ᠡᠵᠡᠨ᠎ᠡ ᠬᠤᠰᠢᠭᠤ ᠠᠮᠠᠨ ᠬᠥᠨᠳᠡᠢ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠪᠠ
ᠨᠡᠶᠢᠲᠡᠯᠡᠭᠰᠡᠨ ᠴᠠᠭ᠄
2023/1/10
      ᠡᠮᠴᠢᠯᠡᠭᠡᠨ ᠤ ᠪᠠᠲᠤᠯᠠᠭ᠎ᠠ ᠶᠢᠨ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠡᠪᠡᠳᠴᠢᠨ ᠦᠵᠡᠭᠦᠯᠬᠦ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠠᠯᠠᠱᠠ ᠠᠶᠢᠮᠠᠭ ᠤᠨ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠨᠢᠭᠡᠳᠦᠯᠲᠡᠢ ᠪᠠᠶᠢᠷᠢᠯᠠᠭᠤᠯᠤᠯᠲᠠ ᠶᠣᠰᠣᠭᠠᠷ᠂ 2023 ᠣᠨ ᠤ 1 ᠳ᠋ᠦ᠋ᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠡᠵᠡᠨ᠎ᠡ ᠬᠤᠰᠢᠭᠤᠨ ᠤ ᠬᠢᠨ ᠲᠠᠷᠢᠮᠠᠯ ᠤᠨ ᠪᠡᠶ᠎ᠡ ᠳᠠᠷᠢᠬᠤ ᠵᠠᠷᠤᠳᠠᠯ ︵ᠭᠠᠭᠴᠠ ᠮᠥᠬᠦᠯᠢᠭ︶᠂ ᠲᠠᠷᠢᠮᠠᠯ ᠤᠨ ᠪᠡᠶ᠎ᠡ ᠳᠠᠷᠢᠬᠤ ᠵᠠᠷᠤᠳᠠᠯ ︵ᠪᠥᠬᠦ ᠨᠣᠮᠣᠨ ᠰᠢᠳᠦ︶᠂ ᠳᠠᠷᠢᠬᠤ ᠰᠢᠳᠦᠨ ᠲᠢᠲᠢᠮ ᠢ ᠵᠠᠰᠠᠨ ᠰᠡᠷᠭᠦᠭᠡᠬᠦ ᠵᠠᠷᠤᠳᠠᠯ ︵ᠭᠠᠭᠴᠠ ᠮᠥᠬᠦᠯᠢᠭ︶ ᠵᠡᠷᠭᠡ 22 ᠠᠮᠠᠨ ᠬᠥᠨᠳᠡᠢ ᠶᠢᠨ ᠲᠥᠷᠥᠯ ᠤᠨ ᠡᠮᠴᠢᠯᠡᠭᠡᠨ ᠤ ᠦᠢᠯᠡᠴᠢᠯᠡᠭᠡᠨ ᠤ ᠲᠥᠷᠥᠯ ᠵᠦᠢᠯ ᠢ ᠦᠨᠳᠦᠰᠦᠨ ᠡᠮ ᠡᠮᠨᠡᠯᠭᠡ ᠶᠢᠨ ᠳᠠᠭᠠᠳᠬᠠᠯ ᠤᠨ ᠲᠣᠭᠠᠴᠠᠭ᠎ᠠ ᠬᠢᠬᠦ ᠬᠡᠪᠴᠢᠶᠡᠨ ᠳᠤ ᠣᠷᠣᠭᠤᠯᠵᠤ᠂ ᠬᠥᠬᠡ ᠲᠥᠷᠥᠯ ᠤᠨ ᠬᠠᠮᠢᠶᠠᠷᠤᠯᠲᠠ ᠪᠠᠷ ᠯᠠᠪᠯᠠᠯᠲᠠ ᠪᠣᠯᠭᠠᠨ᠎ᠠ᠃      ᠲᠠᠷᠠᠭᠠᠴᠢ ᠶᠢᠨ ᠠᠯᠬᠤᠮ ᠳᠤ᠂ ᠡᠵᠡᠨ᠎ᠡ ᠬᠤᠰᠢᠭᠤᠨ ᠤ ᠬᠢᠨ ᠲᠥᠪᠯᠡᠷᠡᠭᠦᠯᠦᠨ ᠲᠤᠭ᠎ᠠ ᠬᠡᠮᠵᠢᠶ᠎ᠡ ᠲᠠᠢ ᠪᠠᠷ ᠬᠤᠳᠠᠯᠳᠤᠨ ᠠᠪᠬᠤ ᠪᠠᠷ ᠳᠠᠮᠵᠢᠭᠤᠯᠤᠨ ᠬᠡᠰᠡᠭ ᠠᠮᠠᠨ ᠬᠥᠨᠳᠡᠢ ᠶᠢᠨ ᠲᠥᠷᠥᠯ ᠤᠨ ᠡᠮᠴᠢᠯᠡᠭᠡᠨ ᠳᠤ ᠬᠡᠷᠡᠭᠯᠡᠬᠦ ᠬᠤᠷᠣᠭᠳᠠᠯ ᠮᠠᠲ᠋ᠧᠷᠢᠶᠠᠯ ᠤᠨ ᠦᠨ᠎ᠡ ᠶᠢ ᠪᠠᠭᠤᠷᠠᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠭᠠᠳᠬᠠᠯ ᠳᠤ ᠣᠷᠣᠯᠴᠠᠭᠰᠠᠨ ᠡᠪᠡᠳᠴᠢᠲᠡᠨ ᠤ ᠠᠮᠠᠨ ᠬᠥᠨᠳᠡᠢ ᠶᠢᠨ ᠡᠮᠴᠢᠯᠡᠭᠡᠨ ᠤ ᠵᠠᠷᠤᠳᠠᠯ ᠤᠨ ᠡᠮᠨᠡᠭᠦᠯᠬᠦ ᠳᠠᠷᠤᠭᠠᠰᠤ ᠶᠢ ᠠᠯᠬᠤᠮ ᠠᠯᠬᠤᠮ ᠢᠶᠠᠷ ᠬᠥᠩᠭᠡᠷᠡᠭᠦᠯᠵᠦ᠂ ︽ᠰᠢᠳᠦ ᠪᠠᠨ ᠦᠵᠡᠭᠦᠯᠬᠦ ᠳᠤ ᠬᠦᠴᠢᠷ᠂ ᠰᠢᠳᠦ ᠪᠠᠨ ᠦᠵᠡᠭᠦᠯᠬᠦ ᠳᠤ ᠦᠨᠡᠲᠡᠢ︾ ᠪᠠᠶᠢᠬᠤ ᠠᠰᠠᠭᠤᠳᠠᠯ ᠢ ᠠᠯᠬᠤᠮ ᠠᠯᠬᠤᠮ ᠢᠶᠠᠷ ᠰᠢᠢᠳᠪᠦᠷᠢᠯᠡᠨ᠎ᠡ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号