᠷᠢᠮᠲᠠ ᠪᠠᠨ ᠪᠠᠶᠢᠴᠠᠭᠠᠨ ᠰᠢᠯᠭᠠᠭᠤᠯᠬᠤ ᠶᠢᠨ ᠬᠠᠮᠲᠤ᠂ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢᠨ ᠺᠣᠳ᠋ ᠢ ᠰᠢᠷᠪᠢᠵᠦ ᠲᠡᠮᠳᠡᠭᠯᠡᠬᠦ ᠪᠠ ᠬᠦᠷᠦᠭᠰᠡᠨ ᠭᠠᠵᠠᠷ ᠲᠤ ᠪᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠬᠢᠬᠦ ᠶᠢ ᠪᠡᠶᠡᠯᠡᠭᠦᠯᠬᠦ ᠬᠡᠷᠡᠭᠲᠡᠢ᠃ ᠦᠵᠡᠮᠵᠢ ᠶᠢᠨ ᠣᠷᠣᠨ ᠪᠠ ᠪᠠᠭᠤᠳᠠᠯ ᠤᠨ ᠪᠣᠯᠵᠤᠭ᠎ᠠ ᠪᠠᠨ ᠤᠷᠢᠳᠴᠢᠯᠠᠨ ᠪᠡᠶᠡᠯᠡᠭᠦᠯᠦᠭᠰᠡᠨ ᠦᠭᠡᠢ ᠪᠣᠯ ᠬᠤᠰᠢᠭᠤᠨ ᠳᠤ ᠣᠷᠣᠵᠣ ᠳᠡᠶᠢᠯᠬᠦ ᠦᠭᠡᠢ᠃       ᠣᠨᠴᠠᠭᠠᠶᠢᠯᠠᠨ ᠰᠠᠨᠠᠭᠤᠯᠬᠤ ᠨᠢ᠄ ᠪᠠᠭᠤᠳᠠᠯ᠂ ᠭᠡᠷ ᠲᠡᠷᠭᠡᠨ ᠤ ᠪᠠᠭᠤᠴᠠ ᠳᠤ ᠣᠷᠤᠬᠤ ᠳᠤ ᠸᠢᠴᠠᠲ ᠤᠨ ᠵᠢᠵᠢᠭ ᠫᠷᠣᠭ᠍ᠷᠠᠮ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢᠨ ᠲᠠᠯᠠᠪᠤᠷ ᠤᠨ ᠨᠣᠮᠧᠷ ᠢ ᠰᠢᠷᠪᠢᠬᠦ ᠪᠠᠷ ᠳᠠᠮᠵᠢᠭᠤᠯᠤᠨ ᠪᠦᠷᠢᠳᠬᠡᠭᠦᠯᠬᠦ ᠬᠡᠷᠡᠭᠲᠡᠢ︔ ᠭᠡᠷ ᠪᠦᠯᠢ ᠶᠢᠨ ᠵᠣᠴᠢᠳ ᠤᠨ ᠪᠠᠭᠤᠳᠠᠯ ᠳᠤ ᠪᠠᠭᠤᠬᠤ ᠳᠤ ᠸᠢᠴᠠᠲ ᠤᠨ ︽ᠨᠢᠭᠡ ᠭᠠᠷ ᠤᠲᠠᠰᠤ ᠪᠠᠷ ᠡᠵᠡᠨ᠎ᠡ ᠪᠠᠷ ᠵᠢᠭᠤᠯᠴᠢᠯᠠᠬᠤ︾ ᠵᠢᠵᠢᠭ ᠫᠷᠣᠭ᠍ᠷᠠᠮ ᠢᠶᠠᠷ ᠡᠭᠦᠳᠡᠨ ᠤ ᠬᠤᠶᠠᠷ ᠬᠡᠮᠵᠢᠯᠲᠦ ᠺᠣᠳ᠋ ᠢ ᠰᠢᠷᠪᠢᠵᠦ ᠳᠠᠩᠰᠠᠯᠠᠭᠤᠯᠬᠤ ᠬᠡᠷᠡᠭᠲᠡᠢ᠃      ᠳᠥᠷᠪᠡ᠂ ᠬᠤᠰᠢᠭᠤᠨ ᠳᠤ ᠣᠷᠣᠬᠤ ᠵᠤᠭᠠᠴᠠᠭᠰᠠᠳ ᠤᠨ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠡᠵᠡᠨ᠎ᠡ ᠬᠤᠰᠢᠭᠤᠨ ᠳᠤ ᠣᠷᠣᠬᠤ ᠵᠠᠮ ᠳᠠᠭᠠᠤ ᠳᠤ᠂ ᠡᠳᠦᠷ ᠪᠦᠷᠢ ᠶᠢᠨ ᠬᠥᠮᠥᠨ ︵ᠲᠡᠷᠭᠡ︶᠎ ᠤ ᠤᠷᠤᠰᠴᠠ ᠶᠢᠨ ᠪᠠᠶᠢᠳᠠᠯ ᠢ ᠦᠨᠳᠦᠰᠦᠯᠡᠨ᠂ ᠵᠢᠭᠤᠯᠴᠢᠯᠠᠭᠰᠠᠳ ᠢ ᠰᠠᠯᠪᠤᠷᠢᠯᠠᠬᠤ ᠴᠡᠭ ᠢ ᠬᠥᠳᠡᠯᠦᠩᠭᠦᠢ ᠪᠠᠷ ᠲᠣᠬᠢᠷᠠᠭᠤᠯᠤᠨ ᠪᠠᠶᠢᠭᠤᠯᠵᠤ᠂ ᠠᠶᠠᠯᠠᠯ ᠤᠨ ᠲᠣᠬᠢᠷᠠᠭᠤᠯᠤᠯᠲᠠ ᠪᠠᠨ ᠦᠨᠳᠦᠰᠦᠯᠡᠨ᠂ ᠵᠢᠭᠤᠯᠴᠢᠯᠠᠭᠰᠠᠳ ᠵᠣᠬᠢᠬᠤ ᠰᠠᠯᠪᠤᠷᠢᠯᠠᠬᠤ ᠴᠡᠭ ᠲᠤ ᠬᠦᠷᠴᠦ ᠪᠠᠶᠢᠴᠠᠭᠠᠨ ᠰᠢᠯᠭᠠᠬᠤ ᠠᠵᠢᠯ ᠢ ᠬᠠᠮᠵᠢᠯᠴᠠᠨ ᠪᠡᠶᠡᠯᠡᠭᠦᠯᠬᠦ ᠶᠢᠨ ᠬᠠᠮᠲᠤ ᠬᠠᠮᠢᠶ᠎ᠠ ᠪᠦᠬᠦᠢ ᠭᠡᠷᠡᠴᠢ ᠪᠠᠷᠢᠮᠲᠠ ᠪᠠᠨ ᠠᠪᠤᠨ᠎ᠠ᠃ ᠬᠡᠷᠪᠡ ᠬᠠᠮᠢᠶ᠎ᠠ ᠪᠦᠬᠦᠢ ᠭᠡᠷᠡᠴᠢ ᠪᠠᠷᠢᠮᠲᠠ ᠦᠭᠡᠢ ᠪᠣᠯ ᠬᠤᠰᠢᠭᠤᠨ ᠳᠤ ᠣᠷᠣᠵᠣ ᠳᠡᠶᠢᠯᠬᠦ ᠦᠭᠡᠢ᠃      ᠲᠠᠪᠤ᠂ ᠵᠢᠭᠤᠯᠴᠢᠯᠠᠭᠰᠠᠳ ᠡᠵᠡᠨ᠎ᠡ ᠬᠤᠰᠢᠭᠤᠨ ᠳᠤ ᠬᠦᠷᠦᠭᠰᠡᠨ ᠤ ᠳᠠᠷᠠᠭ᠎ᠠ ᠦᠵᠡᠮᠵᠢ ᠶᠢᠨ ᠣᠷᠣᠨ ᠢᠶᠠᠷ ᠵᠤᠭᠠᠴᠠᠬᠤ ᠳᠤ ᠡᠷᠬᠡᠪᠰᠢ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠪᠠᠨ ᠦᠵᠡᠭᠦᠯᠵᠦ᠂ ᠦᠵᠡᠮᠵᠢ ᠶᠢᠨ ᠣᠷᠣᠨ ᠤ ᠡᠭᠦᠳᠡᠨ ᠪᠢᠯᠧᠲ ᠤᠨ ᠡᠯᠧᠺᠲᠷᠣᠨ ᠪᠣᠯᠵᠤᠭ᠎ᠠ ᠶᠢᠨ ᠺᠣᠳ᠋ ᠪᠤᠶᠤ ᠪᠣᠯᠵᠤᠭ᠎ᠠ ᠪᠠᠨ ᠪᠡᠶᠡᠯᠡᠭᠦᠯᠦᠭᠰᠡᠨ ᠲᠣᠰ ᠬᠥᠮᠥᠨ ᠤ ᠪᠡᠶ᠎ᠡ ᠶᠢᠨ ᠦᠨᠡᠮᠯᠡᠯ ᠢᠶᠠᠷ ᠢᠶᠠᠨ ᠺᠣᠳ᠋ ᠰᠢᠷᠪᠢᠵᠦ ᠣᠷᠣᠬᠤ ᠬᠡᠷᠡᠭᠲᠡᠢ᠃ ᠦᠵᠡᠮᠵᠢ ᠶᠢᠨ ᠣᠷᠣᠨ ᠢᠶᠠᠷ ᠵᠤᠭᠠᠴᠠᠬᠤ ᠳᠠᠭᠠᠨ ᠴᠢᠳᠠᠬᠤ ᠶᠢᠨ ᠬᠢᠷᠢ ᠪᠠᠷ ᠬᠥᠮᠥᠰ ᠤᠨ ᠴᠤᠭᠯᠠᠷᠠᠯ ᠠᠴᠠ ᠵᠠᠶᠢᠯᠠᠨ ᠰᠠᠯᠵᠤ ᠲᠣᠭᠤᠷᠢᠬᠤ ᠶᠢᠨ ᠬᠠᠮᠲᠤ ᠪᠥᠬᠦ ᠶᠠᠪᠤᠴᠠ ᠳᠤ ᠠᠮᠠᠪᠴᠢ ᠵᠡᠭᠦᠬᠦ ᠬᠡᠷᠡᠭᠲᠡᠢ᠃      ᠵᠢᠷᠭᠤᠭ᠎ᠠ᠂ ᠬᠤᠪᠢ ᠬᠥᠮᠥᠨ ᠤ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋ ᠢ ᠦᠷᠭᠦᠯᠵᠢᠯᠡᠨ ᠠᠩᠬᠠᠷᠴᠤ᠂ ᠤᠯᠠᠭᠠᠨ ᠺᠣᠳ᠋᠂ ᠰᠢᠷ᠎ᠠ ᠺᠣᠳ᠋ ᠪᠤᠶᠤ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠤ ᠵᠢᠭᠤᠯᠴᠢᠯᠠᠯ ᠤᠨ ᠲᠡᠦᠬᠡ ᠶᠢᠨ ᠠᠶᠠᠯᠠᠯ ᠤᠨ ᠶᠠᠪᠤᠴᠠ ᠢᠯᠡᠷᠡᠪᠡᠯ᠂ ᠲᠡᠷᠡ ᠳᠠᠷᠤᠢ ᠳᠤᠨᠢ ᠰᠠᠨᠠᠭᠠᠴᠢᠯᠠᠭ᠎ᠠ ᠠᠴᠠ ᠪᠠᠨ ᠦᠵᠡᠮᠵᠢ ᠶᠢᠨ ᠣᠷᠣᠨ ᠤ ᠠᠵᠢᠯᠲᠠᠨ ᠪᠤᠶᠤ ᠣᠷᠣᠨ ᠰᠠᠭᠤᠴᠠ ᠶᠢᠨ ᠡᠵᠡᠩᠨᠡᠯᠲᠡ ᠶᠢᠨ ᠭᠤᠣᠯ ᠴᠣᠭᠴᠠ ᠳᠤ ᠮᠡᠳᠡᠭᠦᠯᠵᠦ᠂ ᠱᠠᠭᠠᠷᠳᠠᠯᠭ᠎ᠠ ᠶᠣᠰᠣᠭᠠᠷ ᠬᠠᠮᠢᠶ᠎ᠠ ᠪᠦᠬᠦᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠬᠠᠮᠵᠢᠯᠴᠠᠨ ᠰᠠᠶᠢᠲᠤᠷ ᠬᠢᠬᠦ ᠬᠡᠷᠡᠭᠲᠡᠢ᠃      ᠳᠣᠯᠤᠭ᠎ᠠ᠂ ᠬᠠᠭᠤᠷᠠᠢ ᠵᠠᠮ ᠤᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠴᠡᠭᠡ ᠪᠣᠭᠤᠮᠲᠠ ᠳᠤ ᠪᠢᠲᠡᠭᠦᠦ ᠴᠠᠭᠠᠷᠢᠭ ᠤᠨ ᠬᠠᠮᠢᠶᠠᠷᠤᠯᠲᠠ ᠶᠢ ᠬᠡᠷᠡᠭᠵᠢᠭᠦᠯᠵᠦ᠂ ᠵᠤᠭᠠᠴᠠᠭᠰᠠᠳ ᠲᠤ ᠵᠣᠷᠢᠭᠤᠯᠣᠨ ᠨᠡᠭᠡᠭᠡᠬᠦ ᠦᠢᠯᠡᠴᠢᠯᠡᠭᠡ ᠶᠢ ᠲᠦᠷ ᠵᠣᠭᠰᠣᠭᠠᠨ᠎ᠠ᠃      ᠨᠠᠢᠮᠠ᠂ ᠵᠢᠭᠤᠯᠴᠢᠯᠠᠭᠰᠠᠳ ᠡᠵᠡᠨ᠎ᠡ ᠬᠤᠰᠢᠭᠤ ᠠᠴᠠ ᠰᠠᠯᠬᠤ ᠳᠤ ᠡᠷᠬᠡᠪᠰᠢ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠶᠢ ᠠᠪᠴᠤ᠂ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢ ᠰᠢᠷᠪᠢᠵᠦ ᠳᠠᠩᠰᠠᠯᠠᠭᠤᠯᠬᠤ ᠬᠡᠷᠡᠭᠲᠡᠢ᠃       ᠶᠢᠰᠦ᠂ 2021 ᠣᠨ ᠪᠠ ᠣᠶᠢᠷ᠎ᠠ ᠶᠢᠨ ᠬᠢᠵᠢᠭ ᠤᠨ ᠪᠠᠶᠢᠳᠠᠯ ᠤᠨ ᠬᠤᠭᠤᠴᠠᠭᠠᠨ ᠳᠤ ᠡᠵᠡᠨ᠎ᠡ ᠬᠤᠰᠢᠭᠤᠨ ᠳᠤ ᠲᠤᠰᠠᠯᠠᠬᠤ ᠪᠠᠷ ᠢᠷᠡᠭᠰᠡᠨ ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠡᠮᠨᠡᠯᠭᠡ ᠶᠢᠨ ᠠᠵᠢᠯᠲᠠᠨ ᠵᠢᠴᠢ ᠥᠷᠭᠡᠨ ᠣᠯᠠᠨ ᠰᠠᠭᠠᠲᠠᠭᠰᠠᠨ ᠵᠤᠭᠠᠴᠠᠭᠰᠠᠳ ᠳᠡᠭᠡᠷ᠎ᠡ ᠳᠤᠷᠠᠳᠤᠭᠰᠠᠨ ᠬᠤᠰᠢᠭᠤᠨ ᠳᠤ ᠣᠷᠣᠬᠤ ᠨᠥᠬᠦᠴᠡᠯ ᠳᠤ ᠨᠡᠶᠢᠴᠡᠪᠡᠯ᠂ ᠪᠢᠳᠡᠨ ᠤ ᠣᠯᠭᠤᠭᠰᠠᠨ ᠲᠠᠯᠠᠷᠬᠠᠯ ᠤᠨ ᠺᠠᠷᠲ ᠪᠣᠯᠣᠨ ᠪᠠᠭᠤᠳᠠᠯ ᠤᠨ ᠪᠣᠯᠵᠤᠭ᠎ᠠ ᠶᠢᠨ ᠭᠡᠷᠡᠴᠢ ᠪᠠᠷᠢᠮᠲᠠ ᠶᠢ ᠠᠪᠴᠤ ᠬᠤᠰᠢᠭᠤᠨ ᠳᠤ ᠣᠷᠣᠵᠤ ᠵᠤᠭᠠᠴᠠᠵᠤ ᠪᠣᠯᠣᠨ᠎ᠠ᠃      ᠠᠷᠪᠠ᠂ ᠡᠵᠡᠨ᠎ᠡ ᠬᠤᠰᠢᠭᠤᠨ ᠤ ᠡᠷᠦᠬᠡ ᠠᠮᠠ ᠶᠢᠨ ᠲᠠᠩᠰᠠ ᠲᠠᠢ ᠬᠥᠮᠥᠨ ᠵᠢᠴᠢ 6 ᠰᠠᠷ᠎ᠠ ᠠᠴᠠ ᠳᠡᠭᠡᠭᠰᠢ ᠰᠠᠭᠤᠷᠢᠰᠢᠭᠰᠠᠨ ᠪᠠᠶᠢᠩᠭᠤ ᠰᠠᠭᠤᠭ᠎ᠠ ᠬᠥᠮᠥᠨ ᠬᠤᠰᠢᠭᠤᠨ ᠳᠤ ᠪᠤᠴᠠᠬᠤ ᠠᠴᠠ ᠪᠠᠨ ᠡᠮᠦᠨ᠎ᠡ ᠡᠷᠬᠡᠪᠰᠢ ᠪᠠᠶᠢᠭ᠎ᠠ ᠨᠢᠭᠡᠴᠡ ᠪᠤᠶᠤ ᠭᠠᠴᠠᠭ᠎ᠠ ︵ᠨᠡᠶᠢᠭᠡᠮ ᠲᠣᠭᠤᠷᠢᠭ︶᠎ ᠳᠤ ᠮᠡᠳᠡᠭᠦᠯᠦᠨ ᠳᠠᠩᠰᠠᠯᠠᠭᠤᠯᠵᠤ᠂ ᠬᠤᠰᠢᠭᠤᠨ ᠳᠤ ᠠᠵᠢᠯ ᠢᠶᠠᠷ ᠢᠷᠡᠭᠰᠡᠨ ᠠᠵᠢᠯᠲᠠᠨ ᠡᠷᠬᠡᠪᠰᠢ ᠬᠤᠰᠢᠭᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠪᠤᠶᠤ ᠭᠠᠴᠠᠭ᠎ᠠ ︵ᠨᠡᠶᠢᠭᠡᠮ ᠲᠣᠭᠤᠷᠢᠭ︶ ᠎ ᠠᠴᠠ ᠭᠡᠷᠡᠴᠢ ᠭᠠᠷᠭᠠᠵᠤ ᠥᠭᠬᠦ ᠬᠡᠷᠡᠭᠲᠡᠢ᠃ ᠬᠤᠰᠢᠭᠤᠨ ᠳᠤ ᠣᠷᠣᠬᠤ ᠵᠠᠰᠠᠮᠠᠯ ᠵᠠᠮ ᠤᠨ ᠬᠢᠵᠢᠭ ᠢ ᠰᠡᠷᠭᠡᠶᠢᠯᠡᠨ ᠪᠠᠶᠢᠴᠠᠭᠠᠵᠤ ᠰᠢᠯᠭᠠᠬᠤ ᠴᠡᠭ ᠲᠤ᠂ ᠡᠷᠡᠭᠦᠯ ᠮᠡᠨᠳᠦ ᠶᠢᠨ ᠺᠣᠳ᠋᠂ ᠠᠶᠠᠯᠠᠯ ᠤᠨ ᠺᠣᠳ᠋᠂ 48 ᠴᠠᠭ ᠤᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢᠨ ᠪᠢᠯᠢᠭ ᠴᠢᠨᠠᠷ ᠤᠨ ᠭᠡᠷᠡᠴᠢ ᠵᠢᠴᠢ ᠬᠤᠰᠢᠭᠤᠨ ᠳᠤ ᠣᠷᠤᠬᠤ ᠪᠠᠷ ᠮᠡᠳᠡᠭᠦᠯᠦᠨ ᠳᠠᠩᠰᠠᠯᠠᠭᠤᠯᠤᠭᠰᠠᠨ ᠭᠡᠷᠡᠴᠢ ᠪᠣᠯᠣᠨ ᠬᠠᠮᠢᠶ᠎ᠠ ᠪᠦᠬᠦᠢ ᠭᠡᠷᠡᠴᠢ ᠶᠢ ᠪᠠᠶᠢᠴᠠᠭᠠᠨ ᠰᠢᠯᠭᠠᠬᠤ ᠶᠢᠨ ᠬᠠᠮᠲᠤ᠂ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾᠎ ᠶᠢᠨ ᠺᠣᠳ᠋ ᠢ ᠰᠢᠷᠪᠢᠵᠦ ᠲᠡᠮᠳᠡᠭᠯᠡᠬᠦ ᠪᠠ ᠬᠦᠷᠦᠭᠰᠡᠨ ᠭᠠᠵᠠᠷ ᠲᠤ ᠪᠠᠨ ᠪᠥᠭᠡᠮ ᠬᠦᠴᠢᠯ ᠤᠨ ᠪᠠᠶᠢᠴᠠᠭᠠᠨ ᠬᠡᠮᠵᠢᠯᠲᠡ ᠶᠢ ᠪᠡᠶᠡᠯᠡᠭᠦᠯᠬᠦ ᠬᠡᠷᠡᠭᠲᠡᠢ᠃ 7 ᠡᠳᠦᠷ ᠤᠨ ᠳᠣᠲᠣᠷ᠎ᠠ ᠬᠢᠵᠢᠭ ᠲᠤ ᠬᠤᠯᠪᠣᠭᠳᠠᠭᠰᠠᠨ ᠭᠠᠵᠠᠷ ᠣᠷᠣᠨ ᠢᠶᠠᠷ ᠵᠢᠭᠤᠯᠴᠢᠯᠠᠭᠰᠠᠨ ᠲᠡᠦᠬᠡ ᠲᠠᠢ ᠬᠥᠮᠥᠰ ᠡᠷᠬᠡᠪᠰᠢ ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠬᠡᠷᠡᠭᠲᠡᠢ᠃      ︽ᠬᠢᠵᠢᠭ ᠤᠨ ᠪᠠᠶᠢᠳᠠᠯ ᠢ ᠰᠡᠷᠭᠡᠶᠢᠯᠡᠬᠦ᠂ ᠠᠵᠤ ᠠᠬᠤᠢ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠪᠥᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠮᠥᠨ᠂ ᠥᠷᠭᠡᠨ ᠣᠯᠠᠨ ᠵᠢᠭᠤᠯᠴᠥᠯᠠᠭᠰᠠᠳ ᠤᠨ ᠣᠶᠢᠯᠠᠭᠠᠯᠲᠠ᠂ ᠳᠡᠮᠵᠢᠯᠭᠡ ᠪᠠ ᠬᠠᠮᠵᠢᠯᠴᠠᠭ᠎ᠠ ᠳᠤ ᠳᠠᠬᠢᠨᠲᠠ ᠲᠠᠯᠠᠷᠬᠠᠵᠤ ᠪᠠᠶᠢᠨ᠎ᠠ᠃            ᠡᠵᠡᠨ᠎ᠡ ᠬᠤᠰᠢᠭᠤᠨ ᠤ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠠᠰᠠᠭᠤᠨ ᠯᠠᠪᠯᠠᠬᠤ       ᠤᠲᠠᠰᠤ᠄ 0483 - 6960888            ᠡᠵᠡᠨ᠎ᠡ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠤᠭᠤᠳᠬᠤ ᠭᠠᠵᠠᠷ ᠤᠨ ᠠᠰᠠᠭᠤᠨ ᠯᠠᠪᠯᠠᠬᠤ ᠤᠲᠠᠰᠤ᠄ 0483-6526181            ︽ᠨᠢᠭᠡ ᠭᠠᠷ ᠤᠳᠠᠰᠤ ᠪᠠᠷ ᠡᠵᠡᠨ᠎ᠡ ᠪᠠᠷ ᠵᠢᠭᠤᠯᠴᠢᠯᠠᠬᠤ︾᠂ ︽ᠠᠯᠠᠱᠠ ᠶᠢᠨ ᠡᠷᠡᠭᠦᠯ ᠮᠡᠨᠳᠦ ᠶᠢᠨ ᠡᠷᠳᠡᠨᠢ︾ ᠭᠡᠬᠦ ᠬᠤᠶᠠᠷ ᠸᠢᠴᠠᠲ ᠤᠨ ᠵᠢᠵᠢᠭ ᠫᠷᠣᠭ᠍ᠷᠠᠮ ᠤᠨ ᠬᠤᠶᠠᠷ ᠬᠡᠮᠵᠢᠯᠲᠦ ᠺᠣᠳ᠋ ᠶᠢ ᠳᠠᠭᠠᠯᠳᠤᠭᠤᠯᠤᠨ᠎ᠠ᠃                      ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ                      ᠰᠡᠷᠭᠡᠶᠢᠯᠡᠨ ᠡᠵᠡᠮᠳᠡᠬᠦ ᠠᠵᠢᠯ ᠤᠨ ᠵᠢᠯᠤᠭᠤᠳᠬᠤ ᠭᠠᠵᠠᠷ                      2022 ᠣᠨ ᠤ 9 ᠳ᠋ᠦ᠋ᠭᠡᠷ ᠰᠠᠷ᠎ᠠ ᠶᠢᠨ 23᠎ ᠤ ᠡᠳᠦᠷ 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号