ᠡᠵᠡᠨ᠎ᠡ ᠬᠤᠰᠢᠭᠤᠨ ᠳᠤ ᠴᠠᠭᠠᠨ ᠰᠠᠷ᠎ᠠ ᠶᠢᠨ ᠲᠦᠷ ᠴᠠᠭ ᠤᠨ ᠠᠷᠠᠳ ᠲᠤ ᠲᠥᠬᠦᠮ ᠦᠵᠡᠭᠦᠯᠬᠦ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠭᠠᠷᠭᠠᠪᠠ
ᠨᠡᠶᠢᠲᠡᠯᠡᠭᠰᠡᠨ ᠴᠠᠭ᠄
2023/1/10
      ᠴᠠᠭᠠᠨ ᠰᠠᠷ᠎ᠠ ᠣᠶᠢᠷᠠᠳᠴᠤ᠂ ᠰᠠᠭᠠᠳ ᠦᠭᠡᠢ᠂ ᠥᠯᠵᠡᠢ ᠪᠡᠯᠭᠡ ᠲᠠᠢ᠂ ᠡᠮᠬᠢ ᠳᠢᠭᠯᠢᠮ ᠲᠠᠢ ᠪᠠᠶᠠᠷ ᠤᠨ ᠡᠳᠦᠷ ᠤᠨ ᠣᠷᠴᠢᠨ ᠲᠣᠭᠤᠷᠢᠨ ᠢ ᠪᠤᠶ ᠪᠣᠯᠭᠠᠬᠤ ᠶᠢᠨ ᠲᠥᠯᠥᠭᠡ᠂ ᠣᠯᠠᠨ ᠲᠦᠮᠡᠨ ᠤ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠳᠤ ᠲᠥᠬᠦᠮ ᠦᠵᠡᠭᠦᠯᠵᠦ᠂ ᠡᠵᠡᠨ᠎ᠡ ᠬᠤᠰᠢᠭᠤᠨ ᠤ ᠬᠢᠨ 1 ᠳ᠋ᠦ᠋ᠭᠡᠷ ᠰᠠᠷ᠎ᠠ ᠶᠢᠨ 6᠎ ᠤ ᠡᠳᠦᠷ ᠠᠴᠠ 1 ᠳ᠋ᠦ᠋ᠭᠡᠷ ᠰᠠᠷ᠎ᠠ ᠶᠢᠨ 21᠎ ᠤ ᠡᠳᠦᠷ ᠪᠣᠯᠲᠠᠯ᠎ᠠ ᠳᠠᠯᠠᠶᠢᠬᠦ᠋ᠪ ᠪᠠᠯᠭᠠᠰᠤᠨ ᠳᠤ ᠠᠷᠠᠳ ᠲᠤ ᠲᠥᠬᠦᠮ ᠦᠵᠡᠭᠦᠯᠬᠦ ᠴᠠᠭᠠᠨ ᠰᠠᠷ᠎ᠠ ᠶᠢᠨ ᠪᠠᠷᠠᠭᠠᠨ ᠤ ᠲᠦᠷ ᠴᠠᠭ ᠤᠨ ᠵᠠᠬ᠎ᠠ ᠳᠡᠯᠭᠡᠭᠦᠷ ᠢ 6 ᠭᠠᠷᠭᠠᠵᠤ᠂ ᠭᠤᠣᠯᠳᠠᠭᠤ ᠬᠠᠲᠠᠭᠠᠮᠠᠯ ᠵᠢᠮᠢᠰ ᠬᠠᠭᠤᠷᠤᠭᠰᠠᠨ ᠢᠳᠡᠭᠡᠨ᠂ ᠵᠢᠮᠢᠰ᠂ ᠰᠢᠬᠢᠷ ᠠᠷᠢᠬᠢ ᠵᠡᠷᠭᠡ ᠬᠤᠯᠢᠰᠢᠨ ᠢᠳᠡᠭᠡᠨ ᠤ ᠵᠦᠢᠯ ᠪᠠ ᠲᠠᠷᠢᠶᠠᠯᠠᠩ ᠤᠨ ᠲᠦᠷᠦᠯ ᠤᠨ ᠪᠦᠲᠦᠭᠡᠭᠳᠡᠬᠦᠨ᠂ ᠴᠠᠭᠠᠨ ᠰᠠᠷ᠎ᠠ ᠶᠢᠨ ᠵᠢᠷᠤᠭ᠂ ᠬᠤᠣᠰ ᠤᠶᠠᠩᠭ᠎ᠠ᠂ ᠳ᠋ᠧᠩᠯᠦ ᠵᠡᠷᠭᠡ ᠴᠠᠭᠠᠨ ᠰᠠᠷ᠎ᠠ ᠶᠢᠨ ᠰᠣᠶᠣᠯ ᠤᠨ ᠵᠦᠢᠯ᠂ ᠠᠮᠢᠳᠤᠷᠠᠯ ᠤᠨ ᠬᠡᠷᠡᠭᠯᠡᠭᠡᠨ ᠤ ᠵᠦᠢᠯ ᠤᠨ ᠲᠠᠸᠠᠷ ᠢ ᠡᠵᠡᠩᠨᠡᠵᠦ᠂ ᠬᠤᠸᠠᠷ ᠫᠤᠤᠵᠢᠩ ᠤᠨ ᠲᠥᠷᠥᠯ ᠤᠨ ᠲᠠᠸᠠᠷ ᠢ ᠡᠵᠡᠩᠨᠡᠬᠦ ᠶᠢ ᠴᠠᠭᠠᠵᠠᠯᠠᠵᠤ ᠪᠤᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号