ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠠᠵᠢᠯ ᠤᠨ ᠢᠯᠡᠳᠭᠡᠯ | —— ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠳᠡᠭᠡᠷ᠎ᠡ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠤ ᠬᠤᠰᠢᠭᠤ ᠳᠠᠷᠤᠭ᠎ᠠ ᠪᠦᠬᠡ | | | ᠲᠦᠯᠦᠭᠡᠯᠡᠭᠴᠢᠳ ᠡ᠄ | ᠣᠳᠣ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠢᠶᠠᠨ ᠲᠦᠯᠦᠭᠡᠯᠡᠵᠦ᠂ ᠶᠡᠭᠡ ᠬᠤᠷᠠᠯ ᠳᠤ | ᠠᠵᠢᠯ ᠤᠨ ᠢᠯᠡᠳᠭᠡᠯ ᠬᠢᠶ᠎ᠡ᠂ ᠬᠢᠨᠠᠨ ᠵᠦᠪᠯᠡᠬᠦ ᠪᠤᠯᠪᠠᠤ᠃ ᠲᠡᠭᠦᠨᠴᠢᠯᠡᠨ ᠤᠯᠤᠰ ᠲᠥᠷᠥ ᠶᠢᠨ ᠵᠦᠪᠯᠡᠯᠭᠡᠨ ᠤ | ᠭᠡᠰᠢᠭᠦᠳ ᠪᠤᠯᠤᠨ ᠬᠤᠷᠠᠯ ᠳᠤ ᠰᠤᠯᠠ ᠣᠷᠤᠯᠴᠠᠭᠰᠠᠳ ᠴᠦ ᠰᠠᠨᠠᠯ ᠢᠶᠠᠨ ᠳᠡᠪᠰᠢᠭᠦᠯᠬᠦ ᠪᠤᠯᠪᠠᠤ᠃ | ᠨᠢᠭᠡ᠂ 2022 ᠣᠨ ᠤ ᠠᠵᠢᠯ ᠤᠨ ᠡᠷᠭᠢᠴᠡᠭᠦᠯᠦᠯ | 2022 ᠣᠨ ᠪᠣᠯ ᠨᠠᠮ ᠪᠠ ᠤᠯᠤᠰ ᠣᠷᠤᠨ ᠤ ᠲᠡᠦᠬᠡᠨ ᠳᠤ ᠲᠦᠢᠯ ᠤᠨ ᠴᠢᠬᠤᠯᠠ ᠨᠢᠭᠡ ᠵᠢᠯ᠃ ᠮᠦᠨ | ᠴᠦ ᠠᠷᠪᠠᠨ ᠨᠠᠢᠮᠠᠳᠤᠭᠠᠷ ᠬᠤᠭᠤᠴᠠᠭᠠᠨ ᠤ ᠬᠤᠰᠢᠭᠤᠨ ᠤ ᠠᠷᠠᠳ ᠤᠨ ᠵᠠᠰᠠᠭ ᠤᠨ ᠣᠷᠳᠤᠨ ᠲᠤᠰᠢᠶᠠᠯ | ᠡᠭᠦᠷᠭᠡᠯᠡᠭᠰᠡᠨ ᠠᠩᠬᠠᠨ ᠤ ᠵᠢᠯ ᠪᠣᠯᠬᠤ ᠶᠤᠮ᠃ ᠨᠢᠭᠡ ᠵᠢᠯ ᠤᠨ ᠲᠤᠷᠰᠢ᠂ ᠬᠢᠵᠢᠭ ᠤᠨ ᠪᠠᠶᠢᠳᠠᠯ ᠤᠨ ᠳᠠᠬᠢᠨ | ᠲᠠᠪᠳᠠᠯᠳᠠ ᠪᠠ ᠠᠵᠤ ᠠᠬᠤᠢ ᠦᠷᠭᠦᠯᠵᠢᠯᠡᠨ ᠪᠠᠭᠤᠷᠠᠭᠰᠠᠨ ᠬᠦᠨᠳᠦ ᠬᠡᠴᠡᠭᠦᠦ ᠪᠠᠶᠢᠳᠠᠯ ᠲᠤᠤᠷ᠎ᠠ ᠪᠢᠳᠡ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠣᠯᠣᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠠᠷᠪᠠᠨ ᠶᠢᠰᠦᠳᠦᠭᠡᠷ ᠶᠡᠭᠡ ᠬᠤᠷᠠᠯ ᠪᠣᠯᠤᠨ ᠠᠷᠪᠠᠨ | ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠡᠯ᠎ᠡ ᠣᠳᠠᠭᠠᠨ ᠤ ᠪᠦᠭᠦᠳᠡ ᠬᠤᠷᠠᠯ ᠪᠠ ᠨᠠᠮ ᠤᠨ ᠬᠤᠷᠢᠳᠤᠭᠠᠷ | ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ | ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ | ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢ ᠲᠤᠭᠳᠠᠪᠤᠷᠢᠵᠢᠭᠤᠯᠬᠤ ᠠᠯᠢ | ᠣᠯᠠᠨ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠵᠢᠭ ᠤᠨ ᠰᠡᠷᠭᠡᠶᠢᠯᠡᠯᠲᠡ | ᠡᠵᠡᠮᠳᠡᠯᠲᠡ ᠪᠤᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠥᠯᠦᠪᠯᠡᠵᠦ᠂ ᠬᠦᠭᠵᠢᠯᠲᠡ ᠪᠠ | ᠠᠮᠤᠷ ᠲᠥᠪᠰᠢᠨ ᠢ ᠪᠦᠬᠦ ᠲᠠᠯ᠎ᠠ ᠪᠠᠷ ᠲᠥᠯᠦᠪᠯᠡᠵᠦ᠂ ᠵᠢᠱᠢᠯᠲᠡ ᠠᠴᠠ ᠭᠠᠳᠠᠨᠠᠬᠢ ᠡᠯᠧᠮᠧᠨ᠋ᠲ ᠤᠨ ᠳᠠᠭᠠᠷᠢᠯᠲᠠ ᠶᠢ | ᠠᠷᠭᠠᠴᠠᠭᠠᠨ᠂ ᠪᠦᠬᠦ ᠬᠤᠰᠢᠭᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠢᠨ ᠠᠮᠤᠷ ᠲᠣᠭᠲᠠᠭᠤᠨ | ᠡᠷᠬᠢᠯᠲᠡ ᠶᠢ ᠬᠦᠴᠦᠲᠡᠢ ᠲᠦᠯᠬᠢᠨ ᠠᠬᠢᠭᠤᠯᠪᠠ᠃ 2022 ᠣᠨ ᠳᠤ ᠵᠢᠱᠢᠯᠲᠡ ᠪᠠᠷ᠂ ᠣᠷᠣᠨ ᠨᠣᠲᠤᠭ ᠤᠨ | ᠦᠢᠯᠡᠳᠪᠤᠷᠢᠯᠡᠯ ᠤᠨ ᠶᠡᠷᠦᠩᠬᠡᠢ ᠥᠷᠲᠡᠭ 38.1 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ︔ ᠲᠣᠭᠳᠠᠮᠠᠯ ᠬᠦᠷᠦᠩᠭᠡ ᠶᠢᠨ ᠪᠡᠯᠡ ᠣᠷᠣᠭᠤᠯᠣᠯᠲᠠ 18.6 | ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ︔ ᠡᠩ ᠤᠨ | ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2.14 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ | ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ | ᠪᠣᠷᠣᠯᠠᠭᠤᠯᠤᠯᠲᠠ ᠶᠢᠨ ᠶᠡᠷᠦᠩᠬᠡᠢ ᠥᠷᠳᠡᠭ 9 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ | ᠬᠢ ᠠᠴᠠ 3% ᠪᠠᠷ ᠪᠠᠭᠤᠷᠠᠪᠠ︔ ᠬᠤᠲᠠ ᠪᠠᠯᠭᠠᠰᠤ ᠪᠤᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ | ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ ᠡᠵᠡᠮᠳᠡᠵᠤ ᠪᠣᠯᠬᠤ ᠣᠷᠣᠯᠭ᠎ᠠ ᠶᠢ ᠲᠤᠰᠪᠦᠷᠢ 50526 | ᠲᠥᠬᠦᠷᠢᠭ ᠪᠤᠯᠤᠨ 31043 ᠲᠥᠭᠦᠷᠢᠭ ᠪᠡᠶᠡᠯᠡᠭᠦᠯᠦᠨ᠂ ᠠᠳᠠᠯᠢ ᠬᠤᠭᠤᠴᠠᠭᠠᠨ ᠤ ᠬᠢ ᠠᠴᠠ 5% ᠪᠤᠯᠤᠨ | 6% ᠪᠠᠷ ᠨᠡᠮᠡᠭᠳᠡᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ ᠬᠠᠮᠠᠭᠠᠯᠠᠬᠤ ᠳᠤ ᠬᠦᠴᠦᠯᠡᠨ᠂ ᠰᠡᠷᠭᠦᠭᠡᠨ ᠵᠠᠰᠠᠯᠲᠠ ᠶᠢ | ᠴᠢᠬᠤᠯᠠᠴᠢᠯᠠᠵᠤ᠂ ᠵᠠᠰᠠᠨ ᠴᠡᠭᠴᠡᠯᠡᠯᠲᠡ ᠶᠢ ᠴᠢᠩᠭᠠᠳᠬᠠᠨ᠂ ᠠᠮᠢ ᠠᠬᠤᠢ ᠶᠢᠨ ᠣᠷᠴᠢᠨ ᠲᠤᠭᠤᠷᠢᠨ ᠡᠳᠦᠷ | ᠢᠷᠡᠬᠦᠶ᠎ᠡ ᠰᠠᠶᠢᠵᠢᠷᠠᠪᠠ᠃ | ᠣᠢ ᠰᠢᠭᠤᠢ ᠡᠪᠡᠰᠦ ᠪᠡᠯᠴᠢᠭᠡᠷ ᠨᠤᠭᠤ ᠭᠠᠵᠠᠷ ᠨᠣᠭᠤᠭᠠᠷᠠᠵᠤ ᠰᠡᠷᠭᠦᠭᠰᠡᠨ ᠦᠵᠡᠭᠳᠡᠯ ᠳᠣᠪᠤᠶᠢᠮ᠎ᠠ᠃ | ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢ ᠱᠠᠩᠨᠠᠯ ᠤᠨ ᠲᠥᠷᠦ ᠶᠢᠨ ᠪᠣᠳᠤᠯᠭ᠎ᠠ ᠪᠤᠯᠤᠨ ᠣᠢ | ᠰᠢᠭᠤᠢ ᠶᠢᠨ ᠠᠮᠢ ᠠᠬᠤᠢ ᠶᠢᠨ ᠦᠷ᠎ᠡ ᠠᠰᠢᠭ ᠤᠨ ᠨᠥᠬᠦᠪᠦᠷᠢ ᠶᠢᠨ ᠳᠦᠷᠢᠮ ᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠨᠥᠬᠦᠪᠦᠷᠢ ᠱᠠᠩᠨᠠᠯ ᠤᠨ ᠪᠡᠯᠡ ᠮᠥᠩᠭᠦ ᠶᠢ 1.3 ᠳ᠋ᠦᠩᠰᠢᠭᠤᠷ ᠲᠠᠷᠬᠠᠭᠠᠪᠠ᠃ 7 ᠲᠦᠮᠡᠨ | ᠮᠥ ᠡᠪᠡᠰᠦ ᠪᠣᠷᠳᠣᠭᠠᠨ ᠤ ᠰᠠᠭᠤᠷᠢᠨ ᠭᠠᠵᠠᠷ᠂ ᠲᠠᠪᠤ ᠶᠢ ᠢᠵᠢ ᠪᠦᠷᠢᠳᠦᠭᠦᠯᠦᠭᠰᠡᠨ ᠡᠪᠡᠰᠦᠨ ᠬᠦᠷᠢᠶᠡᠨ ᠤ | ᠲᠦᠷᠢᠮᠵᠢᠭᠰᠡᠨ ᠲᠠᠷᠢᠯᠳᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠭᠤᠤᠯᠳᠠᠯᠭᠠᠲᠤ ᠴᠠᠷ᠎ᠠ ᠬᠦᠷᠢᠶᠡᠨ ᠤ ᠠᠮᠢ | ᠠᠬᠤᠢ ᠶᠢ 293.3 ᠲᠥᠮᠡᠨ ᠮᠤ᠋ ᠬᠠᠮᠠᠭᠠᠯᠠᠨ ᠰᠡᠷᠭᠦᠭᠡᠵᠦ᠂ 2 ᠲᠥᠮᠡᠨ ᠮᠤ᠋ ᠨᠡᠮᠡᠵᠦ ᠨᠤᠭᠤᠭᠠᠷᠠᠭᠤᠯᠤᠨ᠂ ᠣᠢ | ᠶᠢᠨ ᠤᠷᠭᠤᠮᠠᠯ ᠤᠨ ᠬᠤᠴᠢᠯᠭ᠎ᠠ ᠶᠢ 1.6 ᠲᠥᠮᠡᠨ ᠮᠤ᠋ ᠰᠡᠷᠭᠦᠭᠡᠵᠦ᠂ ᠤᠯᠤᠰ ᠤᠨ ᠭᠠᠵᠠᠷ ᠰᠢᠷᠦᠢ ᠶᠢ | ᠨᠤᠭᠤᠭᠠᠷᠠᠭᠤᠯᠤᠭᠰᠠᠨ ᠦᠷ᠎ᠡ ᠪᠦᠲᠦᠮᠵᠢ ᠢᠯᠡᠷᠬᠡᠢ᠃ ᠬᠠᠷ᠎ᠠ ᠭᠤᠣᠯ ᠤᠨ ᠤᠰᠤᠨ ᠤ ᠡᠬᠢ ᠪᠠᠶᠠᠯᠢᠭ ᠢ ᠰᠢᠨᠵᠢᠯᠡᠬᠦ | ᠤᠬᠠᠭᠠᠨᠴᠢ ᠪᠠᠷ ᠲᠣᠬᠢᠷᠠᠭᠤᠯᠵᠤ᠂ 9.2 ᠳ᠋ᠦᠩᠰᠢᠭᠤᠷ ᠪᠣᠰᠤᠭ᠎ᠠ ᠳᠥᠷᠪᠡᠯᠵᠢᠨ ᠮᠧᠲᠷ ᠲᠠᠲᠠᠨ ᠣᠷᠣᠭᠤᠯᠵᠤ᠂ ᠣᠢ | ᠰᠢᠭᠤᠢ ᠡᠪᠡᠰᠦ ᠪᠡᠯᠴᠢᠭᠡᠷ ᠢ 95.8 ᠲᠥᠮᠡᠨ ᠮᠤ᠋ ᠣᠰᠣᠵᠢᠭᠤᠯᠤᠨ᠂ ᠰᠤᠪᠨᠠᠭᠤᠷ ᠲᠤ ᠵᠠᠯᠭᠠᠪᠠᠷ 18 ᠵᠢᠯ ᠤᠰᠤ | ᠣᠷᠤᠭᠤᠯᠪᠠ᠃ ᠵᠢᠭᠠᠰᠤᠨ ᠤ ᠦᠢᠯᠡᠰ ᠤᠨ ᠡᠬᠢ ᠪᠠᠶᠠᠯᠢᠭ ᠢ ᠨᠡᠮᠡᠭᠳᠡᠭᠦᠯᠦᠨ᠂ ᠵᠢᠭᠠᠰᠣ ᠲᠠᠯᠪᠢᠬᠤ ᠬᠦᠳᠡᠯᠭᠡᠭᠡᠨ | ᠢᠶᠠᠷ189 ᠲᠥᠮᠡᠨ ᠵᠢᠷᠠᠭᠠᠬᠠᠢ ᠲᠠᠯᠪᠢᠭᠰᠠᠨ ᠪᠠ 133 ᠲᠦᠷᠦᠯ ᠤᠨ ᠨᠡᠬᠦᠳᠡᠯ ᠰᠢᠪᠠᠭᠤ ᠰᠤᠪᠨᠠᠭᠤᠷ ᠤᠨ ᠨᠤᠭᠤ | ᠭᠠᠵᠠᠷ ᠲᠤ ᠴᠤᠭᠯᠠᠷᠠᠵᠤ ᠶᠡᠷᠦᠩᠬᠡᠢ ᠲᠤᠭ᠎ᠠ ᠨᠢ 10 ᠲᠥᠮᠡ ᠭᠠᠷᠤᠢ ᠳᠤ ᠬᠦᠷᠴᠡᠢ᠃ | ᠠᠮᠢ ᠠᠬᠤᠢ ᠶᠢᠨ ᠣᠷᠴᠢᠨ ᠲᠤᠭᠤᠷᠢᠨ ᠢ ᠵᠠᠰᠠᠨ ᠴᠡᠭᠴᠡᠯᠡᠭᠰᠡᠨ ᠪᠦᠲᠦᠮᠵᠢ ᠢᠯᠡᠷᠭᠡᠢ᠃ ᠬᠥᠬᠡ ᠲᠡᠭᠷᠢ᠂ | ᠴᠡᠩᠬᠡᠭ ᠤᠰᠤ᠂ ᠠᠷᠢᠭᠤᠨ ᠬᠦᠷᠦᠰᠦ ᠶᠢᠨ ᠬᠠᠮᠠᠭᠠᠯᠠᠯᠲᠠ ᠶᠢ ᠦᠷᠭᠦᠯᠵᠢᠯᠡᠨ ᠪᠠᠷᠢᠮᠲᠠᠯᠠᠵᠤ᠂ ᠪᠣᠬᠢᠷᠳᠤᠯ ᠢ | ᠰᠡᠷᠭᠡᠶᠢᠯᠡᠨ ᠵᠠᠰᠠᠬᠤ ᠲᠦᠷᠦᠯ ᠵᠦᠢᠯ 7 ᠶᠢ ᠪᠡᠶᠡᠯᠡᠭᠦᠯᠪᠡ᠃ ᠴᠠᠬᠢᠯᠭᠠᠨ ᠡᠨᠧᠷᠬᠢ ᠪᠠᠷ ᠨᠡᠭᠦᠷᠡᠰᠦᠨ ᠳᠤᠯᠠᠭᠠᠯᠠᠭ᠎ᠠ ᠶᠢ | ᠣᠷᠤᠯᠠᠭᠤᠯᠬᠤ ᠶᠢ ᠲᠦᠭᠡᠮᠡᠯᠵᠢᠭᠦᠯᠵᠦ᠂ ᠨᠡᠭᠦᠷᠡᠰᠦᠨ ᠤ ᠬᠤᠪᠢ ᠶᠢᠨ ᠬᠡᠷᠡᠭᠯᠡᠭᠡᠨ ᠤ ᠵᠠᠰᠠᠯᠲᠠ ᠶᠢ ᠴᠢᠩᠭᠠᠳᠬᠠᠨ᠂ | ᠲᠤᠭᠤᠰᠤᠨ ᠤ ᠪᠤᠬᠢᠷᠳᠤᠯ ᠢ ᠪᠦᠳᠦᠮᠵᠢᠲᠠᠢ ᠬᠠᠮᠢᠶᠠᠷᠤᠨ ᠡᠵᠡᠮᠳᠡᠵᠦ᠂ ᠠᠭᠠᠷ ᠤᠨ ᠴᠡᠪᠡᠷᠰᠢᠯ ᠤᠨ ᠣᠨᠴᠠ ᠰᠠᠶᠢᠨ | ᠪᠠᠶᠢᠳᠠᠯ ᠨᠢ ᠪᠦᠬᠦ ᠵᠢᠯ ᠤᠨ 88% ᠶᠢ ᠡᠵᠡᠯᠡᠪᠡ᠃ ︽ᠨᠠᠭᠤᠷ ᠭᠤᠣᠯ ᠤᠨ ᠳᠠᠷᠤᠭ᠎ᠠ ᠶᠢᠨ ᠳᠦᠷᠢᠮ︾ ᠢ | ᠭᠦᠴᠦᠯᠡᠨ ᠬᠡᠷᠡᠭᠵᠢᠭᠦᠯᠵᠦ᠂ 3197 ᠲᠦᠮᠡᠨ ᠲᠥᠭᠦᠷᠢᠭ ᠤᠨ ᠪᠡᠯᠡ ᠤᠷᠤᠭᠤᠯᠤᠨ᠂ ᠰᠤᠪᠨᠠᠭᠤᠷ ᠤᠨ ᠤᠰᠤᠨ ᠤ | ᠠᠮᠢ ᠠᠬᠤᠢ ᠢ ᠪᠠᠴᠢᠮ ᠵᠠᠰᠠᠵᠤ ᠰᠡᠷᠭᠡᠶᠢᠯᠡᠬᠦ ᠢᠨᠵᠧᠨᠧᠷᠢᠩ ᠢ ᠪᠠᠶᠢᠭᠤᠯᠵᠤ᠂ ᠨᠠᠭᠤᠷ ᠭᠤᠣᠯ ᠤᠨ ᠰᠢᠰᠲ᠋ᠧᠮᠲᠤ | ᠵᠠᠰᠠᠯᠲᠠ ᠶᠢᠨ ᠰᠢᠨ᠎ᠡ ᠪᠠᠶᠢᠳᠠᠯ ᠢ ᠨᠡᠭᠡᠭᠡᠪᠡ᠃ ᠤᠰᠤᠨ ᠤ ᠡᠬᠢ ᠪᠠᠶᠠᠯᠢᠭ ᠤᠨ ᠬᠠᠮᠤᠭ ᠴᠢᠩᠭ᠎ᠠ ᠬᠠᠮᠢᠶᠠᠷᠤᠯᠲᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠰᠤᠨ ᠤ ᠡᠬᠢ ᠪᠠᠶᠠᠯᠢᠭ ᠤᠨ ᠬᠠᠲᠠᠭᠤ ᠬᠢᠵᠠᠭᠠᠷᠯᠠᠯ ᠢ | ᠦᠷᠭᠦᠯᠵᠢᠯᠡᠨ ᠴᠢᠩᠭᠠᠳᠬᠠᠪᠠ᠃ ᠪᠦᠬᠦ ᠣᠯᠣᠰ ᠤᠨ ᠭᠤᠷᠪᠠᠳᠤᠭᠠᠷ ᠤᠳᠠᠭᠠᠨ ᠤ ᠬᠦᠷᠦᠰᠦ ᠰᠢᠷᠦᠢ ᠶᠢᠨ ᠨᠡᠶᠢᠳᠡᠮ | ᠪᠠᠶᠢᠴᠠᠭᠠᠯᠲᠠ ᠶᠢ ᠦᠨᠳᠦᠷ ᠪᠠᠷᠢᠮᠵᠢᠶ᠎ᠠ ᠪᠠᠷ ᠶᠠᠪᠤᠭᠳᠠᠭᠤᠯᠵᠤ᠂ ᠲᠠᠷᠢᠶᠠᠨ ᠡᠮ ᠬᠢᠮᠢ ᠶᠢᠨ ᠪᠣᠷᠳᠤᠭᠤᠷ ᠤᠨ | ᠬᠡᠷᠡᠭᠯᠡᠯᠲᠡ ᠶᠢ ᠪᠠᠭᠠᠰᠬᠠᠵᠤ᠂ ᠲᠠᠷᠢᠶᠠᠯᠠᠩ ᠤᠨ ᠣᠯᠠᠨ ᠡᠬᠢᠲᠦ ᠪᠤᠬᠢᠷᠳᠤᠯ ᠢ ᠵᠠᠰᠠᠨ ᠴᠡᠭᠴᠡᠯᠡᠭᠰᠡᠨ ᠳᠣᠪᠤᠶᠢᠮ᠎ᠡ | ᠦᠷ᠎ᠡ ᠪᠦᠳᠦᠮᠵᠢ ᠤᠯᠤᠯ᠎ᠠ᠃ ᠪᠣᠬᠢᠷᠳᠤᠯ ᠦᠭᠡᠢ ᠠᠭᠤᠷᠬᠠᠢ ᠶᠢᠨ ᠪᠦᠳᠦᠭᠡᠨ ᠪᠠᠶᠢᠭᠤᠯᠤᠯᠲᠠ ᠪᠤᠯᠤᠨ | ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ ᠲᠤᠭᠤᠷᠢᠨ ᠤ ᠰᠡᠷᠭᠦᠭᠡᠨ ᠵᠠᠰᠠᠯᠲᠠ ᠶᠢ ᠨᠢᠭᠡᠳᠦᠯᠲᠡᠢ ᠲᠥᠯᠦᠪᠯᠡᠨ | ᠠᠬᠢᠭᠤᠯᠵᠤ᠂ ᠡᠯ᠎ᠡ ᠱᠠᠲᠤᠨ ᠤ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠲᠠ ᠶᠢᠨ ᠱᠠᠯᠠᠪᠳᠠᠭᠤᠯᠤᠭᠰᠠᠨ | ᠪᠠᠶᠢᠴᠠᠭᠠᠯᠲᠠ ᠠᠴᠠ ᠲᠤᠰᠬᠠᠭᠰᠠᠨ ᠠᠰᠠᠭᠤᠳᠠᠯ ᠢ ᠡᠷᠴᠢᠮᠲᠡᠢ ᠦᠭᠡᠷᠡᠴᠢᠯᠡᠨ ᠰᠠᠶᠢᠵᠢᠷᠠᠭᠤᠯᠵᠤ᠂ ᠲᠡᠦᠬᠡᠨ | ᠦᠯᠡᠳᠡᠭᠳᠡᠯ ᠠᠰᠠᠭᠤᠳᠠᠯ ᠪᠠ ᠣᠯᠠᠨ ᠨᠡᠶᠢᠲᠡ ᠶᠢᠨ ᠲᠤᠰᠬᠠᠭᠰᠠᠨ ᠳᠣᠪᠤᠶᠢᠮ᠎ᠠ ᠠᠰᠠᠭᠤᠳᠠᠯ ᠢ ᠪᠦᠳᠦᠮᠵᠢᠲᠡᠢ | ᠰᠢᠢᠳᠪᠤᠷᠢᠯᠡᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠪᠤᠬᠢᠷᠳᠤᠯ ᠦᠭᠡᠢ ᠬᠦᠭᠵᠢᠯᠲᠡ ᠳᠤ ᠬᠦᠴᠦᠯᠡᠵᠦ᠂ ᠤᠯᠠᠮᠵᠢᠯᠠᠯ ᠳᠤ | ᠲᠤᠬᠢᠷᠠᠭᠤᠯᠤᠯᠳᠠ ᠬᠢᠨ ᠰᠢᠨ᠎ᠡ ᠶᠢ ᠪᠤᠶᠢᠵᠢᠭᠤᠯᠵᠤ᠂ ᠲᠠᠪᠠᠭᠤᠯᠢᠭ ᠢᠶᠠᠨ ᠪᠠᠳᠠᠷᠠᠭᠤᠯᠵᠤ ᠲᠤᠲᠠᠭᠳᠠᠯ ᠢᠶᠠᠨ | ᠨᠥᠭᠦᠪᠦᠷᠢᠯᠡᠨ᠂ ᠠᠵᠤ ᠦᠢᠯᠡᠰ ᠤᠨ ᠬᠦᠭᠵᠢᠯᠲᠡ ᠶᠢᠨ ᠠᠯᠬᠤᠴᠠ ᠪᠠᠨ ᠪᠠᠲᠤᠳᠬᠠᠪᠠ᠃ | ᠠᠮᠢ ᠠᠬᠤᠶᠢᠵᠢᠭᠰᠠᠨ ᠲᠠᠷᠢᠶᠠᠯᠠᠩ ᠮᠠᠯ ᠠᠵᠤ ᠠᠬᠤᠢ ᠲᠤᠭᠳᠠᠭᠤᠨ ᠬᠦᠭᠵᠢᠪᠡ᠃ 2128 ᠲᠥᠮᠡᠨ | ᠲᠦᠭᠦᠷᠢᠭ ᠤᠨ ᠪᠡᠯᠡ ᠤᠷᠤᠭᠤᠯᠤᠨ᠂ ᠦᠨᠳᠦᠷ ᠪᠠᠷᠢᠮᠵᠢᠶᠠᠲᠤ ᠲᠠᠷᠢᠶᠠᠨ ᠭᠠᠵᠠᠷ ᠢ 1.6 ᠲᠥᠮᠡᠨ ᠮᠤ᠋ ᠪᠦᠳᠦᠭᠡᠨ | ᠪᠠᠶᠢᠭᠤᠯᠵᠤ᠂ ᠲᠠᠷᠢᠮᠠᠯ ᠤᠨ ᠶᠠᠷᠦᠩᠬᠡᠢ ᠲᠠᠯᠠᠪᠠᠢ ᠶᠢ 6 ᠲᠥᠮᠡᠨ ᠮᠤ᠋ ᠳᠤ ᠬᠢᠵᠠᠭᠠᠷᠯᠠᠪᠠ᠃ ᠰᠠᠭᠠᠳ ᠦᠬᠡᠢ ᠨᠡᠪᠳᠡᠷᠡᠬᠦ | ᠵᠠᠮ ᠭᠠᠷᠭᠠᠵᠤ ︽ᠪᠠᠯᠲᠤ ᠬᠡᠮᠬᠡ ᠶᠢᠨ ᠠᠵᠤ ᠠᠬᠤᠢ︾ ᠶᠢ ᠬᠠᠮᠠᠭᠠᠯᠠᠨ᠂ 4 ᠲᠥᠮᠡᠨ ᠲᠤᠨ ᠪᠤᠷᠤᠯᠠᠭᠤᠯᠤᠭᠳᠠᠭᠠ | ᠦᠭᠡᠢ ᠪᠠᠯᠲᠤ ᠬᠡᠮᠬᠡ ᠶᠢ ᠡᠮᠬᠢ ᠲᠢᠭᠯᠢᠮ ᠲᠠᠢ ᠭᠠᠳᠠᠭᠰᠢ ᠵᠦᠭᠡᠭᠡᠪᠦᠷᠢᠯᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠪᠠ ᠪᠠᠯᠲᠤ ᠬᠡᠮᠬᠡ ᠶᠢ ᠪᠤᠷᠤᠯᠠᠭᠤᠯᠬᠤ ︽ᠬᠤᠣᠰ ᠢᠯᠡᠯᠲᠡ︾ ᠶᠢ ᠪᠡᠶᠡᠯᠡᠭᠦᠯᠪᠡ᠃ ᠠᠯᠠᠱᠠ ᠶᠢᠨ ᠴᠠᠭᠠᠨ | ᠨᠣᠣᠯᠤᠷᠲᠤ ᠢᠮᠠᠭ᠎ᠠ᠂ ᠬᠤᠣᠰ ᠪᠦᠬᠦᠲᠦ ᠲᠡᠮᠡᠭᠡ ᠶᠢ ᠪᠦᠲᠦᠮᠵᠢᠲᠡᠢ ᠬᠠᠮᠠᠭᠠᠯᠠᠭᠰᠠᠨ ᠪᠠ ᠬᠦᠭᠵᠢᠭᠦᠯᠵᠦ᠂᠂ ᠮᠠᠯ ᠤᠨ | ᠲᠤᠭ᠎ᠠ ᠲᠤᠯᠤᠭᠠᠢ ᠶᠢ 10 ᠲᠦᠮᠡ ᠳᠤ ᠲᠣᠭᠲᠠᠪᠤᠷᠢᠵᠢᠭᠤᠯᠪᠠ᠃ ᠮᠠᠯ ᠤᠨ ᠮᠢᠬ᠎ᠠ᠂ ᠲᠡᠮᠡᠭᠡᠨ ᠰᠦ᠂ ᠨᠣᠬᠠᠢ ᠶᠢᠨ | ᠬᠠᠷᠮᠠᠭ᠂ ᠵᠢᠭᠳᠡ᠂ ᠴᠠᠭᠠᠨ ᠭᠤᠶᠣᠣ᠂ ᠤᠯᠠᠭᠠᠨ ᠭᠤᠶᠣᠣ ᠵᠡᠷᠭᠡ ᠲᠡᠵᠢᠭᠡᠨ ᠦᠷᠡᠵᠢᠭᠦᠯᠬᠦ ᠦᠢᠯᠡᠰ ᠪᠤᠯᠤᠨ ᠣᠢ | ᠰᠢᠭᠤᠢ ᠡᠯᠡᠰᠦᠨ ᠤ ᠦᠢᠯᠡᠰ ᠤᠨ ᠬᠡᠪᠴᠢᠶ᠎ᠡ ᠶᠢ ᠲᠠᠰᠤᠷᠠᠯᠲᠠ ᠦᠭᠡᠢ ᠪᠤᠵᠠᠭᠠᠶᠢᠷᠠᠭᠤᠯᠵᠤ᠂ ᠨᠡᠷᠡᠲᠦ ᠣᠨᠴᠠᠯᠢᠭᠲᠤ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠭᠦᠨ ᠢ 4᠂ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ | ᠲᠡᠮᠳᠡᠭ 1᠂ ᠪᠣᠬᠢᠷᠳᠤᠯ ᠦᠭᠡᠢ ᠢᠳᠡᠭᠡᠨ ᠤ ᠠᠵᠤ ᠠᠬᠤᠶᠢᠯᠠᠯ 2 ᠢ ᠪᠣᠶᠢᠵᠢᠭᠤᠯᠵᠤ᠂ ᠰᠢᠨ᠎ᠡ ᠬᠡᠯᠪᠡᠷᠢ ᠶᠢᠨ | ᠲᠠᠷᠢᠶᠠᠯᠠᠩ ᠮᠠᠯ ᠠᠵᠤ ᠠᠬᠤᠢ ᠶᠢ ᠡᠵᠡᠩᠨᠡᠭᠰᠡᠨ ᠭᠤᠣᠯ ᠴᠣᠭᠴᠠ ᠲᠠᠰᠤᠷᠠᠯᠲᠠ ᠦᠭᠡᠢ ᠣᠯᠠᠰᠢᠷᠠᠵᠤ᠂ ᠠᠵᠤ | ᠤᠶᠢᠯᠡᠰ ᠤᠨ ᠴᠢᠨᠠᠷ ᠰᠠᠶᠢᠲᠠᠢ ᠬᠦᠭᠵᠢᠯᠲᠡ ᠶᠢᠨ ᠰᠠᠭᠤᠷᠢ ᠶᠢ ᠤᠯᠠᠮ ᠨᠢᠭᠡ ᠠᠯᠬᠤᠮ ᠪᠠᠲᠤᠳᠬᠠᠪᠠ᠃ | ᠠᠵᠤ ᠦᠢᠯᠡᠳᠪᠦᠷᠢ ᠶᠢᠨ ᠠᠵᠤ ᠠᠬᠤᠢ ᠳᠠᠬᠢᠨ ᠰᠡᠷᠭᠦᠪᠡ᠃ ᠠᠵᠤ ᠠᠬᠤᠶᠢᠯᠠᠯ ᠤᠨ ᠠᠵᠢᠯ | ᠦᠢᠯᠡᠳᠪᠦᠷᠢᠯᠡᠯ ᠤᠨ ᠳᠠᠬᠢᠨ ᠰᠡᠷᠭᠦᠯᠲᠡ ᠶᠢ ᠢᠳᠡᠪᠬᠢᠲᠡᠢ ᠳᠡᠮᠵᠢᠵᠦ᠂ ᠪᠠᠷᠢᠮᠵᠢᠶᠠᠨ ᠳᠤ ᠬᠦᠷᠦᠭᠰᠡᠨ ᠠᠵᠤ | ᠦᠢᠯᠡᠳᠪᠦᠷᠢ ᠠᠵᠤ ᠠᠬᠤᠶᠢᠯᠠᠯ ᠨᠢ ᠠᠵᠤ ᠦᠢᠯᠡᠳᠪᠦᠷᠢ ᠶᠢᠨ ᠶᠡᠷᠦᠩᠬᠡᠢ ᠦᠷᠲᠡᠭ ᠢ ᠵᠢᠱᠢᠭᠰᠡᠨ ᠢᠶᠠᠷ 10.3 | ᠳ᠋ᠦᠩᠰᠢᠭᠤᠷ ᠲᠦᠭᠦᠷᠢᠭ ᠪᠡᠶᠡᠯᠡᠭᠦᠯᠪᠡ᠃ ᠤᠯᠤᠰ ᠤᠨ ᠬᠤᠶᠢᠲᠤ ᠠᠭᠤᠯᠠᠨ ᠤ ᠠᠭᠤᠷᠬᠠᠢ ᠶᠢᠨ ᠪᠦᠰᠡ ᠶᠢᠨ | ᠡᠵᠡᠨ᠎ᠡ ᠳᠠᠬᠢ ᠬᠡᠰᠡᠭ ᠤᠨ ᠡᠬᠢ ᠪᠠᠶᠠᠯᠢᠭ ᠤᠨ ᠬᠠᠶᠢᠨ ᠨᠡᠭᠡᠭᠡᠯᠲᠡ ᠶᠢ ᠲᠦᠷᠭᠡᠳᠬᠡᠨ᠂ ᠬᠤᠢ ᠯᠢᠶᠠᠨ ᠠᠭᠤᠷᠬᠠᠢ ᠶᠢᠨ | ᠦᠢᠯᠡᠰ ᠤᠨ ᠴᠠᠬᠢᠭᠤᠷ ᠴᠢᠯᠠᠭᠤ ᠶᠢ ᠡᠳ᠋ᠰᠢᠭᠦᠯᠬᠦ ᠪᠠ ᠴᠢᠩ ᠬᠤᠸᠠ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠢ | ᠶᠡᠷᠦᠩᠬᠡᠶᠢᠯᠡᠨ ᠬᠤᠷᠢᠶᠠᠵᠤ ᠠᠰᠢᠭᠯᠠᠬᠤ ᠲᠦᠷᠦᠯ ᠵᠦᠢᠯ ᠢ ᠠᠰᠢᠭᠯᠠᠯᠲᠠ ᠳᠤ ᠣᠷᠤᠭᠤᠯᠵᠦ᠂ ᠰᠢᠷ᠎ᠠ ᠬᠠᠳᠠ | ᠨᠡᠭᠦᠷᠡᠰᠦᠨ ᠠᠭᠤᠷᠬᠠᠢ ᠶᠢᠨ ᠦᠢᠯᠡᠳᠪᠦᠷᠢᠯᠡᠯ ᠢ ᠪᠦᠬᠦ ᠲᠠᠯ᠎ᠠ ᠪᠠᠷ ᠰᠡᠷᠭᠦᠭᠡᠵᠦ᠂ ᠬᠤᠩ ᠯᠢᠤ ᠳ᠋ᠠ ᠴᠢᠥᠸᠠᠨ | ᠨᠡᠭᠦᠷᠡᠰᠦᠨ ᠠᠭᠤᠷᠬᠠᠢ ᠶᠢᠨ ᠬᠠᠶᠢᠨ ᠰᠦᠪᠡᠭᠴᠢᠯᠡᠬᠦ ᠡᠷᠬᠡ ᠠᠴᠠ ᠠᠭᠤᠷᠬᠠᠢ ᠮᠠᠯᠲᠠᠬᠤ ᠡᠷᠬᠡ ᠶᠢ ᠣᠯᠬᠤ ᠪᠣᠯᠲᠠᠯ᠎ᠠ | ᠲᠠᠰᠤᠷᠠᠯᠲᠠ ᠦᠭᠡᠢ ᠠᠬᠢᠭᠤᠯᠪᠠ᠃ 1.2 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠤᠯᠤᠰ ᠤᠨ | ᠠᠩᠬᠠᠳᠠᠭᠴᠢ ᠲᠤᠰᠠᠭᠠᠷ ᠠᠵᠢᠯᠯᠠᠬᠤ ︽ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠨᠦᠭᠡᠴᠡ︾ | ᠶᠢ ᠪᠦᠷᠢᠯᠳᠦᠭᠦᠯᠦᠭᠰᠡᠨ ᠰᠢᠨ᠎ᠡ ᠡᠨᠧᠷᠭᠢ ᠶᠢᠨ ᠪᠢᠴᠢᠯ ᠴᠠᠬᠢᠯᠭᠠᠨ ᠲᠣᠣᠷ ᠤᠨ ᠵᠢᠱᠢᠶ᠎ᠡ ᠦᠵᠡᠭᠦᠯᠬᠦ ᠲᠥᠷᠥᠯ | ᠵᠦᠢᠯ ᠢ ᠠᠰᠢᠭᠯᠠᠯᠲᠠ ᠳᠤ ᠣᠷᠤᠭᠤᠯᠤᠨ᠂ ᠴᠠᠬᠢᠯᠭᠠᠨ ᠬᠠᠩᠭᠠᠬᠤ ᠨᠠᠶᠢᠳᠠᠪᠤᠷᠢᠲᠤ ᠴᠢᠨᠠᠷ ᠢ ᠶᠡᠬᠡᠪᠡᠷ ᠳᠡᠭᠡᠭᠰᠢᠯᠡᠭᠦᠯᠪᠡ | ᠃ ︽ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ︾ ᠲᠦᠷᠭᠡᠨ ᠬᠦᠭᠵᠢᠵᠦ᠂ 1200 ᠲᠦᠮᠡᠨ ᠲᠦᠭᠦᠷᠢᠭ ᠤᠨ | ᠪᠡᠯᠡ ᠣᠷᠣᠭᠤᠯᠤᠨ᠂ ᠠᠵᠤ ᠠᠬᠤᠢ ᠶᠢᠨ ᠬᠦᠷᠢᠶᠡᠯᠡᠩ ᠤᠨ ᠵᠠᠮ᠂ ᠴᠠᠬᠢᠯᠭᠠᠨ᠂ ᠬᠤᠭᠤᠯᠠᠢ ᠭᠤᠤᠷᠰᠤ ᠵᠡᠷᠭᠡ | ᠰᠠᠭᠤᠷᠢ ᠲᠥᠭᠦᠭᠡᠷᠦᠮᠵᠢ ᠶᠢ ᠲᠡᠭᠦᠯᠳᠡᠷᠵᠢᠭᠦᠯᠵᠦ᠂ ᠠᠵᠤ ᠠᠬᠤᠢ ᠶᠢᠨ ᠬᠦᠷᠢᠶᠡᠯᠡᠩ ᠳᠤ ᠣᠷᠤᠵᠤ ᠰᠠᠭᠤᠭᠰᠠᠨ | ᠪᠦᠲᠦᠭᠡᠨ ᠪᠠᠶᠢᠭᠤᠯᠤᠯᠲᠠ ᠶᠢᠨ ᠠᠵᠤ ᠠᠬᠤᠶᠢᠯᠠᠯ 3 ᠪᠠᠶᠢᠵᠤ᠂ ᠵᠦᠩ ᠾᠧ ᠺᠣᠮᠫᠠᠨᠢ ᠶᠢᠨ ᠡᠮ ᠡᠮᠨᠡᠯᠭᠡ ᠶᠢᠨ | ᠵᠠᠪᠰᠠᠷ ᠤᠨ ᠴᠤᠭᠴᠠ ᠶᠢᠨ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠢ ᠠᠰᠢᠭᠯᠠᠯᠲᠠ ᠳᠤ ᠣᠷᠣᠭᠤᠯᠤᠨ᠂ ᠠᠵᠤ | ᠠᠬᠤᠢ ᠶᠢᠨ ᠰᠢᠨ᠎ᠡ ᠨᠡᠮᠡᠭᠳᠡᠯ ᠲᠥᠪ ᠡᠶᠢᠨ ᠬᠦ ᠪᠦᠷᠢᠯᠳᠦᠪᠡ᠃ | ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠠᠭᠤᠰᠤᠯᠴᠠᠨ ᠬᠦᠭᠵᠢᠪᠡ᠃ ︽ᠡᠵᠡᠨ᠎ᠡ ᠬᠤᠰᠢᠭᠤᠨ ᠤ | ᠵᠢᠭᠤᠯᠴᠢᠯᠠᠯ ᠢ ᠳᠡᠰ ᠳᠡᠪᠰᠢᠭᠦᠯᠬᠦ ᠲᠦᠯᠦᠪᠵᠢᠭᠦᠯᠭᠡ︾ ᠶᠢ ᠨᠠᠶᠢᠷᠠᠭᠤᠯᠤᠨ ᠳᠠᠭᠤᠰᠬᠠᠵᠤ᠂ ᠵᠢᠭᠤᠯᠴᠢᠯᠠᠯ ᠤᠨ | ᠬᠦᠭᠵᠢᠯᠲᠡ ᠶᠢᠨ ᠪᠡᠯᠡ ᠮᠦᠩᠭᠦ ᠶᠢᠨ ᠲᠦᠷᠦᠯ ᠵᠦᠢᠯ 6 ᠶᠢ ᠭᠤᠶᠤᠴᠢᠯᠠᠨ ᠮᠡᠳᠡᠭᠦᠯᠵᠦ᠂ 1200 ᠲᠦᠮᠡᠨ | ᠲᠦᠭᠦᠷᠢᠭ ᠤᠨ ᠪᠡᠯᠡ ᠮᠦᠩᠭᠦ ᠶᠢ ᠣᠯᠪᠠ᠃ ᠨᠡᠶᠢᠲᠡ ᠶᠢᠨ ᠵᠣᠷᠯᠤᠩ᠂ ᠵᠢᠭᠤᠯᠴᠢᠯᠠᠯ ᠤᠨ ᠦᠷᠲᠡᠭᠡ᠂ ᠭᠡᠷᠲᠦ | ᠲᠡᠷᠭᠡᠨ ᠤ ᠪᠠᠭᠤᠴᠠ ᠵᠡᠷᠭᠡ ᠲᠦᠬᠦᠭᠡᠷᠦᠮᠵᠢ ᠶᠢ ᠤᠯᠠᠮ ᠲᠡᠭᠦᠯᠳᠡᠷᠵᠢᠭᠦᠯᠵᠦ᠂ ᠠᠷᠠᠳ ᠤᠨ ᠰᠠᠭᠤᠴᠠᠲᠤ | ᠪᠠᠭᠤᠳᠠᠯ ᠤᠨ ᠬᠦᠭᠵᠢᠯᠲᠡ ᠡᠳᠦᠷ ᠢᠷᠡᠬᠦᠶ᠎ᠡ ᠰᠢᠰᠲ᠋ᠧᠮᠵᠢᠵᠦ᠂ ᠰᠣᠪᠨᠠᠭᠤᠷ᠂ ᠡᠷᠲᠡᠨ ᠤ ᠵᠢᠦᠢ ᠶᠠᠨ ᠨᠠᠮᠤᠭ ᠨᠢ | ᠲᠤᠰᠪᠦᠷᠢ 4A ᠳᠡᠰ ᠪᠣᠯᠣᠨ 3A ᠳᠡᠰ ᠤᠨ ᠵᠢᠭᠤᠯᠴᠢᠯᠠᠯ ᠤᠨ ᠣᠷᠤᠨ ᠪᠣᠯᠵᠤ᠂ ᠶᠡᠭᠡ ᠮᠠᠩᠬᠠᠨ ᠲᠣᠣᠷᠠᠢ ᠶᠢᠨ | ᠣᠢ ᠶᠢᠨ ᠮᠠᠰᠢᠨ ᠵᠢᠯᠤᠭᠤᠳᠤᠨ ᠵᠢᠭᠤᠯᠴᠢᠯᠠᠬᠤ ᠪᠠᠭᠤᠴᠠ ᠨᠢ ᠦᠪᠦᠷ ᠮᠣᠩᠭᠤᠯ ᠳᠠᠬᠢ ᠵᠠᠪᠠᠯ ᠣᠴᠢᠭᠰᠠᠨ ᠢᠶᠠᠨ | ᠲᠡᠮᠳᠡᠭᠯᠡᠬᠦ ᠬᠠᠯᠠᠮᠰᠢᠯ ᠭᠠᠵᠠᠷ ᠲᠤ ᠵᠢᠭᠰᠠᠭᠠᠭᠳᠠᠪᠠ᠃ ᠲᠣᠣᠷ ᠰᠦᠯᠵᠢᠶ᠎ᠡ ᠪᠠᠷ ᠲᠣᠣᠷᠠᠢ ᠶᠢᠨ ᠣᠢ ᠶᠢᠨ ᠦᠵᠡᠮᠵᠢ ᠶᠢ | ᠰᠢᠭᠤᠳ ᠨᠡᠪᠲᠡᠷᠡᠭᠦᠯᠵᠦ᠂ ᠲᠥᠪ ᠲᠧᠯᠸᠢᠰ᠂ ᠠᠷᠠᠳ ᠤᠨ ᠡᠳᠦᠷ ᠤᠨ ᠰᠣᠨᠢᠨ ᠵᠡᠷᠭᠡ ᠭᠤᠣᠯ ᠵᠠᠭᠤᠴᠢᠯᠠᠭᠤᠷ᠂ | ᠴᠣᠣᠷᠢᠶ᠎ᠠ APP᠂ ᠪᠢᠴᠢᠯ ᠪᠦᠷᠭᠡ ᠵᠡᠷᠭᠡ ᠰᠢᠨ᠎ᠡ ᠵᠠᠭᠤᠴᠢᠯᠠᠭᠤᠷ ᠢᠶᠠᠷ ᠡᠵᠡᠨ᠎ᠡ ᠶᠢᠨ ᠦᠵᠡᠮᠵᠢ ᠶᠢ ᠪᠦᠬᠦ | ᠲᠠᠯ᠎ᠠ ᠪᠠᠷ ᠤᠬᠠᠭᠤᠯᠵᠤ᠂ ᠳᠡᠮᠳᠡᠭᠲᠦ ᠶᠢᠨ IP ᠢ ᠦᠷᠭᠦᠯᠵᠢᠯᠡᠨ ᠳᠡᠭᠡᠭᠰᠢᠯᠡᠬᠦᠯᠪᠡ᠃ ᠡᠯᠧᠺᠲᠷᠣᠨ | ᠬᠤᠳᠠᠯᠳᠤᠭᠠᠨ ᠤ ᠠᠵᠤ ᠦᠢᠯᠡᠰ ᠢ ᠬᠦᠭᠵᠢᠭᠦᠯᠬᠦ ᠪᠡᠯᠡ ᠮᠦᠩᠭᠦ ᠶᠢ 1420 ᠲᠦᠮᠡᠨ ᠲᠦᠭᠦᠷᠢᠭ᠂ ᠳᠣᠲᠤᠭᠠᠲᠣ | ᠭᠠᠳᠠᠭᠠᠳᠤ ᠠᠷᠠᠯᠵᠢᠶ᠎ᠠ ᠶᠢ ᠨᠡᠪᠲᠡᠷᠡᠭᠦᠯᠦᠨ ᠬᠦᠭᠵᠢᠭᠦᠯᠬᠦ ᠪᠡᠯᠨ ᠮᠦᠩᠭᠦ ᠶᠢ 320 ᠲᠦᠮᠡᠨ ᠲᠦᠭᠦᠷᠢᠭ ᠣᠯᠵᠤ᠂ | 10 ᠠᠵᠤ ᠠᠬᠤᠶᠢᠯᠠᠯ ᠢ ᠳᠡᠮᠵᠢᠨ᠂ ᠡᠯᠧᠺᠲᠷᠣᠨ ᠬᠤᠳᠠᠯᠳᠤᠭᠠᠨ ᠤ ᠨᠡᠶᠢᠲᠡ ᠶᠢᠨ ᠦᠢᠯᠡᠴᠢᠯᠡᠭᠡᠨ ᠤ ᠲᠥᠪ᠂ | ᠪᠠᠷᠠᠭ᠎ᠠ ᠭᠦᠢᠯᠭᠡᠭᠡ ᠶᠢ ᠢᠯᠭᠠᠨ ᠬᠤᠪᠢᠶᠠᠷᠢᠯᠠᠬᠤ ᠲᠥᠪ ᠤᠨ ᠪᠦᠲᠦᠭᠡᠨ ᠪᠠᠶᠢᠭᠤᠯᠤᠯᠲᠠ ᠶᠢ ᠨᠢ ᠠᠬᠢᠭᠤᠯᠤᠭᠰᠠᠨ | ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠡ ᠰᠢᠨ᠎ᠡ ᠬᠡᠯᠪᠡᠷᠢ ᠶᠢᠨ ᠬᠤᠲᠠᠴᠢᠯᠠᠯᠲᠠ ᠳᠤ ᠬᠦᠴᠦᠯᠡᠵᠦ᠂ ᠬᠤᠲᠠ | ᠪᠠᠯᠭᠠᠰᠤ ᠶᠢ ᠰᠢᠨᠡᠳᠭᠡᠨ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠵᠤ᠂ ᠬᠤᠲᠠ ᠬᠦᠳᠡᠭᠡ ᠶᠢ ᠴᠢᠨᠠᠷ | ᠰᠠᠶᠢᠲᠠᠢ ᠦᠷᠭᠡᠳᠬᠡᠨ ᠬᠦᠭᠵᠢᠭᠦᠯᠪᠡ᠃ | ᠬᠤᠲᠠ ᠬᠦᠳᠡᠭᠡ ᠶᠢ ᠵᠣᠬᠢᠴᠠᠩᠭᠤᠢ ᠪᠦᠲᠦᠭᠡᠨ ᠪᠠᠶᠢᠭᠤᠯᠪᠠ᠃ ︽ᠡᠵᠡᠨ᠎ᠡ ᠬᠤᠰᠢᠭᠤᠨ ᠤ ᠤᠯᠤᠰ ᠤᠨ ᠭᠠᠵᠠᠷ | ᠰᠢᠷᠦᠢ ᠶᠢᠨ ᠣᠷᠣᠨ ᠵᠠᠢ ᠶᠢᠨ ᠶᠡᠷᠦᠩᠬᠡᠢ ᠲᠦᠯᠦᠪᠵᠢᠭᠦᠯᠬᠡ︾ ᠶᠢ ᠴᠢᠨᠠᠷᠯᠢᠭ ᠨᠠᠶᠢᠷᠠᠭᠤᠯᠵᠤ᠂ ︽ᠭᠤᠷᠪᠠᠨ ᠣᠷᠤᠨ | ᠵᠠᠢ ᠭᠤᠷᠪᠠᠨ ᠬᠢᠵᠠᠭᠠᠷ ᠱᠤᠭᠤᠮ︾ ᠢ ᠰᠢᠨᠵᠢᠯᠡᠬᠦ ᠤᠬᠠᠭᠠᠨᠴᠢ ᠪᠠᠷ ᠲᠦᠯᠦᠪᠯᠡᠵᠦ᠂ ᠠᠮᠢ ᠠᠬᠤᠢ᠂ ᠲᠠᠷᠢᠶᠠᠯᠠᠩ᠂ | ᠬᠤᠲᠠᠴᠢᠯᠠᠯᠲᠠ ᠵᠡᠷᠭᠡ ᠴᠢᠳᠠᠮᠵᠢᠲᠤ ᠣᠷᠤᠨ ᠵᠠᠢ ᠶᠢᠨ ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠯᠡᠪᠡ᠃ 1.5 | ᠳ᠋ᠦᠩᠰᠢᠭᠤᠷ ᠲᠦᠭᠦᠷᠢᠭ ᠤᠨ ᠪᠡᠯᠡ ᠣᠷᠣᠭᠤᠯᠤᠨ᠂ ᠰᠠᠭᠤᠭᠠᠯᠢ ᠠᠷᠠᠳ ᠤᠨ ᠲᠣᠭᠤᠷᠢᠭ ᠢ ᠪᠢᠲᠡᠭᠦᠮᠵᠢᠯᠡᠬᠦ᠂ ᠬᠢᠨᠠᠨ | ᠡᠵᠡᠮᠳᠡᠭᠦᠷ ᠢ ᠦᠭᠡᠷᠡᠴᠢᠯᠡᠬᠦ᠂ ᠴᠠᠬᠢᠯᠭᠠᠨ ᠱᠠᠲᠤ ᠨᠡᠮᠡᠵᠦ ᠤᠭᠰᠠᠷᠠᠬᠤ ᠵᠡᠷᠬᠡ ᠢᠵᠢ ᠪᠦᠷᠢᠳᠦᠭᠰᠡᠨ ᠢᠨᠵᠧᠨᠧᠷᠢᠩ ᠢ | ᠬᠡᠷᠡᠭᠵᠢᠭᠦᠯᠵᠦ᠂ 174 ᠡᠷᠦᠭᠡ ᠶᠢᠨ 15 ᠲᠦᠮᠡᠨ ᠲᠡᠭᠰᠢ ᠳᠦᠷᠪᠡᠯᠵᠢᠨ ᠮᠧᠲᠷ ᠳᠦᠭᠦᠮ ᠪᠦᠲᠦᠴᠡᠲᠦ ᠣᠷᠤᠨ | ᠰᠠᠭᠤᠴᠠ ᠶᠢ ᠦᠭᠡᠷᠡᠴᠢᠯᠡᠨ ᠵᠠᠰᠠᠵᠤ᠂ 2.8 ᠲᠦᠮᠡᠨ ᠲᠡᠭᠰᠢ ᠳᠦᠷᠪᠡᠯᠵᠢᠨ ᠮᠧᠲᠷ ᠤᠨ ᠲᠠᠸᠠᠷ ᠤᠨ ᠪᠠᠶᠢᠰᠢᠩ | ᠰᠢᠨ᠎ᠡ ᠪᠠᠷ ᠪᠠᠷᠢᠵᠤ᠂ 601 ᠦᠢᠯᠡᠴᠢᠯᠡᠭᠡᠨ ᠤ ᠲᠣᠭᠤᠷᠢᠭ ᠢ ᠡᠬᠢᠯᠡᠨ ᠪᠠᠶᠢᠭᠤᠯᠵᠤ᠂ ᠳᠤᠯᠠᠭᠠᠯᠠᠭ᠎ᠠ ᠶᠢᠨ | ᠵᠤᠤᠬ᠎ᠠ ᠶᠢᠨ ᠪᠠᠭᠲᠠᠭᠠᠮᠵᠢ ᠶᠢ ᠶᠡᠬᠡᠰᠭᠡᠨ ᠪᠠᠶᠢᠭᠤᠯᠵᠤ᠂ 45.9 ᠲᠦᠮᠡᠨ ᠰᠠᠭᠤᠷᠢ ᠲᠤᠷᠤᠭ ᠪᠤᠲᠠ ᠮᠣᠳᠤ ᠪᠠ 3 | ᠲᠦᠮᠡᠨ ᠲᠡᠭᠰᠢ ᠳᠦᠷᠪᠡᠯᠵᠢᠨ ᠮᠧᠲᠷ ᠤᠷᠭᠤᠮᠠᠯ ᠤᠨ ᠬᠤᠴᠢᠯᠭ᠎ᠠ ᠲᠠᠷᠢᠵᠤ᠂ ᠬᠤᠲᠠ ᠪᠠᠯᠭᠠᠰᠤᠨ ᠤ | ᠦᠢᠯᠡᠴᠢᠯᠠᠭᠡᠨ ᠤ ᠴᠢᠳᠠᠮᠵᠢ ᠪᠤᠯᠤᠨ ᠠᠮᠢ ᠠᠬᠤᠢ ᠶᠢᠨ ᠴᠢᠳᠠᠮᠵᠢ ᠶᠢ ᠡᠳᠦᠷ ᠢᠷᠡᠬᠦᠶ᠎ᠡ ᠲᠡᠬᠦᠯᠳᠡᠷᠵᠢᠭᠦᠯᠦᠭᠰᠡᠨ | ᠪᠠᠶᠢᠨ᠎ᠠ᠃ ︽ᠵᠡᠭᠡᠯᠢ ᠶᠢᠨ ᠳᠠᠷᠤᠭ᠎ᠠ ᠶᠢᠨ ᠳᠦᠷᠢᠮ︾ ᠢᠶᠠᠷ ᠠᠳᠬᠤᠴᠠ ᠪᠣᠯᠭᠠᠵᠤ᠂ ᠬᠤᠲᠠ ᠪᠠᠯᠭᠠᠰᠤᠨ ᠤ | ᠨᠠᠷᠢᠯᠢᠭᠵᠢᠭᠰᠠᠨ ᠬᠠᠮᠢᠶᠠᠷᠤᠯᠲᠠ ᠶᠢ ᠠᠬᠢᠭᠤᠯᠤᠨ᠂ ᠪᠦᠬᠦ ᠤᠯᠤᠰ ᠤᠨ ᠪᠣᠯᠪᠠᠰᠤᠨ ᠬᠤᠲᠠ ᠶᠢᠨ ᠪᠦᠲᠦᠭᠡᠨ | ᠪᠠᠶᠢᠭᠤᠯᠤᠯᠲᠠ ᠶᠢᠨ ᠰᠠᠭᠤᠷᠢ ᠶᠢ ᠦᠷᠭᠦᠯᠵᠢᠯᠡᠨ ᠪᠠᠬᠢᠵᠢᠭᠦᠯᠵᠦ᠂ ᠬᠤᠲᠠ ᠶᠢᠨ ᠳᠦᠷᠢ ᠳᠦᠷᠬᠦ ᠢᠯᠡᠷᠬᠡᠢ | ᠰᠠᠶᠢᠵᠢᠷᠠᠪᠠ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠪᠠᠬᠢᠵᠢᠭᠦᠯᠦᠨ | ᠥᠷᠭᠡᠳᠬᠡᠬᠦ ᠠᠵᠢᠯ ᠢ ᠬᠦᠳᠡᠭᠡ ᠲᠤᠰᠬᠤᠨ ᠢ ᠬᠦᠭᠵᠢᠭᠦᠯᠦᠨ ᠮᠠᠨᠳᠤᠭᠤᠯᠬᠤ ᠠᠵᠢᠯ ᠯᠤᠭ᠎ᠠ ᠪᠦᠲᠦᠮᠵᠢᠲᠡᠢ | ᠵᠣᠯᠭᠠᠯᠴᠠᠭᠤᠯᠬᠤ ᠶᠢ ᠲᠦᠯᠬᠢᠨ ᠠᠬᠢᠭᠤᠯᠵᠤ᠂ 2927 ᠲᠦᠮᠡᠨ ᠲᠦᠭᠦᠷᠢᠭ ᠤᠨ ᠪᠡᠯᠡ ᠮᠦᠩᠭᠦ ᠶᠢ ᠣᠯᠵᠤ᠂ ᠠᠵᠤ | ᠦᠢᠯᠡᠰ ᠤᠨ ᠬᠦᠭᠵᠢᠯᠲᠡ᠂ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ 29 ᠢ | ᠭᠡᠷᠡᠭᠵᠢᠭᠦᠯᠵᠦ᠂ ᠣᠷᠤᠰᠢᠨ ᠰᠠᠭᠤᠷᠢᠰᠢᠬᠤ ᠣᠷᠴᠢᠨ ᠲᠣᠭᠤᠷᠢᠨ ᠤ ᠵᠠᠰᠠᠨ ᠴᠡᠭᠴᠡᠯᠡᠯᠲᠡ ᠶᠢ ᠳᠡᠭᠡᠭᠰᠢᠯᠡᠭᠦᠯᠬᠦ | ᠲᠠᠪᠤᠨ ᠵᠢᠯ ᠤᠨ ᠠᠵᠢᠯᠯᠠᠭ᠎ᠠ ᠶᠢ ᠵᠠᠯᠭᠠᠨ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠲᠦᠪᠰᠢᠨ ᠢ | ᠲᠡᠬᠡᠭᠰᠢᠯᠡᠬᠦᠯᠵᠤ ᠴᠢᠳᠠᠯ᠎ᠠ᠃ | ᠰᠠᠭᠤᠷᠢ ᠲᠦᠭᠦᠭᠡᠷᠦᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠪᠡ᠃ G331 ᠱᠤᠭᠤᠮ ᠤᠨ ᠨᠣᠭᠤᠭᠠᠨ | ᠳᠡᠯᠭᠡᠷ ᠠᠴᠠ ᠵᠠᠮ ᠤᠨ ᠬᠤᠳᠳᠤᠭ ᠬᠦᠷᠬᠦ ᠵᠠᠰᠠᠮᠠᠯ ᠵᠠᠮ᠂ G213 ᠱᠤᠭᠤᠮ ᠤᠨ ᠳᠠᠯᠠᠶᠢᠬᠦ᠋ᠪ ᠠᠴᠠ ᠳ᠋ᠦᠩ ᠹᠧᠩ | ᠰᠠᠨᠰᠠᠷ ᠤᠨ ᠬᠤᠲᠠ ᠬᠦᠷᠬᠦ ᠵᠠᠰᠠᠮᠠᠯ ᠵᠠᠮ ᠲᠡᠷᠭᠡ ᠨᠡᠪᠲᠡᠷᠡᠵᠦ᠂ G213 ᠱᠤᠭᠤᠮ ᠤᠨ ᠳ᠋ᠦᠩ ᠹᠧᠩ ᠰᠠᠨᠰᠠᠷ ᠤᠨ | ᠬᠤᠲᠠ ᠠᠴᠠ ᠠᠷᠪᠠᠨ ᠳᠦᠷᠪᠡᠳᠦᠭᠡᠷ ᠴᠡᠷᠢᠭ ᠤᠨ ᠰᠠᠭᠤᠷᠢᠨ ᠬᠦᠷᠬᠦ ᠵᠠᠰᠠᠮᠠᠯ ᠵᠠᠮ ᠤᠨ ᠬᠡᠰᠡᠭ᠂ S228 | ᠱᠤᠭᠤᠮ ᠤᠨ ᠠᠷᠪᠠᠨ ᠳᠦᠷᠪᠡᠳᠦᠭᠡᠷ ᠴᠡᠷᠢᠭ ᠤᠨ ᠰᠠᠭᠤᠷᠢᠨ ᠠᠴᠠ ᠬᠤᠯᠤᠰᠤᠲᠤ ᠪᠤᠯᠠᠭ ᠬᠦᠷᠬᠦ ᠵᠠᠰᠠᠮᠠᠯ ᠵᠠᠮ ᠢ | ᠡᠬᠢᠯᠡᠨ ᠵᠠᠰᠠᠵᠤ᠂ G331 ᠱᠤᠭᠤᠮ ᠤᠨ ᠵᠠᠮ ᠤᠨ ᠬᠤᠳᠳᠤᠭ ᠠᠴᠠ ᠦᠪᠦᠷ ᠮᠣᠩᠭᠤᠯ ᠭᠠᠨᠰᠤ ᠶᠢᠨ ᠵᠠᠭᠠᠭ | ᠬᠦᠷᠬᠦ ᠵᠠᠰᠠᠮᠠᠯ ᠵᠠᠮ ᠤᠨ ᠡᠬᠢᠨ ᠤ ᠬᠤᠭᠤᠴᠠᠭᠠᠨ ᠤ ᠠᠵᠢᠯ ᠢ ᠪᠡᠶᠡᠯᠡᠭᠦᠯᠪᠡ᠃ ︽ᠲᠥᠷᠪᠡ ᠰᠠᠶᠢᠨ ᠬᠦᠳᠡᠭᠡ | ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠠᠬᠢᠭᠤᠯᠵᠤ᠂ 5096 ᠲᠦᠮᠡᠨ | ᠲᠦᠭᠦᠷᠢᠭ ᠤᠨ ᠪᠡᠯᠡ ᠣᠷᠣᠭᠤᠯᠤᠨ᠂ ᠬᠦᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ᠂ ᠠᠮᠤᠷ | ᠲᠦᠪᠰᠢᠨ ᠢ ᠪᠠᠲᠤᠯᠠᠬᠤ᠂ ᠬᠤᠣᠰ ᠴᠢᠭᠯᠡᠯᠲᠦ ᠵᠠᠮ ᠢ ᠦᠭᠡᠷᠡᠴᠢᠯᠡᠨ ᠵᠠᠰᠠᠬᠤ ᠵᠡᠷᠭᠡ ᠢᠨᠵᠧᠨᠧᠷᠢᠩ ᠢ | ᠪᠠᠶᠠᠯᠡᠬᠦᠯᠦᠭᠰᠡᠨ ᠪᠠᠶᠢᠨ᠎ᠠ᠃ ᠡᠵᠡᠨ᠎ᠡ ᠠᠴᠠ ᠵᠢᠤᠴᠢᠤᠸᠠᠨ ᠬᠦᠷᠬᠦ ᠲᠡᠮᠦᠷ ᠵᠠᠮ ᠤᠨ ᠳ᠋ᠦᠩ ᠹᠧᠩ ᠰᠠᠨᠰᠠᠷ ᠤᠨ | ᠬᠤᠲᠠ ᠶᠢᠨ ᠡᠮᠦᠨ᠎ᠡ ᠦᠷᠲᠡᠭᠡ ᠠᠴᠠ ᠡᠵᠡᠨ᠎ᠡ ᠬᠦᠷᠲᠡᠯᠡᠬᠢ ᠬᠡᠰᠡᠭ ᠤᠨ ᠰᠤᠳᠤᠯᠭᠠᠨ ᠤ ᠮᠡᠳᠡᠭᠦᠯᠦᠯᠲᠡ ᠶᠢ | ᠨᠠᠶᠢᠷᠠᠭᠤᠯᠵᠤ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ ᠤᠨ ᠴᠢᠳᠠᠮᠵᠢ ᠦᠷᠭᠡᠳᠬᠡᠨ ᠦᠭᠡᠷᠡᠴᠢᠯᠡᠬᠦ | ᠢᠨᠵᠧᠨᠧᠷᠢᠩ ᠲᠠᠬᠢ ᠵᠦᠷᠢᠵᠦ ᠡᠭᠡᠯᠵᠢᠬᠦ ᠦᠷᠲᠡᠭᠡᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠪᠠ᠃ | 2250 ᠲᠦᠮᠡᠨ ᠲᠦᠭᠦᠷᠢᠭ ᠤᠨ ᠪᠡᠯᠡ ᠣᠷᠣᠭᠤᠯᠤᠨ᠂ ᠴᠠᠬᠢᠯᠭᠠᠨ ᠲᠦᠭᠡᠭᠡᠬᠦ ᠲᠣᠣᠷ ᠤᠨ ᠢᠨᠵᠧᠨᠧᠷᠢᠩ 8 ᠶᠢ | ᠬᠡᠷᠡᠭᠵᠢᠭᠦᠯᠵᠦ᠂ ᠪᠦᠢᠳᠡ ᠪᠦᠭᠯᠡᠬᠦᠦ ᠭᠠᠵᠠᠷ ᠣᠷᠣᠨ ᠤ 42 ᠡᠷᠦᠭᠡ ᠮᠠᠯᠴᠢᠨ ᠲᠠᠷᠢᠶᠠᠴᠢᠨ ᠳᠤ ᠴᠠᠬᠢᠯᠭᠠᠨ | ᠨᠡᠪᠲᠡᠷᠡᠭᠦᠯᠵᠦ᠂ ᠴᠠᠬᠢᠯᠭᠠᠨ ᠬᠠᠩᠭᠠᠬᠤ ᠦᠢᠯᠡᠴᠢᠯᠡᠭᠡᠨ ᠤ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃ | 93 ᠰᠠᠤᠷᠢ ᠬᠤᠯᠪᠤᠭᠠᠨ ᠤ ᠰᠠᠭᠤᠷᠢ ᠦᠷᠲᠡᠭᠡ ᠶᠢ ᠰᠢᠨ᠎ᠡ ᠪᠠᠷ ᠪᠠᠶᠢᠭᠤᠯᠵᠤ ᠳᠡᠰ ᠳᠡᠪᠰᠢᠭᠦᠯᠦᠨ᠂ 328.7 | ᠺᠢᠯᠣᠮᠧᠲᠷ ᠭᠡᠷᠡᠯ ᠲᠠᠲᠠᠯᠭ᠎ᠠ ᠶᠢᠨ ᠤᠲᠠᠰᠤ ᠵᠠᠯᠭᠠᠵᠤ᠂ ᠰᠦᠯᠵᠢᠶᠠᠨ ᠳᠣᠬᠢᠶᠠᠨ ᠤ ᠶᠠᠰᠤ ᠴᠢᠨᠠᠷ ᠢ ᠲᠠᠰᠤᠷᠠᠯᠲᠠ | ᠦᠭᠡᠢ ᠰᠢᠯᠢᠳᠡᠭᠵᠢᠬᠦᠯᠵᠤ ᠴᠢᠳᠠᠵᠠᠢ᠃ | ᠨᠢᠭᠡ ᠵᠢᠯ ᠤᠨ ᠲᠤᠷᠰᠢ᠂ ᠪᠢᠳᠠ ᠪᠡᠯᠡ ᠣᠷᠤᠭᠤᠯᠤᠨ ᠠᠵᠤ ᠦᠢᠯᠡᠰ ᠢ ᠬᠦᠭᠵᠢᠭᠦᠯᠬᠦ ᠳᠤ ᠬᠦᠴᠦᠯᠡᠵᠦ᠂ | ᠦᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠵᠦᠪ ᠢᠶᠠᠷ ᠰᠢᠨ᠎ᠡ ᠶᠢ ᠡᠭᠦᠳᠴᠦ᠂ ᠬᠦᠭᠵᠢᠯᠲᠡ ᠶᠢᠨ ᠠᠮᠢᠵᠢᠷᠠᠯ ᠢ | ᠪᠠᠳᠠᠷᠠᠭᠤᠯᠵᠤ ᠴᠢᠳᠠᠪᠠ᠃ | ᠬᠤᠳᠠᠯᠳᠤᠭ᠎ᠠ ᠡᠷᠬᠢᠯᠡᠬᠦ ᠣᠷᠴᠢᠨ ᠨᠦᠭᠦᠴᠡᠯ ᠢ ᠪᠦᠬᠦ ᠲᠠᠯ᠎ᠠ ᠪᠠᠷ ᠰᠢᠯᠢᠳᠡᠭᠵᠢᠭᠦᠯᠦᠨ ᠳᠡᠭᠡᠭᠰᠢᠯᠡᠭᠦᠯᠪᠡ᠃ ︽ | ᠲᠠᠯᠪᠢᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠭᠡᠬᠦ︾᠂ ︽ᠨᠢᠭᠡ ᠦᠨᠡᠮᠯᠡᠯ ᠢᠶᠠᠷ | ᠨᠡᠶᠢᠳᠡᠮ ᠭᠦᠢᠴᠡᠳᠭᠡᠬᠦ︾᠂ ︽ᠨᠢᠭᠡ ᠴᠣᠩᠬᠤᠪᠴᠢ ᠪᠠᠷ ᠬᠦᠯᠢᠶᠡᠨ ᠠᠪᠴᠤ ᠭᠦᠢᠴᠡᠳᠭᠡᠬᠦ︾᠂ ︽ᠭᠤᠣᠯ | ᠰᠡᠳᠦᠪᠲᠦ ᠬᠡᠯᠪᠡᠷᠢ᠂ ᠪᠣᠭᠤᠳᠠᠯᠯᠠᠭᠰᠠᠨ ᠬᠡᠯᠪᠡᠷᠢ︾ ᠶᠢᠨ ᠠᠷᠠᠳ ᠲᠤ ᠳᠦᠭᠦᠮ ᠦᠵᠡᠭᠦᠯᠬᠦ ᠦᠢᠯᠡᠴᠢᠯᠡᠭᠡ ᠶᠢ ᠪᠦᠬᠦ | ᠬᠦᠴᠦᠨ ᠢᠶᠠᠷ ᠠᠬᠢᠭᠤᠯᠵᠤ᠂ ᠬᠢᠨᠠᠨ ᠵᠦᠪᠰᠢᠶᠡᠷᠡᠬᠦ ᠦᠢᠯᠡᠴᠢᠯᠡᠭᠡ ᠶᠢᠨ ᠠᠵᠢᠯ ᠲᠦᠷᠦᠯ ᠢ ᠭᠦᠢᠴᠡᠳᠬᠡᠬᠦ | ᠬᠤᠭᠤᠴᠠᠭ᠎ᠠ ᠶᠢ 82.9% ᠪᠣᠯᠲᠠᠯ᠎ᠠ ᠪᠠᠭᠠᠰᠬᠠᠵᠤ᠂ ᠦᠨᠡᠮᠯᠡᠯ ᠢ ᠴᠦᠭᠡᠳᠬᠡᠵᠦ ᠠᠷᠠᠳ ᠲᠤ ᠳᠦᠭᠦᠮ ᠦᠵᠡᠭᠦᠯᠬᠦ᠂ | ᠭᠤᠶᠤᠴᠢᠯᠠᠬᠤ ᠦᠭᠡᠢ ᠪᠠᠷ ᠠᠰᠢᠭ ᠬᠦᠷᠲᠡᠬᠦ ᠵᠡᠷᠭᠡ ᠠᠷᠠᠳ ᠲᠦᠮᠡᠨ ᠪᠠ ᠠᠵᠤ ᠠᠬᠤᠶᠢᠯᠠᠯ ᠳᠤ ᠠᠰᠢᠭ ᠬᠦᠷᠲᠡᠭᠡᠬᠦ | ᠲᠥᠷᠦ ᠶᠢᠨ ᠪᠣᠳᠤᠯᠭ᠎ᠠ ᠶᠢ ᠦᠨᠳᠦᠷ ᠪᠦᠲᠦᠮᠵᠢ ᠲᠠᠢ ᠨᠠᠶᠢᠳᠠᠪᠤᠷᠢᠵᠢᠭᠤᠯᠪᠠ᠃ ᠵᠠᠰᠠᠭ ᠵᠠᠬᠢᠷᠭᠠᠨ ᠤ ᠬᠠᠤᠯᠢ | ᠬᠡᠷᠡᠭᠵᠢᠭᠦᠯᠦᠯᠲᠡ ᠲᠠᠰᠤᠷᠠᠯᠲᠠ ᠦᠭᠡᠢ ᠳᠦᠷᠢᠮᠵᠢᠵᠦ᠂ ︽ᠬᠤᠶᠠᠷ ᠢ ᠳᠣᠬᠢᠶᠠᠯᠳᠤᠮᠵᠢ ᠪᠠᠷ ᠰᠣᠩᠭᠤᠵᠤ᠂ ᠨᠢᠭᠡ ᠶᠢ | ᠢᠯᠡ ᠨᠡᠶᠢᠲᠡᠯᠡᠬᠦ︾ ︽ᠢᠨᠲ᠋ᠧᠷ ᠰᠦᠯᠵᠢᠶ᠎ᠡ + ᠬᠢᠨᠠᠨ ᠡᠵᠡᠮᠳᠡᠯᠲᠡ︾ ᠶᠢ ᠪᠦᠲᠦᠮᠵᠢᠲᠡᠢ ᠳᠡᠭᠡᠭᠰᠢᠯᠡᠭᠦᠯᠵᠦ᠂ | ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠤᠷᠲᠤ ᠤᠳᠠᠭᠠᠨ ᠲᠤᠭᠲᠠᠯᠴᠠᠭ᠎ᠠ ᠶᠢ | ᠲᠠᠰᠤᠷᠠᠯᠲᠠ ᠦᠭᠡᠢ ᠪᠦᠷᠢᠨᠰᠢᠭᠦᠯᠪᠡ᠃ ᠠᠵᠤ ᠠᠬᠤᠢ᠂ ᠠᠮᠢ ᠠᠬᠤᠢ ᠵᠡᠷᠭᠡ ᠭᠤᠣᠯᠳᠠᠯᠭᠠᠲᠤ ᠴᠠᠷ᠎ᠠ ᠬᠦᠷᠢᠶᠠᠨ ᠳᠤ | 101 ᠲᠦᠷᠦᠯ ᠤᠨ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠡᠮᠬᠢ ᠳᠢᠭᠯᠢᠮ ᠲᠠᠢ ᠬᠡᠷᠡᠭᠵᠢᠭᠦᠯᠵᠦ᠂ ᠴᠢᠨᠠᠷ | ᠰᠠᠶᠢᠲᠠᠢ ᠬᠦᠭᠵᠢᠯᠲᠡ ᠶᠢᠨ ᠪᠠᠶᠢᠭᠤᠯᠤᠮᠵᠢ ᠲᠤᠭᠲᠠᠯᠴᠠᠭ᠎ᠠ ᠶᠢ ᠪᠦᠬᠦ ᠲᠠᠯ᠎ᠠ ᠪᠠᠷ ᠠᠬᠢᠭᠤᠯᠤᠨ ᠪᠦᠷᠢᠯᠳᠦᠭᠦᠯᠪᠡ᠃ | ᠭᠠᠶᠢᠯᠢ ᠬᠠᠰᠤᠵᠤ ᠰᠦᠢᠳᠬᠡᠯ ᠪᠠᠭᠤᠷᠠᠭᠤᠯᠬᠤ ᠲᠥᠷᠦ ᠶᠢᠨ ᠪᠣᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠶᠢᠨ ᠳᠤᠯᠠᠭᠠᠯᠠᠭ᠎ᠠ ᠶᠢᠨ ᠰᠦᠢᠳᠬᠡᠯ ᠢ ᠬᠠᠰᠤᠵᠤ | ᠬᠡᠯᠳᠦᠷᠢᠭᠦᠯᠦᠨ ᠠᠰᠢᠭ ᠬᠦᠷᠲᠡᠭᠡᠬᠦ ᠠᠷᠭ᠎ᠠ ᠶᠢ ᠨᠡᠶᠢᠲᠡᠯᠡᠵᠦ᠂ ᠠᠵᠤ ᠠᠬᠤᠶᠢᠯᠠᠯ ᠤᠨ ᠦᠯᠡᠳᠡᠭᠡᠵᠦ ᠲᠤᠯᠭᠠᠨ | ᠰᠠᠭᠤᠯᠭᠠᠬᠤ ᠭᠠᠶᠢᠯᠢ ᠶᠢ 5644 ᠲᠦᠮᠡᠨ ᠲᠦᠭᠦᠷᠢᠭ ᠪᠤᠴᠠᠭᠠᠵᠤ᠂ ᠠᠵᠢᠯ ᠠᠯᠳᠠᠬᠤ ᠳᠠᠭᠠᠳᠬᠠᠯ ᠤᠨ | ᠰᠦᠢᠳᠭᠡᠯ ᠢ 241.9 ᠲᠦᠮᠡᠨ ᠲᠦᠭᠦᠷᠢᠭ ᠬᠠᠰᠤᠵᠤ ᠬᠡᠯᠲᠦᠷᠢᠭᠦᠯᠦᠨ᠂ ᠠᠵᠢᠯ ᠤᠨ ᠪᠠᠶᠢᠷᠢ ᠶᠢ | ᠲᠤᠭᠲᠠᠪᠤᠷᠢᠵᠢᠭᠤᠯᠤᠨ ᠠᠵᠢᠯ ᠣᠯᠭᠤᠬᠤ ᠨᠦᠬᠦᠪᠦᠷᠢ ᠶᠢ 118.9 ᠲᠦᠮᠡᠨ ᠲᠦᠭᠦᠷᠢᠭ ᠪᠤᠴᠠᠭᠠᠵᠤ᠂ ᠦᠢᠯᠡᠳᠪᠦᠷᠢ | ᠬᠤᠳᠠᠯᠳᠤᠭᠠᠨ ᠤ ᠴᠠᠬᠢᠯᠭᠠᠨ ᠰᠦᠢᠳᠭᠡᠯ ᠢ 34.4 ᠲᠦᠮᠡᠨ ᠲᠦᠭᠦᠷᠢᠭ ᠬᠦᠩᠭᠡᠯᠡᠪᠡ᠃ ᠵᠠᠰᠠᠭ ᠤᠨ ᠣᠷᠳᠤᠨ | ᠮᠦᠩᠭᠦᠨ ᠭᠦᠢᠯᠭᠡᠭᠡ ᠠᠵᠤ ᠠᠬᠤᠶᠢᠯᠠᠯ ᠬᠤᠯᠪᠤᠭᠠᠯᠠᠨ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠲᠤᠭᠳᠠᠭᠰᠠᠨ | ᠬᠤᠭᠤᠴᠠᠭᠠᠨ ᠳᠠᠭᠠᠨ ᠪᠤᠴᠠᠭᠠᠵᠤ ᠳᠡᠶᠢᠯᠬᠦ ᠦᠭᠡᠢ 7100 ᠲᠦᠮᠡᠨ ᠲᠦᠭᠦᠷᠢᠭ ᠤᠨ ᠵᠢᠭᠡᠯᠡᠯᠭᠡ ᠶᠢᠨ ᠠᠰᠠᠭᠤᠳᠠᠯ ᠢ | ᠠᠮᠵᠢᠯᠲᠠ ᠲᠠᠢ ᠰᠢᠢᠳᠪᠦᠷᠢᠯᠡᠵᠦ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠳᠤ ᠤᠳᠠᠭᠠᠰᠢᠷᠠᠭᠤᠯᠤᠨ | ᠦᠷᠢᠲᠦᠭᠰᠡᠨ ᠪᠦᠬᠦ ᠵᠤᠭᠤᠰ ᠮᠦᠩᠭᠦ ᠶᠢ ᠲᠦᠯᠦᠵᠦ᠂ ᠠᠷᠠᠯᠵᠢᠶᠠᠴᠢᠨ ᠢ ᠬᠠᠯᠠᠮᠵᠢᠯᠠᠨ ᠲᠤᠭᠲᠠᠪᠤᠷᠢᠵᠢᠭᠤᠯᠵᠤ | ᠬᠠᠮᠲᠤᠪᠠᠷ ᠬᠦᠭᠵᠢᠬᠦ ᠣᠷᠴᠢᠨ ᠠᠬᠤᠢ ᠶᠢ ᠪᠤᠢ ᠪᠤᠯᠭᠠᠵᠤ ᠴᠢᠳᠠᠭᠰᠠᠨ ᠪᠠᠶᠢᠨ᠎ᠠ᠃ | ᠪᠣᠭᠤᠮᠲᠠ ᠳᠤ ᠦᠢᠯᠡᠴᠢᠯᠡᠬᠦ ᠪᠠᠲᠤᠯᠠᠭᠠᠨ ᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ | ᠪᠤᠭᠤᠮᠲᠠ ᠶᠢᠨ ᠬᠦᠭᠵᠢᠯᠲᠡ ᠳᠤ ᠲᠥᠷᠦ ᠶᠢᠨ ᠪᠣᠳᠤᠯᠭ᠎ᠠ ᠪᠤᠯᠤᠨ ᠪᠡᠯᠡ ᠮᠦᠩᠭᠦᠨ ᠤ ᠳᠡᠮᠵᠢᠯᠭᠡ ᠶᠢ ᠪᠦᠬᠦ | ᠲᠠᠯ᠎ᠠ ᠪᠠᠷ ᠬᠠᠩᠭᠠᠵᠤ᠂ ᠴᠡᠭᠡ ᠪᠠᠯᠭᠠᠰᠤ ᠪᠤᠯᠤᠨ ᠪᠣᠭᠤᠮᠲᠠ ᠶᠢᠨ ᠠᠵᠤ ᠠᠬᠤᠢ ᠶᠢᠨ ᠬᠦᠷᠢᠶᠡᠯᠡᠩ ᠢ ᠨᠢᠭᠡ | ᠴᠤᠭᠴᠠᠵᠢᠭᠤᠯᠬᠤ ᠪᠦᠲᠦᠭᠡᠨ ᠪᠠᠶᠢᠭᠤᠯᠤᠯᠲᠠ ᠶᠢ ᠯᠠᠪᠳᠠᠭᠤᠨ ᠬᠡᠷᠡᠭᠵᠢᠭᠦᠯᠪᠡ᠃ ᠣᠷᠣᠨ ᠪᠦᠰᠡ ᠶᠢᠨ ᠬᠤᠯᠪᠤᠭᠠᠯᠠᠨ | ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠶᠢ ᠴᠢᠩᠭᠠᠳᠬᠠᠨ᠂ ᠪᠣᠭᠤᠮᠲᠠ ᠪᠠᠷ ᠦᠩᠭᠡᠷᠡᠵᠦ ᠪᠠᠷᠠᠭ᠎ᠠ ᠨᠡᠪᠲᠡᠷᠡᠬᠦ ᠶᠢ | ᠬᠠᠮᠤᠭ ᠶᠡᠭᠡ ᠬᠡᠮᠵᠢᠶ᠎ᠡ ᠪᠠᠷ ᠳᠡᠮᠵᠢᠵᠦ᠂ ᠵᠢᠱᠢᠭᠰᠡᠨ ᠢᠶᠠᠷ ᠪᠦᠬᠦ ᠵᠢᠯ ᠤᠨ ᠣᠷᠤᠭᠤᠯᠵᠤ ᠭᠠᠷᠭᠠᠭᠰᠠᠨ ᠪᠠᠷᠠᠭ᠎ᠠ ᠲᠠᠸᠠᠷ | 530 ᠲᠦᠮᠡᠨ ᠲᠣᠨ ᠳᠤ ᠬᠦᠷᠴᠡᠢ᠃ | ᠨᠢᠭᠡ ᠵᠢᠯ ᠤᠨ ᠲᠤᠷᠰᠢ᠂ ᠪᠢᠳᠠ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠯᠡᠨ᠂ ᠬᠤᠷᠢᠭ᠎ᠠ | ᠱᠤᠭᠤᠮ ᠢ ᠪᠠᠲᠤ ᠰᠠᠬᠢᠵᠤ᠂ ᠪᠣᠳᠠᠳᠤ ᠠᠵᠢᠯ ᠢ ᠰᠠᠶᠢᠲᠤᠷ ᠬᠢᠨ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ | ᠨᠡᠮᠡᠭᠳᠡᠭᠦᠯᠪᠡ᠃ | 2022ᠣᠨ ᠳᠤ᠂ ᠪᠦᠬᠦ ᠬᠤᠰᠢᠭᠤᠨ ᠤ ᠠᠷᠠᠳ ᠤᠨ ᠠᠮᠢᠳᠤᠷᠠᠯ ᠤᠨ ᠴᠠᠷ᠎ᠠ ᠬᠦᠷᠢᠶᠠᠨ ᠳᠤ 10 | ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ | 68% ᠶᠢ ᠡᠵᠡᠯᠡᠵᠦ᠂ ᠵᠢᠯ ᠤᠨ ᠡᠬᠢᠨ ᠳᠤ ᠠᠷᠠᠳ ᠲᠤ ᠪᠡᠶᠡᠯᠡᠭᠦᠯᠬᠦ ᠪᠠᠷ ᠠᠮᠠᠯᠠᠭᠰᠠᠨ 8 ᠪᠣᠳᠠᠳᠤ ᠶᠠᠪᠤᠳᠠᠯ ᠠᠴᠠ | ᠲᠡᠭᠡᠭᠡᠪᠦᠷᠢ ᠶᠢᠨ ᠬᠢᠵᠠᠭᠠᠷᠯᠠᠯ ᠵᠢᠴᠢ ᠰᠢᠨ᠎ᠡ ᠲᠢᠳᠢᠮᠯᠢᠭ ᠠᠭᠤᠰᠬᠢᠨ ᠦᠷᠪᠢᠰᠤᠯ ᠤᠨ ᠨᠦᠯᠦᠭᠡ ᠪᠠᠷ ᠪᠡᠶᠡᠯᠡᠭᠳᠡᠵᠤ | ᠴᠢᠳᠠᠭ᠎ᠠ ᠦᠬᠡᠢ ᠨᠡᠶᠢᠭᠡᠮ ᠶᠢᠨ ᠬᠠᠯᠠᠮᠵᠢ ᠶᠢᠨ ᠴᠢᠨᠠᠷᠲᠠᠢ ᠨᠢᠰᠭᠡᠯ ᠶᠢᠨ ᠪᠢᠯᠧᠲ ᠤᠨ ᠲᠦᠷᠦᠯ ᠵᠦᠢᠯ ᠠᠴᠠ ᠭᠠᠳᠠᠨ᠎ᠠ | ᠪᠤᠰᠤᠳ 7 ᠲᠦᠷᠦᠯ ᠢ ᠴᠦᠮ ᠪᠦᠲᠦᠮᠵᠢᠲᠡᠢ ᠭᠦᠢᠴᠡᠳᠭᠡᠪᠡ᠃ ᠨᠡᠶᠢᠲᠡ ᠤᠨ ᠦᠢᠯᠡᠴᠢᠯᠡᠭᠡ ᠶᠢ ᠤᠯᠠᠮ | ᠲᠡᠭᠦᠯᠳᠡᠷᠵᠢᠭᠦᠯᠪᠡ᠃ 1.5 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠵᠤ ᠬᠤᠶᠠᠳᠤᠭᠠᠷ ᠬᠡᠦᠬᠡᠳ ᠤᠨ | ᠴᠡᠴᠡᠷᠯᠢᠭ ᠢ ᠪᠠᠶᠢᠭᠤᠯᠤᠨ ᠡᠷᠬᠢᠯᠡᠵᠦ᠂ ᠬᠤᠰᠢᠭᠤᠨ ᠤ ᠳᠤᠮᠳᠠᠳᠤ ᠰᠤᠷᠭᠠᠭᠤᠯᠢ ᠪᠤᠯᠤᠨ ᠮᠣᠩᠭᠤᠯ ᠦᠨᠳᠦᠰᠦᠲᠡᠨ ᠤ | ᠰᠤᠷᠭᠠᠭᠤᠯᠢ ᠶᠢᠨ ᠪᠠᠶᠢᠷᠢ ᠶᠢᠨ ᠭᠡᠷ ᠢ ᠦᠬᠡᠷᠡᠴᠢᠯᠡᠬᠦ ᠠᠵᠢᠯ ᠢ ᠣᠷᠤᠭᠰᠢᠲᠠᠢ ᠪᠡᠶᠡᠯᠡᠭᠦᠯᠵᠦ᠂ ᠬᠤᠶᠠᠳᠤᠭᠠᠷ ᠪᠠᠭ᠎ᠠ | ᠰᠤᠷᠭᠠᠭᠤᠯᠢ ᠶᠢᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠪᠡ᠃ 45 ᠨᠡᠷᠡᠰ ᠪᠠᠭᠰᠢ ᠶᠢ ᠡᠯᠰᠡᠨ ᠬᠡᠷᠡᠭᠯᠡᠵᠦ᠂ | ᠤᠯᠤᠰ ᠤᠨ ᠨᠢᠭᠡᠳᠦᠯᠲᠡᠢ ᠬᠡᠷᠡᠭᠯᠡᠬᠦ ᠦᠭᠡ ᠬᠡᠯᠡ ᠦᠰᠦᠭ ᠪᠢᠴᠢᠭ ᠤᠨ ᠵᠢᠭᠠᠨ ᠰᠤᠷᠭᠠᠯᠲᠠ ᠶᠢ ᠪᠦᠬᠦ ᠲᠠᠯ᠎ᠠ ᠪᠠᠷ | ᠴᠢᠩᠭᠠᠳᠬᠠᠨ᠂ ᠳᠤᠮᠳᠠᠳᠤ ᠳᠡᠭᠡᠳᠦ ᠰᠤᠷᠭᠠᠭᠤᠯᠢ ᠶᠢᠨ ᠰᠢᠯᠭᠠᠯᠲᠠ ᠶᠢᠨ ᠦᠭᠡᠷᠡᠴᠢᠯᠡᠯᠲᠡ ᠶᠢ ᠯᠠᠪᠳᠠᠭᠤᠨ | ᠬᠡᠷᠡᠭᠵᠢᠭᠦᠯᠵᠦ᠂ ︽ᠬᠤᠶᠠᠷ ᠢ ᠪᠠᠭᠠᠰᠬᠠᠬᠤ︾᠂ ︽ᠲᠠᠪᠤᠨ ᠲᠦᠷᠦᠯ ᠤᠨ ᠬᠠᠮᠢᠶᠠᠷᠤᠯᠲᠠ︾ ᠶᠢᠨ ᠠᠵᠢᠯ | ᠳᠣᠪᠣᠶᠢᠮ᠎ᠠ ᠪᠦᠲᠦᠮᠵᠢ ᠣᠯᠣᠨ᠂ ᠲᠤᠰᠬᠠᠢ ᠮᠡᠷᠭᠡᠵᠢᠯ᠂ ᠵᠢᠩᠬᠢᠨᠢ ᠠᠩᠭᠢ ᠳᠤ ᠰᠢᠯᠭᠠᠭᠳᠠᠭᠰᠠᠨ ᠨᠣᠷᠮ᠎ᠠ | 100% ᠳᠤ ᠬᠦᠷᠴᠡᠢ᠃ 1.7 ᠳ᠋ᠦᠩᠰᠢᠭᠤᠷ ᠲᠦᠭᠦᠷᠢᠭ ᠤᠨ ᠪᠡᠯᠡ ᠣᠷᠤᠭᠤᠯᠤᠨ ᠴᠢᠩᠬᠡᠯᠢᠭ ᠡᠮᠨᠡᠯᠭᠡ ᠶᠢᠨ | ᠬᠤᠷᠢᠶ᠎ᠠ ᠶᠢ ᠦᠭᠡᠷᠡᠴᠢᠯᠡᠨ ᠵᠠᠰᠠᠬᠤ᠂ ᠲᠦᠪᠯᠡᠷᠡᠬᠦᠯᠦᠨ ᠬᠤᠷᠢᠵᠤ ᠡᠵᠡᠮᠳᠡᠬᠦ ᠴᠡᠭ ᠪᠤᠯᠤᠨ ᠠᠷᠠᠳ ᠤᠨ | ᠡᠮᠨᠡᠯᠭᠡ ᠶᠢᠨ ᠬᠤᠷᠢᠶᠠᠨ ᠤ ᠬᠠᠯᠳᠠᠪᠤᠷᠢᠲᠤ ᠡᠪᠡᠳᠴᠢᠲᠡᠨ ᠤ ᠲᠤᠭᠤᠷᠢᠭ ᠢ ᠪᠠᠶᠢᠭᠤᠯᠬᠤ᠂ ᠠᠵᠢᠯ ᠮᠡᠷᠭᠡᠵᠢᠯ ᠤᠨ | ᠲᠤᠰᠬᠠᠢ ᠦᠷᠦᠭᠡ ᠶᠢ ᠥᠷᠭᠡᠳᠭᠡᠨ ᠵᠠᠰᠠᠬᠤ ᠵᠡᠷᠭᠡ ᠲᠦᠷᠦᠯ ᠵᠦᠢᠯ ᠢ ᠬᠡᠷᠡᠭᠵᠢᠭᠦᠯᠵᠦ᠂ ᠦᠨᠳᠦᠰᠦᠨ ᠡᠮ | ᠡᠮᠨᠡᠯᠭᠡ ᠶᠢᠨ ᠪᠠᠲᠤᠯᠠᠭᠠᠨ ᠤ ᠴᠢᠳᠠᠪᠤᠷᠢ ᠪᠤᠯᠤᠨ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ | ᠯᠠᠪᠳᠠᠭᠤᠨ ᠳᠡᠭᠡᠭᠰᠢᠯᠡᠭᠦᠯᠵᠦ᠂ ᠪᠠᠶᠠᠨᠲᠣᠬᠤᠢ ᠰᠤᠮᠤ ᠪᠣᠯᠣᠨ ᠰᠠᠨᠰᠠᠷ ᠠᠶᠠᠯᠠᠯ ᠤᠨ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠨᠢ ᠦᠪᠡᠷᠲᠡᠭᠡᠨ ᠵᠠᠰᠠᠬᠤ ᠣᠷᠤᠨ ᠤ ᠡᠷᠡᠭᠦᠯ ᠬᠠᠮᠠᠭᠠᠯᠠᠯ ᠤᠨ ᠰᠤᠮᠤ ᠪᠠᠯᠭᠠᠰᠤ ᠪᠠᠷ ᠦᠨᠡᠯᠡᠭᠳᠡᠪᠡ᠃ | ᠡᠵᠡᠨ᠎ᠡ ᠶᠢᠨ ᠤᠯᠠᠭᠠᠨᠮᠦ᠋ᠴᠢᠷ ᠨᠢ ᠶᠢᠰᠦᠳᠦᠭᠡᠷ ᠬᠤᠭᠤᠴᠠᠭᠠᠨ ᠤ ᠪᠦᠬᠦ ᠣᠷᠣᠨ ᠤ ᠤᠯᠠᠭᠠᠨᠮᠦ᠋ᠴᠢᠷ ᠤᠨ | ᠤᠷᠠᠯᠢᠭ ᠤᠨ ᠨᠠᠶᠢᠷ ᠲᠤ ᠬᠠᠮᠲᠤ ᠨᠡᠶᠢᠲᠡ ᠪᠠᠷ ᠲᠡᠷᠢᠭᠦᠯᠡᠵᠦ᠂ ︽ᠳᠡᠭᠦᠯᠢᠨ ᠳᠣᠪᠲᠤᠯᠬᠤ ᠡᠵᠡᠨ᠎ᠡ᠂ ᠡᠷᠡᠯᠭᠡᠭᠯᠡᠨ | ᠣᠷᠤᠭᠰᠢᠯᠠᠬᠤ ᠰᠢᠨ᠎ᠡ ᠠᠶᠠᠨ︾ ᠨᠢ ᠪᠦᠯᠬᠦᠮ ᠤᠨ ᠵᠦᠴᠦᠭᠡ ᠶᠢᠨ ᠤᠷᠤᠯᠳᠤᠭᠠᠨ ᠤ ᠠᠯᠲᠠᠨ ᠮᠧᠳᠠᠯ ᠢ ᠬᠦᠷᠲᠡᠪᠡ᠃ | 2000 ᠲᠦᠮᠡᠨ ᠲᠦᠭᠦᠷᠢᠭ ᠤᠨ ᠪᠡᠯᠡ ᠣᠷᠤᠭᠤᠯᠤᠨ᠂ ᠰᠢᠨ᠎ᠡ ᠨᠣᠮ ᠤᠨ ᠰᠠᠩ ᠢ ᠪᠠᠶᠢᠭᠤᠯᠤᠨ ᠨᠡᠭᠡᠭᠡᠵᠦ᠂ | ᠰᠦᠢᠳᠭᠡᠯ ᠬᠤᠷᠢᠶᠠᠬᠤ ᠦᠭᠡᠢ ᠪᠠᠷ ᠤᠯᠠᠨ ᠲᠦᠮᠡᠨ ᠳᠤ ᠬᠠᠨᠳᠤᠭᠤᠯᠪᠠ᠃ ᠠᠷᠠᠳ ᠤᠨ ᠠᠮᠢᠳᠤᠷᠠᠯ ᠤᠨ | ᠪᠠᠲᠤᠯᠠᠭ᠎ᠠ ᠶᠢ ᠤᠯᠠᠮ ᠪᠠᠬᠢᠵᠢᠭᠦᠯᠪᠡ᠃ ᠦᠢᠯᠡᠰ ᠪᠦᠲᠦᠭᠡᠬᠦ ᠵᠢᠭᠡᠯᠡᠯᠭᠡ ᠶᠢ 1689 ᠲᠦᠮᠡᠨ ᠲᠦᠭᠦᠷᠢᠭ | ᠲᠠᠷᠬᠠᠭᠠᠵᠤ᠂ 279 ᠬᠦᠮᠦᠨ ᠳᠤ ᠰᠢᠨ᠎ᠡ ᠪᠠᠷ ᠠᠵᠢᠯ ᠣᠯᠭᠤᠵᠦ᠂ ᠬᠤᠲᠠ ᠪᠠᠯᠭᠠᠰᠤᠨ ᠤ ᠪᠦᠷᠢᠳᠭᠡᠭᠰᠡᠨ ᠠᠵᠢᠯ | ᠠᠯᠳᠠᠯᠲᠠ ᠶᠢᠨ ᠨᠣᠷᠮ᠎ᠠ ᠶᠢ 1.9% ᠳᠣᠲᠤᠷ᠎ᠠ ᠬᠢᠵᠠᠭᠠᠷᠯᠠᠪᠠ᠃ ᠪᠦᠬᠦ ᠠᠷᠠᠳ ᠤᠨ ᠳᠠᠭᠠᠳᠬᠠᠯ ᠳᠤ ᠣᠷᠣᠯᠴᠠᠬᠤ | ᠲᠦᠯᠦᠪᠯᠡᠭᠡ ᠶᠢ ᠭᠦᠨᠵᠡᠭᠡᠶᠢᠷᠡᠭᠦᠯᠦᠨ ᠬᠡᠷᠡᠭᠵᠢᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠪᠠᠷᠢᠮᠵᠢᠶ᠎ᠠ ᠶᠢ | ᠳᠡᠭᠡᠭᠰᠢᠯᠡᠭᠦᠯᠦᠨ ᠬᠡᠪᠴᠢᠶ᠎ᠡ ᠶᠢ ᠦᠷᠭᠡᠳᠬᠡᠵᠦ᠂ ᠡᠯ᠎ᠡ ᠵᠦᠢᠯ ᠤᠨ ᠠᠪᠤᠷᠠᠨ ᠲᠤᠰᠠᠯᠠᠬᠤ ᠪᠡᠯᠡ ᠮᠦᠩᠭᠦ ᠶᠢ 175.4 | ᠲᠦᠮᠡᠨ ᠲᠦᠬᠦᠷᠢᠭ ᠲᠠᠷᠬᠠᠭᠠᠵᠤ᠂ ᠨᠠᠭᠠᠳᠤ ᠵᠠᠬ᠎ᠠ ᠶᠢᠨ ᠪᠠᠲᠤᠯᠠᠭᠠᠨ ᠤ ᠲᠦᠪᠰᠢᠨ ᠢᠯᠡᠷᠭᠡᠢ ᠲᠡᠬᠡᠭᠰᠢᠯᠡᠭᠰᠡᠨ | ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠠ ᠪᠦᠬᠦ ᠬᠤᠰᠢᠭᠤᠨ ᠤ ᠡᠩᠬᠡ ᠠᠮᠤᠭᠤᠯᠠᠩ ᠢ ᠪᠠᠲᠤᠯᠠᠬᠤ ᠳᠤ ᠬᠦᠴᠦᠯᠡᠨ᠂ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠠᠶᠤᠯ ᠲᠦᠭᠰᠢᠭᠦᠷᠢ ᠶᠢ ᠰᠡᠷᠡᠮᠵᠢᠯᠡᠨ᠂ ᠨᠡᠶᠢᠭᠡᠮ ᠤᠨ ᠠᠮᠤᠷ | ᠲᠣᠭᠲᠠᠭᠤᠨ ᠢ ᠵᠣᠬᠢᠴᠠᠭᠤᠯᠵᠤ ᠴᠢᠳᠠᠪᠠ᠃ | ᠬᠢᠵᠢᠭ ᠤᠨ ᠪᠠᠶᠢᠳᠠᠯ ᠢ ᠨᠠᠷᠢᠯᠢᠭ ᠣᠨᠤᠪᠴᠢᠲᠠᠢ ᠰᠡᠷᠭᠡᠶᠢᠯᠡᠨ ᠡᠵᠡᠮᠳᠡᠪᠡ᠃ ᠺᠣᠳ᠋ ᠰᠢᠷᠪᠢᠨ ᠨᠡᠪᠳᠡᠷᠡᠬᠦ᠂ | ᠠᠷᠠᠳ ᠤᠨ ᠰᠠᠭᠤᠴᠠᠲᠤ ᠪᠠᠭᠤᠳᠠᠯ ᠪᠠ ᠲᠦᠷᠢᠶᠡᠰᠦᠨ ᠭᠡᠷ᠂ ᠭᠠᠳᠠᠨ᠎ᠠ ᠠᠴᠠ ᠢᠷᠡᠭᠰᠡᠨ ᠠᠵᠢᠯᠴᠢᠳ ᠪᠤᠯᠤᠨ | ᠵᠢᠭᠤᠯᠴᠢᠯᠠᠭᠴᠢᠳ ᠤᠨ ᠬᠠᠮᠢᠶᠠᠷᠤᠯᠲᠠ ᠦᠢᠯᠡᠴᠢᠯᠡᠭᠡ ᠵᠡᠷᠭᠡ ᠣᠯᠠᠨ ᠲᠦᠰᠦᠪ ᠢ ᠲᠤᠭᠲᠠᠭᠠᠨ ᠲᠡᠭᠦᠯᠳᠡᠷᠵᠢᠭᠦᠯᠵᠦ᠂ | ᠰᠣᠪᠨᠠᠭᠤᠷ᠂ 601 ᠦᠢᠯᠡᠴᠢᠯᠡᠭᠡᠨ ᠤ ᠲᠣᠭᠤᠷᠢᠭ᠂ ᠬᠤᠶᠠᠳᠤᠭᠠᠷ ᠠᠭᠤᠯᠠ ᠶᠢᠨ ᠪᠠᠶᠢᠴᠠᠭᠠᠯᠲᠠ ᠶᠢᠨ ᠦᠷᠲᠡᠭᠡᠨ ᠤ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠪᠠ ᠰᠠᠭᠤᠷᠢ ᠲᠦᠭᠦᠭᠡᠷᠦᠮᠵᠢ ᠶᠢ ᠲᠠᠰᠤᠷᠠᠯᠲᠠ | ᠦᠭᠡᠢ ᠰᠢᠯᠢᠳᠡᠭᠵᠢᠭᠦᠯᠪᠡ᠃ ᠳᠠᠬᠢᠨ ᠳᠠᠪᠲᠠᠭᠰᠠᠨ ᠬᠢᠵᠢᠭ ᠤᠨ ᠪᠠᠶᠢᠳᠠᠯ ᠤᠨ ᠳᠠᠭᠠᠷᠢᠯᠲᠠ ᠶᠢ ᠯᠠᠪᠳᠠᠭᠤᠨ | ᠠᠷᠭᠠᠴᠠᠭᠠᠵᠤ᠂ ᠰᠢᠨᠵᠢᠯᠡᠬᠦ ᠤᠬᠠᠭᠠᠨᠴᠢ ᠨᠠᠷᠢᠨ ᠣᠨᠤᠴᠠᠲᠠᠢ ᠰᠢᠢᠳᠪᠦᠷᠢᠯᠡᠵᠦ᠂ ᠬᠠᠮᠤᠭ ᠤᠨ ᠣᠬᠤᠷ | ᠬᠤᠭᠤᠴᠠᠭᠠᠨ ᠳᠤ ᠬᠢᠵᠢᠭ ᠤᠨ ᠳᠠᠭᠠᠷᠢᠯᠲᠠ ᠶᠢ ᠢᠯᠡᠨ ᠳᠠᠪᠠᠵᠤ᠂ ᠮᠦᠨᠴᠦ ᠬᠦᠬᠡᠬᠤᠲᠠ᠂ ᠴᠡᠭᠡ ᠪᠣᠭᠤᠮᠲᠠ᠂ | ᠳᠡᠭᠡᠳᠦ ᠰᠢᠨ᠎ᠡ ᠮᠡᠷᠭᠡᠵᠢᠯ ᠤᠨ ᠠᠵᠢᠯ ᠦᠢᠯᠡᠰ ᠤᠨ ᠨᠡᠭᠡᠭᠡᠯᠲᠡ ᠶᠢᠨ ᠣᠷᠤᠨ ᠪᠣᠯᠣᠨ ᠠᠯᠠᠱᠠ ᠪᠠᠷᠠᠭᠤᠨ | ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠢᠳᠡᠪᠬᠢᠲᠡᠢ ᠲᠤᠰᠠᠯᠠᠵᠤ᠂ ᠦᠪᠡᠷᠲᠡᠭᠡᠨ | ᠵᠠᠰᠠᠬᠤ ᠣᠷᠤᠨ ᠤ ᠲᠤᠰᠢᠶᠠᠵᠤ ᠥᠭᠭᠦᠭᠰᠡᠨ ᠬᠦᠬᠡᠬᠤᠲᠠ ᠠᠴᠠ ᠨᠤᠲᠤᠭ ᠲᠠᠭᠠᠨ ᠪᠤᠴᠠᠬᠤ ᠬᠤᠶᠠᠷ ᠪᠦᠯᠦᠭ | 1164 ᠨᠡᠷᠡᠰ ᠰᠤᠷᠤᠭᠴᠢᠳ ᠢ ᠲᠣᠰᠴᠤ ᠲᠦᠪᠬᠢᠨᠢᠭᠦᠯᠬᠦ ᠪᠠ ᠲᠦᠪᠯᠡᠷᠡᠭᠦᠯᠦᠨ ᠡᠷᠡᠭᠦᠯ ᠮᠡᠨᠳᠦ ᠶᠢ ᠨᠢ ᠬᠢᠨᠠᠨ | ᠬᠡᠮᠵᠢᠬᠦ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠬᠢᠵᠢᠭ ᠲᠠᠢ ᠲᠡᠮᠡᠴᠡᠭᠰᠡᠨ ᠲᠣᠮᠤ ᠣᠷᠴᠢᠨ ᠳᠤᠮᠳᠠ | ᠡᠵᠡᠨ᠎ᠡ ᠶᠢᠨ ᠬᠦᠴᠦᠨ ᠢ ᠬᠠᠷᠠᠮ ᠦᠬᠡᠢ ᠨᠡᠮᠡᠷᠢᠯᠡᠪᠡ᠃ ᠲᠤᠰ ᠤᠳᠠᠭᠠᠨ ᠤ ᠪᠦᠬᠦ ᠠᠷᠠᠳ ᠤᠨ ᠬᠢᠵᠢᠭ | ᠰᠡᠷᠭᠡᠶᠢᠯᠡᠯᠲᠡ ᠳᠤᠮᠳᠠ᠂ ᠨᠠᠮ ᠤᠨ ᠭᠡᠰᠢᠭᠦᠨ ᠺᠠᠳ᠋ᠷᠴᠤᠳ ᠭᠠᠷ ᠬᠤᠯᠪᠤᠨ ᠮᠦᠷᠦ ᠵᠡᠷᠭᠡᠴᠡᠵᠦ᠂ ᠡᠷᠡᠯᠬᠡᠭᠯᠡᠨ | ᠳᠠᠭᠠᠷᠢᠵᠤ ᠬᠤᠰᠢᠭᠤᠴᠢᠯᠠᠨ ᠤᠷᠤᠭᠰᠢᠯᠠᠵᠤ᠂ ᠥᠷᠭᠡᠨ ᠣᠯᠠᠨ ᠡᠮᠨᠡᠯᠭᠡ ᠶᠢᠨ ᠠᠵᠢᠯᠲᠠᠳ᠂ ᠳᠣᠲᠤᠭᠠᠳᠤ ᠶᠢ | ᠬᠠᠮᠠᠭᠠᠯᠠᠬᠤ ᠴᠠᠭᠳᠠᠭ᠎ᠠ᠂ ᠨᠠᠶᠢᠭᠡᠮ ᠲᠤᠭᠤᠷᠢᠭ ᠤᠨ ᠠᠵᠢᠯᠲᠠᠳ ᠬᠦᠴᠢᠷ ᠢ ᠰᠦᠷᠦᠨ ᠵᠣᠷᠢᠭᠲᠠᠢ ᠪᠠᠶᠢᠯᠳᠤᠵᠤ᠂ | ᠡᠳᠦᠷ ᠰᠦᠨᠢ ᠦᠭᠡᠢ ᠲᠡᠮᠡᠴᠡᠨ᠂ ᠪᠦᠬᠦ ᠰᠠᠭᠤᠭᠠᠯᠢ ᠠᠷᠠᠳ ᠲᠦᠮᠡᠨ ᠶᠡᠭᠡ ᠲᠠᠯ᠎ᠠ ᠠᠴᠠ ᠪᠣᠳᠤᠯᠬᠢᠯᠠᠵᠤ᠂ ᠬᠦᠴᠢᠷ | ᠪᠡᠷᠭᠡᠰᠢᠶᠡᠯ ᠢ ᠬᠠᠮᠲᠤᠪᠠᠷ ᠲᠤᠭᠤᠯᠤᠨ᠂ ᠪᠣᠳᠠᠲᠤ ᠠᠵᠢᠯᠯᠠᠭ᠎ᠠ ᠪᠠᠷ ᠢᠶᠠᠨ ᠬᠢᠵᠢᠭ ᠢ ᠡᠰᠡᠷᠭᠦᠴᠡᠬᠦ ᠠᠭᠤᠤ ᠶᠡᠭᠡ | ᠵᠣᠷᠢᠭ ᠰᠠᠨᠠᠭ᠎ᠠ ᠪᠠᠨ ᠪᠠᠳᠠᠷᠠᠭᠤᠯᠤᠭᠰᠠᠨ ᠪᠢᠯᠡ᠃ | ᠠᠮᠤᠷ ᠲᠤᠭᠳᠠᠭᠤᠨ ᠤ ᠪᠠᠶᠢᠭᠤᠯᠤᠯᠲᠠ ᠶᠢ ᠯᠠᠪᠳᠠᠭᠤᠨ ᠠᠬᠢᠭᠤᠯᠪᠠ᠃ ︽ᠨᠠᠢᠮᠠᠳᠤᠭᠠᠷ ᠲᠠᠪᠤᠨ ᠵᠢᠯ︾ ᠤᠨ | ᠬᠠᠤᠯᠢ ᠲᠦᠭᠡᠮᠡᠯᠵᠢᠭᠦᠯᠦᠯᠲᠡ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠠᠷ᠎ᠠ ᠪᠦᠯᠦᠭᠳᠡᠨ ᠬᠠᠷᠬᠢᠰ ᠬᠦᠴᠦᠨ ᠢ | ᠠᠷᠢᠯᠭᠠᠬᠤ ᠲᠤᠰᠬᠠᠢ ᠲᠡᠮᠡᠴᠡᠯ ᠢ ᠪᠠᠶᠢᠩᠭᠤᠵᠢᠭᠤᠯᠤᠨ ᠶᠠᠪᠤᠭᠳᠠᠭᠤᠯᠵᠤ᠂ ᠵᠥᠷᠢᠴᠡᠯ ᠮᠦᠷᠭᠦᠯᠳᠦᠭᠡᠨ ᠪᠤᠯᠤᠨ ᠵᠠᠬᠢᠳᠠᠯ | ᠰᠤᠷᠪᠤᠯᠵᠢᠯᠠᠭ᠎ᠠ ᠶᠢᠨ ᠲᠠᠷᠤᠭᠳᠠᠮᠠᠯ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠠᠬᠢᠭᠤᠯᠵᠤ᠂ | ᠡᠵᠡᠨ᠎ᠡ ᠬᠤᠰᠢᠭᠤᠨ ᠤ ᠲᠤᠳᠤᠭᠠᠲᠤ ᠶᠢ ᠬᠠᠮᠠᠭᠠᠯᠠᠬᠤ ᠲᠤᠪᠴᠢᠶᠠᠨ ᠤ ᠠᠮᠤᠷ ᠢ ᠬᠠᠮᠠᠭᠠᠯᠠᠬᠤ ᠶᠡᠭᠡ ᠠᠩᠭᠢ ᠨᠢ ᠪᠦᠬᠦ | ᠣᠯᠣᠰ ᠤᠨ ᠰᠢᠯᠢᠳᠡᠭ ᠲᠤᠳᠤᠭᠠᠲᠤ ᠶᠢ ᠬᠠᠮᠠᠭᠠᠯᠠᠬᠤ ᠦᠨᠳᠦᠰᠦᠨ ᠱᠠᠳᠤᠨ ᠤ ᠪᠠᠶᠢᠭᠤᠯᠭ᠎ᠠ ᠶᠢᠨ ᠴᠣᠯᠠ ᠶᠢ | ᠬᠦᠷᠲᠡᠪᠡ᠃ ᠨᠡᠶᠢᠭᠡᠮ ᠤᠨ ᠵᠠᠰᠠᠨ ᠴᠡᠭᠴᠡᠯᠡᠯᠲᠡ ᠶᠢ ᠬᠤᠯᠪᠤᠭᠠᠯᠠᠨ ᠵᠢᠯᠤᠭᠤᠳᠬᠤ ᠲᠠᠪᠴᠠᠩ ᠤᠨ ᠣᠶᠤᠨᠴᠢᠯᠠᠭᠰᠠᠨ | ᠬᠡᠷᠡᠭᠯᠡᠭᠡ ᠶᠢ ᠲᠠᠰᠣᠷᠠᠯᠲᠠ ᠦᠭᠡᠢ ᠪᠠᠶᠠᠯᠢᠭᠵᠢᠭᠤᠯᠵᠤ᠂ ︽ᠵᠢᠦᠢ ᠶᠠᠨ ᠤ ᠲᠣᠣᠷᠵᠢᠭᠰᠠᠨ ᠬᠠᠮᠢᠶᠠᠷᠤᠯᠲᠠ ᠶᠢᠨ | ᠳ᠋ᠠᠶᠢᠲ᠋ᠠ︾ ︽ᠵᠢᠦᠢ ᠶᠠᠨ ᠤ ᠲᠡᠮᠡᠭᠡ︾ ︽ᠨᠢᠭᠡ ᠭᠠᠷ ᠤᠳᠠᠰᠤ ᠪᠠᠷ ᠡᠵᠡᠨ᠎ᠡ ᠳᠤ ᠵᠢᠭᠤᠯᠴᠢᠯᠠᠬᠤ︾ ᠵᠡᠷᠭᠡ ᠲᠤᠭ᠎ᠠ | ᠪᠠᠷᠢᠮᠲᠠ ᠶᠢ ᠴᠤᠭᠯᠠᠭᠤᠯᠬᠤ ᠲᠠᠪᠴᠠᠩ ᠢ ᠥᠷᠭᠡᠳᠭᠡᠨ ᠪᠠᠶᠢᠭᠤᠯᠵᠤ᠂ ᠡᠭᠦᠳᠡᠨ ᠤ ᠡᠯᠧᠺᠲᠷᠣᠨ ᠫᠠᠶᠢᠰᠠ ᠪᠣᠯᠬᠤ | ᠬᠤᠶᠠᠷ ᠬᠡᠮᠵᠢᠯᠲᠦ ᠺᠣᠳ᠋ ᠶᠢ ᠵᠣᠬᠢᠶᠠᠨ ᠭᠡᠷᠡᠭᠯᠡᠵᠦ᠂ ᠪᠣᠰᠤᠭ᠎ᠠ ᠴᠣᠭᠴᠠᠵᠢᠭᠰᠠᠨ᠂ ᠰᠣᠷᠠᠭ ᠵᠠᠩᠬᠢᠵᠢᠭᠰᠠᠨ | ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠣᠷᠠᠯᠲᠠ ᠦᠬᠡᠢ ᠪᠦᠷᠢᠨᠰᠢᠭᠦᠯᠪᠡ᠃ ᠪᠦᠬᠦ ᠠᠶᠢᠮᠠᠭ ᠤᠨ ᠬᠢᠯᠢ ᠶᠢᠨ | ᠰᠡᠷᠭᠡᠶᠢᠯᠡᠯᠳᠡ ᠶᠢᠨ ᠪᠤᠰᠤᠭ᠎ᠠ ᠴᠣᠭᠴᠠᠵᠢᠭᠰᠠᠨ ᠰᠢᠰᠲ᠋ᠧᠮ ᠤᠨ ᠪᠠᠶᠢᠭᠤᠯᠤᠯᠲᠠ ᠶᠢᠨ ᠲᠤᠷᠰᠢᠯᠭ᠎ᠠ ᠰᠤᠯᠢᠯᠴᠠᠬᠤ | ᠬᠤᠷᠠᠯ ᠢ ᠠᠮᠵᠢᠯᠲᠠ ᠲᠠᠢ ᠡᠷᠬᠢᠯᠡᠵᠦ᠂ 750 ᠲᠥᠮᠡᠨ ᠲᠥᠭᠦᠷᠢᠭ ᠤᠨ ᠪᠡᠯᠡ ᠣᠷᠣᠭᠤᠯᠣᠨ ᠬᠢᠯᠢ | ᠬᠠᠮᠠᠭᠠᠯᠠᠭᠴᠢ ᠶᠢᠨ ᠬᠠᠮᠢᠶᠠᠷᠤᠯᠲᠠ ᠶᠢᠨ ᠲᠥᠪ ᠢ ᠪᠦᠲᠦᠭᠡᠨ ᠪᠠᠶᠢᠭᠤᠯᠬᠤ ᠲᠦᠷᠦᠯ ᠵᠦᠢᠯ ᠢ ᠬᠡᠷᠡᠭᠵᠢᠬᠦᠯᠵᠤ᠂ ᠡᠬᠡ | ᠤᠯᠤᠰ ᠤᠨ ᠤᠮᠠᠷᠠᠲᠤ ᠬᠢᠯᠢ ᠶᠢᠨ ᠠᠮᠤᠷ ᠲᠤᠭᠳᠠᠭᠤᠨ ᠬᠠᠯᠬᠠᠪᠴᠢ ᠶᠢᠨ ᠰᠠᠭᠤᠷᠢ ᠶᠢ ᠲᠠᠰᠤᠷᠠᠯᠲᠠ ᠦᠭᠡᠢ | ᠪᠠᠬᠢᠵᠢᠭᠦᠯᠪᠡ᠃ | ᠭᠤᠣᠯᠳᠠᠯᠭᠠᠲᠤ ᠴᠠᠷ᠎ᠠ ᠬᠦᠷᠢᠶ᠎ᠡ ᠶᠢ ᠪᠦᠲᠦᠮᠵᠢ ᠢᠯᠡᠷᠬᠡᠢ ᠵᠠᠰᠠᠨ ᠴᠡᠭᠴᠡᠯᠡᠪᠡ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠯᠲᠡ ᠶᠢᠨ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠶᠢ ᠣᠯᠵᠣ᠂ | ᠨᠢᠭᠡᠳᠦᠭᠡᠷ ᠤᠳᠠᠭᠠᠨ ᠤ ᠪᠦᠬᠦ ᠣᠯᠣᠰ ᠤᠨ ᠪᠠᠶᠢᠭᠠᠯᠢ ᠶᠢᠨ ᠭᠠᠮᠰᠢᠭ ᠤᠨ ᠶᠡᠷᠦᠩᠬᠡᠶᠢᠯᠡᠭᠰᠡᠨ ᠲᠥᠭᠰᠢᠭᠦᠷᠢ ᠶᠢᠨ | ᠨᠡᠶᠢᠳᠡᠮ ᠪᠠᠶᠢᠴᠠᠭᠠᠯᠲᠠ ᠶᠢ ᠣᠷᠤᠭᠰᠢᠲᠠᠢ ᠪᠡᠶᠡᠯᠡᠭᠦᠯᠵᠦ᠂ ᠠᠶᠤᠯᠬᠦᠢ ᠦᠢᠯᠡᠳᠪᠦᠷᠢᠯᠡᠯ ᠤᠨ ᠪᠠᠶᠢᠳᠠᠯ | ᠶᠡᠷᠥᠩᠬᠡᠢ ᠳᠡᠭᠡᠨ ᠲᠤᠭᠳᠠᠪᠤᠷᠢᠰᠢᠨ ᠰᠠᠶᠢᠵᠢᠷᠠᠪᠠ᠃ ᠲᠦᠢᠯ ᠤᠨ ᠬᠦᠨᠳᠦ ᠬᠡᠴᠡᠭᠦᠦ ᠭᠠᠩ ᠬᠠᠭᠰᠠᠷᠠᠭ᠎ᠠ | ᠲᠤᠯᠭᠠᠷᠠᠬᠤ ᠳᠤ ᠭᠠᠮᠰᠢᠭ ᠠᠴᠠ ᠠᠪᠤᠷᠠᠬᠤ ᠪᠡᠯᠡ ᠮᠥᠩᠭᠦ 668 ᠲᠥᠮᠡᠨ ᠲᠥᠭᠦᠷᠢᠭ ᠲᠣᠬᠢᠷᠠᠭᠤᠯᠤᠨ ᠪᠠᠭᠤᠯᠭᠠᠵᠤ᠂ | ᠭᠠᠩ ᠢ ᠡᠰᠡᠷᠭᠦᠴᠡᠬᠦ ᠡᠪᠡᠰᠦ ᠪᠤᠷᠳᠤᠭ᠎ᠠ 516 ᠲᠤᠨ ᠲᠠᠷᠬᠠᠭᠠᠨ᠂ ᠮᠠᠯᠴᠢᠨ ᠲᠠᠷᠢᠶᠠᠴᠢᠨ ᠤ ᠬᠡᠪ ᠤᠨ | ᠦᠢᠯᠡᠳᠪᠦᠷᠢᠯᠡᠯ ᠠᠮᠢᠳᠤᠷᠠᠯ ᠢ ᠬᠠᠮᠠᠭᠠᠯᠠᠵᠤ ᠴᠢᠳᠠᠪᠠ᠃ ᠬᠤᠪᠢᠯᠭᠠᠨ ᠣᠩᠭᠤᠴᠠ ᠰᠢᠷᠢᠰ ᠬᠦᠮᠦᠨ ᠠᠴᠢᠶᠠᠯᠠᠭᠰᠠᠨ | ᠨᠢᠰᠬᠦ ᠣᠩᠭᠤᠴᠠ ᠶᠢ ᠬᠠᠷᠪᠤᠬᠤ ᠪᠠ ᠪᠣᠴᠠᠯᠲᠠ ᠶᠢᠨ ᠦᠷᠦᠭᠡ ᠶᠢ ᠨᠢ ᠡᠷᠢᠨ ᠬᠤᠷᠢᠶᠠᠬᠤ ᠠᠵᠢᠯ ᠳᠤ ᠪᠦᠬᠦ | ᠬᠦᠴᠦᠨ ᠢᠶᠠᠷ ᠬᠠᠮᠵᠢᠯᠴᠠᠨ᠂ ᠡᠯ᠎ᠡ ᠲᠦᠷᠦᠯ ᠤᠨ ᠬᠠᠷᠠᠭᠠᠯᠵᠠᠨ ᠲᠤᠬᠤᠨᠢᠭᠤᠯᠬᠤ ᠲᠥᠷᠥ ᠤᠨ ᠪᠣᠳᠤᠯᠭ᠎ᠠ ᠶᠢ | ᠬᠢᠨᠠᠮᠠᠭᠠᠢ ᠨᠠᠶᠢᠳᠠᠪᠤᠷᠢᠵᠢᠭᠤᠯᠵᠤ᠂ 387.2 ᠲᠥᠮᠡᠨ ᠲᠦᠭᠦᠷᠢᠭ ᠬᠠᠷᠠᠭᠠᠯᠵᠠᠯ ᠤᠨ ᠪᠡᠯᠡ ᠮᠥᠩᠭᠦ ᠲᠠᠷᠬᠠᠭᠠᠵᠤ᠂ | ᠬᠤᠶᠠᠷ ᠢ ᠬᠦᠷᠢᠶᠡᠯᠡᠵᠦ ᠬᠠᠮᠲᠤ ᠪᠠᠷ ᠪᠠᠶᠢᠭᠤᠯᠤᠭᠰᠠᠨ ᠡᠯᠪᠡᠭ ᠪᠠᠶᠠᠯᠢᠭ ᠦᠷ᠎ᠡ ᠪᠦᠲᠦᠮᠵᠢ ᠶᠢ ᠣᠯᠪᠠ᠃ | ᠲᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠣᠯ ᠱᠤᠭᠤᠮ | ᠪᠣᠯᠭᠠᠵᠤ᠂ ᠦᠨᠳᠦᠰᠦᠳᠡᠨ ᠤ ᠪᠦᠯᠬᠦᠮᠳᠡᠯ ᠳᠠᠪᠰᠢᠯᠲᠠ ᠶᠢ ︽ᠨᠠᠢᠮᠠ ᠳᠤ ᠣᠷᠤᠭᠤᠯᠬᠤ︾ ᠬᠦᠳᠡᠯᠭᠡᠭᠡᠨ ᠢ | ᠭᠦᠨᠵᠡᠭᠡᠢ ᠥᠷᠨᠢᠭᠦᠯᠦᠨ᠂ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ︽ᠪᠦᠬᠦ ᠤᠯᠤᠰ ᠤᠨ ᠦᠨᠳᠦᠰᠦᠳᠡᠨ ᠤ | ᠪᠦᠯᠬᠦᠮᠳᠡᠯ ᠲᠠᠪᠰᠢᠯᠲᠠ ᠶᠢᠨ ᠵᠢᠱᠢᠶᠡᠴᠢ ᠠᠶᠢᠮᠠᠭ︾ ᠢ ᠪᠠᠶᠢᠭᠤᠯᠬᠤ ᠳᠤ ᠬᠦᠴᠦ ᠨᠡᠮᠡᠷᠢᠯᠡᠵᠦ᠂ 571 ᠲᠥᠮᠡᠨ | ᠲᠦᠭᠦᠷᠢᠭ ᠤᠨ ᠪᠡᠯᠡ ᠣᠷᠣᠭᠤᠯᠣᠨ ︽ᠡᠵᠡᠨ᠎ᠡ ᠬᠤᠰᠢᠭᠤᠨ ᠤ ᠶᠡᠭᠡ ᠨᠡᠭᠦᠳᠡᠯ ᠤᠨ ᠳᠡᠯᠭᠡᠨ ᠦᠵᠡᠭᠦᠯᠬᠦ ᠣᠷᠳᠤᠨ︾ | ᠢ ᠡᠬᠢᠯᠡᠨ ᠪᠠᠶᠢᠭᠤᠯᠵᠤ᠂ ᠳᠠᠯᠠᠶᠢᠬᠦ᠋ᠪ ᠪᠠᠯᠭᠠᠰᠤ ᠨᠢ ᠨᠠᠢᠮᠠᠳᠤᠭᠠᠷ ᠪᠦᠯᠦᠭ ᠪᠦᠬᠦ ᠣᠷᠤᠨ ᠤ ᠦᠨᠳᠦᠰᠦᠳᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠤᠷᠤᠨ ᠤ ᠵᠢᠱᠢᠶᠡᠴᠢ ᠪᠠᠶᠢᠭᠤᠯᠭ᠎ᠠ᠂ ᠪᠦᠬᠦ ᠤᠷᠤᠨ ᠤ ᠦᠨᠳᠦᠰᠦᠳᠡᠨ ᠤ | ᠪᠦᠯᠬᠦᠮᠳᠡᠯ ᠳᠠᠪᠰᠢᠯᠲᠠ ᠶᠢᠨ ᠵᠢᠱᠢᠶᠡᠴᠢ ᠬᠠᠮᠲᠤ ᠨᠢᠭᠡᠴᠡ ᠶᠢᠨ ᠢᠷᠠᠭᠤ ᠠᠯᠳᠠᠷ ᠢ ᠬᠦᠷᠲᠡᠪᠡ᠃ ︽ᠡᠵᠡᠨ᠎ᠡ | ᠬᠤᠰᠢᠭᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠵᠢᠷᠤᠭ︾ ᠤᠨ ᠰᠢᠨ᠎ᠡ ᠬᠡᠪᠯᠡᠯ ᠪᠤᠯᠤᠨ ︽ᠰᠤᠮᠤ ᠪᠠᠯᠭᠠᠰᠤᠨ ᠤ | ᠵᠠᠰᠠᠭ ᠵᠠᠬᠢᠷᠭᠠᠨ ᠤ ᠬᠤᠪᠢᠶᠠᠷᠢᠯᠠᠯ ᠵᠢᠷᠤᠭ︾ ᠤᠨ ᠠᠩᠬᠠᠨ ᠤ ᠬᠡᠪᠯᠡᠯ ᠢ ᠵᠢᠩᠬᠢᠨᠢ ᠪᠠᠷ ᠬᠡᠪᠯᠡᠨ ᠨᠡᠶᠢᠲᠡᠯᠡᠵᠦ᠂ ᠮᠠᠨ ᠤ | ᠬᠤᠰᠢᠭᠤᠨ ᠤ ᠰᠣᠮᠣ ᠪᠠᠯᠭᠠᠰᠤᠨ ᠤ ᠵᠠᠰᠠᠭ ᠵᠠᠬᠢᠷᠭᠠᠨ ᠤ ᠬᠤᠪᠢᠶᠠᠷᠢᠯᠠᠯ ᠤᠨ ᠭᠠᠵᠠᠷ ᠤᠨ ᠵᠢᠷᠤᠭ ᠳᠤᠲᠠᠭᠤ | ᠪᠠᠶᠢᠭᠰᠠᠨ ᠲᠠᠣᠬᠡᠨ ᠪᠠᠶᠢᠳᠠᠯ ᠢ ᠡᠴᠤᠰᠯᠡᠭᠦᠯᠪᠡ᠃ ᠭᠤᠷᠪᠠᠳᠤᠭᠠᠷ ᠤᠳᠠᠭᠠᠨ ᠤ ᠣᠯᠣᠰ ᠤᠨ ᠭᠠᠵᠠᠷ ᠰᠢᠷᠦᠢ ᠶᠢᠨ | ᠪᠠᠶᠢᠴᠠᠭᠠᠯᠲᠠ ᠶᠢ ᠠᠮᠵᠢᠯᠲᠠ ᠲᠠᠢ ᠪᠡᠶᠡᠯᠡᠭᠦᠯᠵᠦ᠂ ᠲᠤᠭ᠎ᠠ ᠪᠦᠷᠢᠳᠬᠡᠯ ᠤᠨ ᠨᠡᠶᠢᠳᠡᠮ ᠪᠠᠶᠢᠴᠠᠭᠠᠯᠲᠠ ᠶᠢᠨ | ᠮᠡᠲ᠋ᠧᠷᠢᠶᠡᠯ ᠤᠨ ᠨᠡᠭᠡᠭᠡᠨ ᠠᠰᠢᠭᠯᠠᠯᠲᠠ ᠶᠢ ᠢᠳᠡᠪᠬᠢᠲᠡᠢ ᠠᠬᠢᠭᠤᠯᠵᠤ᠂ ᠡᠵᠡᠨ᠎ᠡ ᠬᠤᠰᠢᠭᠤᠨ ᠤ ᠲᠤᠭ᠎ᠠ | ᠪᠦᠷᠢᠳᠭᠡᠯ ᠤᠨ ᠲᠤᠪᠴᠢᠶ᠎ᠠ ᠨᠢ ᠦᠪᠡᠷᠳᠡᠭᠡᠨ ᠵᠠᠰᠠᠬᠤ ᠣᠷᠣᠨ ᠤ ︽ᠲᠤᠯᠤᠳᠣᠭᠠᠷ ᠤᠳᠠᠭᠠᠨ ᠤ ᠬᠦᠮᠦᠨ ᠠᠮᠠ ᠶᠢᠨ | ᠨᠡᠶᠢᠳᠡᠮ ᠪᠠᠶᠢᠴᠠᠭᠠᠯᠲᠠ ᠶᠢᠨ ᠲᠡᠷᠢᠭᠦᠨ ᠤ ᠬᠠᠮᠲᠤ ᠨᠢᠭᠡᠴᠡ︾ ᠪᠠᠷ ᠦᠨᠡᠯᠡᠭᠳᠡᠪᠡ᠃ | ᠡᠭᠦᠨ ᠤ ᠬᠠᠮᠲᠤ᠂ ᠠᠵᠢᠯᠴᠢᠨ ᠤ ᠡᠪᠯᠡᠯ᠂ ᠵᠠᠯᠠᠭᠤᠴᠣᠳ ᠤᠨ ᠡᠪᠯᠡᠯ᠂ ᠡᠮᠡᠭᠳᠡᠶᠢᠴᠤᠳ ᠤᠨ ᠬᠤᠯᠪᠣᠭ᠎ᠠ᠂ | ᠤᠯᠠᠭᠠᠨ ᠵᠠᠭᠠᠯᠮᠠᠶᠢᠲᠠᠨ ᠤ ᠨᠡᠶᠢᠬᠡᠮᠯᠢᠭ᠂ ᠵᠡᠮᠳᠡᠭᠴᠣᠳ ᠤᠨ ᠠᠵᠢᠯ ᠦᠢᠯᠡᠰ ᠨᠢ ᠰᠢᠨ᠎ᠡ ᠠᠬᠢᠴᠠ ᠶᠢ ᠣᠯᠵᠤ᠂ | ᠳᠠᠩᠰᠠ ᠡᠪᠬᠡᠮᠡᠯ ᠲᠡᠤᠬᠡ ᠦᠢᠯᠠᠯᠭ᠎ᠠ᠂ ᠠᠮᠤ ᠬᠦᠨᠡᠰᠤ᠂ ᠴᠠᠭ ᠠᠭᠤᠷ᠂ ᠴᠢᠯᠠᠭᠤᠨ ᠲᠣᠰᠣ᠂ ᠨᠠᠪᠴᠢᠨ ᠲᠠᠮᠠᠬᠢ᠂ | ᠮᠥᠩᠬᠦᠨ ᠭᠦᠢᠯᠭᠡᠭᠡ᠂ ᠳᠠᠭᠠᠳᠬᠠᠯ᠂ ᠰᠢᠣᠳᠠᠨ᠂ ᠬᠤᠯᠪᠣᠭ᠎ᠠ ᠨᠡᠪᠳᠡᠷᠡᠭᠦᠯᠭᠡ ᠵᠡᠷᠭᠡ ᠰᠠᠯᠠᠭ᠎ᠠ ᠮᠥᠴᠢᠷ ᠨᠢ ᠮᠠᠨ ᠤ | ᠬᠤᠰᠢᠭᠤᠨ ᠤ ᠠᠵᠤ ᠠᠬᠤᠢ ᠶᠢᠨ ᠬᠦᠭᠵᠢᠯᠲᠡ ᠳᠤ ᠰᠢᠨ᠎ᠡ ᠬᠤᠪᠢ ᠨᠡᠮᠡᠷᠢ ᠪᠠᠨ ᠦᠵᠡᠭᠦᠯᠦᠭᠰᠡᠨ ᠪᠠᠶᠢᠨ᠎ᠠ᠃ | ᠨᠢᠭᠡ ᠵᠢᠯ ᠤᠨ ᠲᠤᠷᠰᠢ᠂ ᠪᠢᠳᠠ ᠴᠢᠳᠠᠪᠬᠢ ᠪᠠᠨ ᠬᠤᠪᠢᠷᠠᠭᠤᠯᠬᠤ ᠳᠤ ᠬᠦᠴᠦᠯᠡᠨ᠂ ᠠᠷᠢᠭᠤᠨ ᠴᠢᠭᠡᠴᠢ | ᠪᠤᠳᠠᠲᠠᠢ ᠠᠵᠢᠯᠯᠠᠵᠤ᠂ ᠲᠤᠰ ᠪᠡᠶ᠎ᠡ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠪᠠ᠃ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠦ᠂ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠢᠮᠠᠭᠲᠠ ᠪᠠᠷᠢᠮᠲᠠᠯᠠᠨ᠂ ︽ᠬᠤᠶᠠᠷ ᠢ ᠲᠤᠭᠳᠠᠭᠠᠭᠰᠠᠨ︾ ᠦᠵᠡᠯ ᠰᠠᠨᠠᠭ᠎ᠠ ᠶᠢ ᠪᠡᠷᠢᠮᠳᠡᠯᠡᠨ᠂ | ᠡᠷᠡᠰ ᠰᠢᠭᠤᠷᠬᠠᠢ ᠪᠠᠷ ︽ᠬᠤᠶᠠᠷ ᠢ ᠬᠠᠮᠠᠭᠠᠯᠠᠨ︾᠂ ᠨᠠᠮ ᠤᠨ ᠲᠡᠦᠬᠡ ᠶᠢᠨ ᠪᠠᠶᠢᠩᠭᠤᠵᠢᠭᠰᠠᠨ ᠤᠷᠲᠤ | ᠬᠤᠭᠤᠴᠠᠭᠠᠨ ᠤ ᠰᠤᠷᠤᠯᠴᠠᠯᠭ᠎ᠠ ᠬᠦᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠠᠵᠢᠯ ᠤᠨ | ᠰᠤᠷᠲᠠᠯ ᠢᠶᠠᠨ ᠴᠢᠩᠭᠠᠳᠬᠠᠨ᠂ ᠦᠷ᠎ᠡ ᠪᠦᠲᠦᠮᠵᠢ ᠪᠠᠨ ᠳᠡᠭᠡᠭᠰᠢᠯᠡᠭᠦᠯᠵᠦ᠂ ᠳᠦᠷᠢ ᠳᠦᠷᠬᠦ ᠶᠢ ᠱᠤᠭᠤᠬᠤ︾ | ᠲᠤᠰᠬᠠᠢ ᠠᠵᠢᠯᠯᠠᠭ᠎ᠠ ᠶᠢ ᠬᠢᠨᠠᠮᠠᠭᠠᠢ ᠦᠷᠨᠢᠭᠦᠯᠦᠨ᠂ ᠵᠠᠰᠠᠭ ᠤᠨ ᠣᠷᠳᠣᠨ ᠤ ᠠᠵᠢᠯ ᠭᠦᠢᠴᠡᠳᠭᠡᠭᠰᠡᠨ ᠨᠣᠷᠮ᠎ᠠ᠂ | ᠬᠢᠵᠦ ᠪᠣᠳᠠᠲᠠᠶᠢᠵᠢᠭᠤᠯᠤᠭᠰᠠᠨ ᠦᠷ᠎ᠡ ᠳ᠋ᠦᠩ᠂ ᠵᠠᠰᠠᠨ ᠴᠡᠭᠴᠡᠯᠡᠭᠰᠡᠨ ᠦᠷ᠎ᠡ ᠪᠦᠲᠦᠮᠵᠢ ᠶᠢ ᠲᠠᠰᠤᠷᠠᠯᠲᠠ ᠦᠭᠡᠢ | ᠳᠡᠭᠡᠭᠰᠢᠯᠡᠭᠦᠯᠪᠡ᠃ ᠬᠠᠤᠯᠢ ᠶᠣᠰᠣᠭᠠᠷ ᠵᠠᠰᠠᠭ ᠪᠠᠷᠢᠬᠤ ᠶᠢ ᠪᠠᠷᠢᠮᠲᠠᠯᠠᠵᠤ᠂ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠦᠪᠯᠡᠯᠭᠡ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠦᠯᠦᠭᠡᠯᠡᠭᠴᠢᠳ ᠤᠨ ᠰᠠᠨᠠᠯ 47᠂ ᠤᠯᠤᠰ ᠲᠥᠷᠥ ᠶᠢᠨ | ᠵᠦᠪᠯᠡᠯᠭᠡᠨ ᠤ ᠭᠡᠰᠢᠭᠦᠳ ᠤᠨ ᠳᠤᠷᠠᠳᠤᠯᠭ᠎ᠠ 78 ᠶᠢ ᠴᠠᠭ ᠲᠤᠬᠠᠢ ᠳᠤᠨᠢ ᠴᠢᠨᠠᠷᠯᠢᠭ ᠬᠦᠢᠴᠡᠳᠬᠡᠪᠡ᠃ ᠲᠥᠪ ᠤᠨ | ︽ᠨᠠᠢᠮᠠᠨ ᠵᠤᠷᠪᠤᠰ ᠲᠤᠭᠲᠠᠭᠠᠯ︾ ᠤᠨ ᠵᠣᠷᠢᠭ ᠰᠠᠨᠠᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠰᠤᠷᠲᠠᠯ ᠢᠶᠠᠨ ᠴᠡᠭᠴᠡᠯᠡᠨ ᠰᠠᠬᠢᠯᠭ᠎ᠠ ᠪᠠᠲᠤ ᠪᠠᠨ ᠴᠢᠩᠭᠠᠳᠬᠠᠬᠤ ᠶᠢ ᠪᠠᠷᠢᠮᠲᠠᠯᠠᠵᠤ᠂ ᠭᠤᠣᠯᠳᠠᠯᠭᠠᠲᠤ ᠴᠠᠷ᠎ᠠ | ᠬᠦᠷᠢᠶᠠᠨ ᠤ ᠪᠦᠬᠦ ᠲᠠᠯ᠎ᠠ ᠶᠢᠨ ᠬᠢᠨᠠᠨ ᠪᠣᠳᠤᠯᠲᠠ ᠬᠢᠨᠠᠨ ᠪᠠᠶᠢᠴᠠᠭᠠᠯᠲᠠ ᠶᠢ ᠠᠬᠢᠭᠤᠯᠤᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠪᠣᠯᠣᠨ ᠡᠩ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠰᠠᠭ ᠤᠨ ᠣᠷᠳᠣᠨ ᠤ 1.69 | ᠳ᠋ᠦᠩᠰᠢᠭᠤᠷ ᠲᠦᠭᠦᠷᠢᠭ ᠤᠨ ᠥᠷᠢ ᠦᠭᠴᠡᠭᠡ ᠶᠢ ᠰᠢᠢᠳᠪᠤᠷᠢᠯᠡᠭᠰᠡᠨ ᠢᠶᠠᠷ ᠵᠠᠰᠠᠭ ᠤᠨ ᠤᠷᠳᠤᠨ ᠤ ᠢᠳᠡᠬᠡᠮᠵᠢ | ᠪᠤᠯᠤᠨ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠢᠯᠡᠷᠬᠡᠢ ᠲᠡᠬᠡᠭᠰᠢᠯᠡᠭᠰᠡᠨ ᠪᠠᠶᠢᠨ᠎ᠠ᠃ | ᠲᠦᠯᠦᠭᠡᠯᠡᠭᠴᠢᠳ ᠡ᠂ ᠦᠩᠭᠡᠷᠡᠭᠰᠡᠨ ᠨᠢᠭᠡ ᠵᠢᠯ ᠳᠤ ᠪᠢᠳᠠ ᠬᠦᠴᠢᠷ ᠢ ᠲᠤᠭᠤᠯᠤᠨ᠂ ᠰᠣᠷᠢᠯᠲᠠ ᠶᠢ | ᠳᠠᠭᠠᠭᠠᠵᠤ᠂ ᠨᠢᠭᠡ ᠪᠦᠯᠦᠭ ᠰᠠᠭᠤᠷᠢ ᠪᠠᠬᠢ᠂ ᠤᠳᠠᠭᠠᠨ ᠠᠰᠢᠭ ᠲᠠᠢ᠂ ᠨᠡᠮᠡᠭᠳᠡᠯ ᠲᠤᠭᠲᠠᠭᠤᠨ᠂ ᠬᠦᠭᠵᠢᠯᠲᠡ ᠶᠢ | ᠠᠬᠢᠭᠤᠯᠬᠤ ᠪᠣᠳᠠᠳᠤ ᠶᠠᠪᠤᠳᠠᠯ ᠬᠢᠵᠦ᠂ ᠡᠵᠡᠨ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ | ᠶᠢᠨ ᠦᠨᠳᠦᠰᠦ ᠶᠢ ᠪᠠᠲᠤᠳᠬᠠᠭᠰᠠᠨ ᠪᠠᠶᠢᠨ᠎ᠠ᠃ ᠡᠲᠡᠭᠡᠷ ᠠᠮᠵᠢᠯᠲᠠ ᠨᠢ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭᠠᠨ ᠤ ᠰᠢᠨᠵᠢᠯᠡᠬᠦ ᠤᠬᠠᠭᠠᠨᠴᠢ | ᠵᠢᠯᠤᠭᠤᠳᠤᠯᠭ᠎ᠠ᠂ ᠠᠮᠢᠳᠤᠯᠢᠭ ᠪᠣᠳᠠᠲᠠᠶᠢᠵᠢᠭᠤᠯᠤᠭᠰᠠᠨ ᠤ ᠦᠷ᠎ᠡ ᠳ᠋ᠦᠩ᠂ ᠠᠶᠢᠮᠠᠭ ᠤᠨ ᠨᠠᠮ ᠤᠨ ᠬᠤᠷᠢᠶ᠎ᠠ᠂ | ᠵᠠᠬᠢᠷᠭ᠎ᠠ ᠪᠣᠯᠣᠨ ᠬᠤᠰᠢᠭᠤᠨ ᠤ ᠨᠠᠮ ᠤᠨ ᠬᠤᠷᠢᠶ᠎ᠠ ᠪᠦᠬᠦ ᠲᠠᠯ᠎ᠠ ᠶᠢ ᠨᠢᠭᠡᠳᠭᠡᠨ ᠵᠣᠬᠢᠴᠠᠭᠤᠯᠵᠤ᠂ ᠵᠦᠪ | ᠣᠨᠣᠪᠴᠢᠲᠠᠢ ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ᠂ ᠤᠯᠤᠰ ᠲᠦᠷᠦ ᠶᠢᠨ ᠵᠦᠪᠯᠡᠯᠭᠡᠨ ᠠᠴᠠ ᠡᠷᠴᠢᠮᠲᠡᠢ ᠬᠢᠨᠠᠵᠤ᠂ ᠬᠦᠴᠦᠯᠡᠨ ᠲᠤᠰᠠᠯᠠᠭᠰᠠᠨ ᠤ ᠦᠷ᠎ᠡ ᠳ᠋ᠦᠩ | ᠂ ᠮᠦᠨᠴᠦ ᠪᠦᠬᠦ ᠬᠤᠰᠢᠭᠤᠨ ᠤ ᠺᠠᠳ᠋ᠷ ᠣᠯᠠᠨ ᠲᠦᠮᠡᠨ ᠦᠢ ᠣᠯᠠᠨ ᠵᠦᠷᠢᠴᠡᠯ ᠪᠡᠷᠬᠡᠰᠢᠶᠠᠯ᠂ ᠡᠯᠳᠡᠪ ᠵᠦᠢᠯ ᠤᠨ | ᠲᠦᠭᠰᠢᠭᠦᠷᠢ ᠰᠣᠷᠢᠯᠲᠠ ᠶᠢᠨ ᠡᠰᠡᠷᠭᠦ ᠰᠡᠳᠬᠢᠯ ᠨᠢᠭᠡᠳᠦᠨ᠂ ᠰᠢᠷᠭᠠᠭᠤ ᠠᠵᠢᠯᠯᠠᠭᠰᠠᠨ ᠤ ᠦᠷ᠎ᠡ ᠳ᠋ᠦᠩ ᠪᠣᠯᠣᠨ᠎ᠠ︕ | ᠠᠳᠡ ᠪᠢ ᠬᠤᠰᠢᠭᠤ ᠵᠠᠰᠠᠭ ᠢᠶᠠᠨ ᠲᠥᠯᠥᠭᠡᠯᠡᠨ᠂ ᠵᠠᠰᠠᠭ ᠤᠨ ᠣᠷᠳᠣᠨ ᠤ ᠠᠵᠢᠯ ᠢ ᠢᠮᠠᠭᠲᠠ ᠣᠶᠢᠯᠠᠭᠠᠵᠤ᠂ | ᠢᠲᠡᠭᠡᠵᠦ᠂ ᠳᠡᠮᠵᠢᠭᠰᠡᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠪᠤᠯᠤᠨ ᠤᠯᠤᠰ ᠲᠦᠷᠦ ᠶᠢᠨ | ᠵᠦᠪᠯᠡᠯᠭᠡᠨ ᠤ ᠡᠯ᠎ᠡ ᠭᠡᠰᠢᠭᠦᠳ᠂ ᠡᠵᠡᠨ᠎ᠡ ᠶᠢᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ᠂ ᠬᠠᠯᠠᠮᠵᠢᠯᠠᠵᠤ᠂ | ᠬᠠᠮᠵᠢᠭᠰᠠᠨ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ᠂ ᠬᠤᠰᠢᠭᠤᠨ ᠳᠤ ᠰᠠᠭᠤᠭ᠎ᠠ ᠴᠡᠷᠢᠭ ᠠᠩᠭᠢ᠂ | ᠵᠠᠪᠰᠡᠭᠲᠦ ᠴᠠᠭᠳᠠᠭᠠᠨ ᠤ ᠳᠠᠷᠤᠭ᠎ᠠ ᠪᠠᠶᠢᠯᠳᠤᠭᠴᠢ᠂ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠥᠬᠦᠳ ᠲᠤ | ᠡᠷᠬᠢᠮ ᠳᠡᠭᠡᠳᠦ ᠬᠦᠨᠳᠦᠳᠬᠡᠯ ᠪᠠ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠲᠦᠯᠦᠭᠡᠯᠡᠭᠴᠢᠳ ᠡ᠂ ᠬᠦᠴᠢᠷ ᠢ ᠲᠤᠭᠤᠯᠬᠤ ᠳᠤ ᠬᠦᠰᠡᠯᠡᠩ ᠡᠪᠦᠷᠯᠡᠵᠦ᠂ ᠠᠮᠵᠢᠯᠲᠠ ᠶᠢ ᠣᠯᠬᠤ ᠳᠤ | ᠳᠤᠲᠠᠭᠲᠠᠯ ᠢᠶᠠᠨ ᠮᠡᠳᠡᠬᠦ ᠬᠡᠷᠡᠭᠳᠡᠢ᠃ ᠡᠵᠡᠨ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢ | ᠠᠬᠢᠭᠤᠯᠬᠤ ᠳᠤ ᠠᠰᠠᠭᠤᠳᠠᠯ ᠪᠠᠰᠠ ᠣᠷᠣᠰᠢᠵᠤ ᠪᠠᠶᠢᠭᠰᠠᠭᠠᠷ᠄ ᠨᠢᠭᠡ ᠳᠤ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠡᠯᠬᠢᠶ᠎ᠡ ᠣᠬᠤᠷ᠂ ᠲᠤᠯᠭᠠᠭᠤᠷᠢᠯᠠᠬᠤ ᠲᠡᠮᠳᠡᠭᠲᠦ ᠶᠢ ᠡᠭᠦᠳᠦᠨ ᠪᠠᠶᠢᠭᠤᠯᠤᠭᠰᠠᠨ ᠢᠶᠠᠷ ᠳᠤᠲᠠᠮᠠᠭ︔ | ᠦᠢᠯᠡᠳᠪᠦᠷᠢ ᠠᠭᠤᠷᠬᠠᠢ ᠶᠡᠷᠦᠩᠬᠡᠢ ᠳᠡᠭᠡᠨ ︽ᠲᠠᠷᠠᠬᠠᠢ᠂ ᠪᠠᠭ᠎ᠠ᠂ ᠪᠠᠭᠤᠷᠠᠢ︾ ᠪᠠᠶᠢᠵᠤ᠂ ᠬᠠᠷᠢᠴᠠᠭ᠎ᠠ ᠬᠤᠯᠪᠤᠭ᠎ᠠ | ᠨᠢᠭᠲᠠ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ᠂ ᠭᠠᠶᠢᠯᠢ ᠶᠢᠨ ᠣᠷᠣᠯᠭ᠎ᠠ ᠶᠢ ᠨᠡᠮᠡᠭᠳᠡᠭᠦᠯᠦᠭᠰᠡᠨ ᠰᠢᠯᠢᠳᠡᠭ ᠠᠵᠤ | ᠠᠬᠤᠶᠢᠯᠠᠯ ᠴᠦᠭᠡᠨ︔ ᠵᠢᠭᠤᠯᠴᠢᠯᠠᠯ ᠤᠨ ᠦᠢᠯᠡᠰ ᠳᠠᠩ ᠴᠣᠯᠭᠤᠢ᠂ ᠰᠤᠶᠤᠯ ᠵᠢᠭᠤᠯᠴᠢᠯᠠᠯ ᠤᠨ ᠠᠭᠤᠰᠤᠯᠴᠠᠯ | ᠠᠨᠠᠢ᠂ ᠬᠦᠭᠵᠢᠯᠲᠡ ᠶᠢᠨ ᠠᠷᠭ᠎ᠠ ᠮᠠᠶ᠋ᠢᠭ ᠬᠤᠴᠤᠷᠤᠩᠭᠤᠢ ᠵᠡᠷᠭᠡ ᠠᠰᠠᠭᠤᠳᠠᠯ ᠮᠦᠨ ᠯᠠ ᠣᠷᠤᠰᠢᠵᠤ ᠪᠤᠢ᠃ | ᠬᠤᠶᠠᠷ ᠲᠤ ᠣᠷᠤᠨ ᠪᠠᠶᠢᠷᠢᠰᠢᠯ᠂ ᠲᠥᠷᠦ ᠶᠢᠨ ᠪᠣᠳᠤᠯᠭ᠎ᠠ᠂ ᠡᠬᠢ ᠪᠠᠶᠠᠯᠢᠭ ᠤᠨ ᠳᠠᠪᠠᠭᠤᠯᠢᠭ ᠢᠶᠠᠨ ᠭᠦᠢᠴᠡᠳ | ᠪᠠᠳᠠᠷᠠᠭᠤᠯᠵᠤ ᠴᠢᠳᠠᠭ᠎ᠠ ᠦᠭᠡᠢ᠂ ᠴᠢᠬᠤᠯᠠ ᠶᠡᠭᠡ ᠲᠦᠷᠦᠯ ᠵᠦᠢᠯ ᠤᠨ ᠨᠦᠭᠡᠴᠡ ᠪᠠᠭ᠎ᠠ᠂ ᠠᠷᠠᠯᠵᠢᠶᠠᠴᠢᠨ ᠤᠷᠢᠬᠤ | ᠲᠦᠷᠦᠯ ᠵᠦᠢᠯ ᠢ ᠣᠯᠬᠤ ᠳᠤ ᠬᠦᠴᠢᠷ᠂ ᠪᠣᠳᠠᠲᠠᠶᠢᠵᠢᠭᠤᠯᠬᠤ ᠳᠤ ᠤᠳᠠᠭᠠᠨ᠂ ᠡᠳ᠋ ᠮᠦᠩᠭᠦᠨ ᠤ | ᠢᠷᠡᠯᠲᠡ ᠳᠤᠲᠠᠮᠠᠭ ᠮᠦᠷᠲᠡᠭᠡᠨ ᠪᠦᠲᠦᠴᠡ ᠲᠣᠬᠢᠷᠠᠮᠵᠢ ᠦᠭᠡᠢ᠂ ᠵᠠᠰᠠᠭ ᠤᠨ ᠣᠷᠳᠤᠨ ᠤ ᠣᠷᠣᠯᠭ᠎ᠠ ᠵᠠᠷᠤᠯᠭ᠎ᠠ ᠶᠢ | ᠲᠡᠩᠴᠡᠭᠦᠷᠢᠰᠢᠭᠦᠯᠬᠦ ᠳᠤ ᠬᠦᠴᠢᠷ ᠪᠠᠶᠢᠭᠰᠠᠭᠠᠷ᠃ ᠭᠤᠷᠪᠠ ᠳᠤ ᠠᠷᠠᠳ ᠤᠨ ᠠᠮᠢᠳᠤᠷᠠᠯ ᠤᠨ ᠪᠠᠲᠤᠯᠠᠭ᠎ᠠ ᠪᠣᠯᠣᠨ | ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠤ ᠲᠠᠯ᠎ᠠ ᠪᠠᠷ ᠳᠤᠲᠠᠭᠳᠠᠯ ᠣᠷᠤᠰᠢᠵᠤ᠂ ᠰᠤᠷᠭᠠᠨ ᠬᠦᠮᠦᠵᠢᠯ᠂ | ᠡᠮ ᠡᠮᠨᠡᠯᠭᠡ᠂ ᠨᠠᠰᠤᠵᠢᠯ ᠵᠡᠷᠭᠡ ᠳᠤ ᠬᠠᠩᠭᠠᠬᠤ ᠪᠠᠲᠤᠯᠠᠭᠠᠨ ᠤ ᠶᠠᠰᠤ ᠴᠢᠨᠠᠷ ᠨᠢ ᠠᠷᠠᠳ ᠲᠦᠮᠡᠨ ᠤ ᠬᠦᠰᠡᠯ | ᠡᠷᠡᠮᠡᠯᠵᠡᠯ ᠲᠠᠢ ᠪᠠᠰᠠ ᠵᠦᠷᠢᠶᠠᠨ ᠲᠠᠢ ᠪᠠᠶᠢᠭᠰᠠᠭᠠᠷ᠃ ᠡᠭᠦᠨ ᠠᠴᠠ ᠭᠠᠳᠠᠨ᠎ᠠ᠂ ᠵᠠᠰᠠᠭ ᠤᠨ ᠰᠢᠰᠲ᠋ᠧᠮ ᠤᠨ ᠬᠡᠰᠡᠭ | ᠺᠠᠳ᠋ᠷ ᠠᠵᠢᠯᠲᠠᠨ ᠤ ᠰᠢᠨ᠎ᠡ ᠶᠢ ᠡᠭᠦᠳᠬᠦ ᠤᠬᠠᠮᠰᠠᠷ᠂ ᠡᠭᠦᠷᠭᠡᠯᠡᠬᠦ ᠵᠣᠷᠢᠭ ᠰᠠᠨᠠᠭ᠎ᠠ᠂ ᠭᠦᠢᠴᠡᠳᠭᠡᠬᠦ ᠴᠢᠳᠠᠪᠤᠷᠢ᠂ | ᠠᠵᠢᠯ ᠤᠨ ᠬᠡᠪ ᠰᠤᠷᠲᠠᠯ ᠨᠢ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠢ ᠬᠦᠭᠵᠢᠯᠲᠡ ᠶᠢᠨ ᠱᠠᠭᠠᠷᠳᠠᠯᠭ᠎ᠠ ᠳᠤ | ᠬᠦᠷᠦᠭᠡᠳᠦᠢ ᠪᠠᠶᠢᠭᠰᠠᠭᠠᠷ᠃ ᠡᠭᠦᠨ ᠳᠤ ᠪᠢᠳᠠ ᠡᠷᠭᠡᠪᠰᠢ ᠢᠷᠡᠭᠡᠳᠦᠢ ᠪᠠᠨ ᠳᠠᠩᠳᠠ ᠰᠠᠨᠠᠭᠠᠰᠢᠷᠠᠨ ᠪᠣᠳᠤᠯᠬᠢᠯᠠᠵᠤ᠂ | ᠬᠤᠷᠢᠭ᠎ᠠ ᠱᠤᠭᠤᠮ ᠤᠨ ᠰᠡᠳᠬᠢᠭᠦᠢ ᠶᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠦᠭᠡᠯᠡᠬᠦ ᠪᠠᠷ ᠬᠦᠭᠵᠢᠯᠲᠡ | ᠰᠢᠪᠲᠤᠯᠤᠯᠲᠠ ᠶᠢ ᠳᠠᠶᠢᠴᠢᠯᠠᠵᠤ᠂ ᠠᠰᠠᠭᠤᠳᠠᠯ ᠢ ᠰᠢᠢᠳᠪᠦᠷᠢᠯᠡᠬᠦ ᠪᠠᠷ ᠬᠦᠭᠵᠢᠯᠲᠡ ᠶᠢ ᠠᠬᠢᠭᠤᠯᠤᠨ᠂ ᠦᠷ᠎ᠡ | ᠪᠦᠲᠦᠮᠵᠢ ᠪᠠᠨ ᠳᠡᠭᠡᠭᠰᠢᠯᠡᠭᠦᠯᠵᠦ ᠦᠰᠦᠷᠦᠯᠲᠡ ᠶᠢᠨ ᠴᠢᠨᠠᠷᠲᠠᠢ ᠠᠮᠵᠢᠯᠲᠠ ᠣᠯᠬᠤ ᠬᠡᠷᠡᠭᠲᠡᠢ᠃ | ᠬᠤᠶᠠᠷ᠂ 2023 ᠣᠨ ᠤ ᠭᠤᠣᠯ ᠬᠠᠷᠠᠯᠲᠠ ᠪᠠ ᠭᠤᠣᠯᠳᠠᠯᠭᠠᠲᠤ ᠠᠵᠢᠯ | 2023ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ︽ᠠᠷᠪᠠᠨ ᠳᠦᠷᠪᠡᠳᠦᠭᠡᠷ ᠲᠠᠪᠤᠨ ᠵᠢᠯ︾ ᠤᠨ | ᠬᠦᠭᠵᠢᠯᠲᠡ ᠶᠢᠨ ᠲᠦᠯᠦᠪᠵᠢᠭᠦᠯᠬᠡ ᠶᠢ ᠨᠠᠶᠢᠳᠠᠪᠤᠷᠢᠵᠢᠭᠤᠯᠬᠤ ᠬᠠᠮᠤᠭ ᠴᠢᠬᠤᠯᠠ ᠵᠢᠯ᠂ ᠮᠦᠨᠴᠦ ᠰᠢᠨ᠎ᠡ ᠳᠣᠬᠢᠶᠠᠯ ᠢ | ᠠᠳᠬᠤᠨ ᠰᠢᠨ᠎ᠡ ᠳᠠᠪᠠᠭᠤᠯᠢᠭ ᠢ ᠨᠡᠮᠡᠭᠳᠡᠭᠦᠯᠵᠦ᠂ ᠰᠢᠨ᠎ᠡ ᠬᠦᠳᠡᠯᠭᠡᠬᠦ ᠬᠦᠴᠦᠨ ᠢ ᠡᠭᠦᠳᠦᠨ᠂ ᠰᠢᠨ᠎ᠡ | ᠬᠦᠭᠵᠢᠯᠲᠡ ᠶᠢ ᠪᠡᠶᠡᠯᠡᠭᠦᠯᠬᠦ ᠵᠠᠩᠭᠢᠯᠠᠭ᠎ᠠ ᠶᠢᠨ ᠵᠢᠯ ᠪᠣᠯᠣᠨ᠎ᠠ᠃ ᠬᠤᠰᠢᠭᠤᠨ ᠤ ᠨᠠᠮ ᠤᠨ ᠬᠤᠷᠢᠶᠠᠨ ᠤ | ᠪᠠᠶᠢᠷᠢᠰᠢᠭᠤᠯᠤᠯᠲᠠ ᠪᠠᠷ᠂ ᠪᠢᠳᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠬᠤᠷᠢᠳᠤᠭᠠᠷ ᠶᠡᠭᠡ | ᠬᠤᠷᠠᠯ ᠪᠤᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠤᠱᠯᠠᠭᠤᠯᠵᠤ᠂ ᠰᠢ ᠶᠢᠨ ᠫᠢᠩ ᠱᠦᠵᠢ ᠶᠢᠨ ᠦᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ | ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠭᠢᠷᠭ᠎ᠠ ᠪᠣᠯᠣᠨ ᠬᠤᠰᠢᠭᠤ ᠨᠠᠮ ᠤᠨ ᠬᠤᠷᠢᠶᠠᠨ ᠤ | ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ ᠬᠦᠭᠵᠢᠯᠲᠡ ᠶᠢᠨ | ᠣᠶᠢᠯᠠᠭᠠᠭᠲᠠᠬᠤᠨ ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠡ | ᠬᠦᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠨ᠂ ᠬᠢᠵᠢᠭ ᠤᠨ ᠪᠠᠶᠢᠳᠠᠯ ᠤᠨ | ᠰᠡᠷᠭᠡᠶᠢᠯᠡᠨ ᠡᠵᠡᠮᠳᠡᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ ᠲᠦᠯᠦᠪᠯᠡᠵᠦ᠂ | ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠨ᠂ ᠦᠪᠡᠷᠲᠡᠭᠡᠨ ᠵᠠᠰᠠᠬᠤ ᠣᠷᠤᠨ ᠤ ︽ᠲᠠᠪᠤᠨ ᠶᠡᠭᠡ | ᠡᠭᠦᠷᠬᠡ︾ ᠶᠢ ᠬᠦᠴᠦᠯᠡᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠲᠠ ᠤᠷᠤᠭᠰᠢᠯᠠᠬᠤ ᠠᠵᠢᠯ ᠤᠨ ᠶᠡᠷᠦᠩᠬᠡᠶ | ᠬᠥᠭ ᠠᠶᠠᠰ ᠢ ᠪᠠᠷᠢᠮᠲᠠᠯᠠᠨ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠵᠠᠬ᠎ᠠ | ᠳᠡᠯᠭᠡᠭᠦᠷ ᠤᠨ ᠡᠷᠬᠢᠯᠳᠡ ᠶᠢ ᠬᠦᠭᠵᠢᠬᠡᠨ᠂ ᠢᠯᠡᠷᠬᠡᠢ ᠨᠡᠮᠡᠭᠳᠡᠯ ᠢ ᠪᠠᠷᠢᠮᠳᠠᠯᠠᠵᠤ᠂ ᠠᠵᠢᠯ ᠣᠯᠤᠯᠲᠠ ᠪᠠ ᠪᠠᠷᠠᠭᠠᠨ ᠤ | ᠦᠨ᠎ᠡ ᠬᠠᠩᠰᠢ ᠶᠢ ᠲᠤᠭᠳᠠᠪᠤᠷᠢᠵᠢᠭᠤᠯᠤᠨ᠂ ᠪᠦᠬᠦ ᠬᠦᠴᠦᠨ ᠢᠶᠠᠷ ᠪᠡᠯᠡ ᠣᠷᠤᠭᠤᠯᠤᠯᠲᠠ ᠶᠢ ᠦᠷᠭᠡᠳᠬᠡᠨ᠂ ᠠᠮᠢ | ᠠᠬᠤᠢ ᠶᠢ ᠰᠢᠯᠢᠳᠡᠭᠵᠢᠭᠦᠯᠵᠦ᠂ ᠪᠦᠲᠦᠴᠡ ᠪᠠᠨ ᠲᠤᠬᠢᠷᠠᠭᠤᠯᠤᠨ᠂ ᠰᠠᠭᠤᠷᠢ ᠪᠠᠨ ᠪᠠᠲᠤᠳᠬᠠᠵᠤ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠨ᠂ ᠲᠤᠭᠳᠠᠭᠤᠨ ᠢ ᠪᠠᠲᠤᠯᠠᠵᠤ᠂ ᠳᠤᠮᠳᠠᠳᠤ ᠤᠯᠤᠰ ᠤᠨ ᠣᠨᠴᠠᠯᠢᠭᠲᠤ | ᠣᠳᠣᠬᠢᠴᠢᠯᠠᠯᠲᠠ ᠶᠢᠨ ᠶᠠᠪᠤᠴᠠ ᠳᠤ ᠡᠵᠡᠨ᠎ᠡ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢᠨ | ᠰᠢᠨ᠎ᠡ ᠬᠠᠭᠤᠳᠠᠰᠤ ᠶᠢ ᠲᠣᠭᠤᠷᠪᠢᠨᠠ᠃ | ᠭᠤᠣᠯ ᠵᠢᠱᠢᠭᠰᠡᠨ ᠬᠠᠷᠠᠯᠲᠠ ᠪᠣᠯ᠄ ᠣᠷᠣᠨ ᠨᠣᠲᠤᠭ ᠤᠨ ᠥᠢᠯᠡᠳᠪᠦᠷᠢᠯᠡᠯ ᠤᠨ ᠶᠡᠷᠦᠩᠬᠡᠶ ᠥᠷᠲᠡᠭ ᠢ | 8% ᠪᠠᠷ ᠨᠡᠮᠡᠭᠳᠡᠭᠦᠯᠦᠨ᠎ᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 8% ᠪᠠᠷ ᠨᠡᠮᠡᠭᠳᠡᠭᠦᠯᠦᠨ᠎ᠡ︔ | ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 10% ᠪᠠᠷ ᠨᠡᠮᠡᠭᠳᠡᠭᠦᠯᠦᠨ᠎ᠡ︔ ᠨᠡᠶᠢᠬᠡᠮ ᠤᠨ | ᠬᠡᠷᠡᠭᠯᠡᠭᠡᠨ ᠤ ᠪᠤᠳᠠᠰ ᠤᠨ ᠬᠡᠰᠡᠭᠯᠡᠨ ᠪᠣᠷᠣᠯᠠᠭᠤᠯᠤᠯᠲᠠ ᠶᠢᠨ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠦᠨ᠎ᠡ︔ | ᠬᠤᠲᠠ ᠪᠠᠯᠭᠠᠰᠤ ᠪᠠ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 7% ᠪᠠ 8% ᠪᠠᠷ ᠨᠡᠮᠡᠭᠳᠡᠭᠦᠯᠦᠨ᠎ᠡ᠃ ᠡᠯ᠎ᠡ | ᠵᠦᠢᠯ ᠤᠨ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢ ᠳᠡᠭᠡᠳᠦ ᠱᠠᠲᠤᠨ ᠤ ᠲᠤᠭᠲᠠᠭᠠᠭᠰᠠᠨ ᠬᠡᠪᠴᠢᠶᠡᠨ ᠳᠤ | ᠪᠠᠶᠢᠯᠭᠠᠨ᠎ᠠ᠃ | ᠳᠡᠭᠡᠷᠡᠬᠢ ᠬᠠᠷᠠᠯᠲᠠ ᠶᠢᠨ ᠲᠣᠭᠤᠷᠢᠨ ᠳᠤ ᠪᠢᠳᠠ ᠳᠣᠣᠷᠠᠬᠢ ᠵᠢᠷᠭᠤᠭᠠᠨ ᠲᠦᠷᠦᠯ ᠤᠨ ᠠᠵᠢᠯ ᠢ ᠢᠲᠡᠭᠡᠯ | ᠲᠠᠢ᠂ ᠰᠠᠨᠠᠭᠠᠴᠢᠯᠠᠭ᠎ᠠ ᠲᠠᠢ ᠰᠠᠶᠢᠳᠤᠷ ᠬᠢᠨ᠎ᠡ᠃ | ︵ᠨᠢᠭᠡ︶ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠭᠤᠶᠢᠪᠢᠰᠢ ᠦᠭᠡᠢ ᠪᠠᠬᠢᠵᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠭᠡᠬᠦ ᠣᠶᠢᠯᠠᠭᠠᠭᠲᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠤᠯᠭ᠎ᠠ ᠶᠢ ᠪᠠᠲᠤᠲᠠᠢ ᠬᠡᠷᠡᠭᠵᠢᠭᠦᠯᠵᠦ᠂ ᠬᠦᠮᠦᠨ ᠪᠠᠶᠢᠭᠠᠯᠢ ᠶᠢᠨ | ᠡᠶ᠎ᠡ ᠵᠣᠬᠢᠴᠠᠯ ᠠᠴᠠ ᠬᠦᠭᠵᠢᠯᠲᠡ ᠶᠢ ᠲᠦᠯᠦᠪᠯᠡᠵᠦ᠂ ᠪᠣᠬᠢᠷᠳᠤᠯ ᠦᠭᠡᠢ᠂ ᠦᠵᠡᠰᠭᠦᠯᠡᠩᠲᠦ ᠡᠵᠡᠨ᠎ᠡ ᠶᠢ ᠪᠦᠲᠦᠭᠡᠨ | ᠪᠠᠶᠢᠭᠤᠯᠤᠨ᠎ᠠ᠃ | ᠠᠮᠢ ᠠᠬᠤᠢ ᠶᠢᠨ ᠰᠢᠰᠲ᠋ᠧᠮ ᠤᠨ ᠬᠠᠮᠠᠭᠠᠯᠠᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠠᠭᠤᠯᠠ ᠤᠰᠤ᠂ | ᠣᠶ ᠰᠢᠭᠤᠶ᠂ ᠲᠠᠷᠢᠶᠠᠨ ᠭᠠᠵᠠᠷ᠂ ᠨᠠᠭᠤᠷ ᠴᠦᠬᠦᠷᠦᠮ᠂ ᠨᠤᠲᠤᠭ ᠪᠡᠯᠴᠢᠭᠡᠷ᠂ ᠡᠯᠡᠰᠦ ᠮᠠᠩᠬᠠᠨ ᠤ ᠰᠢᠰᠲ᠋ᠧᠮᠲᠦ | ᠬᠠᠮᠠᠭᠠᠯᠠᠯᠲᠠ ᠪᠣᠯᠣᠨ ᠶᠡᠷᠦᠩᠬᠡᠶᠢᠯᠡᠭᠰᠡᠨ ᠵᠠᠰᠠᠯᠲᠠ ᠶᠢ ᠨᠡᠩ ᠥᠨᠳᠦᠷ ᠪᠠᠷᠢᠮᠵᠢᠶ᠎ᠠ ᠪᠠᠷ ᠠᠬᠢᠭᠤᠯᠵᠤ᠂ ︽ᠣᠢ ᠶᠢᠨ | ᠳᠠᠷᠤᠭ᠎ᠠ ᠶᠢᠨ ᠳᠦᠷᠢᠮ︾᠂ ︽ᠨᠠᠭᠤᠷ ᠭᠤᠣᠯ ᠤᠨ ᠳᠠᠷᠤᠭ᠎ᠠ ᠶᠢᠨ ᠳᠦᠷᠢᠮ︾ ᠢ ᠴᠢᠩᠭ᠎ᠠ ᠨᠠᠶᠢᠳᠠᠪᠤᠷᠢᠵᠢᠭᠤᠯᠤᠨ᠂ | ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠡᠵᠡᠨ᠎ᠡ ᠶᠢᠨ ᠲᠣᠣᠷᠠᠢ ᠶᠢᠨ ᠣᠢ ᠶᠢᠨ ᠬᠠᠮᠠᠭᠠᠯᠠᠯᠲᠠ ᠶᠢᠨ | ᠳᠦᠷᠢᠮ︾ ᠢ ᠲᠤᠤᠱᠯᠠᠭᠤᠯᠵᠤ᠂ ︽ᠭᠤᠷᠪᠠᠨ ᠤᠮᠠᠷᠠᠲᠤ︾ ᠶᠢᠨ ᠬᠠᠯᠬᠠᠪᠴᠢ ᠣᠢ᠂ ᠲᠠᠷᠢᠶᠠᠯᠠᠬᠤ ᠶᠢ ᠵᠣᠭᠰᠤᠭᠠᠨ | ᠣᠢ ᠶᠢ ᠰᠡᠷᠭᠦᠭᠡᠬᠦ ᠵᠡᠷᠭᠡ ᠭᠤᠣᠯᠳᠠᠯᠭᠠᠲᠤ ᠠᠮᠢ ᠠᠬᠤᠢ ᠶᠢ ᠰᠡᠷᠭᠦᠭᠡᠨ ᠵᠠᠰᠠᠬᠤ ᠢᠨᠵᠧᠨᠧᠷᠢᠩ ᠢ ᠭᠦᠨᠵᠡᠭᠡᠢ | ᠶᠠᠪᠤᠭᠳᠠᠭᠤᠯᠤᠨ᠎ᠠ᠃ ᠤᠯᠤᠰ ᠤᠨ ᠭᠠᠵᠠᠷ ᠰᠢᠷᠦᠢ ᠶᠢᠨ ᠨᠤᠭᠤᠭᠠᠷᠠᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ | 13.1 ᠲᠦᠮᠡᠨ ᠮᠤ᠋ ᠲᠠᠷᠢᠵᠤ ᠣᠶᠢᠵᠢᠭᠤᠯᠤᠨ᠂ ᠭᠤᠣᠯᠳᠠᠯᠭᠠᠲᠤ ᠴᠠᠷ᠎ᠠ ᠬᠦᠷᠢᠶᠠᠨ ᠳᠤ 2 ᠲᠦᠮᠡᠨ ᠮᠤ᠋ | ᠨᠣᠭᠤᠭᠠᠷᠠᠭᠤᠯᠵᠤ᠂ 200 ᠲᠦᠮᠡᠨ ᠮᠤ᠋ ᠨᠣᠲᠤᠭ ᠪᠡᠯᠴᠢᠭᠡᠷ ᠢ ᠪᠦᠳᠦᠬᠡᠨ ᠪᠠᠶᠢᠭᠤᠯᠵᠤ ᠬᠠᠮᠠᠭᠠᠯᠠᠨ᠎ᠠ᠃ ᠣᠢ | ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠢ ᠰᠡᠷᠭᠡᠶᠢᠯᠡᠬᠦ᠂ ᠠᠮᠢ ᠠᠬᠤᠢ ᠶᠢᠨ ᠡᠬᠢ ᠪᠠᠶᠠᠯᠢᠭ ᠢ ᠬᠠᠮᠠᠭᠠᠯᠠᠬᠤ᠂ | ᠬᠦᠨᠦᠭᠡᠯᠲᠦ ᠬᠤᠷᠤᠬᠠᠢ ᠶᠢ ᠰᠡᠷᠭᠡᠶᠢᠯᠡᠨ ᠵᠠᠰᠠᠬᠤ ᠬᠦᠴᠦᠯᠡᠴᠡ ᠪᠠᠨ ᠴᠢᠩᠭᠠᠳᠬᠠᠨ᠎ᠠ᠃ ᠬᠠᠷ᠎ᠠ ᠭᠤᠣᠯ ᠤᠨ | ᠤᠰᠤᠨ ᠤ ᠡᠬᠢ ᠪᠠᠶᠠᠯᠢᠭ ᠢ ᠰᠢᠨᠵᠢᠯᠡᠬᠦ ᠤᠬᠠᠭᠠᠨᠴᠢ ᠵᠦᠢ ᠵᠣᠬᠢᠰᠲᠠᠢ ᠲᠣᠬᠢᠷᠠᠭᠤᠯᠵᠤ᠂ ᠭᠠᠵᠠᠷ ᠣᠷᠤᠨ᠂ ᠴᠠᠭ | ᠬᠤᠭᠤᠴᠠᠭ᠎ᠠ ᠬᠤᠪᠢᠶᠠᠨ ᠤᠰᠤᠯᠠᠬᠤ ᠠᠷᠭ᠎ᠠ ᠬᠡᠮᠵᠢᠶ᠎ᠡ ᠠᠪᠴᠤ᠂ ᠤᠰᠤᠯᠠᠬᠤ ᠬᠡᠮᠵᠢᠶ᠎ᠡ ᠶᠢ ᠴᠢᠳᠠᠬᠤ ᠶᠢᠨ ᠬᠢᠷᠢ ᠪᠠᠷ | ᠦᠷᠭᠡᠳᠬᠡᠵᠦ᠂ ᠬᠠᠷ᠎ᠠ ᠭᠤᠤᠯ ᠤᠨ ᠠᠮᠢ ᠠᠬᠤᠢ ᠶᠢᠨ ᠦᠷ᠎ᠡ ᠠᠰᠢᠭ ᠢ ᠭᠦᠢᠴᠡᠳ ᠪᠠᠳᠠᠷᠠᠭᠤᠯᠤᠨ᠎ᠠ᠃ | ᠭᠤᠷᠤᠨᠠᠢ ᠶᠢᠨ ᠭᠤᠣᠯ᠂ ᠦᠩᠲᠦᠭᠤᠣᠯ ᠵᠡᠷᠭᠡ ᠨᠤᠭᠤ ᠭᠠᠵᠠᠷ ᠢ ᠬᠠᠮᠠᠭᠠᠯᠠᠵᠤ ᠬᠠᠮᠢᠶᠠᠷᠬᠤ ᠬᠦᠴᠦᠯᠡᠴᠡ ᠪᠠᠨ | ᠨᠡᠮᠡᠭᠳᠡᠭᠦᠯᠵᠦ᠂ ᠠᠮᠢᠳᠤ ᠪᠣᠳᠠᠰ ᠤᠨ ᠣᠯᠠᠨ ᠶᠠᠩᠵᠤᠲᠤ ᠴᠢᠨᠠᠷ ᠤᠨ ᠬᠠᠮᠠᠭᠠᠯᠠᠯᠲᠠ ᠶᠢ ᠴᠢᠩᠭᠠᠳᠬᠠᠵᠤ᠂ ᠠᠮᠢ | ᠠᠬᠤᠢ ᠣᠷᠴᠢᠨ ᠲᠤᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠣᠷᠴᠢᠨ ᠲᠣᠭᠤᠷᠢᠨ ᠤ ᠪᠣᠬᠢᠷᠳᠦᠯ ᠤᠨ ᠰᠡᠷᠭᠡᠶᠢᠯᠡᠨ ᠵᠠᠰᠠᠯᠲᠠ ᠶᠢ ᠭᠦᠨᠵᠡᠭᠡᠶᠢᠷᠡᠨ ᠠᠬᠢᠭᠤᠯᠤᠨ᠎ᠠ᠃ | ᠪᠠᠷᠢᠯᠭ᠎ᠠ ᠶᠢᠨ ᠠᠵᠢᠯ ᠤᠨ ᠲᠣᠭᠤᠰᠤ ᠲᠤᠶᠢᠷᠤᠮ᠂ ᠭᠠᠯ ᠲᠣᠭᠤᠭᠠᠨ ᠤ ᠤᠲᠤᠭ᠎ᠠ ᠬᠡᠩᠰᠢᠭᠦᠦ ᠪᠣᠯᠣᠨ ᠳᠡᠭᠳᠡᠮᠡᠬᠡᠢ | ᠴᠢᠨᠠᠷ ᠲᠠᠢ ᠤᠷᠭᠠᠨᠢᠭ ᠪᠣᠳᠠᠰ ᠤᠨ ᠵᠠᠰᠠᠯᠲᠠ ᠶᠢ ᠴᠢᠩᠭᠠᠳᠬᠠᠨ᠂ ᠬᠤᠪᠢ ᠶᠢᠨ ᠬᠡᠷᠡᠭᠯᠡᠭᠡᠨ ᠤ ᠨᠡᠭᠦᠷᠡᠰᠦᠨ | ᠳᠤᠯᠠᠭᠠᠯᠠᠭ᠎ᠠ ᠶᠢ ᠴᠠᠬᠢᠯᠭᠠᠨ ᠡᠨᠧᠷᠬᠢ ᠪᠠᠷ ᠣᠷᠤᠯᠠᠭᠤᠯᠬᠤ ᠠᠬᠢᠴᠠ ᠶᠢ ᠲᠦᠷᠭᠡᠳᠬᠡᠵᠦ᠂ ᠠᠭᠠᠷ ᠤᠨ ᠴᠡᠪᠡᠷᠰᠢᠯ ᠢ | ᠨᠡᠩ ᠲᠡᠬᠡᠭᠰᠢᠯᠡᠬᠦᠯᠦᠨ᠎ᠠ᠃ ᠨᠠᠭᠤᠷ ᠭᠤᠣᠯ ᠤᠨ ︽ᠳᠦᠷᠪᠡᠨ ᠳᠢᠭᠯᠢᠮ ᠦᠭᠡᠢ ᠪᠠᠶᠢᠳᠠᠯ ᠤᠨ ᠴᠡᠭᠴᠡᠯᠡᠯᠲᠡ︾ ᠶᠢ | ᠦᠷᠭᠦᠯᠵᠢᠯᠡᠨ ᠳᠦᠷᠢᠮᠵᠢᠭᠦᠯᠵᠦ ᠪᠠᠶᠢᠩᠭᠤᠵᠢᠭᠤᠯᠤᠨ᠂ ᠤᠤᠭᠤᠬᠤ ᠤᠰᠤᠨ ᠤ ᠡᠬᠢ ᠰᠤᠷᠪᠤᠯᠵᠢ ᠶᠢᠨ ᠬᠠᠮᠠᠭᠠᠯᠠᠯᠲᠠ | ᠪᠠ ᠭᠠᠵᠠᠷ ᠳᠤᠤᠷᠠᠬᠢ ᠣᠰᠤᠨ ᠤ ᠪᠣᠵᠠᠷᠳᠤᠯ ᠤᠨ ᠰᠡᠷᠭᠡᠶᠢᠯᠡᠨ ᠵᠠᠰᠠᠯᠲᠠ ᠶᠢ ᠴᠢᠩᠭᠠᠳᠬᠠᠵᠤ᠂ ᠤᠰᠤᠨ ᠤ ᠣᠷᠴᠢᠨ | ᠲᠤᠭᠤᠷᠢᠨ ᠤ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠲᠠᠷᠢᠶᠠᠯᠠᠩ ᠤᠨ ᠣᠯᠠᠨ ᠡᠬᠢᠲᠦ ᠪᠣᠬᠢᠷᠳᠦᠯ ᠢ ᠰᠢᠨᠵᠢᠯᠡᠬᠦ | ᠤᠬᠠᠭᠠᠨᠴᠢ ᠪᠠᠷ ᠴᠡᠭᠴᠡᠯᠡᠨ ᠵᠠᠰᠠᠵᠤ᠂ ᠲᠠᠷᠢᠶᠠᠨ ᠡᠮ ᠬᠢᠮᠢ ᠶᠢᠨ ᠪᠣᠷᠳᠤᠭᠤᠷ ᠤᠨ ᠬᠡᠷᠡᠭᠯᠡᠯᠲᠡ ᠶᠢ ᠪᠠᠭᠠᠰᠬᠠᠵᠤ | ᠦᠷ᠎ᠡ ᠠᠰᠢᠭ ᠢ ᠨᠡᠮᠡᠭᠳᠡᠭᠦᠯᠬᠦ᠂ ᠤᠷᠭᠠᠨᠢᠭ ᠪᠣᠷᠳᠣᠭᠤᠷ ᠢᠶᠠᠷ ᠣᠷᠤᠯᠠᠭᠤᠯᠬᠤ᠂ ᠬᠠᠶᠠᠭᠳᠠᠮᠠᠯ ᠬᠠᠭᠤᠴᠢᠨ ᠰᠦᠯᠢᠶᠣᠣ | ᠪᠦᠷᠬᠦᠪᠴᠢ ᠶᠢ ᠬᠤᠷᠢᠶᠠᠨ ᠠᠪᠬᠤ ᠬᠦᠴᠦᠯᠡᠴᠡ ᠪᠠᠨ ᠨᠡᠮᠡᠭᠳᠡᠭᠦᠯᠵᠦ᠂ ᠲᠠᠷᠢᠶᠠᠯᠠᠩ ᠦᠢᠯᠡᠳᠪᠦᠷᠢᠯᠡᠯ ᠤᠨ ᠦᠪᠡᠷ ᠤᠨ | ᠦᠷᠲᠡᠭ ᠢ ᠪᠠᠭᠠᠰᠬᠠᠨ ᠦᠷ᠎ᠡ ᠠᠰᠢᠭ ᠢ ᠨᠡᠮᠡᠭᠳᠡᠭᠦᠯᠦᠨ᠎ᠡ᠃ ᠠᠭᠤᠷᠬᠠᠢ ᠶᠢᠨ ᠭᠠᠵᠠᠷ ᠰᠢᠨᠵᠢᠯᠡᠭᠡᠨ ᠤ ᠣᠷᠴᠢᠨ | ᠲᠤᠭᠤᠷᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠦᠷᠨᠢᠭᠦᠯᠵᠦ᠂ ᠡᠮᠨᠡᠯᠭᠡ ᠶᠢᠨ ᠬᠠᠶᠠᠭᠳᠠᠮᠠᠯ ᠪᠣᠯᠣᠨ ᠠᠶᠤᠯᠲᠤ | ᠬᠠᠲᠠᠭᠤ ᠬᠠᠶᠠᠭᠳᠠᠮᠠᠯ ᠢ ᠴᠢᠩᠭ᠎ᠠ ᠬᠢᠨᠠᠨ ᠰᠢᠢᠳᠪᠦᠷᠢᠯᠡᠵᠦ᠂ ᠣᠷᠴᠢᠨ ᠲᠣᠭᠤᠷᠢᠨ ᠤ ᠠᠮᠤᠷ ᠲᠦᠪᠰᠢᠨ ᠤ | ᠰᠡᠷᠭᠡᠶᠢᠯᠡᠯᠲᠡ ᠶᠢᠨ ᠱᠤᠭᠤᠮ ᠢ ᠪᠠᠬᠢᠵᠢᠭᠦᠯᠦᠨ᠎ᠡ᠃ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠣᠷᠭᠢᠯ | ᠬᠡᠮᠵᠢᠭᠳᠡᠯ ᠠᠴᠠ ᠨᠢ ᠪᠠᠭᠤᠷᠠᠭᠤᠯᠬᠤ︾᠂ ︽ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠢ ᠵᠦᠭᠰᠢᠷᠡᠭᠦᠯᠦᠨ | ᠨᠠᠮᠳᠠᠭᠠᠬᠤ︾ ᠬᠦᠳᠡᠯᠭᠡᠭᠡᠨ ᠢ ᠢᠳᠡᠪᠬᠢᠲᠡᠢ ᠦᠷᠨᠢᠭᠦᠯᠦᠨ᠂ ᠡᠨᠧᠷᠬᠢ ᠶᠢᠨ ᠬᠤᠷᠤᠭᠳᠠᠯ ᠤᠨ ︽ᠬᠤᠶᠠᠷ ᠢ ᠡᠵᠡᠮᠳᠡᠬᠦ︾ | ᠶᠢ ᠰᠠᠶᠢᠲᠤᠷ ᠠᠳᠬᠤᠵᠤ᠂ ᠪᠣᠬᠢᠷᠳᠤᠯ ᠦᠭᠡᠢ ᠬᠦᠭᠵᠢᠯᠲᠡ ᠶᠢᠨ ᠬᠦᠳᠡᠯᠭᠡᠭᠴᠢ ᠬᠦᠴᠦᠨ ᠢ ᠪᠤᠢ ᠪᠣᠯᠭᠠᠨ᠎ᠠ᠃ | ᠣᠷᠴᠢᠨ ᠲᠤᠭᠤᠷᠢᠨ ᠤ ᠱᠠᠯᠠᠪᠳᠠᠭᠤᠯᠤᠭᠰᠠᠨ ᠪᠠᠶᠢᠴᠠᠭᠠᠯᠲᠠ ᠠᠴᠠ ᠲᠤᠰᠬᠠᠭᠰᠠᠨ ᠠᠰᠠᠭᠤᠳᠠᠯ ᠢ ᠴᠡᠭᠴᠡᠯᠡᠨ | ᠵᠠᠰᠠᠭᠰᠠᠨ ᠦᠷ᠎ᠡ ᠪᠦᠲᠦᠮᠵᠢ ᠶᠢ ᠪᠠᠬᠢᠵᠢᠭᠦᠯᠵᠦ᠂ ᠲᠣᠭᠤᠷᠢᠨ ᠪᠠᠶᠢᠴᠠᠭᠠᠯᠲᠠ ᠪᠠ ᠬᠠᠤᠯᠢ ᠬᠡᠷᠡᠭᠵᠢᠭᠦᠯᠦᠯᠲᠡ ᠶᠢᠨ | ᠪᠠᠶᠢᠴᠠᠭᠠᠯᠲᠠ ᠶᠢ ᠪᠠᠶᠢᠩᠭᠤ ᠦᠷᠨᠢᠭᠦᠯᠵᠦ᠂ ᠠᠮᠢ ᠠᠬᠤᠢ ᠶᠢᠨ ᠰᠢᠢᠳᠪᠦᠷᠢᠯᠡᠭᠳᠡᠭᠡ ᠦᠭᠡᠢ ᠠᠰᠠᠭᠤᠳᠠᠯ ᠢ | ᠪᠠᠭᠠᠰᠬᠠᠵᠤ᠂ ᠰᠢᠨ᠎ᠡ ᠠᠰᠠᠭᠤᠳᠠᠯ ᠢᠯᠡᠷᠡᠬᠦ ᠠᠴᠠ ᠬᠢᠴᠢᠶᠠᠨ᠂ ᠠᠮᠢ ᠠᠬᠤᠢ ᠶᠢᠨ ᠠᠮᠤᠷ ᠲᠦᠪᠰᠢᠨ ᠤ | ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠨ ᠰᠢᠢᠳᠪᠦᠷᠢᠯᠡᠨ᠎ᠡ᠃ ᠪᠣᠬᠢᠷᠳᠤᠯ ᠦᠭᠡᠢ ᠳᠣᠣᠷ᠎ᠠ | ᠨᠡᠭᠦᠷᠡᠰᠦᠲᠥ᠋ᠷᠥᠭᠴᠢᠲᠦ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠰᠠᠶᠢᠨ ᠰᠠᠶᠢᠬᠠᠨ ᠠᠮᠢ ᠠᠬᠤᠢ ᠪᠠᠷ | ᠠᠷᠠᠳ ᠲᠦᠮᠡᠨ ᠤ ᠵᠣᠯ ᠵᠢᠷᠭᠠᠯ ᠢ ᠨᠡᠮᠡᠭᠳᠡᠭᠦᠯᠵᠦ᠂ ᠠᠵᠤ ᠠᠬᠤᠢ ᠶᠢᠨ ᠦᠷᠭᠦᠯᠵᠢᠯᠡᠭᠦᠶᠢᠴᠡ ᠭᠦᠭᠵᠢᠯᠲᠡ ᠶᠢ | ᠲᠤᠯᠭᠠᠭᠤᠷᠢᠯᠠᠨ᠎ᠠ᠃ | ︵ᠬᠤᠶᠠᠷ︶ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ | ᠴᠢᠨᠠᠷ ᠰᠠᠶᠢᠲᠠᠢ ᠬᠦᠭᠵᠢᠯᠲᠡ ᠶᠢ ᠣᠯᠠᠨ ᠠᠷᠭ᠎ᠠ ᠪᠠᠷ ᠳᠠᠶᠢᠴᠢᠯᠠᠨ᠎ᠠ᠃ ᠴᠢᠨᠠᠷ ᠰᠠᠶᠢᠲᠠᠢ ᠬᠦᠭᠵᠢᠯᠲᠡ ᠪᠠᠷ ᠭᠤᠣᠯ | ᠰᠡᠳᠦᠪ ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ | ᠳᠡᠰ ᠳᠡᠪᠰᠢᠭᠦᠯᠬᠦ ᠶᠢ ᠳᠠᠶᠢᠴᠢᠯᠠᠨ᠂ ᠵᠢᠷᠤᠮᠵᠢᠵᠤ ᠲᠦᠷᠢᠮᠵᠢᠭᠰᠡᠨ᠂ ᠤᠶᠠᠨ ᠬᠠᠳᠠᠨ᠂ ᠡᠷᠬᠢᠯᠳᠡ ᠪᠠᠷ ᠰᠠᠶᠢᠨ᠂ | ᠠᠮᠢᠵᠢᠷᠠᠯ ᠴᠢᠩᠭ᠎ᠠ ᠬᠦᠭᠵᠢᠯᠳᠡ ᠶᠢᠨ ᠲᠤᠭᠳᠠᠴᠠ ᠶᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠶᠡᠷᠦᠩᠬᠡᠢ | ᠪᠣᠳᠠᠲᠤ ᠬᠦᠴᠦᠨ ᠢ ᠲᠠᠰᠤᠷᠠᠯᠲᠠ ᠦᠭᠡᠢ ᠪᠣᠵᠠᠭᠠᠶᠢᠷᠠᠭᠤᠯᠤᠨ᠎ᠠ᠃ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠰᠢᠯᠢᠳᠡᠭᠵᠢᠭᠦᠯᠦᠨ᠎ᠡ᠃ ᠲᠠᠷᠢᠮᠠᠯ ᠤᠨ ᠦᠢᠯᠡᠰ ᠤᠨ | ᠶᠠᠰᠤ ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠠᠯᠲᠤ ᠬᠡᠮᠬᠡ ᠲᠠᠷᠢᠬᠤ ᠰᠠᠭᠤᠷᠢ ᠲᠦᠭᠦᠭᠡᠷᠦᠮᠵᠢ ᠶᠢ ᠤᠯᠠᠮ | ᠲᠡᠭᠦᠯᠳᠡᠷᠵᠢᠭᠦᠯᠦᠨ᠂ ᠲᠠᠷᠢᠮᠠᠯ ᠤᠨ ᠪᠦᠲᠦᠴᠡ ᠪᠠ ᠠᠵᠤ ᠦᠢᠯᠡᠰ ᠤᠨ ᠪᠠᠶᠢᠷᠢᠯᠠᠭᠤᠯᠤᠯᠲᠠ ᠶᠢ ᠨᠡᠩ | ᠰᠢᠯᠢᠳᠡᠭᠵᠢᠭᠦᠯᠵᠦ᠂ ᠤᠰᠤᠨ ᠳᠤ ᠠᠷᠪᠢᠲᠠᠢ᠂ ᠠᠰᠢᠭᠯᠠᠮᠵᠢ ᠦᠨᠳᠤᠷ᠂ ᠤᠷᠭᠠᠨᠢᠭ ᠣᠨᠴᠠᠯᠢᠭᠲᠤ ᠲᠠᠷᠢᠶᠠᠯᠠᠩ ᠢ | ᠬᠦᠴᠦᠯᠡᠨ ᠬᠥᠭᠵᠢᠭᠦᠯᠦᠨ᠎ᠡ᠃ ᠬᠠᠩᠭᠠᠯᠭ᠎ᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠂ 750 ᠲᠦᠮᠡᠨ | ᠲᠦᠭᠦᠷᠢᠭ ᠤᠨ ᠪᠡᠯᠡ ᠣᠷᠣᠭᠤᠯᠵᠤ᠂ 5000 ᠮᠤ᠋ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠪᠦᠲᠦᠭᠡᠨ | ᠪᠠᠶᠢᠭᠤᠯᠤᠨ᠎ᠠ᠃ 4733 ᠲᠦᠮᠡᠨ ᠲᠦᠭᠦᠷᠢᠭ ᠤᠨ ᠪᠡᠯᠡ ᠣᠷᠣᠭᠤᠯᠵᠤ᠂ ᠡᠵᠡᠨ᠎ᠡ ᠶᠢᠨ ᠣᠳᠣ ᠦᠶ᠎ᠡ ᠶᠢᠨ | ᠲᠠᠷᠢᠶᠠᠯᠠᠩ ᠤᠨ ᠪᠠᠯᠲᠤ ᠬᠡᠮᠬᠡ ᠶᠢᠨ ᠦᠢᠯᠡᠰ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠬᠢᠯᠡᠭᠦᠯᠦᠨ᠎ᠡ᠃ | ᠣᠳᠣ ᠪᠠᠶᠢᠭ᠎ᠠ ᠢᠳᠡᠰᠢᠨ ᠨᠣᠭᠤᠭᠠᠨ ᠤ ᠫᠧᠩ ᠢ ᠭᠦᠢᠴᠡᠳ ᠠᠰᠢᠭᠯᠠᠵᠤ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠣᠳᠣᠬᠢᠴᠢᠯᠠᠭᠰᠠᠨ ᠲᠦᠭᠦᠭᠡᠷᠦᠮᠵᠢᠲᠦ ᠲᠠᠷᠢᠶᠠᠯᠠᠩ ᠢ ᠬᠦᠭᠵᠢᠭᠦᠯᠵᠦ᠂ ᠭᠠᠳᠠᠨ᠎ᠠ ᠠᠴᠠ ᠨᠣᠭᠤᠭ᠎ᠠ | ᠣᠷᠣᠭᠤᠯᠬᠤ ᠶᠢ ᠠᠭᠠᠵᠢᠮ ᠢᠶᠠᠷ ᠪᠠᠭᠠᠰᠬᠠᠵᠤ᠂ ᠢᠳᠡᠰᠢᠨ ᠨᠣᠭᠤᠭ᠎ᠠ ᠶᠢ ᠦᠪᠡᠰᠦᠪᠡᠨ ᠬᠠᠩᠭᠠᠨ᠎ᠠ᠃ ᠮᠠᠯ ᠠᠵᠤ | ᠠᠬᠤᠢ ᠶᠢ ᠵᠣᠬᠢᠬᠤ ᠬᠡᠮᠵᠢᠶᠡᠨ ᠳᠤ ᠡᠵᠡᠩᠨᠡᠵᠦ᠂ ᠰᠦᠷᠦᠭ ᠤᠨ ᠪᠦᠲᠦᠴᠡ ᠶᠢ ᠲᠦᠷᠭᠡᠳᠬᠡᠨ ᠰᠢᠯᠢᠳᠡᠭᠵᠢᠭᠦᠯᠵᠦ᠂ | ᠮᠢᠬᠠᠨ ᠤ ᠬᠤᠨᠢ ᠢᠮᠠᠭ᠎ᠠ᠂ ᠮᠢᠬᠠᠨ ᠤ ᠦᠭᠡᠷ ᠢ ᠬᠠᠰᠢᠶᠠᠯᠠᠨ ᠲᠡᠵᠢᠭᠡᠬᠦ ᠬᠠᠷᠢᠴᠠᠯ ᠪᠠ ᠪᠤᠷᠤᠯᠠᠭᠤᠯᠬᠤ ᠨᠢᠳᠤᠯᠬᠤ | ᠡᠷᠭᠢᠯᠳᠦᠭᠦᠯᠬᠦ ᠨᠤᠷᠮ᠎ᠠ ᠶᠢ ᠳᠡᠭᠡᠭᠰᠢᠯᠡᠭᠦᠯᠦᠨ᠎ᠡ᠃ ᠰᠦᠨ ᠤ ᠦᠢᠯᠡᠰ ᠢ ᠬᠦᠭᠵᠢᠭᠦᠯᠦᠨ ᠮᠠᠨᠳᠤᠭᠤᠯᠬᠤ ᠳᠤᠮᠳᠠ | ᠪᠠᠭ᠎ᠠ ᠬᠡᠯᠪᠡᠷᠢ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ ᠳᠡᠰ ᠳᠡᠪᠰᠢᠭᠦᠯᠦᠨ ᠦᠭᠡᠷᠡᠴᠢᠯᠡᠨ ᠵᠠᠰᠠᠬᠤ ᠲᠦᠷᠦᠯ | ᠵᠦᠢᠯ ᠢ ᠲᠡᠮᠡᠴᠡᠨ ᠣᠯᠵᠤ᠂ ᠲᠡᠮᠡᠭᠡᠨ ᠫᠧᠩ᠂ ᠲᠡᠮᠡᠭᠡᠨ ᠬᠠᠰᠢᠶ᠎ᠠ ᠲᠤᠰᠪᠣᠷᠢ 5 ᠲᠦᠮᠡᠨ ᠲᠡᠭᠰᠢ ᠳᠦᠷᠪᠡᠯᠵᠢᠨ | ᠮᠧᠲᠷ ᠰᠢᠨ᠎ᠡ ᠪᠠᠷ ᠪᠠᠶᠢᠭᠤᠯᠤᠨ᠂ ᠲᠡᠮᠡᠭᠡᠨ ᠤ ᠲᠡᠵᠢᠭᠡᠨ ᠦᠷᠡᠵᠢᠭᠦᠯᠦᠯᠲᠡ ᠶᠢᠨ ᠦᠢᠯᠡᠰ ᠢ ᠲᠦᠷᠭᠡᠳᠭᠡᠨ | ᠠᠬᠢᠭᠤᠯᠤᠨ᠎ᠠ᠃ ᠴᠠᠷᠭᠠᠰᠤ ᠶᠢ ᠲᠥᠪᠯᠡᠷᠡᠭᠦᠯᠦᠨ ᠲᠠᠷᠢᠬᠤ ᠨᠦᠬᠦᠪᠦᠷᠢ ᠶᠢᠨ ᠲᠦᠯᠦᠪᠯᠡᠭᠡ ᠶᠢ ᠬᠡᠷᠡᠭᠵᠢᠭᠦᠯᠵᠦ᠂ | ᠴᠠᠷᠭᠠᠰᠤ ᠶᠢᠨ ᠰᠠᠶᠢᠨ ᠡᠭᠦᠯᠳᠡᠷᠵᠢᠭᠰᠡᠨ᠂ ᠪᠠᠷᠢᠮᠵᠢᠶᠠᠵᠢᠭᠰᠠᠨ ᠤᠨᠠᠯᠲᠠ ᠶᠢ ᠲᠦᠯᠬᠢᠨ ᠠᠬᠢᠭᠤᠯᠵᠤ᠂ ᠮᠠᠨ ᠤ | ᠬᠤᠰᠢᠭᠤᠨ ᠤ ᠰᠠᠭᠠᠯᠢ ᠶᠢᠨ ᠰᠠᠭᠤᠷᠢᠨ ᠭᠠᠵᠠᠷ ᠤᠨ ᠲᠡᠵᠢᠭᠡᠯ ᠡᠪᠡᠰᠦ ᠶᠢ ᠦᠪᠡᠰᠦᠪᠡᠨ ᠬᠠᠩᠭᠠᠬᠤ ᠶᠢ ᠪᠠᠲᠤᠯᠠᠨ᠎ᠠ᠃ | ᠠᠵᠤ ᠦᠢᠯᠡᠰᠵᠢᠯᠲᠡ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠢ ᠶᠢᠨ | ᠬᠦᠢᠳᠡᠨ ᠬᠡᠯᠬᠢᠶᠡᠲᠦ ᠪᠠᠷᠠᠭ᠎ᠠ ᠬᠦᠢᠯᠭᠡᠭᠡᠨ ᠤ ᠲᠦᠭᠦᠭᠡᠷᠦᠮᠵᠢ᠂ ᠦᠢᠯᠡᠴᠢᠯᠡᠭᠡᠨ ᠤ ᠰᠦᠯᠵᠢᠶ᠎ᠡ ᠪᠣᠯᠣᠨ ᠲᠤᠯᠭᠠᠭᠤᠷᠢ | ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢᠨ ᠲᠡᠭᠦᠯᠳᠡᠷᠵᠢᠭᠦᠯᠦᠯᠲᠡ ᠶᠢ ᠲᠦᠷᠭᠡᠳᠭᠡᠵᠦ᠂ 3200 ᠲᠦᠮᠡᠨ | ᠲᠥᠭᠦᠷᠢᠭ ᠤᠨ ᠪᠡᠯᠡ ᠣᠷᠣᠭᠤᠯᠣᠨ 6000 ᠲᠣᠨ ᠤ ᠪᠠᠭᠲᠠᠭᠠᠮᠵᠢᠲᠤ ᠬᠦᠢᠲᠡᠨ ᠬᠦᠮᠦᠷᠭᠡ ᠶᠢ ᠰᠢᠨ᠎ᠡ ᠪᠠᠷ | ᠪᠠᠶᠢᠭᠤᠯᠤᠨ᠎ᠠ᠃ ︽ᠬᠤᠶᠠᠷ ᠪᠦᠲᠦᠭᠡᠭᠳᠡᠭᠦᠨ ᠨᠢᠭᠡ ᠲᠡᠮᠳᠡᠭ︾ ᠢ ᠳᠡᠭᠡᠭᠰᠢᠯᠡᠭᠦᠯᠬᠦ ᠠᠵᠢᠯᠯᠠᠭ᠎ᠠ ᠶᠢ ᠨᠢᠭᠡᠳᠦᠯᠲᠡᠢ | ᠲᠦᠯᠦᠪᠯᠡᠨ ᠠᠬᠢᠭᠤᠯᠵᠤ᠂ ︽ᠡᠵᠡᠨ᠎ᠡ︾ ᠶᠢᠨ ᠨᠡᠷ᠎ᠡ ᠠᠯᠳᠠᠷ ᠦᠷ᠎ᠡ ᠠᠰᠢᠭ ᠢ ᠨᠡᠮᠡᠭᠳᠡᠭᠦᠯᠦᠨ᠂ ᠨᠢᠭᠡ ᠪᠦᠯᠦᠭ | ᠶᠠᠰᠤ ᠴᠢᠨᠠᠷ ᠰᠠᠶᠢᠨ᠂ ᠨᠡᠮᠡᠯᠲᠡ ᠦᠷᠲᠡᠭ ᠦᠨᠳᠦᠷ ︽ᠨᠣᠲᠤᠭ ᠤᠨ ᠲᠡᠮᠳᠡᠭᠲᠦ︾ ︽ᠬᠦᠳᠡᠭᠡᠨ ᠤ ᠲᠡᠮᠳᠡᠭᠲᠦ︾ | ᠪᠦᠲᠦᠭᠡᠭᠳᠡᠭᠦᠨ ᠢ ᠪᠤᠢ ᠪᠤᠯᠭᠠᠵᠤ᠂ ᠪᠦᠲᠦᠭᠡᠭᠳᠡᠭᠦᠨ ᠤ ᠦᠷᠲᠡᠭ ᠪᠠ ᠠᠵᠤ ᠦᠢᠯᠡᠰ ᠤᠨ ᠦᠷ᠎ᠡ ᠠᠰᠢᠭ ᠢ | ᠳᠠᠶᠢᠴᠢᠯᠠᠨ ᠨᠡᠮᠡᠭᠳᠡᠭᠦᠯᠦᠨ᠎ᠡ᠃ | ᠦᠢᠯᠡᠳᠪᠦᠷᠢ ᠠᠭᠤᠷᠬᠠᠢ ᠶᠢᠨ ᠦᠢᠯᠡᠰ ᠤᠨ ᠳᠠᠯᠳᠠ ᠬᠦᠴᠦᠨ ᠢ ᠠᠭᠤᠳᠠᠯᠤᠨ ᠦᠷ᠎ᠡ ᠠᠰᠢᠭ ᠢ ᠨᠢ ᠨᠡᠮᠡᠭᠳᠡᠭᠦᠯᠦᠨ᠎ᠡ᠃ | ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠬᠠᠮᠢᠶᠠᠷᠤᠯᠲᠠ ᠶᠢ ᠴᠢᠩᠭᠠᠳᠬᠠᠵᠤ᠂ | ᠵᠣᠬᠢᠴᠠᠭᠤᠯᠤᠨ ᠦᠢᠯᠡᠴᠢᠯᠡᠬᠦ ᠬᠦᠴᠦᠯᠡᠴᠡ ᠪᠠᠨ ᠨᠡᠮᠡᠭᠳᠡᠭᠦᠯᠦᠨ᠂ ᠭᠠᠵᠠᠷ ᠰᠢᠨᠵᠢᠯᠡᠭᠡᠨ ᠤ ᠲᠦᠷᠦᠯ ᠵᠦᠢᠯ ᠤᠨ | ᠦᠷ᠎ᠡ ᠪᠦᠲᠦᠭᠡᠯ ᠢ ᠠᠰᠢᠭᠯᠠᠮᠵᠢ ᠦᠨᠳᠦᠷ ᠤᠯᠠᠷᠢᠭᠤᠯᠤᠨ᠎ᠠ᠃ ᠡᠬᠢ ᠪᠠᠶᠠᠯᠢᠭ ᠤᠨ ᠪᠦᠲᠦᠮᠵᠢᠲᠡᠢ ᠨᠢᠭᠡᠳᠬᠡᠯ ᠢ ᠵᠦᠢ | ᠵᠣᠬᠢᠰᠲᠠᠢ ᠲᠦᠯᠬᠢᠨ ᠠᠬᠢᠭᠤᠯᠵᠤ᠂ ᠤᠷᠲᠤ ᠬᠤᠭᠤᠴᠠᠭ᠎ᠠ ᠪᠠᠷ ᠵᠣᠭᠰᠤᠩᠭᠤᠶᠢᠷᠠᠭᠰᠠᠨ ᠠᠭᠤᠷᠬᠠᠢ ᠶᠢ ᠰᠡᠷᠭᠦᠭᠡᠨ | ᠠᠵᠢᠯᠯᠠᠭᠤᠯᠵᠤ᠂ ᠠᠭᠤᠷᠬᠠᠢ ᠶᠢᠨ ᠦᠢᠯᠡᠰ ᠤᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠴᠢᠮᠵᠢᠭᠰᠡᠨ᠂ | ᠭᠡᠪᠴᠢᠶᠡᠵᠢᠭᠰᠡᠨ᠂ ᠳᠦᠷᠢᠮᠵᠢᠭᠰᠡᠨ ᠲᠦᠪᠰᠢᠨ ᠢ ᠳᠡᠭᠡᠭᠰᠢᠯᠡᠭᠦᠯᠦᠨ᠎ᠡ᠃ ᠤᠯᠠᠮᠵᠢᠯᠠᠯᠲᠤ ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ ᠤᠨ ᠬᠦᠭᠵᠢᠯᠲᠡ ᠶᠢ ᠲᠤᠭᠲᠠᠪᠤᠷᠢᠵᠢᠭᠤᠯᠵᠤ᠂ ᠴᠢᠩ ᠬᠤᠸᠠ᠂ ᠺᠠᠩ ᠳ᠋ᠠ ᠵᠡᠷᠭᠡ | ᠠᠵᠤ ᠠᠬᠤᠶᠢᠯᠠᠯ ᠢ ᠵᠢᠯᠤᠭᠤᠳᠤᠨ ᠡᠬᠢ ᠪᠠᠶᠠᠯᠢᠭ ᠬᠠᠶᠢᠨ ᠰᠦᠪᠡᠭᠴᠢᠯᠡᠬᠦ ᠪᠤᠯᠤᠨ ᠮᠡᠷᠭᠡᠵᠢᠯ ᠤᠨ | ᠦᠭᠡᠷᠡᠴᠢᠯᠡᠯᠲᠡ ᠳᠤ ᠨᠡᠩ ᠶᠡᠭᠡ ᠬᠦᠴᠦ ᠵᠠᠷᠤᠴᠠᠭᠤᠯᠤᠨ᠎ᠠ᠃ ᠨᠡᠭᠦᠷᠡᠰᠦᠨ ᠤ ᠡᠬᠢ ᠪᠠᠶᠠᠯᠢᠭ ᠤᠨ ᠨᠡᠭᠡᠭᠡᠯᠲᠡ ᠶᠢ | ᠡᠮᠬᠢᠯᠡᠨ ᠨᠢᠭᠡᠳᠬᠡᠵᠦ᠂ ᠬᠤᠩ ᠯᠢᠤ ᠳ᠋ᠠ ᠴᠢᠥᠸᠠᠨ ᠨᠡᠭᠦᠷᠡᠰᠦᠨ ᠠᠭᠤᠷᠬᠠᠢ ᠶᠢᠨ ᠬᠠᠶᠢᠨ ᠰᠦᠪᠡᠭᠴᠢᠯᠡᠬᠦ ᠲᠦᠷᠦᠯ | ᠵᠦᠢᠯ ᠤᠨ ︽ᠬᠠᠶᠢᠨ ᠰᠦᠪᠡᠭᠴᠢᠯᠡᠬᠦ ᠡᠷᠬᠡ ᠠᠴᠠ ᠠᠭᠤᠷᠬᠠᠢ ᠮᠠᠯᠲᠠᠬᠤ ᠡᠷᠬᠡ ᠣᠯᠬᠤ︾ ᠶᠢ ᠢᠳᠡᠪᠬᠢᠲᠡᠢ | ᠠᠬᠢᠭᠤᠯᠵᠤ᠂ ᠰᠢᠷ᠎ᠠ ᠬᠠᠳᠠ ᠨᠡᠭᠦᠷᠡᠰᠦᠨ ᠠᠭᠤᠷᠬᠠᠢ ᠶᠢ ᠬᠠᠪᠰᠤᠷᠤᠨ ᠭᠠᠷᠤᠯᠲᠠ ᠶᠢ ᠨᠢ ᠲᠣᠭᠲᠠᠪᠣᠷᠢᠵᠢᠭᠤᠯᠤᠨ | ᠨᠡᠮᠡᠭᠳᠡᠭᠦᠯᠵᠦ᠂ ᠵᠢᠯ ᠤᠨ ᠭᠠᠷᠤᠯᠲᠠ ᠶᠢ ᠨᠢ 30 ᠲᠦᠮᠡᠨ ᠲᠤᠨ ᠠᠴᠠ ᠳᠡᠭᠡᠭᠰᠢ ᠬᠦᠷᠭᠡᠬᠦ ᠪᠠᠷ ᠴᠢᠷᠮᠠᠶᠢᠨ᠎ᠠ᠃ | ᠲᠡᠮᠦᠷᠯᠢᠭ ᠪᠤᠰᠤ ᠶᠢᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠬᠠᠶᠢᠯᠤᠭᠤᠷ ᠵᠣᠩᠰᠢ᠂ ᠴᠠᠬᠢᠭᠤᠷ ᠴᠢᠯᠠᠭᠤ | ᠂ ᠪᠠᠷᠢᠯᠭ᠎ᠠ ᠶᠢᠨ ᠴᠢᠯᠠᠭᠤᠨ ᠮᠠᠲ᠋ᠧᠷᠢᠶᠠᠯ ᠵᠡᠷᠭᠡ ᠳᠠᠪᠠᠭᠤᠯᠢᠭ ᠲᠡᠮᠦᠷᠯᠢᠭ ᠪᠤᠰᠤ ᠶᠢᠨ ᠡᠬᠢ ᠪᠠᠶᠠᠯᠢᠭ ᠤᠨ ᠨᠠᠷᠢᠯᠢᠭ | ᠡᠳ᠋ᠰᠢᠭᠦᠯᠦᠯᠲᠡ ᠪᠠ ᠶᠡᠷᠦᠩᠬᠡᠶᠢᠯᠡᠭᠰᠡᠨ ᠨᠡᠭᠡᠭᠡᠨ ᠠᠰᠢᠭᠯᠠᠯᠲᠠ ᠶᠢ ᠲᠦᠷᠭᠡᠳᠬᠡᠨ᠎ᠡ᠃ ᠦᠩᠭᠡᠲᠦ ᠲᠡᠮᠦᠷᠯᠢᠭ ᠤᠨ | ᠲᠦᠪᠯᠡᠷᠡᠭᠰᠡᠨ ᠬᠦᠭᠵᠢᠯᠲᠡ ᠶᠢ ᠠᠬᠢᠭᠤᠯᠵᠤ᠂ ᠶᠤᠸᠠᠨ ᠲᠦᠩ᠂ ᠢᠦᠢ ᠰᠢᠨ᠂ ᠸᠧ ᠶᠤᠸᠠᠨ ᠵᠡᠷᠭᠡ ᠠᠵᠤ | ᠠᠬᠤᠶᠢᠯᠠᠯ ᠤᠨ ᠣᠯᠠᠨ ᠲᠡᠮᠦᠷᠯᠢᠭ ᠢ ᠶᠡᠷᠦᠩᠬᠡᠶᠢᠯᠡᠨ ᠨᠡᠭᠡᠭᠡᠨ ᠬᠥᠭᠵᠢᠭᠦᠯᠬᠦ ᠲᠥᠷᠥᠯ ᠵᠦᠢᠯ ᠢ ᠠᠰᠢᠭᠯᠠᠯᠲᠠ ᠳᠤ | ᠣᠷᠣᠭᠤᠯᠬᠤ ᠶᠢ ᠲᠦᠷᠭᠡᠳᠬᠡᠨ᠎ᠡ᠃ ᠰᠠᠯᠬᠢ᠂ ᠭᠡᠷᠡᠯ᠂ ᠳᠠᠭᠠᠭᠠᠴᠠ᠂ ᠨᠦᠭᠡᠴᠡ ᠵᠡᠷᠭᠡ ᠰᠢᠨ᠎ᠡ ᠡᠨᠧᠷᠭᠢ ᠶᠢ | ᠰᠢᠨᠵᠢᠯᠡᠬᠦ ᠤᠬᠠᠭᠠᠨᠴᠢ ᠪᠠᠷ ᠨᠡᠭᠡᠭᠡᠨ ᠬᠦᠭᠵᠢᠭᠦᠯᠵᠦ᠂ 2 ᠲᠦᠮᠡᠨ ᠸᠣᠯᠲ ᠲᠠᠷᠠᠬᠠᠢ ᠬᠡᠯᠪᠡᠷᠢ ᠶᠢᠨ ᠰᠠᠯᠬᠢᠨ | ᠬᠦᠴᠦᠨ ᠤ ᠲᠦᠷᠦᠯ ᠵᠦᠢᠯ ᠢ ᠰᠢᠨ᠎ᠡ ᠪᠠᠷ ᠪᠠᠶᠢᠭᠤᠯᠤᠨ᠎ᠠ᠃ ᠵᠦᠩᠶᠤᠸᠠᠨ ᠴᠢᠯᠠᠭᠤᠨ ᠲᠣᠰᠣᠨ ᠤ ᠡᠵᠡᠨ᠎ᠡ ᠶᠢᠨ ᠡᠤ | ᠲᠣᠬᠤᠢ ᠶᠢᠨ ᠴᠢᠯᠠᠭᠤᠨ ᠲᠣᠰᠤᠨ ᠤ ᠰᠢᠲᠠᠮᠠᠬᠠᠢ ᠬᠡᠢ ᠶᠢ ᠬᠠᠶᠢᠨ ᠰᠦᠪᠡᠭᠴᠢᠯᠡᠵᠦ ᠨᠡᠭᠡᠭᠡᠨ ᠬᠦᠭᠵᠢᠭᠦᠯᠬᠦ ᠲᠦᠷᠦᠯ | ᠵᠦᠢᠯ ᠤᠨ 4 ᠬᠤᠳᠳᠤᠭ ᠢ ᠰᠢᠨ᠎ᠡ ᠪᠠᠷ ᠦᠷᠦᠮᠳᠡᠵᠦ ᠭᠠᠷᠤᠯᠲᠠ ᠪᠠᠨ ᠳᠡᠭᠡᠭᠰᠢᠯᠡᠭᠦᠯᠬᠦ ᠳᠤ ᠳᠡᠮᠵᠢᠨ᠎ᠡ᠃ ᠴᠢᠩ | ᠬᠤᠸᠠ ᠶᠢᠨ ᠢᠯᠴᠢ ᠴᠠᠬᠢᠯᠭᠠᠨ ᠬᠠᠮᠳᠤᠳᠬᠠᠨ ᠦᠢᠯᠡᠳᠪᠤᠷᠢᠯᠡᠬᠦ ᠲᠦᠷᠦᠯ ᠵᠦᠢᠯ ᠤᠨ ᠦᠯᠡᠳᠡᠭᠳᠡᠯ ᠠᠰᠠᠭᠤᠳᠠᠯ ᠢ | ᠪᠦᠬᠦ ᠬᠦᠴᠦ ᠪᠠᠷ ᠰᠢᠢᠳᠪᠦᠷᠢᠯᠡᠵᠦ᠂ ᠵᠢᠯ ᠳᠣᠲᠤᠷ᠎ᠠ ᠴᠠᠬᠢᠯᠭᠠᠨ ᠨᠡᠪᠲᠡᠷᠡᠭᠦᠯᠵᠦ ᠢᠯᠴᠢ ᠬᠠᠩᠭᠠᠬᠤ ᠶᠢ ᠪᠠᠲᠤᠯᠠᠨ᠎ᠠ᠃ | ︽ᠬᠠᠷᠢᠶ᠎ᠠ ᠭᠠᠵᠠᠷ ᠢ ᠰᠤᠨᠳᠠᠯᠠᠭᠰᠠᠨ ᠠᠵᠤ ᠠᠬᠤᠢ︾ ᠶᠢᠨ ᠬᠦᠭᠵᠢᠯᠲᠡ ᠶᠢ ᠠᠬᠢᠭᠤᠯᠵᠤ᠂ ᠵᠢᠶᠠᠩ ᠮᠧᠢ | ᠺᠣᠮᠫᠠᠨᠢ ᠶᠢᠨ ᠰᠢᠨ᠎ᠡ ᠮᠠᠲ᠋ᠧᠷᠢᠶᠠᠯ᠂ ᠮᠧᠢ ᡁᠢ ᠺᠣᠮᠫᠠᠨᠢ ᠶᠢᠨ ᠡᠮ ᠡᠮᠨᠡᠯᠭᠡ ᠶᠢᠨ ᠵᠠᠪᠰᠠᠷ ᠤᠨ ᠴᠤᠭᠴᠠ ᠪᠣᠯᠣᠨ ᠡᠤ | ᠬᠤᠸᠠ ᠠᠭᠤᠷᠬᠠᠢ ᠶᠢᠨ ᠦᠢᠯᠡᠰ᠂ ᠯᠢ ᠫᠧᠩ ᠠᠭᠤᠷᠬᠠᠢ ᠶᠢᠨ ᠦᠢᠯᠡᠰ ᠤᠨ ᠬᠠᠶᠢᠯᠤᠭᠤᠷ ᠵᠣᠩᠰᠢ ᠶᠢ ᠶᠡᠷᠦᠩᠬᠡᠶᠢᠯᠡᠨ | ᠨᠡᠭᠡᠭᠡᠨ ᠠᠰᠢᠭᠯᠠᠬᠤ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠵᠢᠯ ᠢ ᠰᠠᠶᠢᠳᠤᠷ ᠬᠦᠢᠴᠡᠳᠬᠡᠵᠦ᠂ ᠵᠦᠩ | ᠾᠧ ᠺᠣᠮᠫᠠᠨᠢ ᠶᠢᠨ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠭᠤᠷᠪᠠᠳᠤᠭᠠᠷ ᠬᠤᠭᠤᠴᠠᠭᠠᠨ ᠤ ᠲᠦᠷᠦᠯ ᠵᠦᠢᠯ᠂ | ᠵᠦᠩ ᠾᠦᠢ ᠺᠣᠮᠫᠠᠨᠢ ᠶᠢᠨ ᠨᠡᠭᠦᠷᠡᠰᠦᠲᠦᠷᠦᠭᠴᠢᠲᠦ ᠮᠠᠲ᠋ᠧᠷᠢᠶᠠᠯ ᠳᠡᠪᠲᠦᠭᠡᠭᠴᠢ ᠯᠢᠴᠢᠩ᠂ ᠷᠦᠨ ᠰᠢᠨ ᠺᠣᠮᠫᠠᠨᠢ ᠶᠢᠨ | ᠦᠨᠳᠦᠷ ᠠᠰᠢᠭᠲᠤ ᠤᠷᠭᠠᠨᠢᠭ ᠪᠣᠷᠳᠣᠭᠤᠷ ᠤᠨ ᠮᠢᠺᠷᠣᠪ ᠪᠣᠷᠲᠣᠭᠤᠷ ᠵᠡᠷᠭᠡ ᠭᠤᠣᠯᠳᠠᠯᠭᠠᠲᠤ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠰᠢᠭᠯᠠᠯᠲᠠ ᠳᠤ ᠣᠷᠤᠭᠤᠯᠬᠤ ᠶᠢ ᠲᠦᠷᠭᠡᠳᠭᠡᠨ᠂ ᠣᠷᠣᠨ ᠨᠤᠲᠤᠭ ᠤᠨ ᠠᠵᠤ | ᠦᠢᠯᠡᠰ ᠤᠨ ᠵᠣᠬᠢᠴᠠᠩᠭᠤᠢ ᠪᠠᠷ ᠬᠤᠯᠪᠤᠭᠠᠯᠠᠨ ᠬᠦᠭᠵᠢᠬᠦ ᠶᠢ ᠠᠬᠢᠭᠤᠯᠤᠨ᠎ᠠ᠃ | ᠰᠤᠶᠤᠯ ᠵᠢᠭᠤᠯᠴᠢᠯᠠᠯ ᠤᠨ ᠬᠡᠷᠡᠭᠯᠡᠭᠡᠨ ᠤ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠨ᠎ᠡ᠃ | ︽ᠡᠵᠡᠨ᠎ᠡ ᠬᠤᠰᠢᠭᠤᠨ ᠤ ᠵᠢᠭᠤᠯᠴᠢᠯᠠᠯ ᠢ ᠳᠡᠰ ᠳᠡᠪᠰᠢᠭᠦᠯᠬᠦ ᠲᠦᠯᠦᠪᠵᠢᠭᠦᠯᠭᠡ︾ ᠶᠢᠨ ᠬᠢᠨᠠᠨ ᠵᠦᠪᠰᠢᠶᠡᠷᠡᠯ ᠢ | ᠲᠦᠷᠭᠡᠳᠬᠡᠨ ᠠᠬᠢᠭᠤᠯᠵᠤ᠂ ᠦᠪᠡᠷᠲᠡᠭᠡᠨ ᠵᠠᠰᠠᠬᠤ ᠣᠷᠣᠨ ᠤ ᠵᠢᠭᠤᠯᠴᠢᠯᠠᠯ ᠰᠡᠯᠡᠭᠦᠴᠡᠯ ᠤᠨ ᠵᠢᠱᠢᠶ᠎ᠡ ᠦᠵᠡᠭᠦᠯᠬᠦ | ᠣᠷᠤᠨ ᠤ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠦᠵᠡᠮᠵᠢ ᠶᠢᠨ ᠣᠷᠤᠨ ᠢ ᠡᠵᠡᠩᠨᠡᠵᠦ ᠪᠠᠶᠢᠭ᠎ᠠ ᠠᠵᠤ | ᠠᠬᠤᠶᠢᠯᠠᠯ ᠢ ᠱᠠᠯᠠᠪᠳᠠᠭᠤᠯᠤᠨ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠪᠤᠯᠤᠨ ᠲᠣᠣᠷᠠᠢ ᠶᠢᠨ | ᠣᠢ ᠶᠢ ᠬᠠᠮᠠᠭᠠᠯᠠᠬᠤ ᠬᠦᠴᠦᠯᠡᠴᠡ ᠶᠢ ᠨᠢ ᠶᠡᠬᠡᠰᠬᠡᠨ᠂ ᠦᠢᠯᠡᠴᠢᠯᠡᠭᠡᠨ ᠤ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ | ᠳᠠᠪᠠᠭᠤᠯᠢᠭ ᠢᠶᠠᠨ ᠳᠣᠪᠤᠶᠢᠯᠭᠠᠨ ᠬᠦᠭᠵᠢᠵᠦ᠂ ᠢᠳᠡᠪᠬᠢᠲᠡᠢ ᠦᠷᠢᠰᠦᠯᠳᠦᠨ᠂ ᠬᠠᠷᠢᠯᠴᠠᠨ ᠬᠠᠪᠰᠤᠷᠴᠤ | ᠬᠠᠮᠲᠤ ᠪᠠᠷ ᠠᠰᠢᠭ ᠬᠦᠷᠲᠡᠨ᠎ᠡ᠃ ︽+ ᠵᠢᠭᠤᠯᠴᠢᠯᠠᠯ︾ ᠢ ᠰᠠᠶᠢᠳᠤᠷ ᠬᠢᠵᠦ᠂ ᠵᠢᠦᠢ ᠶᠠᠨ ᠤ ᠰᠤᠶᠤᠯ᠂ ᠰᠠᠨᠰᠠᠷ | ᠠᠶᠠᠯᠠᠯ ᠤᠨ ᠰᠤᠶᠤᠯ᠂ ᠠᠷᠠᠳ ᠤᠨ ᠵᠠᠩ ᠦᠢᠯᠡ ᠶᠢ ᠬᠦᠨᠵᠡᠬᠡᠢ ᠠᠭᠤᠳᠠᠯᠤᠨ᠂ ᠣᠷᠣᠨ ᠨᠤᠲᠤᠭ ᠤᠨ ᠣᠨᠴᠠᠯᠢᠭ ᠢ | ᠶᠡᠬᠡᠪᠡᠷ ᠳᠣᠪᠤᠶᠢᠯᠭᠠᠵᠤ᠂ ᠵᠢᠭᠤᠯᠴᠢᠯᠠᠯ ᠤᠨ ᠠᠭᠤᠯᠤᠭᠳᠠᠬᠤᠨ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ | ᠵᠢᠭᠤᠯᠴᠢᠯᠠᠯ ᠤᠨ ᠦᠢᠯᠡᠰ ᠤᠨ ᠰᠢᠨ᠎ᠡ ᠡᠵᠡᠩᠨᠡᠯᠲᠡ ᠶᠢᠨ ᠪᠠᠶᠢᠳᠠᠯ ᠢ ᠲᠡᠭᠦᠯᠳᠡᠷᠵᠢᠭᠦᠯᠵᠦ᠂ ᠵᠢᠭᠤᠯᠴᠢᠯᠠᠯ ᠤᠨ | ᠪᠦᠲᠦᠭᠡᠭᠳᠡᠬᠦᠨ ᠪᠤᠯᠤᠨ ᠲᠦᠷᠦᠯ ᠵᠦᠢᠯ ᠢ ᠪᠦᠬᠦ ᠡᠯᠧᠮᠧᠨ᠋ᠲ ᠪᠦᠬᠦ ᠤᠯᠠᠷᠢᠯ ᠪᠦᠬᠦ ᠬᠡᠯᠬᠢᠶᠡᠰᠦ ᠪᠠᠷ ᠨᠡᠭᠡᠭᠡᠨ | ᠬᠦᠭᠵᠢᠭᠦᠯᠵᠦ᠂ ︽ᠨᠢᠭᠡᠯᠡ ᠵᠤᠭᠠᠴᠠᠬᠤ︾ ᠠᠴᠠ ︽ᠣᠯᠠᠨᠲᠠ ᠵᠤᠭᠠᠴᠠᠬᠤ︾᠂ ︽ᠨᠢᠭᠡᠯᠡ ᠤᠯᠠᠷᠢᠯ ᠳᠤ | ᠵᠤᠭᠠᠴᠠᠬᠤ︾ ᠠᠴᠠ ︽ᠳᠦᠷᠪᠡᠨ ᠤᠯᠠᠷᠢᠯ ᠳᠤ ᠵᠤᠭᠠᠴᠠᠬᠤ︾ ᠪᠠᠷ ᠬᠤᠪᠢᠷᠠᠭᠤᠯᠤᠨ᠎ᠠ᠃ ᠬᠦᠳᠡᠭᠡ ᠲᠤᠰᠬᠤᠨ ᠤ | ᠵᠢᠭᠤᠯᠴᠢᠯᠠᠯ ᠢ ᠶᠡᠬᠡᠪᠡᠷ ᠬᠦᠭᠵᠢᠭᠦᠯᠵᠦ᠂ ᠦᠨᠳᠦᠷ ᠳᠡᠰ ᠤᠨ ᠮᠠᠯᠵᠢᠬᠤ ᠲᠠᠷᠢᠶᠠᠯᠠᠬᠤ ᠠᠶᠢᠯ ᠤᠨ ᠵᠢᠭᠤᠯᠴᠢᠯᠠᠯ ᠤᠨ | ᠭᠠᠵᠠᠷ᠂ ᠠᠷᠠᠳ ᠤᠨ ᠰᠠᠭᠤᠴᠠᠲᠦ ᠪᠠᠭᠤᠳᠠᠯ ᠵᠡᠷᠭᠡ ᠶᠢ ᠦᠭᠡᠷᠡᠴᠢᠯᠡᠨ ᠵᠠᠰᠠᠵᠤ ᠰᠢᠨ᠎ᠡ ᠪᠠᠷ ᠪᠠᠶᠢᠭᠤᠯᠤᠨ᠂ ᠵᠢᠮᠢᠰ | ᠨᠣᠭᠤᠭ᠎ᠠ ᠲᠡᠭᠦᠬᠦ᠂ ᠲᠠᠷᠢᠶᠠᠨ ᠠᠵᠢᠯ ᠢ ᠪᠡᠶᠡᠳᠡᠨ ᠣᠶᠢᠯᠠᠭᠠᠬᠤ᠂ ᠰᠤᠳᠤᠯᠵᠤ ᠦᠢᠯᠡᠳᠦᠯᠭᠡᠵᠢᠭᠦᠯᠬᠦ ᠵᠡᠷᠭᠡ ᠲᠦᠷᠦᠯ | ᠵᠦᠢᠯ ᠢ ᠬᠦᠭᠵᠢᠭᠦᠯᠵᠦ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠵᠢᠭᠤᠯᠴᠢᠯᠠᠯ ᠤᠨ ᠬᠡᠷᠡᠭᠯᠡᠭᠡ ᠶᠢ | ᠢᠳᠡᠪᠬᠢᠵᠢᠭᠦᠯᠦᠨ᠎ᠡ᠃ ᠷᠦᠩ ᠲᠦᠩ ᠺᠣᠮᠫᠠᠨᠢ ᠪᠤᠯᠤᠨ ᠳ᠋ᠦᠨᠬᠤᠸᠠᠩ ᠤᠨ ᠰᠤᠶᠤᠯ ᠵᠢᠭᠤᠯᠴᠢᠯᠠᠯ ᠤᠨ ᠪᠦᠯᠦᠭᠯᠡᠯ | ᠯᠤᠭ᠎ᠠ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ᠂ ᠪᠠᠷᠠᠭᠤᠨ ᠬᠤᠶᠢᠲᠤ ᠶᠢᠨ ᠵᠤᠭᠠᠴᠠᠯ᠂ ᠬᠠᠲᠤᠨ ᠭᠤᠤᠯ ᠳᠠᠭᠠᠤ | ᠬᠤᠲᠠ ᠶᠢᠨ ᠪᠦᠰᠡ ᠶᠢᠨ ᠲᠤᠭᠤᠷᠢᠯ ᠱᠤᠭᠤᠮ ᠲᠠᠢ ᠢᠳᠡᠪᠬᠢᠲᠡᠢ ᠠᠭᠤᠰᠤᠯᠴᠠᠨ᠎ᠠ᠃ ᠵᠢᠭᠤᠯᠴᠢᠯᠠᠯ ᠤᠨ ᠶᠡᠷᠦᠩᠬᠡᠢ | ᠦᠷ᠎ᠡ ᠠᠰᠢᠭ ᠢ ᠳᠡᠭᠡᠭᠰᠢᠯᠡᠭᠦᠯᠵᠦ᠂ ︽ᠲᠣᠣᠷᠠᠢ ᠶᠢᠨ ᠨᠠᠶᠢᠷ︾᠂ ︽ᠳᠤᠮᠳᠠᠳᠤ ᠤᠯᠤᠰ ︵ᠡᠵᠡᠨ᠎ᠡ︶ ᠤᠨ | ᠪᠤᠭᠤᠮᠲᠠ ᠶᠢᠨ ᠣᠯᠠᠨ ᠤᠯᠤᠰ ᠤᠨ ᠲᠠᠸᠠᠷ ᠤᠨ ᠦᠵᠡᠰᠭᠦᠯᠡᠩ︾᠂ ︽ᠲᠣᠥᠷᠠᠢ ᠶᠢᠨ ᠣᠢ ᠶᠢ ᠲᠣᠭᠤᠷᠢᠭᠰᠠᠨ︾ | ᠳᠣᠭᠤᠢ ᠲᠡᠷᠭᠡᠨ ᠤ ᠤᠷᠢᠯᠭᠠᠳᠤ ᠣᠷᠣᠯᠳᠣᠭᠠᠨ᠂ ᠮᠠᠷᠠᠽᠤᠨ ᠣᠷᠣᠯᠳᠣᠭᠠᠨ ᠵᠡᠷᠭᠡ ᠣᠨᠴᠠᠯᠢᠭᠲᠤ ᠪᠠᠶᠠᠷ ᠨᠠᠶᠢᠷ ᠤᠨ | ᠤᠷᠤᠯᠳᠤᠭᠠᠨ ᠢ ᠦᠷᠭᠦᠯᠵᠢᠯᠡᠨ ᠰᠠᠶᠢᠳᠤᠷ ᠡᠷᠬᠢᠯᠡᠵᠦ᠂ ᠶᠠᠪᠠᠭᠠᠨ ᠢᠶᠠᠷ ᠪᠠᠷᠲᠠᠭ᠎ᠠ ᠲᠤᠭᠤᠯᠬᠤ᠂ ᠬᠡᠭᠡᠷᠡᠯᠡᠬᠦ ᠮᠠᠰᠢᠨ ᠤ | ᠲᠡᠮᠡᠴᠡᠭᠡᠨ ᠵᠡᠷᠭᠡ ᠲᠦᠷᠦᠯ ᠵᠦᠢᠯ ᠢ ᠦᠷᠭᠡᠳᠬᠡᠨ ᠪᠣᠢ ᠪᠣᠯᠭᠠᠵᠤ᠂ ᠦᠪᠡᠷᠲᠡᠭᠡᠨ ᠵᠠᠰᠠᠬᠤ ᠣᠷᠤᠨ ᠤ ᠳᠤᠲᠤᠨ᠎ᠠ | ᠭᠠᠳᠠᠨᠠᠬᠢ ᠶᠡᠭᠡ ᠬᠡᠯᠪᠡᠷᠢ ᠶᠢᠨ ᠠᠯᠪᠠᠨ ᠤ ᠬᠤᠷᠠᠯ᠂ ᠰᠣᠪᠢᠯᠠᠯᠲᠠ ᠡᠷᠡᠭᠦᠯᠵᠢᠯ ᠵᠡᠷᠭᠡ ᠬᠦᠳᠡᠯᠭᠡᠭᠡᠨ ᠢ ᠢᠳᠡᠪᠬᠢᠲᠡᠢ | ᠬᠦᠯᠢᠶᠡᠨ ᠠᠪᠴᠤ᠂ ᠬᠤᠷᠠᠯ ᠴᠤᠭᠯᠠᠭᠠᠨ ᠤ ᠠᠵᠤ ᠠᠬᠤᠢ ᠶᠢ ᠬᠦᠭᠵᠢᠭᠦᠯᠦᠨ᠎ᠡ᠃ ᠵᠢᠭᠤᠯᠴᠢᠯᠠᠯ ᠤᠨ ᠨᠦᠯᠦᠭᠡᠯᠡᠬᠦ | ᠬᠦᠴᠦᠨ ᠢ ᠳᠡᠭᠡᠭᠰᠢᠯᠡᠭᠦᠯᠦᠨ᠂ ᠰᠤᠶᠤᠯ ᠵᠢᠭᠤᠯᠴᠢᠯᠠᠯ ᠤᠨ ᠨᠡᠶᠢᠲᠡ ᠶᠢᠨ ᠦᠢᠯᠡᠴᠢᠯᠡᠭᠡᠨ ᠤ ᠣᠶᠤᠨᠴᠢᠯᠠᠭᠰᠠᠨ | ᠳᠠᠪᠴᠠᠩ ᠤᠨ ᠠᠭᠤᠯᠭ᠎ᠠ ᠴᠢᠳᠠᠮᠵᠢ ᠶᠢ ᠦᠷᠭᠡᠳᠬᠡᠵᠦ᠂ ᠰᠢᠶᠧ ᠴᠧᠩ᠂ ᠯᠢᠦᠢ ᠮᠠ ᠮᠠ ᠵᠡᠷᠭᠡ ᠨᠡᠷᠡᠲᠦ ᠳᠠᠪᠴᠠᠩ | ᠲᠠᠢ ᠬᠠᠮᠲᠤᠷᠤᠯᠴᠠᠭ᠎ᠠ ᠪᠠᠨ ᠭᠦᠨᠵᠡᠭᠡᠶᠢᠷᠡᠭᠦᠯᠵᠦ᠂ ︽ᠨᠢᠭᠡ ᠭᠠᠷ ᠤᠲᠠᠰᠤ ᠪᠠᠷ ᠡᠵᠡᠨ᠎ᠡ ᠳᠤ ᠵᠢᠭᠤᠯᠴᠢᠯᠠᠬᠤ︾ ᠶᠢ | ᠪᠡᠶᠡᠯᠡᠭᠦᠯᠦᠨ᠎ᠡ᠃ ᠵᠢᠭᠤᠯᠴᠢᠯᠠᠯ ᠤᠨ ᠦᠵᠡᠮᠵᠢ ᠶᠢᠨ ᠤᠷᠤᠨ ᠤ ᠶᠡᠷᠦᠩᠬᠡᠶᠢᠯᠡᠭᠰᠡᠨ ᠵᠠᠰᠠᠯᠲᠠ ᠶᠢ ᠭᠦᠨᠵᠡᠭᠡᠶᠢᠷᠡᠭᠦᠯᠦᠨ | ᠠᠬᠢᠭᠤᠯᠵᠤ᠂ ᠬᠡᠷᠡᠭᠯᠡᠭᠡᠨ ᠤ ᠵᠦᠷᠢᠴᠡᠯ ᠵᠢᠭᠤᠷᠠᠯᠳᠤᠭᠠᠨ ᠪᠤᠯᠤᠨ ᠵᠢᠭᠤᠯᠴᠢᠯᠠᠭᠴᠢᠳ ᠤᠨ ᠵᠠᠭᠠᠯᠳᠤᠯᠭ᠎ᠠ ᠶᠢ ᠴᠠᠭ | ᠲᠤᠬᠠᠢ ᠲᠤᠨᠢ ᠰᠢᠢᠳᠪᠦᠷᠢᠯᠡᠵᠦ᠂ ᠡᠮᠬᠢ ᠳᠢᠭᠯᠢᠮ ᠲᠠᠢ ᠵᠢᠭᠤᠯᠴᠢᠯᠠᠯ ᠤᠨ ᠵᠠᠬ᠎ᠠ ᠳᠡᠯᠭᠡᠭᠦᠷ ᠢ ᠪᠦᠷᠢᠯᠳᠦᠭᠦᠯᠦᠨ᠎ᠡ᠃ | ᠵᠢᠭᠤᠯᠴᠢᠯᠠᠯ ᠤᠨ ᠡᠵᠡᠩᠨᠡᠯᠲᠡ ᠪᠣᠷᠤᠯᠠᠭᠤᠯᠭ᠎ᠠ ᠶᠢ ᠪᠦᠬᠦ ᠲᠠᠯ᠎ᠠ ᠪᠠᠷ ᠦᠷᠨᠢᠭᠦᠯᠵᠦ᠂ ᠭᠤᠣᠯ ᠵᠠᠭᠤᠴᠢᠯᠠᠭᠤᠷ ᠲᠤ | ᠭᠠᠷᠭᠠᠬᠤ ᠨᠤᠷᠮ᠎ᠠ ᠶᠢ ᠳᠡᠭᠡᠭᠰᠢᠯᠡᠭᠦᠯᠵᠦ᠂ ᠰᠢᠨ᠎ᠡ ᠵᠠᠭᠤᠴᠢᠯᠠᠭᠤᠷ᠂ ᠬᠤᠪᠢ ᠶᠢᠨ ᠵᠠᠭᠤᠴᠢᠯᠠᠭᠤᠷ ᠢᠶᠠᠷ ᠤᠬᠠᠭᠤᠯᠬᠤ | ᠠᠷᠭ᠎ᠠ ᠮᠠᠶ᠋ᠢᠭ ᠢᠶᠠᠨ ᠪᠠᠶᠠᠯᠢᠭᠵᠢᠭᠤᠯᠵᠤ᠂ ︽ᠭᠠᠶᠢᠬᠠᠮᠰᠢᠭᠲᠤ ᠰᠠᠶᠢᠬᠠᠨ ᠡᠵᠡᠨ᠎ᠡ︾ ᠶᠢᠨ ᠨᠡᠷᠡᠲᠦ ᠲᠡᠮᠳᠡᠭ᠂ | ᠠᠯᠳᠠᠷᠰᠢᠯ ᠪᠤᠯᠤᠨ ᠨᠦᠯᠦᠭᠡᠯᠡᠬᠦ ᠬᠦᠴᠦᠨ ᠢ ᠦᠷᠭᠦᠯᠵᠢᠯᠡᠨ ᠦᠷᠭᠡᠳᠬᠡᠨ᠎ᠡ᠃ ᠡᠯᠧᠺᠲᠷᠣᠨ ᠬᠤᠳᠠᠯᠳᠤᠭᠠᠨ ᠤ | ᠦᠢᠯᠡᠰ ᠢ ᠬᠦᠳᠡᠭᠡ ᠲᠤᠰᠬᠤᠨ ᠳᠤ ᠣᠷᠤᠭᠤᠯᠬᠤ ᠤᠯᠤᠰ ᠤᠨ ᠳᠡᠰ ᠤᠨ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ | ᠬᠤᠰᠢᠭᠤ ᠶᠢ ᠪᠦᠲᠦᠭᠡᠨ ᠪᠠᠶᠢᠭᠤᠯᠬᠤ ᠲᠦᠷᠦᠯ ᠵᠦᠢᠯ ᠳᠤ ᠲᠦᠰᠢᠭᠯᠡᠵᠦ᠂ ᠴᠢᠳᠠᠪᠤᠷᠢᠲᠠᠨ ᠢ ᠬᠦᠮᠦᠵᠢᠭᠦᠯᠬᠦ᠂ | ᠨᠡᠷᠡᠲᠦ ᠲᠡᠮᠳᠡᠭᠲᠦ ᠶᠢ ᠡᠭᠦᠳᠬᠦ᠂ ᠦᠢᠯᠡᠰ ᠪᠣᠰᠬᠠᠬᠤ ᠶᠢ ᠬᠠᠮᠤᠷᠤᠭᠰᠠᠨ ᠡᠯᠧᠺᠲᠷᠣᠨ ᠬᠤᠳᠠᠯᠳᠤᠭᠠᠨ ᠤ ᠦᠢᠯᠡᠰ ᠢ | ᠬᠦᠭᠵᠢᠭᠦᠯᠵᠦ᠂ ᠪᠠᠷᠠᠭ᠎ᠠ ᠭᠦᠢᠯᠭᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠦᠯᠵᠢᠶᠡᠨ ᠣᠳᠤ ᠶᠢᠨ ᠪᠣᠷᠤᠯᠠᠭᠤᠯᠭ᠎ᠠ | ᠂ ᠰᠢᠭᠤᠳ ᠨᠡᠪᠲᠡᠷᠡᠭᠦᠯᠭᠡ᠂ ᠣᠬᠤᠷ ᠹᠢᠯᠢᠮ ᠵᠡᠷᠭᠡ ᠰᠢᠨ᠎ᠡ ᠬᠡᠯᠪᠡᠷᠢ ᠶᠢᠨ ᠪᠣᠷᠤᠯᠠᠭᠤᠯᠭ᠎ᠠ ᠶᠢᠨ ᠬᠡᠯᠪᠡᠷᠢ ᠶᠢ | ᠵᠣᠷᠢᠭᠵᠢᠭᠤᠯᠤᠨ ᠳᠡᠯᠭᠡᠷᠡᠭᠦᠯᠵᠦ᠂ ᠬᠡᠷᠡᠭᠯᠡᠭᠡ ᠶᠢ ᠨᠡᠮᠡᠭᠳᠡᠭᠦᠯᠦᠨ᠎ᠡ᠃ | ︵ᠭᠤᠷᠪᠠ︶ ᠰᠠᠭᠤᠷᠢ ᠪᠠᠨ ᠪᠠᠬᠢᠵᠢᠭᠦᠯᠬᠦ ᠳᠤ ᠠᠩᠬᠠᠷᠤᠯ ᠲᠦᠪᠯᠡᠷᠡᠭᠦᠯᠦᠨ᠂ ᠬᠤᠲᠠ ᠬᠦᠳᠡᠭᠡᠨ ᠤ | ᠬᠦᠭᠵᠢᠯᠲᠡ ᠶᠢᠨ ᠪᠠᠶᠢᠷᠢᠰᠢᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ ᠬᠦᠮᠦᠨ ᠢᠶᠠᠷ ᠭᠤᠣᠯ ᠪᠣᠯᠭᠠᠭᠰᠠᠨ | ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ᠂ ᠬᠤᠲᠠ ᠪᠠᠯᠭᠠᠰᠤᠨ ᠤ ᠰᠠᠭᠤᠷᠢ | ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠬᠦᠳᠡᠭᠡᠨ ᠤ ᠵᠣᠬᠢᠴᠠᠩᠭᠤᠢ | ᠬᠦᠭᠵᠢᠯᠲᠡ ᠶᠢ ᠠᠬᠢᠭᠤᠯᠤᠨ᠎ᠠ᠃ | ᠬᠤᠲᠠ ᠬᠦᠳᠡᠭᠡᠨ ᠤ ᠪᠠᠶᠢᠭᠤᠯᠤᠯᠲᠠ ᠬᠠᠮᠢᠶᠠᠷᠤᠯᠲᠠ ᠶᠢ ᠨᠢᠭᠡᠳᠦᠯᠲᠡᠢ ᠲᠦᠯᠦᠪᠯᠡᠨ᠎ᠡ᠃ ᠤᠯᠤᠰ ᠤᠨ ᠭᠠᠵᠠᠷ | ᠰᠢᠷᠦᠢ ᠶᠢᠨ ᠬᠠᠮᠠᠭᠠᠯᠠᠯᠲᠠ ᠪᠠ ᠨᠡᠭᠡᠭᠡᠯᠲᠡ ᠶᠢᠨ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ | ᠪᠠᠯᠭᠠᠰᠤᠨ ᠤ ᠣᠷᠤᠨ ᠵᠠᠢ ᠶᠢᠨ ᠴᠢᠨᠠᠷ ᠴᠢᠨᠰᠠᠭ᠎ᠠ ᠪᠠ ᠪᠠᠷᠢᠯᠭ᠎ᠠ ᠶᠢᠨ ᠬᠡᠪ ᠨᠠᠮᠪᠠᠭ᠎ᠠ ᠶᠢᠨ ᠬᠠᠮᠢᠶᠠᠷᠤᠯᠲᠠ ᠶᠢ | ᠴᠢᠩᠭᠠᠳᠬᠠᠵᠤ᠂ ᠨᠢᠭᠡ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠨ᠎ᠠ᠃ ᠬᠤᠲᠠ ᠪᠠᠯᠭᠠᠰᠤ ᠶᠢ | ᠰᠢᠨᠡᠳᠬᠡᠬᠦ ᠠᠵᠢᠯᠯᠠᠭ᠎ᠠ ᠶᠢ ᠦᠷᠭᠦᠯᠵᠢᠯᠡᠨ ᠶᠠᠪᠤᠭᠳᠠᠭᠤᠯᠵᠤ᠂ 1.1 ᠳ᠋ᠦᠩᠰᠢᠭᠤᠷ ᠲᠦᠭᠦᠷᠢᠭ ᠤᠨ ᠪᠡᠯᠡ | ᠣᠷᠤᠭᠤᠯᠤᠨ᠂ ᠤᠰᠤ ᠬᠠᠩᠭᠠᠬᠤ᠂ ᠢᠯᠴᠢ ᠬᠠᠩᠭᠠᠬᠤ᠂ ᠪᠣᠬᠢᠷ ᠤᠰᠤ ᠭᠠᠳᠠᠭᠰᠢᠯᠠᠭᠤᠯᠬᠤ ᠵᠡᠷᠭᠡ ᠬᠠᠭᠤᠴᠢᠨ | ᠬᠤᠭᠤᠯᠠᠶ ᠭᠤᠤᠷᠰᠦ ᠶᠢᠨ ᠥᠭᠡᠷᠡᠴᠢᠯᠡᠯᠲᠡ᠂ ᠬᠥᠳᠡᠯᠮᠦᠷᠢ ᠶᠢᠨ ᠰᠤᠪᠠᠭ ᠵᠠᠮ ᠤᠨ ᠨᠣᠭᠤᠭᠠᠷᠠᠭᠤᠯᠤᠯᠲᠠ᠂ | ᠲᠣᠭᠤᠭᠠᠨ ᠭᠡᠷ ᠤᠨ ᠬᠤᠭ ᠨᠣᠪᠰᠢ ᠶᠢ ᠬᠦᠨᠦᠭᠡᠯ ᠦᠭᠡᠢ ᠰᠢᠢᠳᠪᠦᠷᠢᠯᠡᠬᠦ ᠲᠦᠷᠦᠯ ᠵᠦᠢᠯ ᠢ ᠬᠡᠷᠡᠭᠵᠢᠭᠦᠯᠵᠦ᠂ | 3800 ᠲᠡᠭᠰᠢ ᠳᠦᠷᠪᠡᠯᠵᠢᠨ ᠮᠧᠲᠷ ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠢᠨᠵᠧᠨᠧᠷᠢᠩ ᠢ ᠰᠢᠨ᠎ᠡ ᠪᠠᠷ | ᠪᠠᠶᠢᠭᠤᠯᠵᠤ᠂ ᠬᠤᠲᠠ ᠪᠠᠯᠭᠠᠰᠤ ᠶᠢᠨ ᠳᠠᠭᠠᠭᠠᠴᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠬᠠᠭᠤᠴᠢᠨ | ᠬᠤᠲᠠ ᠶᠢᠨ ᠲᠣᠭᠤᠷᠢᠭ ᠢ ᠢᠳᠡᠪᠬᠢᠲᠡᠢ ᠦᠭᠡᠷᠡᠴᠢᠯᠡᠨ ᠵᠠᠰᠠᠵᠤ᠂ 1100 ᠲᠦᠮᠡᠨ ᠲᠦᠭᠦᠷᠢᠭ ᠤᠨ ᠪᠡᠯᠡ | ᠣᠷᠣᠭᠤᠯᠤᠨ᠂ 100 ᠡᠷᠦᠭᠡ ᠳᠦᠭᠦᠮ ᠪᠦᠲᠦᠴᠡᠲᠦ ᠣᠷᠣᠨ ᠰᠠᠭᠤᠴᠠ ᠶᠢ ᠦᠭᠡᠷᠡᠴᠢᠯᠡᠨ ᠵᠠᠰᠠᠨ᠎ᠠ᠃ ᠰᠠᠭᠤᠭᠠᠯᠢ | ᠠᠷᠠᠳ ᠤᠨ ᠲᠤᠭᠤᠷᠢᠭ ᠤᠨ ᠠᠳᠠᠯ ᠠᠬᠤᠢ ᠶᠢᠨ ᠬᠠᠮᠢᠶᠠᠷᠤᠯᠲᠠ ᠶᠢ ᠳᠦᠷᠢᠮᠵᠢᠭᠦᠯᠵᠦ᠂ ᠠᠳᠠᠯ ᠠᠬᠤᠢ ᠶᠢᠨ | ᠦᠢᠯᠡᠴᠢᠯᠡᠭᠡᠨ ᠤ ᠲᠦᠪᠰᠢᠨ ᠪᠠ ᠰᠠᠭᠤᠭᠠᠯᠢ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠦᠬᠦ | ᠤᠯᠤᠰ ᠤᠨ ᠪᠤᠯᠪᠠᠰᠤᠨ ᠬᠤᠲᠠ ᠶᠢ ᠪᠦᠲᠦᠭᠡᠨ ᠪᠠᠶᠢᠭᠤᠯᠬᠤ ᠬᠠᠷᠠᠯᠲᠠ ᠶᠢ ᠲᠣᠭᠲᠠᠭᠠᠨ᠂ ︽ᠵᠡᠭᠡᠯᠢ ᠶᠢᠨ ᠳᠠᠷᠤᠭ᠎ᠠ | ᠶᠢᠨ ᠳᠦᠷᠢᠮ︾ ᠢ ᠦᠷᠭᠦᠯᠵᠢᠯᠡᠨ ᠬᠡᠷᠡᠭᠵᠢᠭᠦᠯᠵᠦ᠂ ︽ᠣᠶᠣᠨᠴᠢᠯᠠᠭᠰᠠᠨ ᠬᠤᠲᠠ ᠶᠢᠨ ᠬᠠᠮᠢᠶᠠᠷᠤᠯᠲᠠ︾ ᠶᠢᠨ | ᠬᠡᠷᠡᠭᠯᠡᠯᠲᠡ ᠶᠢ ᠪᠠᠶᠠᠯᠢᠭᠵᠢᠭᠤᠯᠤᠨ ᠦᠷᠭᠡᠳᠬᠡᠵᠦ᠂ ᠳᠦᠷᠢᠮ ᠠᠴᠠ ᠵᠦᠷᠢᠴᠡᠨ ᠲᠡᠷᠭᠡ ᠵᠣᠭᠰᠤᠭᠠᠬᠤ᠂ | ᠲᠤᠭᠲᠠᠭᠠᠯ ᠠᠴᠠ ᠵᠦᠷᠢᠴᠡᠨ ᠪᠠᠷᠢᠯᠭ᠎ᠠ ᠪᠠᠷᠢᠬᠤ᠂ ᠵᠠᠮ ᠡᠵᠡᠯᠡᠨ ᠡᠵᠡᠩᠨᠡᠯᠲᠡ ᠬᠢᠬᠦ᠂ ᠳᠤᠷ᠎ᠠ ᠲᠠᠪᠠ ᠪᠠᠷ ᠵᠠᠷ ᠮᠡᠳᠡᠭᠡ | ᠨᠠᠭᠠᠬᠤ ᠵᠡᠷᠭᠡ ᠠᠵᠢᠯᠯᠠᠭ᠎ᠠ ᠶᠢᠨ ᠲᠤᠰᠬᠠᠢ ᠴᠡᠭᠴᠡᠯᠡᠯᠲᠡ ᠶᠢ ᠲᠤᠤᠱᠲᠠᠢ ᠦᠷᠨᠢᠭᠦᠯᠵᠦ᠂ ᠬᠤᠲᠠ ᠳᠣᠲᠤᠷᠠᠬᠢ | ᠣᠷᠴᠢᠨ ᠲᠤᠭᠤᠷᠢᠨ ᠢ ᠴᠡᠪᠡᠷᠰᠢᠭᠦᠯᠵᠦ᠂ ᠬᠤᠲᠠ ᠪᠠᠯᠭᠠᠰᠤ ᠶᠢ ᠨᠡᠩ ᠠᠮᠢᠵᠢᠷᠠᠯ ᠤᠨ ᠬᠦᠴᠦᠨ ᠲᠠᠢ᠂ ᠨᠡᠩ ᠬᠡᠪ | ᠨᠡᠮᠪᠠ ᠲᠠᠢ᠂ ᠨᠡᠩ ᠡᠭᠡᠯᠢᠰᠡᠭ ᠪᠣᠯᠭᠠᠨ᠎ᠠ᠃ ︽ᠬᠢᠯᠢ ᠬᠢᠵᠠᠭᠠᠷ ᠣᠷᠣᠨ ᠢ ᠬᠥᠭᠵᠢᠭᠦᠯᠦᠨ ᠠᠷᠠᠳ ᠢᠶᠠᠨ | ᠪᠠᠶᠠᠵᠢᠭᠤᠯᠬᠤ︾᠂ ︽ᠦᠵᠡᠰᠭᠦᠯᠡᠩᠲᠦ ᠰᠠᠶᠢᠬᠠᠨ ᠬᠦᠳᠡᠭᠡ ᠲᠤᠰᠬᠤᠨ︾᠂ ︽ᠨᠢᠭᠡ ᠬᠡᠷᠡᠭ ᠢ ᠨᠢᠭᠡ ᠵᠦᠪᠯᠡᠬᠦ︾ | ᠡᠳ᠋ ᠤᠨ ᠵᠠᠰᠠᠭ ᠤᠨ ᠱᠠᠩᠨᠠᠯ ᠨᠦᠬᠦᠪᠦᠷᠢ ᠶᠢᠨ ᠲᠦᠷᠦᠯ ᠵᠦᠢᠯ ᠢ ᠨᠢᠭᠡᠳᠦᠯᠲᠡᠢ ᠲᠦᠯᠦᠪᠯᠡᠨ ᠬᠡᠷᠡᠭᠵᠢᠬᠦᠯᠵᠦ᠂ | ᠮᠠᠯᠵᠢᠬᠤ ᠲᠠᠷᠢᠶᠠᠯᠠᠬᠤ ᠣᠷᠤᠨ ᠤ ᠠᠵᠤ ᠦᠢᠯᠡᠰ ᠤᠨ ᠬᠦᠭᠵᠢᠯᠲᠡ ᠪᠤᠯᠤᠨ ᠦᠢᠯᠡᠳᠪᠦᠷᠢᠯᠡᠯ ᠠᠮᠢᠳᠤᠷᠠᠯ ᠤᠨ | ᠨᠦᠭᠦᠴᠡᠯ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃ ᠣᠷᠤᠰᠢᠨ ᠰᠠᠭᠤᠬᠤ ᠣᠷᠴᠢᠨ ᠲᠤᠭᠤᠷᠢᠨ ᠤ | ᠲᠦᠭᠦᠭᠡᠷᠦᠮᠵᠢ ᠶᠢᠨ ᠤᠷᠲᠤ ᠬᠤᠭᠤᠴᠠᠭᠠᠨ ᠤ ᠬᠠᠮᠢᠶᠠᠷᠤᠯᠲᠠ ᠬᠠᠮᠠᠭᠠᠯᠠᠯᠲᠠ ᠶᠢᠨ ᠲᠤᠭᠲᠠᠯᠴᠠᠭ᠎ᠠ ᠶᠢ ᠪᠦᠷᠢᠨᠰᠢᠭᠦᠯᠵᠦ | ᠂ ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ | ᠰᠠᠭᠤᠷᠢ ᠲᠦᠭᠦᠭᠡᠷᠦᠮᠵᠢ ᠶᠢᠨ ᠳᠤᠲᠠᠭᠳᠠᠯ ᠢᠶᠠᠨ ᠪᠦᠬᠦ ᠬᠦᠴᠦ ᠪᠠᠷ ᠨᠦᠬᠦᠪᠦᠷᠢᠯᠡᠨ᠎ᠡ᠃ ᠲᠦᠪ ᠨᠡᠶᠢᠰᠯᠡᠯ | ᠤᠨ ᠬᠠᠮᠢᠶ᠎ᠠ ᠪᠦᠬᠦᠢ ᠰᠠᠯᠠᠭ᠎ᠠ ᠮᠦᠴᠢᠷ ᠲᠠᠢ ᠢᠳᠡᠪᠬᠢᠲᠡᠢ ᠬᠠᠷᠢᠯᠴᠠᠨ ᠲᠦᠷᠦᠯ ᠵᠦᠢᠯ ᠪᠡᠯᠡ ᠮᠦᠩᠭᠦᠨ ᠤ | ᠳᠡᠮᠵᠢᠯᠭᠡ ᠶᠢ ᠣᠯᠵᠤ᠂ ᠲᠣᠣᠷᠠᠢ ᠨᠢᠰᠭᠡᠯ ᠤᠨ ᠲᠠᠯᠠᠪᠠᠢ ᠶᠢ ᠳᠡᠰ ᠳᠡᠪᠰᠢᠭᠦᠯᠦᠨ ᠠᠷᠠᠳ ᠤᠨ ᠠᠭᠠᠷ ᠤᠨ | ᠲᠡᠭᠡᠭᠡᠪᠦᠷᠢ ᠶᠢᠨ ︽ᠠᠷᠪᠠᠨ ᠳᠦᠷᠪᠡᠳᠦᠭᠡᠷ ᠲᠠᠪᠤᠨ ᠵᠢᠯ︾ ᠤᠨ ᠤᠯᠤᠰ ᠤᠨ ᠲᠦᠯᠦᠪᠵᠢᠭᠦᠯᠭᠡ ᠶᠢᠨ ᠳᠤᠮᠳᠠ | ᠬᠤᠭᠤᠴᠠᠭᠠᠨ ᠤ ᠲᠤᠬᠢᠷᠠᠭᠤᠯᠤᠯᠲᠠ ᠶᠢᠨ ᠲᠦᠷᠦᠯ ᠵᠦᠢᠯ ᠳᠤ ᠣᠷᠤᠭᠤᠯᠬᠤ᠂ ᠯᠢᠨ ᠾᠧ ᠠᠴᠠ ᠬᠠᠮᠢᠯ ᠬᠦᠷᠬᠦ | ᠲᠡᠮᠦᠷ ᠵᠠᠮ ᠤᠨ ᠬᠤᠣᠰ ᠴᠢᠭᠯᠡᠯᠲᠦ ᠱᠤᠭᠤᠮ ᠢ ᠴᠠᠬᠢᠯᠭᠠᠨᠵᠢᠭᠤᠯᠬᠤ ᠪᠦᠲᠦᠭᠡᠨ ᠪᠠᠶᠢᠭᠤᠯᠤᠯᠲᠠ ᠶᠢ ᠤᠯᠤᠰ ᠤᠨ | ᠲᠡᠮᠦᠷ ᠵᠠᠮ ᠤᠨ ᠲᠦᠯᠦᠪᠵᠢᠭᠦᠯᠬᠡ ᠳᠤ ᠣᠷᠤᠭᠤᠯᠬᠤ᠂ ᠡᠵᠡᠨ᠎ᠡ ᠠᠴᠠ ᠵᠢᠦᠴᠢᠦᠸᠠᠨ ᠬᠦᠷᠬᠦ ᠲᠡᠮᠦᠷ ᠵᠠᠮ ᠤᠨ ᠳ᠋ᠦᠩ | ᠹᠧᠩ ᠡᠮᠦᠨ᠎ᠡ ᠦᠷᠲᠡᠭᠡ ᠠᠴᠠ ᠡᠵᠡᠨ᠎ᠡ ᠬᠦᠷᠬᠦ ᠬᠡᠰᠡᠭ ᠢ ᠪᠦᠳᠦᠬᠡᠨ ᠪᠠᠶᠢᠭᠤᠯᠬᠤ ᠵᠡᠷᠬᠡ ᠠᠵᠢᠯ ᠤᠳ ᠢ | ᠡᠬᠢᠯᠡᠭᠦᠯᠬᠦ ᠪᠠᠷ ᠴᠢᠷᠮᠠᠶᠢᠵᠤ᠂ ᠯᠢᠨ ᠾᠧ ᠠᠴᠠ ᠬᠠᠮᠢᠯ ᠬᠦᠷᠬᠦ ᠲᠡᠮᠦᠷ ᠵᠠᠮ ᠤᠨ ᠴᠢᠳᠠᠪᠬᠢ ᠶᠢ ᠦᠷᠭᠡᠳᠬᠡᠨ | ᠦᠭᠡᠷᠡᠴᠢᠯᠡᠨ ᠵᠠᠰᠠᠬᠤ ᠠᠵᠢᠯ ᠳᠠᠬᠢ ᠵᠦᠷᠢᠵᠤ ᠡᠭᠡᠯᠵᠢᠬᠦ ᠦᠷᠲᠡᠭᠡᠨ ᠤ ᠪᠠᠶᠢᠭᠤᠯᠤᠯᠲᠠ ᠶᠢ ᠪᠦᠬᠦ ᠲᠠᠯ᠎ᠠ ᠪᠠᠷ | ᠪᠡᠶᠡᠯᠡᠭᠦᠯᠦᠨ᠎ᠡ᠃ G213 ᠱᠤᠭᠤᠮ ᠤᠨ ᠳ᠋ᠦᠩ ᠹᠧᠩ ᠰᠠᠨᠰᠠᠷ ᠤᠨ ᠬᠤᠲᠠ ᠠᠴᠠ ᠠᠷᠪᠠᠨ ᠳᠦᠷᠪᠡᠳᠦᠭᠡᠷ | ᠴᠡᠷᠢᠭ ᠤᠨ ᠰᠠᠭᠤᠷᠢᠨ ᠬᠦᠷᠬᠦ ᠵᠠᠰᠠᠮᠠᠯ ᠵᠠᠮ ᠤᠨ ᠬᠡᠰᠡᠭ᠂ G331 ᠱᠤᠭᠤᠮ ᠤᠨ ᠵᠠᠮ ᠤᠨ ᠬᠤᠳᠳᠤᠭ ᠠᠴᠠ | ᠦᠪᠦᠷ ᠮᠣᠩᠭᠤᠯ ᠭᠠᠨᠰᠤ ᠶᠢᠨ ᠵᠠᠭᠠᠭ ᠬᠦᠷᠬᠦ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠬᠦᠴᠦᠯᠡᠨ | ᠠᠬᠢᠭᠤᠯᠵᠤ᠂ S228 ᠱᠤᠭᠤᠮ ᠤᠨ ᠠᠷᠪᠠᠨ ᠳᠦᠷᠪᠡᠳᠦᠭᠡᠷ ᠴᠡᠷᠢᠭ ᠤᠨ ᠰᠠᠭᠤᠷᠢᠨ ᠠᠴᠠ ᠬᠤᠯᠤᠰᠤᠲᠤ ᠪᠤᠯᠠᠭ | ᠬᠦᠷᠬᠦ ᠵᠠᠰᠠᠮᠠᠯ ᠵᠠᠮ᠂ S229 ᠱᠤᠭᠤᠮ ᠤᠨ ᠴᠢᠩ ᠾᠧ ᠺᠸᠦ ᠠᠴᠠ ᠰᠠᠶᠢᠬᠠᠨ ᠵᠠᠪᠠᠢ ᠪᠣᠭᠤᠮᠲᠠ ᠬᠦᠷᠬᠦ | ᠬᠡᠰᠡᠭ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠵᠤ ᠦᠭᠡᠷᠡᠴᠢᠯᠡᠨ ᠵᠠᠰᠠᠬᠤ᠂ ᠰᠠᠶᠢᠬᠠᠨᠲᠣᠣᠷᠠᠢ ᠠᠴᠠ ᠪᠠᠶᠠᠨᠪᠣᠭᠳᠠ | ᠬᠦᠷᠬᠦ ᠵᠠᠰᠠᠮᠠᠯ ᠵᠠᠮ ᠢ ᠴᠢᠨᠠᠷᠵᠢᠭᠤᠯᠤᠨ ᠦᠭᠡᠷᠡᠴᠢᠯᠡᠬᠦ ᠢᠨᠵᠧᠨᠧᠷᠢᠩ ᠢ ᠪᠠᠶᠢᠭᠤᠯᠤᠨ ᠳᠠᠭᠤᠰᠬᠠᠵᠤ ᠳᠡᠷᠬᠡ | ᠨᠡᠪᠲᠡᠷᠡᠭᠦᠯᠬᠦ ᠪᠠᠷ ᠴᠢᠷᠮᠠᠶᠢᠨ᠎ᠠ᠃ ᠰᠤᠷᠠᠭ ᠵᠠᠩᠭᠢ ᠶᠢᠨ ᠰᠦᠯᠵᠢᠶᠠᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ | ᠂ ᠭᠤᠣᠯᠳᠠᠯᠭᠠᠲᠤ ᠠᠵᠢᠯ ᠲᠦᠷᠦᠯ ᠤᠨ ᠴᠠᠷ᠎ᠠ ᠬᠦᠷᠢᠶ᠎ᠡ ᠶᠢ ᠲᠣᠭᠠᠴᠢᠯᠠᠵᠤ ᠳᠡᠰ ᠳᠡᠪᠰᠢᠭᠦᠯᠦᠨ ᠦᠭᠡᠷᠡᠴᠢᠯᠡᠬᠦ᠂ | ᠭᠤᠣᠯᠳᠠᠯᠭᠠᠲᠤ ᠴᠠᠷ᠎ᠠ ᠬᠦᠷᠢᠶᠠᠨ ᠤ 5G ᠰᠦᠯᠵᠢᠶ᠎ᠡ ᠶᠢ ᠪᠠᠶᠢᠷᠢᠯᠠᠭᠤᠯᠬᠤ᠂ ᠵᠠᠮ ᠬᠠᠷᠢᠯᠴᠠᠭᠠᠨ ᠤ ᠭᠤᠣᠯ ᠱᠤᠭᠤᠮ | ᠪᠠ ᠪᠣᠶᠢᠲᠠ ᠪᠦᠭᠯᠡᠬᠦᠦ ᠭᠠᠴᠠᠭ᠎ᠠ ᠲᠣᠰᠬᠤᠨ ᠳᠤ ᠰᠦᠯᠵᠢᠶᠠᠨ ᠳᠤᠬᠢᠶ᠎ᠠ ᠶᠢ ᠴᠦᠮ ᠪᠦᠷᠬᠦᠭᠦᠯᠬᠦ ᠵᠡᠷᠭᠡ ᠠᠵᠢᠯ ᠢ | ᠠᠬᠢᠭᠤᠯᠤᠨ᠂ ᠡᠯᠧᠺᠲᠷᠣᠨ ᠵᠠᠰᠠᠭ ᠤᠨ ᠶᠠᠪᠤᠳᠠᠯ᠂ ᠵᠠᠮ ᠬᠠᠷᠢᠯᠴᠠᠭ᠎ᠠ ᠪᠠᠷᠠᠭ᠎ᠠ ᠭᠦᠢᠯᠭᠡᠭᠡ᠂ ᠡᠮ ᠡᠮᠨᠡᠯᠭᠡ ᠡᠷᠡᠭᠦᠯ | ᠬᠠᠮᠠᠭᠠᠯᠠᠯ᠂ ᠢᠳᠡᠭᠡᠨ ᠤᠮᠳᠠᠭᠠᠨ ᠡᠮ ᠤᠨ ᠵᠦᠢᠯᠡᠰ ᠤᠨ ᠠᠮᠤᠷ ᠲᠦᠪᠰᠢᠨ᠂ ᠠᠭᠤᠷᠬᠠᠢ ᠶᠢᠨ ᠠᠮᠤᠷ ᠲᠦᠪᠰᠢᠨ ᠤ | ᠬᠢᠨᠠᠯᠲᠠ ᠬᠠᠮᠢᠶᠠᠷᠤᠯᠲᠠ ᠵᠡᠷᠭᠡ ᠴᠠᠷ᠎ᠠ ᠬᠦᠷᠢᠶᠠᠨ ᠳᠠᠬᠢ ᠲᠤᠮᠤ ᠳ᠋ᠠᠶᠢᠲ᠋ᠠ ᠶᠢᠨ ᠪᠦᠬᠦ ᠲᠠᠯ᠎ᠠ ᠶᠢᠨ ᠬᠡᠷᠡᠭᠯᠡᠯᠲᠡ ᠶᠢ | ᠠᠬᠢᠭᠤᠯᠵᠤ᠂ ︽ᠣᠶᠣᠨᠴᠢᠯᠠᠭᠰᠠᠨ ᠡᠵᠡᠨ᠎ᠡ︾ ᠶᠢ ᠪᠦᠲᠦᠭᠡᠨ ᠪᠠᠶᠢᠭᠤᠯᠤᠨ᠎ᠠ᠃ | ︵ᠳᠦᠷᠪᠡ︶ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠴᠢᠨᠠᠷ ᠰᠠᠶᠢᠲᠠᠢ | ᠬᠦᠭᠵᠢᠯᠲᠡ ᠶᠢ ᠢᠮᠠᠭᠲᠠ ᠪᠠᠷᠢᠮᠲᠠᠯᠠᠨ᠎ᠠ᠃ ᠦᠭᠡᠷᠡᠴᠢᠯᠡᠯᠲᠡ ᠶᠢ ᠭᠤᠶᠢᠪᠢᠰᠢ ᠦᠭᠡᠢ ᠭᠦᠨᠵᠡᠭᠡᠶᠢᠷᠡᠭᠦᠯᠦᠨ᠂ | ᠨᠡᠭᠡᠭᠡᠯᠲᠡ ᠶᠢ ᠦᠷᠭᠡᠳᠬᠡᠵᠦ᠂ ᠪᠠᠶᠢᠭᠤᠯᠤᠮᠵᠢ ᠲᠤᠭᠲᠠᠴᠠ ᠶᠢᠨ ᠭᠦᠨ ᠳᠠᠪᠬᠤᠷᠭ᠎ᠠ ᠳᠠᠬᠢ ᠬᠠᠷᠰᠢ ᠰᠠᠭᠠᠳ ᠢ | ᠠᠷᠢᠯᠭᠠᠨ᠂ ᠨᠡᠶᠢᠭᠡᠮ ᠤᠨ ᠰᠢᠨᠡᠴᠢᠯᠡᠯᠲᠡ ᠡᠭᠦᠳᠦᠯᠲᠡ ᠶᠢᠨ ᠨᠦᠭᠡᠴᠡ ᠬᠦᠴᠦᠨ ᠶᠢ ᠬᠠᠮᠤᠭ ᠶᠡᠭᠡ ᠬᠡᠮᠵᠢᠶ᠎ᠡ ᠪᠠᠷ | ᠠᠭᠤᠳᠠᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠠᠮᠢᠵᠢᠷᠠᠯ ᠤᠨ ᠬᠦᠴᠦᠨ᠂ ᠬᠦᠳᠡᠯᠭᠡᠬᠦ | ᠬᠦᠴᠦᠨ᠂ ᠬᠠᠮᠲᠤᠷᠠᠯ ᠬᠦᠴᠦᠨ ᠢ ᠨᠡᠮᠡᠷᠢᠯᠡᠨ᠎ᠡ᠃ | ᠬᠤᠳᠠᠯᠳᠤᠭ᠎ᠠ ᠡᠷᠬᠢᠯᠡᠬᠦ ᠴᠢᠨᠠᠷ ᠰᠠᠶᠢᠲᠠᠢ ᠣᠷᠴᠢᠨ ᠨᠦᠭᠦᠴᠡᠯ ᠢ ᠴᠣᠭᠴᠠᠯᠠᠨ᠎ᠠ᠃ ︽ᠲᠠᠯᠪᠢᠬᠤ ᠬᠠᠮᠢᠶᠠᠷᠬᠤ | ᠦᠢᠯᠡᠴᠢᠯᠡᠬᠦ︾ ᠦᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠵᠠᠰᠠᠭ ᠤᠨ ᠣᠷᠳᠤᠨ ᠤ ᠠᠵᠢᠯ ᠤᠨ | ᠴᠢᠳᠠᠪᠬᠢ ᠪᠠᠨ ᠲᠦᠷᠭᠡᠳᠬᠡᠨ ᠬᠤᠪᠢᠷᠠᠭᠤᠯᠵᠤ᠂ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ | ᠪᠣᠳᠤᠯᠭ᠎ᠠ ᠶᠢ ᠡᠷᠡᠰ ᠨᠠᠶᠢᠳᠠᠪᠤᠷᠢᠵᠢᠭᠤᠯᠵᠤ᠂ ᠭᠠᠶᠢᠯᠢ ᠬᠦᠩᠭᠡᠷᠡᠭᠦᠯᠦᠨ ᠰᠦᠢᠳᠬᠡᠯ ᠪᠠᠭᠤᠷᠠᠭᠤᠯᠬᠤ᠂ ᠲᠦᠷᠦ ᠶᠢᠨ | ᠪᠣᠳᠤᠯᠭ᠎ᠠ ᠶᠢᠨ ᠴᠢᠨᠠᠷᠲᠠᠢ ᠱᠠᠩᠨᠠᠯ ᠨᠦᠬᠦᠪᠦᠷᠢ ᠣᠯᠭᠤᠬᠤ ᠵᠡᠷᠭᠡ ᠠᠰᠢᠭ ᠣᠯᠵᠠᠪᠤᠷᠢ ᠶᠢ ᠠᠵᠤ ᠠᠬᠤᠶᠢᠯᠠᠯ ᠳᠤ | ᠰᠢᠭᠤᠳ ᠬᠦᠷᠲᠡᠭᠡᠵᠦ᠂ ᠲᠥᠷᠥ ᠶᠢᠨ ᠪᠣᠳᠣᠯᠭ᠎ᠠ ᠶᠢ ᠰᠠᠭᠠᠳ ᠥᠬᠡᠶ ᠬᠡᠷᠡᠭᠵᠢᠭᠦᠯᠵᠦ᠂ ᠡᠴᠦᠰ ᠲᠤ ᠨᠢ ᠲᠤᠯᠲᠠᠯ᠎ᠠ | ᠲᠣᠣᠱᠯᠠᠭᠤᠯᠤᠨᠠ᠃ ᠠᠵᠤ ᠠᠬᠤᠶᠢᠯᠠᠯ ᠤᠨ ᠬᠦᠴᠢᠷᠳᠡᠯ ᠢ ᠴᠢᠷᠮᠠᠶᠢᠨ ᠰᠢᠢᠳᠪᠦᠷᠢᠯᠡᠵᠦ᠂ ︽ᠨᠢᠭᠡ ᠠᠵᠤ ᠠᠬᠤᠶᠢᠯᠠᠯ | ᠨᠢᠭᠡ ᠲᠦᠷᠦ ᠶᠢᠨ ᠪᠣᠳᠤᠯᠭ᠎ᠠ︾ ᠪᠠᠷ ᠣᠨᠣᠴᠠᠲᠠᠢ ᠬᠦᠴᠦᠯᠡᠬᠦ ᠶᠢ ᠪᠠᠷᠢᠮᠲᠠᠯᠠᠨ᠂ ᠰᠠᠨᠠᠭᠠᠴᠢᠯᠠᠭ᠎ᠠ ᠠᠴᠠ ᠪᠠᠨ | ᠬᠠᠪᠢᠳᠠᠨ ᠦᠢᠯᠡᠴᠢᠯᠡᠵᠦ᠂ ᠪᠦᠬᠦ ᠬᠦᠴᠦ ᠪᠠᠷ ᠢᠶᠠᠨ ᠠᠵᠤ ᠠᠬᠤᠶᠢᠯᠠᠯ ᠢ ᠬᠠᠮᠵᠢᠨ ᠴᠢᠬᠤᠯᠠ ᠡᠯᠧᠮᠧᠨ᠋ᠲ ᠢ | ᠬᠠᠩᠭᠠᠬᠤ᠂ ᠪᠠᠷᠠᠭ᠎ᠠ ᠭᠦᠢᠯᠭᠡᠭᠡᠵᠦ ᠠᠴᠢᠶ᠎ᠡ ᠲᠡᠭᠡᠭᠡᠪᠦᠷᠢᠯᠡᠬᠦ᠂ ᠠᠵᠢᠯᠴᠢᠨ ᠡᠯᠰᠡᠵᠦ ᠬᠡᠷᠡᠭᠯᠡᠬᠦ᠂ ᠪᠡᠯᠡ ᠮᠦᠩᠭᠦ | ᠡᠷᠬᠢᠯᠳᠦᠬᠦᠯᠬᠦ ᠵᠡᠷᠭᠡ ᠲᠠᠯ᠎ᠠ ᠶᠢᠨ ᠬᠦᠴᠢᠷᠳᠡᠯ ᠢ ᠨᠢ ᠰᠢᠢᠳᠪᠦᠷᠢᠯᠡᠨ᠎ᠡ᠃ ︽ᠳᠥᠷᠪᠡ ᠶᠢ ᠭᠦᠶᠴᠡᠳᠬᠡᠬᠦ︾ | ᠠᠵᠢᠯ ᠤᠨ ᠠᠰᠢᠭᠯᠠᠮᠵᠢ ᠶᠢ ᠳᠡᠭᠡᠭᠰᠢᠯᠡᠭᠦᠯᠵᠦ᠂ ︽12345︾ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ | ᠤᠲᠠᠰᠤ ᠪᠠᠷ ᠠᠵᠢᠯ ᠭᠦᠢᠴᠡᠳᠬᠡᠬᠦ ᠶᠠᠰᠤ ᠴᠢᠨᠠᠷ ᠢ ᠳᠡᠭᠡᠭᠰᠢᠯᠡᠭᠦᠯᠵᠦ᠂ ᠬᠢᠨᠠᠨ ᠵᠦᠪᠰᠢᠶᠡᠷᠡᠬᠦ ᠶᠠᠪᠤᠴᠠ ᠶᠢ ᠤᠯᠠᠮ | ᠰᠢᠯᠢᠳᠡᠭᠵᠢᠭᠦᠯᠵᠦ ᠴᠣᠮᠬᠠᠳᠬᠠᠨ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠠᠪᠰᠠᠷ ᠨᠡᠩ ᠬᠠᠯᠠᠭᠤᠮᠰᠤᠭ | ᠢᠶᠠᠷ ᠬᠠᠩᠭᠠᠵᠤ᠂ ᠣᠯᠠᠨ ᠲᠦᠮᠡᠨ ᠤ ᠠᠵᠤ ᠠᠬᠤᠶᠢᠯᠠᠯ ᠳᠤ ᠤᠯᠠᠮ ᠰᠡᠳᠬᠢᠯ ᠬᠠᠨᠤᠮᠵᠢᠲᠠᠢ ᠲᠠᠭᠠᠯᠠᠮᠵᠢᠲᠠᠢ ᠣᠷᠴᠢᠨ | ᠨᠦᠭᠦᠴᠡᠯ ᠢ ᠪᠦᠷᠢᠯᠳᠦᠭᠦᠯᠦᠨ᠎ᠡ᠃ ︽ᠬᠤᠶᠠᠷ ᠢ ᠳᠣᠬᠢᠶᠠᠯᠳᠤᠮᠵᠢ ᠪᠠᠷ ᠰᠣᠩᠭᠤᠵᠤ᠂ ᠨᠢᠭᠡ ᠶᠢ ᠢᠯᠡ ᠨᠡᠶᠢᠲᠡᠯᠡᠬᠦ︾ | ᠶᠢ ᠪᠦᠬᠦ ᠲᠠᠯ᠎ᠠ ᠪᠠᠷ ᠬᠡᠷᠡᠭᠵᠢᠭᠦᠯᠦᠨ᠂ ᠠᠵᠢᠯ ᠤᠨ ᠳᠤᠮᠳᠠᠬᠢ ᠪᠤᠯᠤᠨ ᠳᠠᠭᠤᠰᠤᠭᠰᠠᠨ ᠤ ᠳᠠᠷᠠᠭᠠᠬᠢ ᠬᠢᠨᠠᠨ | ᠬᠠᠮᠢᠶᠠᠷᠤᠯᠲᠠ ᠶᠢ ᠴᠢᠩᠭᠠᠳᠬᠠᠵᠤ᠂ ᠰᠢᠨ᠎ᠡ ᠠᠵᠤ ᠦᠢᠯᠡᠰ ᠰᠢᠨ᠎ᠡ ᠡᠵᠡᠩᠨᠡᠯᠳᠡ ᠶᠢᠨ ᠪᠠᠶᠢᠳᠠᠯ ᠳᠤ ᠠᠮᠢᠳᠤᠯᠢᠭ ᠢᠶᠠᠷ | ᠬᠠᠤᠯᠢ ᠬᠡᠷᠡᠭᠵᠢᠭᠦᠯᠦᠨ ᠬᠦᠯᠢᠴᠡᠩᠭᠦᠢ ᠪᠣᠯᠭᠤᠮᠵᠢᠲᠡᠢ ᠬᠢᠨᠠᠨ ᠬᠠᠮᠢᠶᠠᠷᠴᠤ᠂ ᠵᠠᠬ᠎ᠠ ᠳᠡᠯᠭᠡᠭᠦᠷᠴᠢᠯᠡᠭᠰᠡᠨ᠂ | ᠬᠠᠤᠯᠢᠵᠢᠭᠰᠠᠨ᠂ ᠣᠯᠠᠨ ᠤᠯᠤᠰᠴᠢᠯᠠᠭᠰᠠᠨᠬᠤᠳᠠᠯᠳᠤᠭᠠ ᠡᠷᠬᠢᠯᠡᠬᠦ ᠣᠷᠴᠢᠨ ᠨᠦᠭᠦᠴᠡᠯ ᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ᠃ ᠠᠮᠢ ᠠᠬᠤᠢ ᠪᠤᠯᠤᠨ ᠠᠵᠤ ᠠᠬᠤᠢ ᠶᠢᠨ ᠴᠠᠷ᠎ᠠ ᠬᠦᠷᠢᠶᠠᠨ ᠤ ᠡᠯ᠎ᠡ ᠲᠦᠷᠦᠯ ᠤᠨ | ᠦᠭᠡᠷᠡᠴᠢᠯᠡᠯᠲᠡ ᠶᠢ ᠨᠢᠭᠡᠳᠦᠯᠲᠡᠢ ᠲᠦᠯᠦᠪᠯᠡᠨ ᠠᠬᠢᠭᠤᠯᠵᠤ᠂ ᠠᠷᠠᠳ ᠲᠦᠮᠡᠨ ᠳᠤ ᠨᠢᠳᠦᠨ ᠳᠤ ᠦᠵᠡᠭᠳᠡᠮ᠎ᠡ | ᠭᠠᠷ ᠲᠤ ᠪᠠᠷᠢᠭᠳᠠᠮ᠎ᠠ ᠦᠭᠡᠷᠡᠴᠢᠯᠡᠯᠲᠡ ᠶᠢᠨ ᠪᠣᠳᠠᠲᠠᠢ ᠠᠰᠢᠭ ᠢ ᠨᠡᠩ ᠤᠯᠠᠨ ᠬᠦᠷᠲᠡᠭᠡᠨ᠎ᠡ᠃ | ᠥᠨᠳᠥᠷ ᠲᠦᠪᠰᠢᠨ ᠪᠦᠬᠦᠢ ᠭᠠᠳᠠᠭᠠᠳᠤ ᠨᠡᠭᠡᠭᠡᠯᠲᠡ ᠶᠢ ᠪᠠᠷᠢᠮᠲᠠᠯᠠᠨ᠎ᠠ᠃ ︽ᠨᠢᠭᠡ ᠪᠦᠰᠡ ᠨᠢᠭᠡ ᠵᠠᠮ︾ | ᠪᠤᠯᠤᠨ ᠳᠤᠮᠳᠠᠳᠤ ᠮᠣᠩᠭᠤᠯ ᠤᠷᠤᠰ ᠤᠨ ᠠᠵᠤ ᠠᠬᠤᠢ ᠶᠢᠨ ᠨᠠᠪᠲᠡᠷᠡᠯᠴᠡᠭᠡᠨ ᠤ ᠪᠦᠲᠦᠭᠡᠨ ᠪᠠᠶᠢᠭᠤᠯᠤᠯᠲᠠ ᠳᠤ | ᠢᠳᠡᠪᠬᠢᠲᠡᠢ ᠠᠭᠤᠰᠤᠯᠴᠠᠨ᠂ ᠮᠣᠩᠭᠤᠯ ᠤᠯᠤᠰ ᠯᠤᠭ᠎ᠠ ᠰᠠᠭᠤᠷᠢ ᠲᠦᠭᠦᠭᠡᠷᠦᠮᠵᠢ ᠶᠢᠨ ︽ᠮᠠᠲ᠋ᠧᠷᠢᠶᠠᠯᠯᠢᠭ | ᠬᠤᠯᠪᠤᠭ᠎ᠠ︾ ᠪᠤᠯᠤᠨ ᠠᠵᠤ ᠠᠬᠤᠢ ᠠᠷᠠᠯᠵᠢᠶ᠎ᠠ ᠰᠤᠶᠤᠯ ᠤᠨ ︽ᠵᠦᠭᠡᠯᠡᠨ ᠬᠤᠯᠪᠤᠭ᠎ᠠ︾ ᠶᠢ ᠴᠢᠩᠭᠠᠳᠬᠠᠨ᠎ᠠ᠃ | ᠴᠡᠭᠡ ᠪᠣᠭᠤᠮᠲᠠ ᠯᠤᠭ᠎ᠠ ᠶᠢᠨ ᠨᠢᠭᠡ ᠴᠣᠭᠴᠠᠵᠢᠭᠰᠠᠨ ᠬᠦᠭᠵᠢᠯᠲᠡ ᠶᠢ ᠪᠠᠷᠢᠮᠲᠠᠯᠠᠨ᠂ ᠪᠣᠭᠤᠮᠲᠠ ᠪᠠᠷ ᠨᠡᠪᠲᠡᠷᠡᠵᠦ | ᠪᠠᠷᠠᠭ᠎ᠠ ᠦᠩᠭᠡᠷᠡᠭᠦᠯᠬᠦ ᠪᠣᠯᠣᠨ ᠨᠡᠭᠦᠷᠡᠰᠦ ᠤᠬᠢᠶᠠᠵᠤ ᠰᠢᠯᠢᠨ ᠡᠳ᠋ᠰᠢᠭᠦᠯᠬᠦ ᠴᠢᠳᠠᠪᠤᠷᠢ ᠶᠢ ᠪᠦᠬᠦ ᠲᠠᠯ᠎ᠠ ᠪᠠᠷ | ᠳᠡᠭᠡᠭᠰᠢᠯᠡᠬᠦᠯᠵᠦ᠂ ᠦᠷᠭᠡᠨ ᠬᠡᠪᠴᠢᠶᠠᠨ ᠤ ᠬᠢᠯᠢ ᠶᠢᠨ ᠪᠣᠭᠤᠮᠲᠠ ᠶᠢᠨ ᠠᠵᠤ ᠠᠬᠤᠶ ᠶᠢ ᠶᠡᠬᠡᠪᠡᠷ ᠬᠥᠭᠵᠢᠭᠦᠯᠵᠦ᠂ | ᠦᠪᠡᠷᠲᠡᠭᠡᠨ ᠵᠠᠰᠠᠬᠤ ᠣᠷᠤᠨ ᠤ ᠳᠡᠰ ᠤᠨ ᠭᠤᠣᠯᠳᠠᠯᠭᠠᠲᠤ ᠨᠡᠭᠡᠭᠡᠯᠲᠡ ᠶᠢᠨ ᠲᠣᠷᠰᠢᠯᠲᠠ ᠶᠢᠨ ᠣᠷᠤᠨ ᠢ ᠪᠦᠬᠦ | ᠬᠦᠴᠦ ᠪᠠᠷ ᠴᠤᠭᠴᠠᠯᠠᠵᠤ᠂ ᠤᠮᠠᠷᠠᠰᠢ ᠨᠡᠭᠡᠭᠡᠯᠲᠡ ᠬᠢᠬᠦ ᠪᠠᠬᠢᠯᠡᠯᠲᠡ ᠶᠢ ᠦᠨᠳᠦᠷ ᠬᠢᠷᠢ ᠲᠦᠪᠰᠢᠨ ᠢᠶᠠᠷ ᠪᠦᠲᠦᠭᠡᠨ | ᠪᠠᠶᠢᠭᠤᠯᠤᠨ᠎ᠠ᠃ ᠬᠤᠷᠸ᠎ᠠ ᠲᠦᠷᠦ ᠶᠢᠨ ᠪᠣᠳᠤᠯᠭ᠎ᠠ ᠶᠢᠨ ᠬᠠᠨᠳᠤᠰᠢ ᠪᠣᠯᠣᠨ ᠪᠡᠯᠡ ᠮᠦᠩᠭᠦᠨ ᠤ ᠣᠷᠤᠭᠤᠯᠤᠯᠲᠠ ᠶᠢ | ᠣᠨᠤᠪᠴᠢᠲᠠᠢ ᠠᠳᠬᠤᠵᠤ᠂ ᠤᠯᠤᠰ᠂ ᠦᠪᠡᠷᠲᠡᠭᠡᠨ ᠵᠠᠰᠠᠬᠤ ᠣᠷᠤᠨ ᠤ ᠴᠢᠬᠤᠯᠠ ᠶᠡᠭᠡ ᠲᠦᠯᠦᠪᠵᠢᠭᠦᠯᠭᠡ ᠲᠠᠢ | ᠨᠢᠭᠲᠠ ᠵᠣᠯᠭᠠᠯᠴᠠᠭᠤᠯᠵᠤ᠂ ᠠᠯᠤᠰ ᠬᠡᠲᠦ ᠶᠢᠨ ᠬᠦᠭᠵᠢᠯᠲᠡ ᠳᠤ ᠬᠠᠮᠢᠶᠠᠳᠠᠬᠤ ᠨᠢᠭᠡ ᠪᠦᠯᠦᠭ ᠴᠢᠬᠤᠯᠠ ᠶᠡᠭᠡ | ᠲᠦᠷᠦᠯ ᠵᠦᠢᠯ ᠢ ᠦᠨᠳᠦᠷ ᠡᠬᠢᠯᠡᠯᠲᠡ ᠲᠡᠬᠡᠳᠤ ᠪᠠᠷᠢᠮᠵᠢᠶ᠎ᠠ ᠪᠠᠷ ᠲᠦᠯᠦᠪᠯᠡᠨ ᠨᠦᠭᠡᠴᠡᠯᠡᠵᠦ᠂ ᠪᠡᠯᠡ | ᠣᠷᠣᠭᠤᠯᠤᠯᠲᠠ ᠪᠠᠷ ᠶᠡᠭᠡ᠂ ᠦᠢᠯᠡᠳᠪᠦᠷᠢᠯᠡᠯ ᠤᠨ ᠦᠷ᠎ᠡ ᠠᠰᠢᠭ ᠦᠨᠳᠦᠷ᠂ ᠠᠵᠤ ᠦᠢᠯᠡᠰ ᠤᠨ ᠬᠠᠷᠢᠴᠠᠭ᠎ᠠ | ᠬᠤᠯᠪᠤᠭ᠎ᠠ ᠨᠢᠭᠲᠠ ᠨᠢᠭᠡ ᠪᠦᠯᠦᠭ ᠰᠢᠯᠢᠳᠡᠭ ᠲᠦᠷᠦᠯ ᠵᠦᠢᠯ ᠢ ᠲᠠᠲᠠᠨ ᠠᠪᠴᠢᠷᠠᠵᠤ᠂ ᠴᠢᠨᠠᠷ ᠰᠠᠶᠢᠲᠠᠢ | ᠬᠦᠭᠵᠢᠯᠲᠡ ᠶᠢᠨ ᠰᠠᠭᠤᠷᠢ ᠬᠦᠴᠦ ᠶᠢ ᠪᠠᠲᠤᠳᠬᠠᠨ᠎ᠠ᠃ 2023 ᠣᠨ ᠳᠤ ᠭᠤᠣᠯᠳᠠᠯᠭᠠᠲᠠᠢ ᠪᠦᠲᠦᠭᠡᠨ | ᠪᠠᠶᠢᠭᠤᠯᠤᠯᠲᠠ ᠶᠢᠨ ᠲᠦᠷᠦᠯ ᠵᠦᠢᠯ ᠢ 31 ᠲᠦᠷᠦᠯ ᠬᠡᠷᠡᠭᠵᠢᠭᠦᠯᠬᠦ ᠪᠠᠷ ᠲᠦᠯᠦᠪᠯᠡᠵᠦ᠂ ᠶᠡᠷᠦᠩᠬᠡᠢ ᠪᠡᠯᠡ | ᠣᠷᠣᠭᠤᠯᠤᠯᠲᠠ ᠨᠢ 266.7 ᠳ᠋ᠦᠩᠰᠢᠭᠤᠷ ᠲᠦᠭᠦᠷᠢᠭ ᠪᠠᠶᠢᠵᠤ᠂ ᠲᠤᠰ ᠵᠢᠯ ᠳᠡᠭᠡᠨ 27.6 ᠳ᠋ᠦᠩᠰᠢᠭᠤᠷ | ᠲᠦᠭᠦᠷᠢᠭ ᠤᠨ ᠪᠡᠯᠡ ᠣᠷᠤᠭᠤᠯᠤᠯᠲᠠ ᠶᠢ ᠪᠡᠶᠡᠯᠡᠭᠦᠯᠦᠨ᠎ᠡ᠃ | ︵ᠲᠠᠪᠤ︶ ᠠᠷᠠᠳ ᠤᠨ ᠤᠨ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠪᠦᠬᠦ | ᠬᠦᠴᠦ ᠪᠠᠷ ᠴᠣᠭᠴᠠᠯᠠᠨ᠎ᠠ᠃ ᠠᠷᠠᠳ ᠲᠦᠮᠡᠨ ᠢᠶᠠᠷ ᠲᠥᠪ ᠪᠤᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ | ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠴᠠᠷ᠎ᠠ ᠬᠦᠷᠢᠶᠠᠨ ᠳᠤ ᠡᠳ᠋ ᠤᠨ ᠬᠦᠴᠦᠨ ᠢ ᠨᠡᠩ ᠢᠯᠡᠭᠦᠦ | ᠵᠠᠷᠤᠴᠠᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ ᠨᠦᠬᠦᠪᠦᠷᠢᠯᠡᠵᠦ᠂ ᠠᠷᠠᠳ ᠤᠨ ᠠᠮᠢᠳᠤᠷᠠᠯ | ᠤᠨᠬᠤᠷᠢᠭᠠ ᠱᠤᠭᠤᠮ ᠢ ᠪᠠᠲᠤ ᠰᠠᠬᠢᠵᠤ᠂ ᠠᠷᠠᠳ ᠲᠤ ᠠᠰᠢᠭᠲᠠᠢ ᠪᠣᠳᠠᠲᠤ ᠬᠡᠷᠡᠭ ᠢ ᠦᠨᠡᠨᠬᠦ ᠰᠠᠨᠠᠭᠠᠨ ᠳᠤᠨᠢ | ᠨᠡᠶᠢᠴᠡᠲᠡᠯᠡ ᠬᠢᠨ᠎ᠡ᠃ | ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠲᠦᠷᠦ ᠶᠢᠨ ᠪᠣᠳᠤᠯᠭ᠎ᠠ ᠶᠢ ᠨᠠᠷᠢᠯᠢᠭ | ᠨᠠᠶᠢᠳᠠᠪᠤᠷᠢᠵᠢᠭᠤᠯᠤᠨ᠎ᠠ᠃ ᠣᠯᠠᠨ ᠵᠦᠢᠯ ᠤᠨ ᠠᠷᠭ᠎ᠠ ᠬᠡᠮᠵᠢᠶ᠎ᠡ ᠪᠠᠷ ᠠᠵᠢᠯ ᠣᠯᠭᠤᠯᠲᠠ ᠶᠢ ᠲᠤᠭᠳᠠᠪᠤᠷᠢᠵᠢᠭᠤᠯᠬᠤ | ᠪᠠ ᠦᠷᠭᠡᠳᠬᠡᠵᠦ᠂ ᠭᠤᠣᠯᠳᠠᠯᠭᠠᠲᠤ ᠬᠦᠮᠦᠰ ᠤᠨ ᠠᠵᠢᠯ ᠣᠯᠭᠤᠯᠲᠠ ᠶᠢ ᠪᠠᠲᠤᠯᠠᠨ᠂ ᠠᠵᠤ ᠠᠬᠤᠶᠢᠯᠠᠯ ᠳᠤ | ᠲᠤᠰᠠᠯᠠᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠪᠤᠯᠤᠨ ᠠᠵᠢᠯ ᠮᠡᠷᠭᠡᠵᠢᠯ ᠢ ᠳᠡᠭᠡᠭᠰᠢᠯᠡᠭᠦᠯᠬᠦ | ᠠᠵᠢᠯᠯᠠᠭ᠎ᠠ ᠶᠢ ᠦᠷᠭᠦᠯᠵᠢᠯᠡᠨ ᠬᠡᠷᠡᠭᠵᠢᠭᠦᠯᠵᠦ᠂ ᠨᠡᠩ ᠭᠦᠢᠴᠡᠳ ᠴᠢᠨᠠᠷᠯᠢᠭ ᠠᠵᠢᠯ ᠣᠯᠭᠤᠯᠲᠠ ᠶᠢ ᠪᠡᠶᠡᠯᠡᠭᠦᠯᠵᠦ᠂ | ᠬᠤᠲᠠ ᠪᠠᠯᠭᠠᠰᠤᠨ ᠤ ᠳᠠᠩᠰᠠᠯᠠᠭᠰᠠᠨ ᠠᠵᠢᠯ ᠠᠯᠳᠠᠯᠲᠠ ᠶᠢᠨ ᠨᠣᠷᠮ᠎ᠡ ᠶᠢ 5% ᠳᠣᠲᠤᠷ᠎ᠠ ᠬᠢᠵᠠᠭᠠᠷᠯᠠᠬᠤ ᠶᠢ | ᠪᠠᠲᠤᠯᠠᠨ᠎ᠠ᠃ | ᠨᠡᠶᠢᠭᠡᠮ ᠤᠨ ᠪᠠᠲᠤᠯᠠᠭᠠᠨ ᠤ ᠬᠤᠷᠢᠭ᠎ᠠ ᠱᠤᠭᠤᠮ ᠢ ᠪᠠᠲᠤ ᠰᠠᠬᠢᠨ᠎ᠠ᠃ ᠮᠣᠵᠢ ᠠᠯᠣᠰᠯᠠᠨ ᠣᠨᠳᠣᠣ ᠭᠠᠵᠠᠷ | ᠡᠮᠴᠢᠯᠡᠭᠦᠯᠬᠦ ᠳᠤ ᠰᠢᠭᠤᠳ ᠲᠣᠭᠠᠴᠠᠭ᠎ᠠ ᠬᠢᠬᠦ ᠶᠢ ᠰᠢᠯᠢᠳᠡᠭᠵᠢᠭᠦᠯᠦᠨ᠂ ᠨᠡᠶᠢᠭᠡᠮ ᠤᠨ ᠳᠠᠭᠠᠳᠬᠠᠯ ᠲᠤᠰᠢᠶᠠᠬᠤ ᠳᠤ | ᠬᠦᠴᠢᠷᠳᠡᠯᠲᠡᠢ ᠬᠦᠮᠦᠰ ᠢ ᠣᠷᠣᠯᠠᠨ ᠲᠤᠰᠢᠶᠠᠬᠤ ᠲᠦᠷᠦ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠵᠤ᠂ ᠨᠡᠶᠢᠭᠡᠮ ᠤᠨ | ᠳᠠᠭᠠᠳᠬᠠᠯ ᠲᠤᠰᠢᠶᠠᠬᠤ ᠨᠤᠷᠮ᠎ᠠ ᠶᠢ ᠦᠷᠭᠦᠯᠵᠢᠯᠡᠨ ᠳᠡᠭᠡᠭᠰᠢᠯᠡᠭᠦᠯᠦᠨ᠎ᠡ᠃ ᠨᠡᠶᠢᠭᠡᠮ ᠤᠨ ᠠᠪᠤᠷᠠᠨ ᠲᠤᠰᠠᠯᠠᠬᠤ | ᠡᠳᠡᠭᠡᠳ ᠤᠨ ᠬᠦᠳᠡᠯᠦᠩᠭᠦᠢ ᠬᠠᠮᠢᠶᠠᠷᠤᠯᠲᠠ ᠶᠢ ᠴᠢᠩᠭᠠᠳᠬᠠᠨ᠂ ᠵᠡᠮᠳᠡᠭᠴᠦᠳ᠂ ᠭᠡᠷ ᠲᠤ ᠬᠤᠴᠣᠷᠠᠭᠠᠭᠰᠠᠨ | ᠬᠡᠦᠭᠡᠳ᠂ ᠣᠨᠴᠠ ᠬᠦᠴᠢᠷᠳᠡᠯᠲᠡᠢ ᠨᠠᠰᠤᠲᠠᠶᠢᠴᠤᠤᠯ ᠵᠡᠷᠭᠡ ᠬᠦᠮᠦᠰ ᠤᠨ ᠠᠰᠠᠷᠠᠮᠵᠢ ᠶᠢᠨ ᠪᠠᠲᠤᠯᠠᠭ᠎ᠠ ᠪᠠ ᠬᠠᠶᠢᠷ᠎ᠠ | ᠬᠠᠯᠠᠮᠵᠢ ᠶᠢᠨ ᠦᠢᠯᠡᠴᠢᠯᠡᠭᠡ ᠶᠢ ᠰᠠᠶᠢᠳᠤᠷ ᠬᠢᠨ᠎ᠡ᠃ ᠨᠢᠭᠦᠯᠡᠰᠦᠩᠭᠦᠢ ᠦᠢᠯᠡᠰ ᠢ ᠬᠦᠭᠵᠢᠭᠦᠯᠵᠦ᠂ ᠨᠡᠶᠢᠭᠡᠮ ᠤᠨ | ᠬᠦᠴᠦᠨ ᠢ ᠵᠣᠷᠢᠭᠵᠢᠭᠤᠯᠤᠨ ᠨᠡᠶᠢᠭᠡᠮ ᠤᠨ ᠠᠪᠤᠷᠠᠨ ᠲᠤᠰᠠᠯᠠᠯᠲᠠ ᠪᠤᠯᠤᠨ ᠰᠠᠶᠢᠨ ᠳᠤᠷ᠎ᠠ ᠶᠢᠨ ᠦᠢᠯᠡᠴᠢᠯᠡᠭᠡ ᠶᠢ | ᠦᠷᠨᠢᠭᠦᠯᠵᠦ᠂ ᠬᠦᠴᠢᠷᠳᠡᠯᠲᠡᠢ ᠬᠦᠮᠦᠰ ᠲᠤ ᠨᠡᠶᠢᠭᠡᠮ ᠤᠨ ᠬᠠᠶᠢᠷ᠎ᠠ ᠬᠠᠯᠠᠮᠵᠢ ᠶᠢ ᠣᠯᠭᠤᠨ᠎ᠠ᠃ | ᠠᠷᠠᠳ ᠲᠦᠮᠡᠨ ᠬᠠᠨᠤᠮᠵᠢᠲᠠᠢ ᠰᠤᠷᠭᠠᠨ ᠬᠦᠮᠦᠵᠢᠯ ᠢ ᠰᠠᠶᠢᠳᠤᠷ ᠶᠠᠪᠤᠭᠳᠠᠭᠤᠯᠤᠨ᠎ᠠ᠃ ᠰᠤᠷᠭᠠᠨ | ᠬᠦᠮᠦᠵᠢᠯ ᠤᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠠᠯᠪᠠᠨ ᠵᠢᠷᠤᠮ ᠤᠨ ᠰᠤᠷᠭᠠᠨ | ᠬᠦᠮᠦᠵᠢᠯ ᠨᠢ ᠴᠢᠨᠠᠷᠯᠢᠭ ᠲᠡᠩᠴᠡᠭᠦᠷᠢᠲᠡᠢ ᠬᠤᠰᠢᠭᠤ ᠶᠢ ᠪᠦᠲᠦᠭᠡᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ | ᠶᠠᠪᠤᠭᠳᠠᠭᠤᠯᠤᠨ᠂ ᠬᠤᠶᠠᠳᠤᠭᠠᠷ ᠪᠠᠭ᠎ᠠ ᠰᠤᠷᠭᠠᠭᠤᠯᠢ ᠶᠢ ᠢᠳᠡᠪᠬᠢᠯᠡᠨ ᠪᠠᠶᠢᠭᠤᠯᠤᠨ᠎ᠠ᠃ ᠰᠣᠷᠤᠭᠴᠢᠳ ᠤᠨ | ᠰᠡᠳᠬᠢᠴᠡ ᠶᠢᠨ ᠬᠠᠯᠠᠮᠵᠢᠯᠠᠯ ᠪᠣᠯᠣᠨ ᠰᠤᠷᠭᠠᠭᠤᠯᠢ ᠶᠢᠨ ᠬᠦᠷᠢᠶᠠᠨ ᠤ ᠠᠮᠤᠷ ᠲᠦᠪᠰᠢᠨ ᠤ ᠬᠠᠮᠢᠶᠠᠷᠤᠯᠲᠠ ᠶᠢ | ᠴᠢᠩᠭᠠᠳᠬᠠᠨ᠂ ᠰᠤᠷᠭᠠᠭᠤᠯᠢ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤᠳᠬᠠᠨ᠎ᠠ᠃ ᠬᠢᠴᠢᠶᠡᠯ | ᠲᠦᠷᠦᠯ ᠤᠨ ᠰᠢᠯᠢᠳᠡᠭ ᠪᠠᠭᠰᠢ ᠪᠣᠯᠣᠨ ᠰᠢᠯᠢᠳᠡᠭ ᠲᠡᠭᠦᠰᠦᠭᠰᠡᠨ ᠣᠶᠣᠲᠠᠳ ᠢ ᠣᠯᠠᠨ ᠲᠠᠯ᠎ᠠ ᠪᠠᠷ ᠤᠷᠢᠨ ᠡᠯᠰᠡᠵᠦ | ᠂ ᠪᠠᠭᠰᠢ ᠶᠢᠨ ᠡᠩᠨᠡᠭᠡ ᠶᠢᠨ ᠪᠦᠲᠦᠴᠡ ᠶᠢ ᠰᠢᠯᠢᠳᠡᠭᠵᠢᠭᠦᠯᠵᠦ᠂ ᠪᠠᠭᠰᠢ ᠶᠢ ᠤᠷᠮᠠᠰᠢᠭᠤᠯᠬᠤ ᠲᠤᠭᠲᠠᠴᠠ ᠶᠢ | ᠲᠡᠭᠦᠯᠳᠡᠷᠵᠢᠭᠦᠯᠦᠨ᠂ ᠵᠠᠯᠠᠭᠤ ᠪᠠᠭᠰᠢ ᠶᠢ ᠲᠠᠲᠠᠨ ᠣᠷᠤᠭᠤᠯᠵᠤ᠂ ᠰᠢᠯᠢᠳᠡᠭ ᠪᠠᠭᠰᠢ ᠶᠢ ᠦᠯᠡᠳᠡᠭᠡᠨ᠂ ᠵᠢᠭᠠᠨ | ᠰᠤᠷᠭᠠᠯᠲᠠ ᠶᠢᠨ ᠶᠠᠰᠤ ᠴᠢᠨᠠᠷ ᠢ ᠯᠠᠪᠳᠠᠭᠤᠨ ᠳᠡᠭᠡᠭᠰᠢᠯᠡᠭᠦᠯᠦᠨ᠎ᠡ᠃ ᠤᠯᠤᠰ ᠤᠨ ᠨᠢᠭᠡᠳᠦᠯᠲᠡᠢ ᠦᠭᠡ ᠬᠡᠯᠡ | ᠦᠰᠦᠭ ᠪᠢᠴᠢᠭ ᠤᠨ ᠵᠢᠭᠠᠨ ᠰᠤᠷᠭᠠᠯᠲᠠ ᠶᠢ ᠴᠢᠩᠭᠠᠳᠬᠠᠵᠤ᠂ ᠨᠢᠭᠡᠳᠦᠯᠲᠡᠢ ᠨᠠᠶᠢᠷᠠᠭᠤᠯᠤᠭᠰᠠᠨ ᠵᠢᠠᠭᠠᠬᠤ ᠮᠠᠲᠷᠢᠶᠠᠯ | ᠢ ᠲᠦᠭᠡᠮᠡᠯᠵᠢᠭᠦᠯᠵᠦ ᠬᠡᠷᠡᠭᠯᠡᠭᠰᠡᠨ ᠦᠷ᠎ᠡ ᠪᠦᠲᠦᠭᠡᠯ ᠢ ᠭᠦᠨᠵᠡᠭᠡᠶᠢᠷᠡᠭᠦᠯᠦᠨ᠂ ᠳᠤᠮᠳᠠᠳᠤ ᠳᠡᠭᠡᠳᠦ ᠰᠤᠷᠭᠠᠭᠤᠯᠢ ᠶᠢᠨ | ᠰᠢᠯᠭᠠᠯᠲᠠ ᠶᠢᠨ ᠦᠭᠡᠷᠡᠴᠢᠯᠡᠯᠲᠡ ᠶᠢ ᠡᠮᠬᠢ ᠳᠢᠭᠯᠢᠮ ᠲᠠᠢ ᠲᠣᠭᠲᠠᠭᠤᠨ ᠠᠬᠢᠭᠤᠯᠵᠤ᠂ ︽ᠲᠠᠪᠤᠨ ᠲᠠᠯ᠎ᠠ ᠶᠢᠨ | ᠬᠦᠮᠦᠵᠢᠯ︾ ᠢ ᠠᠭᠤᠰᠤᠯᠴᠠᠭᠤᠯᠤᠨ ᠬᠦᠭᠵᠢᠭᠦᠯᠬᠦ ᠶᠢ ᠪᠠᠷᠢᠮᠲᠠᠯᠠᠵᠤ᠂ ︽ᠬᠤᠶᠠᠷ ᠢ ᠬᠦᠩᠭᠡᠯᠡᠬᠦ︾ ᠦᠷ᠎ᠡ | ᠪᠦᠲᠦᠭᠡᠯ ᠶᠢ ᠪᠠᠭᠢᠵᠢᠭᠦᠯᠵᠦ᠂ ᠪᠦᠬᠦ ᠲᠠᠯ᠎ᠠ ᠪᠠᠷ ᠬᠦᠭᠵᠢᠭᠰᠡᠨ ᠰᠢᠨ᠎ᠡ ᠬᠦᠮᠦᠰ ᠢ ᠬᠦᠮᠦᠵᠢᠭᠦᠯᠦᠨ᠎ᠡ᠃ | ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠢᠵᠢᠭ ᠤᠨ ᠪᠠᠶᠢᠳᠠᠯ ᠤᠨ ᠰᠢᠨ᠎ᠡ ᠬᠤᠪᠢᠷᠠᠯᠲᠠ ᠳᠤ ᠲᠣᠬᠢᠷᠠᠭᠤᠯᠤᠭᠰᠠᠨ ᠡᠯ᠎ᠡ ᠵᠦᠢᠯ ᠤᠨ ᠰᠡᠷᠭᠡᠶᠢᠯᠡᠨ ᠡᠵᠡᠮᠳᠡᠬᠦ | ᠠᠷᠭ᠎ᠠ ᠪᠠᠷᠢᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠯᠠᠨ ᠲᠦᠮᠡᠨ ᠤ ᠡᠪᠡᠳᠴᠢᠨ ᠦᠵᠡᠭᠦᠯᠵᠦ ᠡᠮ ᠭᠡᠷᠡᠭᠯᠡᠬᠦ ᠶᠢ | ᠪᠠᠲᠤᠯᠠᠨ᠂ ᠨᠠᠰᠤᠲᠠᠶᠢᠴᠤᠤᠯ ᠪᠠ ᠠᠷᠬᠠᠭ ᠡᠪᠡᠳᠴᠢᠨ ᠲᠠᠢ ᠬᠦᠮᠦᠰ ᠤᠨ ᠰᠡᠷᠭᠡᠶᠢᠯᠡᠨ ᠡᠵᠡᠮᠳᠡᠯᠲᠡ ᠶᠢ | ᠭᠤᠣᠯᠳᠠᠯᠭᠠᠲᠠᠢ ᠠᠳᠬᠤᠵᠤ᠂ ᠡᠷᠡᠭᠦᠯ ᠡᠩᠬᠡ ᠶᠢ ᠪᠠᠲᠤᠯᠠᠨ᠂ ᠬᠦᠨᠳᠦ ᠡᠪᠡᠳᠴᠢᠯᠡᠬᠦ ᠶᠢ ᠰᠡᠷᠭᠡᠶᠢᠯᠡᠨ᠎ᠡ᠃ | ᠡᠮᠴᠢᠯᠡᠭᠡᠨ ᠤ ᠪᠠᠶᠢᠭᠤᠯᠤᠮᠵᠢ ᠶᠢᠨ ᠰᠠᠭᠤᠷᠢ ᠲᠦᠭᠦᠭᠡᠷᠦᠮᠵᠢ ᠶᠢ ᠲᠡᠭᠦᠯᠳᠡᠷᠵᠢᠭᠦᠯᠵᠦ᠂ ᠰᠢᠨ᠎ᠡ ᠮᠣᠩᠭᠤᠯ ᠡᠮᠨᠡᠯᠭᠡ | ᠶᠢᠨ ᠬᠤᠷᠢᠶ᠎ᠠ ᠶᠢ ᠵᠠᠰᠠᠵᠤ ᠴᠢᠮᠡᠬᠦ ᠪᠠ ᠨᠡᠭᠦᠵᠦ ᠣᠷᠤᠬᠤ᠂ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ | ᠬᠠᠯᠳᠠᠪᠤᠷᠢᠲᠤ ᠡᠪᠡᠳᠴᠢᠲᠡᠨ ᠤ ᠲᠣᠭᠤᠷᠢᠭ ᠪᠤᠯᠤᠨ ᠳᠡᠳ᠋ ᠲᠣᠭᠲᠠᠭᠰᠠᠨ ᠡᠮᠨᠡᠯᠭᠡ ᠶᠢᠨ ᠬᠤᠷᠢᠶᠠᠨ ᠤ ᠪᠦᠲᠦᠭᠡᠨ | ᠪᠠᠶᠢᠭᠤᠯᠤᠯᠲᠠ ᠶᠢ ᠪᠡᠶᠡᠯᠡᠭᠦᠯᠦᠨ᠎ᠡ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠵᠦ᠂ ᠡᠮᠴᠢᠯᠡᠭᠡᠨ ᠤ ᠴᠢᠳᠠᠪᠤᠷᠢᠲᠠᠨ ᠪᠤᠯᠤᠨ ᠶᠡᠷᠦᠩᠬᠡᠢ ᠰᠠᠯᠠᠭᠠᠨ ᠤ ᠡᠮᠴᠢ ᠶᠢ ᠬᠦᠮᠦᠵᠢᠭᠦᠯᠬᠦ | ᠬᠦᠴᠦᠯᠡᠴᠡ ᠪᠠᠨ ᠨᠡᠮᠡᠭᠳᠡᠭᠦᠯᠵᠦ᠂ ᠣᠨᠣᠰᠢᠯᠠᠨ ᠡᠮᠴᠢᠯᠡᠬᠦ ᠪᠠ ᠪᠠᠴᠢᠮ ᠪᠠᠶᠢᠳᠠᠯ ᠢ ᠰᠢᠢᠳᠪᠦᠷᠢᠯᠡᠬᠦ ᠴᠢᠳᠠᠪᠤᠷᠢ ᠶᠢ | ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠨᠠᠰᠤᠲᠠᠶᠢᠴᠤᠤᠯ ᠤᠨ ᠬᠠᠷᠢᠴᠠᠯ ᠥᠨᠳᠥᠷᠵᠢᠵᠦ ᠬᠦᠩᠭᠡᠵᠢᠬᠦ ᠨᠣᠷᠮ᠎ᠠ | ᠳᠣᠷᠣᠭᠰᠢᠯᠠᠵᠤ ᠪᠠᠶᠢᠭ᠎ᠠ ᠪᠠᠶᠢᠳᠠᠯ ᠢ ᠢᠳᠡᠪᠬᠢᠲᠡᠢ ᠠᠷᠭᠠᠴᠠᠭᠠᠨ᠂ ᠬᠦᠮᠦᠨ ᠠᠮᠠ ᠶᠢᠨ ᠣᠷᠲᠣ ᠬᠤᠭᠤᠴᠠᠭᠠᠨ ᠤ | ᠲᠡᠩᠴᠡᠭᠦᠷᠢᠲᠡᠢ ᠬᠦᠭᠵᠢᠯᠲᠡ ᠶᠢ ᠠᠬᠢᠭᠤᠯᠤᠨ᠎ᠠ᠃ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠦᠳᠡᠯᠭᠡᠭᠡᠨ ᠢ ᠶᠡᠬᠡᠪᠡᠷ ᠦᠷᠨᠢᠭᠦᠯᠵᠦ᠂ ᠡᠪᠡᠳᠴᠢᠨ ᠤ ᠵᠠᠭᠤᠴᠢ ᠶᠢ ᠰᠡᠷᠭᠡᠶᠢᠯᠡᠨ ᠬᠤᠷᠢᠭᠯᠠᠬᠤ ᠠᠵᠢᠯ ᠢ ᠰᠠᠶᠢᠲᠤᠷ | ᠬᠢᠵᠦ᠂ ᠡᠷᠡᠬᠦᠯ ᠪᠣᠯᠪᠠᠰᠤᠨ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠠᠷᠠᠳ ᠲᠦᠮᠡᠨ ᠤ ᠡᠷᠡᠭᠦᠯ | ᠮᠡᠨᠳᠦ ᠶᠢᠨ ᠲᠦᠪᠰᠢᠨ ᠢ ᠳᠡᠭᠡᠭᠰᠢᠯᠡᠭᠦᠯᠵᠦ᠂ ᠠᠷᠬᠠᠭ ᠡᠪᠡᠳᠴᠢᠨ ᠢ ᠶᠡᠷᠦᠩᠬᠡᠶᠢᠯᠡᠨ ᠰᠡᠷᠭᠡᠶᠢᠯᠡᠵᠦ ᠡᠵᠡᠮᠳᠡᠬᠦ | ᠣᠯᠣᠰ ᠤᠨ ᠵᠢᠱᠢᠶ᠎ᠡ ᠦᠵᠡᠬᠦᠯᠬᠦ ᠭᠠᠵᠠᠷ᠂ ᠤᠯᠤᠰ ᠤᠨ ᠡᠷᠡᠭᠦᠯ ᠬᠠᠮᠠᠭᠠᠯᠠᠯ ᠤᠨ ᠰᠢᠶᠡᠨ ᠬᠤᠲᠠ ᠶᠢ | ᠪᠠᠶᠢᠭᠤᠯᠤᠭᠰᠠᠨ ᠦᠷ᠎ᠡ ᠪᠦᠲᠦᠭᠡᠯ ᠢᠶᠠᠨ ᠦᠷᠭᠦᠯᠵᠢᠯᠡᠨ ᠪᠠᠬᠢᠵᠢᠭᠦᠯᠦᠨ᠎ᠡ᠃ | ᠰᠤᠶᠤᠯ ᠤᠨ ᠬᠠᠩᠭᠠᠯᠭ᠎ᠠ ᠶᠢ ᠨᠡᠩ ᠪᠠᠶᠠᠯᠢᠭᠵᠢᠭᠤᠯᠤᠨ᠎ᠠ᠃ ᠤᠯᠠᠭᠠᠨᠮᠦ᠋ᠴᠢᠷ ᠤᠨ ᠪᠠᠷᠢᠮᠵᠢᠶᠠᠵᠢᠭᠰᠠᠨ | ᠲᠠᠯᠠᠪᠠᠢ ᠶᠢ ᠪᠦᠬᠦ ᠲᠠᠯ᠎ᠠ ᠪᠠᠷ ᠪᠠᠶᠢᠭᠤᠯᠵᠤ᠂ ︽ᠵᠠᠭᠤᠨ ᠪᠦᠯᠬᠦᠮ ᠤᠨ ᠮᠢᠩᠭᠠᠨ ᠲᠠᠯᠠᠪᠤᠷ ᠲᠣᠭᠯᠠᠯᠲᠠ︾ ᠶᠢ | ᠦᠨᠳᠦᠰᠦᠨ ᠱᠠᠲᠤᠨ ᠳᠤ ᠪᠠᠭᠤᠯᠭᠠᠬᠤ ᠵᠡᠷᠭᠡ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ ᠭᠦᠨᠵᠡᠭᠡᠢ | ᠦᠷᠨᠢᠭᠦᠯᠵᠦ᠂ ᠠᠷᠠᠳ ᠤᠯᠠᠨ ᠤ ᠰᠤᠶᠤᠯ ᠤᠨ ᠠᠮᠢᠳᠤᠷᠠᠯ ᠢ ᠲᠠᠰᠤᠷᠠᠯᠲᠠ ᠦᠭᠡᠢ ᠪᠠᠶᠠᠯᠢᠭᠵᠢᠭᠤᠯᠤᠨ᠎ᠠ᠃ ᠪᠦᠬᠦ | ᠠᠷᠠᠳ ᠢᠶᠠᠷ ᠪᠡᠶ᠎ᠡ ᠴᠢᠬᠢᠷᠠᠭᠵᠢᠭᠤᠯᠬᠤ ᠬᠦᠳᠡᠯᠭᠡᠭᠡᠨ ᠢ ᠦᠷᠭᠡᠨ ᠢᠶᠠᠷ ᠶᠠᠪᠤᠭᠳᠠᠭᠤᠯᠵᠤ᠂ ᠪᠡᠶ᠎ᠡ ᠪᠣᠯᠪᠠᠰᠤᠷᠠᠭᠤᠯᠬᠤ | ᠴᠡᠴᠡᠷᠯᠢᠭ ᠤᠨ ᠪᠠᠶᠢᠭᠤᠯᠤᠯᠲᠠ ᠶᠢ ᠲᠦᠷᠭᠡᠳᠬᠡᠵᠦ᠂ ᠮᠣᠷᠢ ᠲᠡᠮᠡᠭᠡ ᠣᠷᠤᠯᠳᠤᠬᠤ ᠵᠡᠷᠭᠡ ᠦᠨᠳᠦᠰᠦᠲᠡᠨ ᠤ ᠪᠡᠶ᠎ᠡ | ᠲᠠᠮᠢᠷ ᠤᠨ ᠬᠦᠳᠡᠯᠭᠡᠭᠡᠨ ᠢ ᠰᠠᠶᠢᠳᠤᠷ ᠬᠢᠵᠦ᠂ ᠤᠯᠠᠨ ᠲᠦᠮᠡᠨ ᠤ ᠪᠡᠶ᠎ᠡ ᠲᠠᠮᠢᠷ ᠢ ᠦᠷᠨᠢᠭᠦᠨ ᠬᠦᠭᠵᠢᠭᠦᠯᠦᠨ᠎ᠡ᠃ | ᠪᠣᠳᠠᠰ ᠤᠨ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠨ ᠤᠯᠠᠮᠵᠢᠯᠠᠵᠤ ᠠᠰᠢᠭᠯᠠᠬᠤ ᠶᠢ ᠴᠢᠬᠤᠯᠠᠴᠢᠯᠠᠵᠤ | ᠂ ᠡᠵᠡᠨ᠎ᠡ ᠶᠢᠨ ᠦᠯᠢᠭᠡᠷ ᠢ ᠰᠠᠶᠢᠲᠤᠷ ᠶᠠᠷᠢᠨ᠎ᠠ᠃ ︽ᠢᠨᠲ᠋ᠧᠷ ᠰᠦᠯᠵᠢᠶ᠎ᠡ + ᠣᠶᠣᠨᠴᠢᠯᠠᠭᠰᠠᠨ ᠨᠣᠮ ᠤᠨ ᠰᠠᠩ︾ | ᠤᠨ ᠦᠢᠯᠡᠴᠢᠯᠡᠭᠡ ᠶᠢ ᠬᠡᠷᠡᠭᠵᠢᠭᠦᠯᠵᠦ᠂ ᠪᠦᠬᠦ ᠠᠷᠠᠳ ᠢᠶᠠᠷ ᠢᠶᠠᠨ ᠨᠣᠮ ᠣᠩᠰᠢᠬᠤ ᠶᠢ ᠰᠠᠨᠠᠭᠠᠴᠢᠯᠠᠨ᠂ ᠣᠯᠠᠨ | ᠲᠦᠮᠡᠨ ᠤ ᠰᠤᠶᠤᠯ ᠤᠨ ᠱᠠᠭᠠᠷᠳᠠᠯᠭ᠎ᠠ ᠶᠢ ᠲᠠᠰᠤᠷᠠᠯᠲᠠ ᠦᠭᠡᠢ ᠬᠠᠩᠭᠠᠨ᠎ᠠ᠃ ᠨᠡᠶᠢᠭᠡᠮ ᠵᠢᠷᠦᠮ ᠤᠨ ᠭᠤᠣᠯᠯᠠᠬᠤ | ᠦᠷᠲᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠵᠤ᠂ ᠠᠷᠠᠳ ᠢᠷᠭᠡᠨ ᠤ ᠬᠡᠪ ᠪᠣᠯᠪᠠᠰᠤᠷᠠᠯ ᠢ ᠪᠦᠬᠦ ᠲᠠᠯ᠎ᠠ ᠪᠠᠷ | ᠳᠡᠭᠡᠭᠰᠢᠯᠡᠭᠦᠯᠦᠨ᠎ᠡ᠃ | ᠲᠦᠯᠦᠭᠡᠯᠡᠭᠴᠢᠳ ᠡ᠂ ᠣᠯᠣᠰ ᠢ ᠵᠠᠰᠠᠬᠤ ᠳᠤ ᠡᠷᠬᠡᠪᠰᠢ ᠠᠷᠠᠳ ᠲᠦᠮᠡᠨ ᠤ ᠠᠰᠢᠭ ᠲᠤᠰᠠ ᠪᠠᠷ ᠦᠨᠳᠦᠰᠦ | ᠪᠣᠯᠭᠠᠬᠤ ᠬᠡᠷᠡᠭᠲᠡᠢ᠂ ᠪᠢᠳᠠ ᠠᠷᠠᠳ ᠣᠯᠠᠨ ᠤ ᠠᠩᠬᠠᠷᠴᠤ ᠬᠠᠯᠠᠮᠵᠢᠯᠠᠵᠤ ᠪᠠᠶᠢᠭ᠎ᠠ ᠠᠰᠠᠭᠤᠳᠠᠯ ᠤᠨ ᠲᠣᠭᠤᠷᠢᠨ ᠳᠤ᠂ | ᠥᠷᠭᠡᠨ ᠢᠶᠠᠷ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠠᠷᠠᠳ ᠤᠨ ᠠᠮᠢᠳᠤᠷᠠᠯ ᠳᠤ ᠵᠣᠷᠢᠭᠤᠯᠤᠭᠰᠠᠨ 10 | ᠪᠣᠳᠠᠲᠤ ᠶᠠᠪᠤᠳᠠᠯ ᠢ ᠡᠮᠬᠢᠯᠡᠪᠡ᠄ ᠨᠢᠭᠡ ᠳᠤ ᠡᠮᠡᠭᠲᠡᠶᠢᠴᠦᠳ ᠪᠠ ᠨᠢᠯᠬᠠᠰ ᠤᠨ ᠡᠷᠡᠭᠦᠯ ᠡᠩᠬᠡ ᠶᠢ ᠪᠠᠲᠤᠯᠠᠬᠤ | ᠠᠵᠢᠯᠯᠠᠭ᠎ᠠ ᠶᠢ ᠦᠷᠭᠡᠳᠬᠡᠬᠦ ᠲᠦᠷᠦᠯ ᠵᠦᠢᠯ︔ ᠬᠤᠶᠠᠷ ᠲᠤ ᠳᠤᠮᠳᠠᠳᠤ ᠪᠠᠭ᠎ᠠ ᠰᠤᠷᠭᠠᠭᠤᠯᠢ ᠶᠢᠨ ᠬᠢᠴᠢᠶᠠᠯ ᠤᠨ | ᠳᠠᠷᠠᠭᠠᠬᠢ ᠦᠢᠯᠡᠴᠢᠯᠡᠭᠡᠨ ᠤ ᠴᠢᠨᠰᠠᠭ᠎ᠠ ᠶᠢ ᠪᠠᠲᠤᠯᠠᠬᠤ ᠪᠠ ᠳᠡᠭᠡᠭᠰᠢᠯᠡᠬᠦᠯᠬᠦ ᠲᠦᠷᠦᠯ ᠵᠦᠢᠯ︔ ᠭᠤᠷᠪᠠ ᠳᠤ ᠬᠢᠯᠢ | ᠬᠠᠮᠠᠭᠠᠯᠠᠭᠴᠢ ᠶᠢᠨ ᠡᠩᠨᠡᠭᠡ ᠶᠢ ᠳᠦᠷᠢᠮᠵᠢᠭᠦᠯᠦᠨ ᠪᠠᠶᠢᠭᠤᠯᠬᠤ ᠲᠦᠷᠦᠯ ᠵᠦᠢᠯ︔ ᠳᠥᠷᠪᠡ ᠳᠤ ᠳᠠᠭᠠᠳᠬᠠᠯ ᠳᠤ | ᠣᠷᠣᠯᠴᠠᠭᠰᠠᠳ ᠤᠨ ᠬᠠᠤᠯᠢ ᠶᠣᠰᠤᠨ ᠤ ᠡᠷᠬᠡ ᠠᠰᠢᠭ ᠢ ᠪᠠᠲᠤᠯᠠᠬᠤ ᠲᠦᠷᠦᠯ ᠵᠦᠢᠯ︔ ᠲᠠᠪᠤ ᠳᠤ ᠠᠵᠢᠯᠲᠠᠨ ᠤ | ᠡᠩ ᠤᠨ ᠡᠭᠦᠳᠡᠨ ᠡᠮᠨᠡᠯᠭᠡ ᠶᠢᠨ ᠵᠠᠷᠤᠳᠠᠯ ᠢ ᠡᠮᠨᠡᠯᠭᠡ ᠶᠢᠨ ᠳᠠᠭᠠᠳᠬᠠᠯ ᠳᠤ ᠣᠷᠤᠭᠤᠯᠤᠨ ᠳᠠᠭᠠᠭᠠᠬᠤ ᠲᠦᠷᠦᠯ | ᠵᠦᠢᠯ︔ ᠵᠢᠷᠭᠤᠭ᠎ᠠ ᠳᠤ ᠳᠠᠯᠠᠶᠢᠬᠦ᠋ᠪ ᠤᠨ ᠳᠤᠯᠠᠭᠠᠯᠠᠭ᠎ᠠ ᠪᠤᠯᠤᠨ ᠤᠰᠤ ᠭᠠᠳᠠᠭᠰᠢᠯᠠᠭᠤᠯᠬᠤ ᠬᠠᠭᠤᠴᠢᠷᠠᠭᠰᠠᠨ | ᠬᠤᠭᠤᠯᠠᠢ ᠭᠤᠣᠷᠰᠤ ᠶᠢ ᠰᠢᠨᠡᠳᠬᠡᠨ ᠦᠭᠡᠷᠡᠴᠢᠯᠡᠬᠦ ᠲᠦᠷᠦᠯ ᠵᠦᠢᠯ︔ ᠳᠣᠯᠤᠭ᠎ᠠ ᠳᠤ ᠬᠢᠯᠢ ᠬᠢᠵᠠᠭᠠᠷ ᠣᠷᠤᠨ ᠤ | ᠡᠷᠦᠬᠡ ᠳᠤ ᠲᠦᠭᠡᠭᠡᠯ ᠤᠰᠤ ᠣᠷᠤᠭᠤᠯᠬᠤ ᠪᠠ ᠭᠠᠩ ᠢ ᠡᠰᠡᠷᠭᠦᠴᠡᠬᠦ ᠤᠰᠤᠨ ᠰᠤᠷᠪᠤᠯᠵᠢ ᠶᠢ ᠪᠠᠲᠤᠯᠠᠬᠤ ᠲᠦᠷᠦᠯ | ᠵᠦᠢᠯ︔ ᠨᠠᠢᠮᠠ ᠳᠤ 80 ᠨᠠᠰᠤᠨ ᠠᠴᠠ ᠳᠡᠭᠡᠭᠰᠢᠬᠢ ᠨᠠᠰᠤᠲᠠᠳ ᠤᠨ ᠨᠦᠬᠦᠪᠦᠷᠢ ᠶᠢ ᠳᠡᠭᠡᠭᠰᠢᠯᠡᠬᠦᠯᠬᠦ ᠲᠦᠷᠦᠯ | ᠵᠦᠢᠯ︔ ᠶᠢᠰᠦ ᠳᠤ ᠰᠢᠨ᠎ᠡ ᠡᠨᠧᠷᠭᠢ ᠶᠢᠨ ᠮᠠᠰᠢᠨ ᠲᠡᠷᠭᠡᠨ ᠤ ᠣᠯᠠᠨ ᠨᠡᠶᠢᠲᠡ ᠶᠢᠨ ᠴᠡᠨᠡᠭᠯᠡᠭᠦᠷ ᠱᠣᠩ ᠢ | ᠪᠠᠶᠢᠭᠤᠯᠬᠤ ᠲᠦᠷᠦᠯ ᠵᠦᠢᠯ︔ ᠠᠷᠪᠠ ᠳᠤ ᠴᠡᠷᠢᠭ ᠠᠷᠠᠳ ᠵᠡᠭᠡᠯᠢ ᠶᠢᠨ ᠲᠡᠷᠭᠡᠨ ᠵᠣᠭᠰᠤᠭᠠᠯ ᠢ ᠪᠠᠶᠢᠭᠤᠯᠬᠤ | ᠲᠦᠷᠦᠯ ᠵᠦᠢᠯ᠃ ᠳᠡᠭᠡᠷᠡᠬᠢ ᠲᠦᠷᠦᠯ ᠵᠦᠢᠯ ᠤᠳ ᠤᠨ ᠠᠭᠤᠯᠭ᠎ᠠ ᠳᠤ ᠪᠠᠶᠢᠰᠬᠢᠭᠡᠳ ᠲᠣᠳᠤᠷᠬᠠᠶᠢᠯᠠᠯᠲᠠ ᠬᠢᠨ᠎ᠡ᠂ | ᠲᠦᠯᠦᠭᠡᠯᠡᠭᠴᠢᠳ ᠪᠢᠯᠧᠲ ᠢᠶᠠᠷ ᠰᠢᠢᠳᠪᠦᠷᠢ ᠭᠠᠷᠭᠠᠭᠠᠷᠠᠢ᠃ | ︵ᠵᠢᠷᠭᠤᠭ᠎ᠠ︶ ᠶᠡᠷᠦᠩᠬᠡᠢ ᠵᠠᠰᠠᠯᠲᠠ ᠶᠢ ᠴᠢᠩᠭ᠎ᠠ ᠠᠳᠬᠤᠵᠤ᠂ ᠨᠡᠶᠢᠭᠡᠮ ᠤᠨ ᠡᠶ᠎ᠡ ᠵᠣᠬᠢᠴᠠᠩᠭᠤᠢ | ᠲᠣᠭᠲᠠᠭᠤᠨ ᠪᠠᠶᠢᠳᠠᠯ ᠢ ᠭᠤᠶᠢᠪᠢᠰᠢ ᠦᠭᠡᠢ ᠬᠠᠮᠠᠭᠠᠯᠠᠨ᠎ᠠ᠃ ᠡᠬᠡ ᠣᠯᠣᠰ ᠤᠨ ᠤᠮᠠᠷᠠᠲᠤ ᠬᠢᠯᠢ ᠶᠢᠨ ᠠᠮᠤᠷ | ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠦᠨᠳᠦ ᠴᠢᠬᠤᠯᠠ ᠤᠯᠤᠰ ᠲᠦᠷᠦ ᠶᠢᠨ ᠬᠠᠷᠢᠭᠤᠴᠠᠯᠭ᠎ᠠ ᠶᠢ ᠡᠷᠡᠰ | ᠡᠭᠦᠷᠭᠡᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ ᠲᠡᠭᠦᠯᠳᠡᠷᠵᠢᠭᠦᠯᠦᠨ᠂ ᠨᠡᠶᠢᠭᠡᠮ ᠤᠨ | ᠵᠠᠰᠠᠯᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠠᠮᠤᠷ ᠲᠤᠭᠳᠠᠭᠤᠨ᠂ ᠨᠡᠶᠢᠭᠡᠮ ᠤᠨ ᠠᠮᠤᠷ | ᠲᠠᠶᠢᠪᠤᠩ᠂ ᠠᠷᠠᠳ ᠲᠦᠮᠡᠨ ᠤ ᠠᠮᠤᠷ ᠲᠦᠪᠰᠢᠨ ᠢ ᠪᠠᠲᠤᠯᠠᠨ᠎ᠠ᠃ | ᠨᠡᠶᠢᠭᠡᠮ ᠤᠨ ᠵᠠᠰᠠᠯᠲᠠ ᠶᠢ ᠴᠢᠩᠭᠠᠳᠬᠠᠨ ᠰᠢᠨᠡᠴᠢᠯᠡᠨ᠎ᠡ᠃ ︽ᠨᠠᠢᠮᠠᠳᠤᠭᠠᠷ ᠲᠠᠪᠤᠨ ᠵᠢᠯ︾ ᠤᠨ ᠬᠠᠤᠯᠢ | ᠲᠦᠭᠡᠮᠡᠯᠵᠢᠭᠦᠯᠦᠯᠲᠡ ᠶᠢ ᠭᠦᠨᠵᠡᠬᠡᠢ ᠲᠦᠯᠬᠢᠨ ᠠᠬᠢᠭᠤᠯᠵᠤ᠂ ᠬᠠᠤᠯᠢ ᠪᠠᠷ ᠬᠤᠰᠢᠭᠤ ᠪᠠᠨ ᠵᠠᠰᠠᠬᠤ ᠶᠢ ᠪᠦᠬᠦ | ᠲᠠᠯ᠎ᠠ ᠪᠠᠷ ᠲᠦᠷᠭᠡᠳᠬᠡᠨ᠎ᠡ᠃ ᠬᠠᠷ᠎ᠠ ᠪᠦᠯᠦᠭᠲᠡᠨ ᠬᠠᠷᠬᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ | ᠦᠷᠨᠢᠭᠦᠯᠵᠦ᠂ ᠴᠠᠬᠢᠯᠭᠠᠨ ᠬᠤᠯᠪᠤᠭ᠎ᠠ ᠲᠣᠣᠷ ᠰᠦᠯᠵᠢᠶ᠎ᠡ ᠶᠢᠨ ᠮᠡᠭᠡᠯᠡᠯ ᠵᠡᠷᠭᠡ ᠬᠠᠤᠯᠢ ᠵᠦᠷᠢᠴᠡᠭᠰᠡᠨ ᠶᠠᠯᠠᠲᠤ | ᠠᠵᠢᠯᠯᠠᠭ᠎ᠠ ᠳᠤ ᠴᠢᠩᠭ᠎ᠠ ᠴᠣᠬᠢᠯᠲᠠ ᠦᠭᠴᠦ᠂ ᠵᠦᠷᠢᠴᠡᠯ ᠵᠢᠭᠤᠷᠠᠯᠳᠤᠭᠠᠨ ᠢ ᠡᠬᠢ ᠰᠤᠷᠪᠤᠯᠵᠢ ᠠᠴᠠ ᠨᠢ ᠵᠠᠰᠠᠬᠤ | ᠪᠠ ᠣᠯᠠᠨ ᠲᠠᠯ᠎ᠠ ᠠᠴᠠ ᠰᠢᠢᠳᠪᠦᠷᠢᠯᠡᠬᠦ ᠲᠤᠭᠲᠠᠴᠠ ᠶᠢ ᠲᠡᠭᠦᠯᠳᠡᠷᠵᠢᠭᠦᠯᠵᠦ᠂ ᠨᠡᠶᠢᠭᠡᠮ ᠤᠨ ᠪᠠᠶᠢᠳᠠᠯ ᠠᠷᠠᠳ ᠤᠨ | ᠰᠠᠨᠠᠯ ᠢ ᠲᠤᠰᠬᠠᠬᠤ ᠵᠠᠮ ᠰᠤᠪᠠᠭ ᠢ ᠰᠢᠯᠤᠭᠤᠳᠬᠠᠵᠤ᠂ ᠡᠶ᠎ᠡ ᠵᠣᠬᠢᠴᠠᠯᠲᠤ ᠬᠦᠳᠡᠯᠮᠦᠷᠢ ᠶᠢᠨ ᠬᠠᠷᠢᠴᠠᠭ᠎ᠠ ᠶᠢ | ᠪᠠᠭᠢᠵᠢᠭᠦᠯᠦᠨ᠂ ᠣᠯᠠᠨ ᠲᠦᠮᠡᠨ ᠤ ᠵᠦᠢ ᠵᠤᠬᠢᠰᠲᠡᠢ ᠰᠠᠨᠠᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ | ᠳᠤᠨᠢ ᠲᠤᠬᠠᠢ ᠶᠢᠨ ᠭᠠᠵᠠᠷ ᠲᠤᠨᠢ ᠰᠢᠢᠳᠪᠦᠷᠢᠯᠡᠨ᠎ᠡ᠃ ᠨᠡᠶᠢᠭᠡᠮ ᠤᠨ ᠵᠠᠰᠠᠯᠲᠠ ᠪᠠ ᠦᠢᠯᠡᠴᠢᠯᠡᠭᠡᠨ ᠤ ᠠᠵᠢᠯ ᠤᠨ | ᠭᠤᠣᠯᠳᠠᠯᠭ᠎ᠠ᠂ ᠡᠬᠢ ᠪᠠᠶᠠᠯᠢᠭ ᠢ ᠦᠨᠳᠦᠰᠦᠨ ᠱᠠᠳᠤᠨ ᠳᠤ ᠪᠠᠭᠤᠯᠭᠠᠵᠤ᠂ ᠮᠡᠳᠡᠭᠡ ᠵᠠᠩᠬᠢᠴᠢᠯᠠᠯᠲᠠ ᠶᠢ ᠨᠡᠶᠢᠭᠡᠮ ᠤᠨ | ᠵᠠᠰᠠᠯᠲᠠ ᠳᠤ ᠬᠡᠷᠡᠭᠯᠡᠵᠦ᠂ ᠲᠣᠣᠷᠵᠢᠭᠰᠠᠨ ᠬᠠᠮᠢᠶᠠᠷᠤᠯᠲᠠ ᠶᠢᠨ ᠦᠢᠯᠡᠴᠢᠯᠡᠭᠡᠨ ᠤ ᠴᠢᠳᠠᠮᠵᠢ ᠶᠢ ᠨᠡᠩ ᠰᠠᠶᠢᠨ | ᠪᠠᠳᠠᠷᠠᠭᠤᠯᠤᠨ᠎ᠠ᠃ ᠪᠠᠴᠢᠮ ᠪᠠᠶᠢᠳᠠᠯ ᠢ ᠠᠷᠭᠠᠴᠠᠭᠠᠬᠤ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ | ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠶᠤᠯᠭᠦᠢ ᠦᠢᠯᠡᠳᠪᠦᠷᠢᠯᠡᠯ ᠪᠣᠯᠣᠨ | ᠭᠠᠮᠰᠢᠭ ᠢ ᠰᠡᠷᠭᠡᠶᠢᠯᠡᠵᠦ᠂ ᠭᠠᠮᠰᠢᠭ ᠢ ᠪᠠᠭᠠᠰᠬᠠᠵᠤ᠂ ᠭᠠᠮᠰᠢᠭ ᠠᠴᠠ ᠠᠪᠤᠷᠠᠬᠤ ᠲᠦᠪᠰᠢᠨ ᠢ ᠪᠦᠬᠦ ᠬᠦᠴᠦ ᠪᠠᠷ | ᠳᠡᠭᠡᠭᠰᠢᠯᠡᠭᠦᠯᠦᠨ᠎ᠡ᠃ ᠢᠳᠡᠭᠡᠨ ᠤᠮᠳᠠᠭᠠᠨ ᠡᠮ ᠤᠨ ᠵᠦᠢᠯᠡᠰ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ | ᠠᠷᠠᠳ ᠣᠯᠠᠨ ᠤ ᠢᠳᠡᠵᠦ ᠤᠤᠭᠤᠬᠤ ᠡᠮ ᠬᠡᠷᠡᠭᠯᠡᠬᠦ ᠠᠮᠤᠷ ᠲᠦᠪᠰᠢᠨ ᠢ ᠪᠠᠲᠤᠯᠠᠨ᠎ᠠ᠃ ᠶᠠᠰᠤ ᠴᠢᠨᠠᠷ ᠢᠶᠠᠷ | ᠬᠤᠰᠢᠭᠤ ᠪᠠᠨ ᠬᠦᠴᠦᠷᠭᠡᠭᠵᠢᠭᠦᠯᠬᠦ ᠠᠵᠢᠯᠯᠠᠭ᠎ᠠ ᠶᠢ ᠬᠡᠷᠡᠭᠵᠢᠭᠦᠯᠵᠦ᠂ ᠢᠲᠡᠭᠡᠮᠵᠢ ᠶᠢᠨ ᠰᠢᠰᠲ᠋ᠧᠮ ᠤᠨ ᠪᠦᠲᠦᠭᠡᠨ | ᠪᠠᠶᠢᠭᠤᠯᠤᠯᠲᠠ ᠶᠢ ᠳᠦᠷᠢᠮᠵᠢᠭᠦᠯᠦᠨ᠂ ᠬᠡᠷᠡᠭᠯᠡᠭᠴᠢᠳ ᠤᠨ ᠬᠠᠤᠯᠢ ᠶᠤᠰᠤᠨ ᠤ ᠡᠷᠬᠡ ᠠᠰᠢᠭ ᠢ ᠬᠠᠮᠠᠭᠠᠯᠠᠵᠤ᠂ ︽ | ᠡᠩᠬᠡ ᠠᠮᠤᠭᠤᠯᠠᠩ ᠡᠶ᠎ᠡ ᠵᠣᠬᠢᠴᠠᠩᠭᠤᠢ ᠡᠵᠡᠨ᠎ᠡ︾ ᠶᠢ ᠨᠡᠩ ᠦᠨᠳᠦᠷ ᠬᠢᠷᠢ ᠲᠦᠪᠰᠢᠨ ᠢᠶᠠᠷ ᠪᠦᠲᠦᠭᠡᠨ | ᠪᠠᠶᠢᠭᠤᠯᠤᠨ᠎ᠠ᠃ | ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠤᠨ᠎ᠠ᠃ ᠨᠠᠮ ᠤᠨ ᠦᠨᠳᠦᠰᠦᠲᠡᠨ ᠤ ᠣᠨᠣᠯ ᠪᠠ | ᠦᠨᠳᠦᠰᠦᠲᠡᠨ ᠤ ᠲᠦᠷᠦ ᠶᠢᠨ ᠪᠣᠳᠣᠯᠭ᠎ᠠ ᠶᠢ ᠪᠦᠷᠢᠨ ᠣᠨᠤᠪᠴᠢᠲᠠᠢ ᠲᠤᠤᠱᠯᠠᠭᠤᠯᠵᠤ᠂ ᠦᠨᠳᠦᠰᠦᠲᠡᠨ ᠤ ᠬᠡᠷᠡᠭ | ᠶᠠᠪᠤᠳᠠᠯ ᠢ ᠬᠠᠤᠯᠢ ᠶᠣᠰᠤᠭᠠᠷ ᠰᠢᠢᠳᠪᠦᠷᠢᠯᠡᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ︽ᠨᠠᠢᠮᠠ ᠳᠤ | ᠣᠷᠤᠭᠤᠯᠬᠤ︾ ᠬᠦᠳᠡᠯᠭᠡᠭᠡᠨ ᠢ ᠬᠦᠨᠵᠡᠬᠡᠢ ᠳᠠᠭᠠᠭᠠᠮᠠᠭᠠᠢ ᠦᠷᠨᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ | ᠶᠢᠨ ᠴᠣᠭᠴᠠ ᠶᠢᠨ ᠤᠬᠠᠮᠰᠠᠷ ᠢ ᠦᠵᠡᠭᠳᠡᠮ᠎ᠡ ᠪᠠᠷᠢᠭᠳᠠᠮ᠎ᠠ ᠮᠡᠳᠡᠭᠳᠡᠮ᠎ᠡ ᠴᠣᠭᠴᠠᠯᠠᠵᠤ᠂ ᠡᠯ᠎ᠡ ᠦᠨᠳᠦᠰᠦᠲᠡᠨ ᠤ | ᠠᠷᠠᠳ ᠲᠦᠮᠡᠨ ᠬᠠᠮᠲᠤᠪᠠᠷ ᠠᠮᠢᠳᠤᠷᠠᠵᠤ ᠪᠦᠭᠦᠳᠡᠭᠡᠷ ᠰᠤᠷᠤᠯᠴᠠᠨ ᠨᠡᠶᠢᠲᠡ ᠪᠠᠷ ᠶᠠᠷᠢᠯᠴᠠᠵᠤ ᠣᠯᠠᠨ ᠢᠶᠠᠷ ᠢᠶᠠᠨ | ᠵᠢᠷᠭᠠᠬᠤ ᠬᠠᠷᠢᠯᠴᠠᠨ ᠠᠭᠤᠰᠤᠯᠴᠠᠭᠰᠠᠨ ᠨᠡᠶᠢᠭᠡᠮ ᠤᠨ ᠪᠦᠲᠦᠴᠡ ᠶᠢ ᠪᠦᠲᠦᠭᠡᠨ ᠪᠠᠶᠢᠭᠤᠯᠵᠤ᠂ ︽ᠭᠤᠷᠪᠠᠨ ᠰᠠᠯᠵᠤ | ᠪᠣᠯᠬᠤ ᠦᠭᠡᠢ︾᠂ ︽ᠲᠠᠪᠤᠨ ᠲᠠᠯ᠎ᠠ ᠶᠢᠨ ᠲᠠᠨᠢᠯᠲᠠ︾᠂ ︽ᠳᠥᠷᠪᠡ ᠶᠢ ᠬᠠᠮᠲᠤᠳᠬᠠᠬᠤ︾ ᠤᠬᠠᠮᠰᠠᠷ ᠢ ᠤᠯᠠᠮ | ᠪᠠᠲᠤᠳᠬᠠᠵᠤ᠂ ︽ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ | ᠬᠤᠰᠢᠭᠤ︾ ᠶᠢᠨ ᠪᠦᠲᠦᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠬᠦᠴᠦᠯᠡᠨ᠎ᠡ᠃ | ᠭᠤᠷᠪᠠ᠂ ᠵᠠᠰᠠᠭ ᠤᠨ ᠣᠷᠳᠤᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠨ᠎ᠠ | ᠰᠢᠨ᠎ᠡ ᠴᠠᠭ ᠦᠶ᠎ᠡ ᠳᠤ ᠰᠢᠨ᠎ᠡ ᠬᠠᠷᠢᠭᠤᠴᠠᠯᠭ᠎ᠠ ᠡᠭᠦᠷᠭᠡᠯᠡᠵᠦ᠂ ᠰᠢᠨ᠎ᠡ ᠠᠶᠠᠨ ᠵᠠᠮ ᠳᠤ ᠰᠢᠨ᠎ᠡ ᠪᠦᠲᠦᠮᠵᠢ | ᠭᠠᠷᠭᠠᠨ᠎ᠠ᠃ ᠪᠦᠬᠦ ᠬᠤᠰᠢᠭᠤᠨ ᠤ ᠵᠰᠠᠭ ᠤᠨ ᠣᠷᠳᠤᠨ ᠤ ᠪᠠᠶᠢᠭᠤᠯᠤᠮᠵᠢ ︽ᠭᠤᠷᠪᠠᠨ ᠡᠷᠬᠡᠪᠰᠢ︾ ᠶᠢ ᠢᠮᠠᠭᠲᠠ | ᠪᠠᠷᠢᠮᠲᠠᠯᠠᠵᠤ᠂ ᠦᠨᠳᠦᠷ ᠲᠤ ᠵᠣᠭᠰᠤᠨ᠂ ᠰᠢᠨ᠎ᠡ ᠶᠢ ᠲᠦᠯᠦᠪᠯᠡᠵᠦ᠂ ᠪᠣᠳᠠᠲᠠᠢ ᠠᠵᠢᠯᠯᠠᠨ᠂ ᠤᠯᠤᠰ ᠲᠦᠷᠦ ᠶᠢᠨ | ᠪᠦᠲᠦᠭᠡᠨ ᠪᠠᠶᠢᠭᠤᠯᠤᠯᠲᠠ ᠪᠠᠷ ᠤᠳᠤᠷᠢᠳᠤᠭᠤᠯᠤᠨ᠂ ᠲᠤᠰᠢᠶᠠᠯ ᠢᠶᠠᠨ ᠰᠢᠳᠤᠷᠭᠤ ᠭᠦᠢᠴᠡᠳᠬᠡᠵᠦ᠂ ᠡᠷᠡᠰ | ᠰᠢᠢᠳᠮᠡᠬᠡᠢ ᠳᠠᠪᠰᠢᠨ᠂ ᠡᠷᠡᠯᠭᠡᠭ ᠵᠣᠷᠢᠭᠲᠠᠢ ᠤᠷᠤᠭᠰᠢᠯᠠᠵᠤ᠂ ᠪᠣᠳᠠᠲᠤ ᠠᠵᠢᠯᠯᠠᠭ᠎ᠠ ᠪᠤᠯᠤᠨ ᠦᠷ᠎ᠡ ᠪᠦᠲᠦᠮᠵᠢ ᠪᠠᠷ | ᠠᠷᠠᠳ ᠣᠯᠠᠨ ᠤ ᠢᠲᠡᠭᠡᠯ ᠪᠠ ᠳᠡᠮᠵᠢᠯᠭᠡ ᠶᠢ ᠬᠦᠷᠲᠡᠨ᠎ᠡ᠃ | ᠨᠢᠭᠡ ᠳᠤ ᠢᠮᠠᠭᠲᠠ ᠨᠠᠮ ᠢᠶᠠᠷ ᠤᠳᠤᠷᠢᠳᠤᠭᠤᠯᠤᠨ᠂ ᠲᠤᠭ ᠲᠡᠮᠳᠡᠭ ᠲᠣᠳᠤᠷᠬᠠᠢ ᠪᠠᠷ ᠤᠯᠤᠰ ᠲᠦᠷᠦ ᠶᠢᠨ | ᠵᠣᠭᠰᠤᠴᠠ ᠶᠢ ᠪᠠᠷᠢᠮᠲᠠᠯᠠᠨ᠎ᠠ᠃ ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠤ᠂ ᠨᠠᠮ ᠤᠨ | ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠵᠠᠰᠠᠭ ᠤᠨ ᠣᠷᠳᠤᠨ ᠤ ᠠᠵᠢᠯ ᠤᠨ ᠡᠯ᠎ᠡ ᠲᠠᠯ᠎ᠠ ᠶᠢᠨ ᠪᠦᠬᠦ ᠶᠠᠪᠤᠴᠠ ᠳᠤ | ᠲᠤᠤᠱᠯᠠᠭᠤᠯᠤᠨ᠂ ︽ᠬᠤᠶᠠᠷ ᠢ ᠲᠤᠭᠲᠠᠭᠠᠭᠰᠠᠨ︾ ᠦᠵᠡᠯ ᠰᠠᠨᠠᠭ᠎ᠠ ᠶᠢ ᠬᠦᠷᠢᠶᠡᠯᠡᠵᠦ᠂ ︽ᠲᠦᠷᠪᠡᠨ ᠤᠬᠠᠮᠰᠠᠷ︾ | ᠢ ᠴᠢᠩᠭᠠᠳᠬᠠᠨ᠂ ︽ᠲᠦᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠪᠠᠨ ᠡᠷᠴᠢᠮᠵᠢᠭᠦᠯᠵᠦ | ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠲᠦᠷᠦ ᠶᠢᠨ ᠪᠣᠳᠤᠯᠭ᠎ᠠ ᠴᠢᠭᠯᠡᠯᠲᠡ ᠪᠠ ᠦᠪᠡᠷᠲᠡᠭᠡᠨ ᠵᠠᠰᠠᠬᠤ | ᠣᠷᠤᠨ᠂ ᠠᠶᠢᠮᠠᠭ ᠪᠣᠯᠣᠨ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠡᠵᠡᠨ᠎ᠡ | ᠬᠤᠰᠢᠭᠤᠨ ᠳᠤ ᠲᠤᠤᠱᠲᠠᠢ ᠨᠠᠶᠢᠳᠠᠪᠤᠷᠢᠵᠢᠭᠤᠯᠵᠤ᠂ ᠦᠨᠡᠨᠴᠢ ᠰᠢᠳᠤᠷᠭᠤ ᠪᠠᠷ ᠵᠠᠰᠠᠭ ᠶᠠᠪᠤᠭᠤᠯᠤᠨ ᠠᠵᠤ ᠠᠬᠤᠢ | ᠨᠡᠶᠢᠭᠡᠮ ᠤᠨ ᠬᠦᠭᠵᠢᠯᠲᠡ ᠶᠢ ᠠᠬᠢᠭᠤᠯᠤᠨ᠎ᠠ᠃ | ᠬᠤᠶᠠᠷ ᠲᠤ ᠬᠠᠤᠯᠢ ᠶᠣᠰᠤᠭᠠᠷ ᠵᠠᠰᠠᠭ ᠶᠠᠪᠤᠭᠤᠯᠵᠤ᠂ ᠲᠣᠭᠲᠠᠭᠠᠯ ᠶᠣᠰᠣᠭᠠᠷ ᠡᠷᠬᠡ ᠪᠠᠨ ᠬᠡᠷᠡᠭᠯᠡᠨ᠎ᠡ᠃ | ᠬᠠᠤᠯᠢ ᠳᠤ ᠲᠤᠭᠲᠠᠭᠠᠬᠰᠠᠨ ᠡᠷᠬᠡ ᠮᠡᠳᠡᠯ ᠪᠤᠯᠤᠨ ᠠᠯᠬᠤᠮ ᠶᠠᠪᠤᠴᠠ ᠶᠣᠰᠤᠭᠠᠷ ᠡᠭᠦᠷᠭᠡ ᠢᠶᠠᠨ ᠪᠡᠶᠡᠯᠡᠭᠦᠯᠦᠨ | ᠡᠷᠬᠡ ᠪᠠᠨ ᠬᠡᠷᠡᠭᠯᠡᠵᠦ᠂ ᠵᠠᠰᠠᠭ ᠤᠨ ᠣᠷᠳᠤᠨ ᠤ ᠠᠵᠢᠯ ᠢ ᠬᠡᠵᠢᠶᠡᠳᠡ ᠬᠠᠤᠯᠢ ᠶᠣᠰᠤᠭᠠᠷ ᠳᠦᠷᠢᠮᠵᠢᠭᠦᠨ | ᠡᠷᠭᠢᠯᠳᠦᠭᠦᠯᠬᠦ ᠶᠢ ᠪᠠᠲᠤᠯᠠᠨ᠎ᠠ᠃ ᠠᠷᠠᠳᠴᠢᠯᠠᠯ ᠲᠦᠪᠯᠡᠷᠡᠯ ᠢ ᠴᠢᠩᠭ᠎ᠠ ᠬᠡᠷᠡᠭᠵᠢᠭᠦᠯᠵᠦ᠂ ᠰᠢᠨᠵᠢᠯᠡᠬᠦ ᠤᠬᠠᠭᠠᠨᠴᠢ᠂ | ᠠᠷᠠᠳᠴᠢᠯᠠᠯ ᠲᠠᠢ᠂ ᠬᠠᠤᠯᠢ ᠶᠤᠰᠤᠭᠠᠷ ᠰᠢᠢᠳᠪᠦᠷᠢ ᠲᠣᠭᠲᠠᠭᠠᠬᠤ ᠬᠢᠷᠢ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ | ᠠᠵᠢᠯ ᠤᠨ ᠬᠢᠨᠠᠯᠲᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠠᠨ ᠠᠪᠴᠤ᠂ ᠠᠷᠠᠳ ᠤᠨ ᠲᠦᠯᠦᠭᠡᠯᠡᠭᠴᠢᠳ ᠪᠠ ᠤᠯᠤᠰ ᠲᠥᠷᠥ ᠶᠢᠨ | ᠵᠦᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠴᠢᠨᠠᠷᠯᠢᠭ ᠰᠠᠶᠢᠨ ᠪᠡᠶᠡᠯᠡᠭᠦᠯᠵᠦ᠂ ᠵᠠᠰᠠᠭ ᠤᠨ ᠶᠠᠪᠤᠳᠠᠯ ᠢ | ᠢᠯᠡ ᠪᠤᠯᠭᠠᠬᠤ ᠪᠠ ᠰᠤᠷᠠᠭ ᠵᠠᠩᠭᠢ ᠶᠢ ᠢᠯᠡ ᠪᠤᠯᠭᠠᠬᠤ ᠶᠢ ᠬᠦᠴᠦᠯᠡᠨ ᠠᠬᠢᠭᠤᠯᠵᠤ᠂ ᠵᠠᠰᠠᠭ ᠵᠠᠬᠢᠷᠭᠠᠨ ᠤ ᠡᠷᠬᠡ | ᠶᠢ ᠢᠯᠡ ᠪᠠᠷ ᠶᠠᠪᠤᠭᠳᠠᠭᠤᠯᠵᠤ᠂ ᠵᠠᠰᠠᠭ ᠤᠨ ᠣᠷᠳᠤᠨ ᠤ ᠬᠠᠤᠯᠢᠵᠢᠯᠲᠠ ᠪᠠᠷ ᠨᠡᠩ ᠲᠥᠪ ᠭᠤᠣᠯᠴᠢ ᠨᠡᠶᠢᠭᠡᠮ ᠢ | ᠴᠣᠭᠴᠠᠯᠠᠨ᠎ᠠ᠃ | ᠭᠤᠷᠪᠠ ᠳᠤ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠪᠡᠷᠬᠡᠰᠢᠶᠡᠯ ᠢ ᠢᠯᠡᠨ ᠵᠣᠷᠢᠭᠲᠠᠢ ᠡᠬᠦᠷᠬᠡᠯᠡᠨ᠎ᠡ᠃ | ᠰᠠᠶᠢᠲᠤᠷ ᠬᠡᠷᠡᠭᠵᠢᠭᠦᠯᠵᠦ ᠪᠣᠲᠠᠲᠠᠢ ᠨᠠᠶᠢᠳᠠᠪᠤᠷᠢᠵᠢᠭᠤᠯᠬᠤ ᠪᠠᠷ ᠵᠠᠰᠠᠭ ᠤᠨ ᠣᠷᠳᠤᠨ ᠤ ᠠᠵᠢᠯ ᠤᠨ ︽ᠠᠮᠢᠨ | ᠰᠤᠳᠠᠯ︾ ᠪᠣᠯᠭᠠᠵᠤ᠂ ᠪᠣᠳᠠᠲᠠᠢ ᠶᠢ ᠴᠢᠬᠤᠯᠠᠴᠢᠯᠠᠨ᠂ ᠪᠣᠳᠠᠳᠤ ᠠᠵᠢᠯ ᠬᠢᠵᠦ᠂ ᠪᠣᠳᠠᠲᠤ ᠪᠦᠲᠦᠮᠵᠢ ᠭᠠᠷᠭᠠᠨ᠎ᠠ᠃ | ᠡᠯ᠎ᠡ ᠴᠠᠷ᠎ᠠ ᠬᠦᠷᠢᠶᠠᠨ ᠤ ᠬᠦᠨᠳᠦ ᠶᠡᠭᠡ ᠲᠦᠭᠰᠢᠭᠦᠷᠢ ᠶᠢ ᠪᠦᠬᠦ ᠬᠦᠴᠦ ᠪᠠᠷ ᠰᠢᠢᠳᠪᠦᠷᠢᠯᠡᠵᠦ᠂ ᠵᠠᠰᠠᠭ ᠤᠨ | ᠣᠷᠳᠤᠨ ᠤ ᠥᠷᠢ ᠥᠭᠴᠡᠭᠡ ᠶᠢ ᠪᠦᠲᠦᠮᠵᠢᠲᠡᠢ ᠠᠷᠢᠯᠭᠠᠨ᠂ ᠰᠢᠰᠲ᠋ᠧᠮᠲᠦ ᠴᠢᠨᠠᠷᠲᠠᠢ ᠲᠦᠭᠰᠢᠭᠦᠷᠢ ᠡᠭᠦᠰᠬᠦ ᠦᠭᠡᠢ | ᠪᠠᠶᠢᠬᠤ ᠶᠢ ᠪᠠᠲᠤᠯᠠᠨ᠎ᠠ᠃ ︽ᠨᠢᠬᠡᠳᠤᠬᠡᠷ ᠹᠠᠷᠣᠨᠲ ᠲᠤ ᠠᠵᠢᠯᠯᠠᠬᠤ ᠠᠷᠭ᠎ᠠ︾ ᠶᠢ ᠬᠡᠷᠡᠭᠵᠢᠭᠦᠯᠦᠨ᠂ ᠵᠠᠰᠠᠭ ᠤᠨ | ᠣᠷᠳᠤᠨ ᠤ ᠤᠳᠤᠷᠢᠳᠤᠯᠭ᠎ᠠ ᠲᠣᠯᠤᠭᠠᠶᠢᠯᠠᠨ ᠨᠢᠭᠡᠳᠦᠭᠡᠷ ᠹᠷᠣᠨᠲ ᠲᠤ ᠭᠦᠨᠵᠡᠭᠡᠶᠢᠷᠡᠵᠦ ᠠᠰᠠᠭᠤᠳᠠᠯ ᠢ ᠢᠯᠡᠷᠡᠭᠦᠯᠦᠨ᠂ | ᠠᠰᠠᠭᠤᠳᠠᠯ ᠢ ᠰᠢᠢᠳᠪᠦᠷᠢᠯᠡᠨ᠎ᠡ᠃ ᠪᠤᠳᠠᠲᠠᠢ ᠠᠵᠢᠯᠯᠠᠬᠤ ᠳᠤ ᠭᠤᠣᠯ ᠴᠢᠭᠯᠡᠵᠦ᠂ ᠬᠡᠯᠡᠭᠰᠡᠨ ᠳᠡᠭᠡᠨ ᠰᠠᠭᠤᠵᠤ | ᠠᠮᠠᠯᠠᠭᠰᠠᠨ ᠢᠶᠠᠨ ᠪᠡᠶᠡᠯᠡᠭᠦᠯᠦᠨ᠂ ᠠᠯᠪᠠ ᠬᠠᠰᠢᠬᠤ ᠦᠭᠡᠢ ᠪᠠᠷ ᠡᠷᠡᠰ ᠭᠦᠢᠴᠡᠳᠬᠡᠵᠦ᠂ ᠵᠠᠰᠠᠭ ᠤᠨ ᠣᠷᠳᠤᠨ ᠤ | ᠰᠢᠷᠭᠠᠭᠤ ᠴᠢᠷᠮᠠᠶᠢᠯᠭ᠎ᠠ ᠪᠠᠷ ᠠᠷᠠᠳ ᠣᠯᠠᠨ ᠤ ᠵᠣᠯ ᠵᠢᠷᠭᠠᠯ ᠢ ᠳᠡᠭᠡᠭᠰᠢᠯᠡᠭᠦᠯᠦᠨ᠎ᠡ᠃ | ᠳᠥᠷᠪᠡ ᠳᠤ ᠠᠷᠢᠭᠤᠨ ᠴᠢᠭᠡᠴᠢ ᠪᠠᠷ ᠪᠡᠶ᠎ᠡ ᠪᠠᠨ ᠵᠠᠰᠠᠬᠤ ᠶᠢ ᠪᠠᠷᠢᠮᠲᠠᠯᠠᠵᠤ᠂ ᠬᠤᠷᠢᠭ᠎ᠠ ᠱᠤᠭᠤᠮ ᠢ ᠪᠠᠲᠤ | ᠰᠠᠬᠢᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠡᠶᠡᠴᠢ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠢ | ᠭᠦᠢᠴᠡᠳᠬᠡᠵᠦ᠂ ᠲᠥᠪ ᠤᠨ ︽ᠨᠠᠢᠮᠠᠨ ᠵᠣᠷᠪᠣᠰ ᠲᠤᠭᠲᠠᠭᠠᠯ︾ ᠤᠨ ᠵᠣᠷᠢᠭ ᠰᠠᠨᠠᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠳᠦᠷᠢᠮ ᠢᠶᠠᠷ ᠠᠵᠢᠯ ᠭᠦᠢᠴᠡᠳᠬᠡᠵᠦ ᠲᠣᠭᠲᠠᠭᠠᠯ ᠢᠶᠠᠷ ᠡᠷᠬᠡ ᠬᠡᠷᠡᠭᠯᠡᠨ᠂ ᠣᠯᠠᠨ | ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ ᠪᠠ ᠵᠠᠰᠠᠭ ᠤᠨ ᠣᠷᠳᠤᠨ ᠤ ᠳᠦᠷᠢ ᠳᠦᠷᠬᠦ ᠶᠢ ᠬᠠᠷᠰᠢᠯᠠᠭᠰᠠᠨ | ᠲᠥᠪ ᠪᠤᠰᠤ ᠰᠤᠷᠲᠠᠯ ᠢ ᠡᠷᠡᠰ ᠵᠠᠯᠠᠷᠠᠭᠤᠯᠵᠤ᠂ ᠠᠵᠢᠯ ᠬᠢᠵᠦ ᠦᠢᠯᠡᠰ ᠪᠤᠰᠬᠠᠬᠤ ᠲᠦᠪ ᠴᠢᠭᠡᠴᠢ ᠬᠡᠪ ᠰᠤᠷᠲᠠᠯ ᠢ | ᠰᠢᠨᠲᠠᠷᠠᠰᠢ ᠦᠭᠡᠢ ᠪᠤᠢ ᠪᠣᠯᠭᠠᠨ᠎ᠠ᠃ ᠭᠠᠮᠨᠠᠵᠤ ᠠᠮᠢᠳᠤᠷᠠᠬᠤ ᠦᠵᠡᠯ ᠰᠠᠨᠠᠭ᠎ᠠ ᠶᠢ ᠪᠠᠳᠤᠳᠬᠠᠵᠤ᠂ ᠡᠳ᠋ ᠤᠨ ᠵᠠᠰᠠᠭ | ᠠᠵᠤ ᠠᠬᠤᠢ ᠶᠢᠨ ᠰᠠᠬᠢᠯᠭ᠎ᠠ ᠶᠢ ᠴᠢᠩᠭᠠᠷᠠᠭᠤᠯᠤᠨ᠂ ᠪᠦᠬᠦ ᠶᠠᠪᠤᠴᠠ ᠶᠢᠨ ᠲᠦᠰᠦᠪ ᠤᠨ ᠦᠷ᠎ᠡ ᠪᠦᠲᠦᠮᠵᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠬᠢᠨᠠᠨ ᠪᠣᠳᠤᠬᠤ ᠬᠢᠨᠠᠯᠲᠠ ᠶᠢ ᠡᠷᠴᠢᠮᠵᠢᠭᠦᠯᠦᠨ᠂ ︽ᠭᠤᠷᠪᠠᠨ ᠵᠦᠢᠯ ᠤᠨ | ᠠᠯᠪᠠᠨ ᠤ ᠵᠠᠷᠤᠳᠠᠯ︾ ᠪᠣᠯᠣᠨ ᠡᠩ ᠤᠨ ᠵᠠᠷᠤᠯᠭ᠎ᠠ ᠶᠢ ᠦᠷᠭᠦᠯᠵᠢᠯᠡᠨ ᠬᠢᠵᠠᠭᠠᠷᠯᠠᠨ ᠪᠠᠭᠠᠰᠬᠠᠵᠤ᠂ ᠬᠢᠵᠠᠭᠠᠷᠲᠠᠢ | ᠪᠡᠯᠡ ᠮᠦᠩᠭᠦ ᠪᠠᠨ ᠬᠦᠭᠵᠢᠯᠲᠡ ᠶᠢᠨ ᠴᠢᠬᠤᠯᠠ ᠲᠠᠯ᠎ᠠ᠂ ᠠᠷᠠᠳ ᠤᠨ ᠠᠮᠢᠳᠤᠷᠠᠯ ᠤᠨ ᠪᠠᠴᠢᠮ ᠱᠠᠭᠠᠷᠳᠠᠯᠭ᠎ᠠ ᠳᠤ | ᠵᠠᠷᠤᠴᠠᠭᠤᠯᠤᠨ᠂ ᠵᠠᠰᠠᠭ ᠤᠨ ᠣᠷᠳᠤᠨ ᠤ ᠠᠷᠢᠭᠤᠨ ᠴᠢᠭᠡᠴᠢ ᠪᠠᠷ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠡ ᠶᠢ | ᠳᠡᠭᠡᠭᠰᠢᠯᠡᠭᠦᠯᠦᠨ᠎ᠡ᠃ | ᠲᠦᠯᠦᠭᠡᠯᠡᠭᠴᠢᠳ ᠡ᠂ ᠠᠶᠠᠨ ᠵᠠᠮ ᠠᠯᠤᠰ ᠲᠤ ᠵᠤᠷᠢᠨ᠎ᠠ᠂ ᠵᠦᠪᠬᠡᠨ ᠲᠡᠮᠡᠴᠡᠯ ᠴᠢᠷᠮᠠᠶᠢᠯᠠᠭ᠎ᠠ ᠪᠠᠷ | ᠤᠷᠤᠭᠰᠢᠯᠠᠵᠤ ᠴᠢᠳᠠᠨ᠎ᠠ︔ ᠶᠡᠭᠡ ᠶᠤᠰᠤ ᠠᠮᠢᠳᠤᠷᠠᠯ ᠳᠤ ᠤᠷᠤᠰᠢᠨ᠎ᠠ᠂ ᠵᠦᠪᠬᠡᠨ ᠪᠤᠳᠠᠳᠤ ᠠᠵᠢᠯᠯᠠᠭ᠎ᠠ ᠯᠡ | ᠬᠡᠷᠡᠴᠢᠯᠡᠵᠤ ᠴᠢᠳᠠᠨ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ | ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠠᠶᠢᠮᠠᠭ ᠤᠨ ᠨᠠᠮ ᠤᠨ ᠬᠤᠷᠢᠶ᠎ᠠ᠂ ᠵᠠᠬᠢᠷᠭ᠎ᠠ ᠪᠤᠯᠤᠨ | ᠬᠤᠰᠢᠭᠤᠨ ᠤ ᠨᠠᠮ ᠤᠨ ᠬᠤᠷᠢᠶᠠᠨ ᠤ ᠵᠦᠪ ᠤᠳᠤᠷᠢᠳᠤᠯᠭ᠎ᠠ ᠳᠣᠣᠷ᠎ᠠ᠂ ᠣᠮᠤᠭ ᠲᠡᠭᠦᠯᠳᠡᠷ ᠣᠷᠣᠭᠰᠢᠯᠠᠨ᠂ | ᠰᠢᠨᠲᠠᠷᠠᠰᠢ ᠦᠭᠡᠢ ᠴᠢᠷᠮᠠᠶᠢᠵᠤ᠂ ᠰᠢᠷᠭᠠᠭᠤ ᠠᠵᠢᠯᠯᠠᠨ᠂ ᠡᠷᠡᠯᠭᠡᠭᠯᠡᠨ ᠲᠡᠪᠰᠢᠵᠤ᠂ ᠨᠠᠮ ᠤᠨ ᠬᠤᠷᠢᠳᠤᠭᠠᠷ ᠤᠳᠠᠭᠠᠨ | ᠤ ᠶᠡᠭᠡ ᠬᠤᠷᠠᠯ ᠤᠨ ᠠᠤᠭ᠎ᠠ ᠲᠦᠯᠦᠪᠯᠡᠭᠡ ᠶᠢ ᠠᠮᠢᠳᠤᠯᠢᠭ ᠪᠣᠳᠠᠲᠠᠶᠢᠵᠢᠭᠤᠯᠤᠨ ᠠᠷᠠᠳ ᠢᠶᠠᠨ ᠪᠠᠶᠠᠵᠢᠭᠤᠯᠵᠤ | ᠬᠤᠰᠢᠭᠤ ᠪᠠᠨ ᠬᠦᠴᠦᠷᠭᠡᠭᠵᠢᠭᠦᠯᠬᠦ ᠪᠠᠷ ᠴᠢᠷᠮᠠᠶᠢᠵᠤ᠂ ᠨᠡᠩ ᠦᠵᠡᠰᠭᠦᠯᠡᠩᠲᠦ ᠰᠠᠶᠢᠬᠠᠨ᠂ ᠪᠠᠶᠠᠨ ᠴᠢᠨᠡᠭᠡᠯᠢᠭ᠂ | ᠴᠢᠯᠦᠭᠡᠲᠦ ᠨᠡᠭᠡᠭᠡᠯᠲᠡ ᠲᠠᠢ᠂ ᠡᠶ᠎ᠡ ᠵᠣᠬᠢᠴᠠᠩᠭᠤᠢ ᠡᠵᠡᠨ᠎ᠡ ᠶᠢ ᠴᠣᠭᠴᠠᠯᠠᠨ ᠪᠠᠶᠢᠭᠤᠯᠬᠤ ᠪᠠᠷ ᠴᠦᠬᠦᠷᠡᠰᠢ ᠦᠭᠡᠢ | ᠲᠡᠮᠡᠴᠡᠵᠡᠭᠡᠶ᠎ᠡ︕ | | 【 ᠦᠭᠡᠰ ᠤᠨ ᠲᠠᠶᠢᠯᠪᠤᠷᠢ 】 | ᠨᠠᠭᠤᠷ ᠭᠤᠤᠯ ᠤᠨ ︽ᠲᠦᠷᠪᠡᠨ ᠳᠢᠭᠯᠢᠮ ᠦᠭᠡᠢ ᠪᠠᠶᠢᠳᠠᠯ ᠤᠨ ᠴᠡᠭᠴᠡᠯᠡᠯᠲᠡ︾᠄ ᠭᠤᠤᠯ ᠮᠥᠷᠡᠨ ᠨᠠᠭᠤᠷ | ᠴᠥᠭᠦᠷᠥᠮ ᠢ ᠳᠤᠷ᠎ᠠ ᠪᠠᠷ ᠢᠶᠠᠨ ᠡᠵᠡᠯᠡᠬᠦ᠂ ᠳᠤᠷ᠎ᠠ ᠪᠠᠷ ᠢᠶᠠᠨ ᠮᠠᠯᠲᠠᠬᠤ᠂ ᠤᠷᠴᠢᠨ ᠲᠤᠭᠤᠷᠢᠨ ᠳᠤ ᠨᠢ ᠶᠠᠭᠤᠮ᠎ᠠ | ᠳᠤᠷ᠎ᠠ ᠪᠠᠷ ᠢᠶᠠᠨ ᠣᠪᠣᠭᠠᠯᠠᠬᠤ ᠪᠠ ᠳᠤᠷ᠎ᠠ ᠪᠠᠷ ᠢᠶᠠᠨ ᠪᠠᠶᠢᠭᠤᠯᠬᠤ ᠵᠡᠷᠭᠡ ᠠᠰᠠᠭᠤᠳᠠᠯ ᠢ ᠴᠡᠪᠡᠷᠯᠡᠨ ᠴᠡᠭᠴᠡᠯᠡᠨ᠎ᠡ᠃ | ︽ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠨᠦᠭᠡᠴᠡ︾ ᠄ ︽ᠴᠠᠬᠢᠯᠭᠠᠨ ᠰᠤᠷᠪᠤᠯᠵᠢ᠂ | ᠴᠠᠬᠢᠯᠭᠠᠨ ᠲᠣᠣᠷ᠂ ᠳᠠᠭᠠᠭᠠᠴᠠ᠂ ᠨᠦᠭᠡᠴᠡ︾ ᠪᠠᠷ ᠶᠡᠷᠦᠩᠬᠡᠢ ᠲᠦᠯᠦᠪᠯᠡᠭᠰᠡᠨ ᠰᠢᠨ᠎ᠡ ᠬᠡᠯᠪᠡᠷᠢ ᠶᠢᠨ ᠴᠠᠬᠢᠯᠭᠠᠨ | ᠬᠦᠴᠦᠨ ᠤ ᠠᠵᠢᠯᠯᠠᠬᠤ ᠬᠡᠯᠪᠡᠷᠢ ᠮᠦᠨ᠃ | ᠵᠦᠷᠢᠵᠤ ᠡᠭᠡᠯᠵᠢᠬᠦ ᠦᠷᠲᠡᠭᠡ᠄ ᠣᠯᠠᠨ ᠡᠭᠡᠯᠵᠢ ᠶᠢᠨ ᠴᠤᠪᠤᠭ᠎ᠠ ᠲᠡᠷᠭᠡ ᠬᠠᠷᠢᠯᠴᠠᠨ ᠵᠦᠷᠢᠵᠦ ᠡᠭᠡᠯᠵᠢᠬᠦ | ᠦᠷᠲᠡᠭᠡ ᠶᠢ ᠵᠢᠭᠠᠵᠤ᠂ ᠭᠤᠣᠯᠳᠠᠭᠤ ᠲᠡᠮᠦᠷ ᠵᠠᠮ ᠤᠨ ᠨᠡᠪᠲᠡᠷᠡᠬᠦ ᠴᠢᠳᠠᠪᠤᠷᠢ ᠶᠢ ᠳᠡᠭᠡᠭᠰᠢᠯᠡᠭᠦᠯᠬᠦ ᠳᠤ ᠵᠣᠷᠢᠭᠤᠯᠪᠠ᠃ | | ︽ᠭᠤᠷᠪᠠᠨ ᠣᠷᠤᠨ ᠵᠠᠢ ᠭᠤᠷᠪᠠᠨ ᠬᠢᠵᠠᠭᠠᠷ ᠱᠤᠭᠤᠮ︾᠄ ︽ᠭᠤᠷᠪᠠᠨ ᠣᠷᠤᠨ ᠵᠠᠢ︾ ᠨᠢ ᠬᠤᠲᠠ | ᠪᠠᠯᠭᠠᠰᠤᠨ ᠤ ᠣᠷᠤᠨ ᠵᠠᠢ᠂ ᠲᠠᠷᠢᠶᠠᠯᠠᠬᠤ ᠦᠢᠯᠡᠰ ᠤᠨ ᠣᠷᠣᠨ ᠵᠠᠢ᠂ ᠠᠮᠢ ᠠᠬᠤᠢ ᠶᠢᠨ ᠣᠷᠤᠨ ᠵᠠᠢ ᠶᠢ ᠵᠢᠭᠠᠨ᠎ᠠ᠃ | ︽ᠭᠤᠷᠪᠠᠨ ᠬᠢᠵᠠᠭᠠᠷ ᠱᠤᠭᠤᠮ︾ ᠨᠢ ᠲᠤᠰᠪᠤᠷᠢ ᠳᠡᠭᠡᠷᠡᠬᠢ ᠭᠤᠷᠪᠠᠨ ᠣᠷᠤᠨ ᠵᠠᠢ ᠳᠣᠲᠤᠷᠠᠬᠢ ᠬᠤᠲᠠ | ᠪᠠᠯᠭᠠᠰᠤ ᠶᠢ ᠨᠡᠭᠡᠭᠡᠨ ᠬᠦᠭᠵᠢᠭᠦᠯᠬᠦ ᠵᠠᠭᠠᠭ᠂ ᠦᠨᠢᠲᠡ ᠶᠢᠨ ᠦᠨᠳᠦᠰᠦᠨ ᠲᠠᠷᠢᠶᠠᠨ ᠭᠠᠵᠠᠷ᠂ ᠠᠮᠢ ᠠᠬᠤᠢ ᠶᠢᠨ | ᠬᠠᠮᠠᠭᠠᠯᠠᠯᠲᠠ ᠶᠢᠨ ᠬᠤᠷᠢᠭ᠎ᠠ ᠱᠤᠭᠤᠮ ᠵᠡᠷᠭᠡ ᠭᠤᠷᠪᠠᠨ ᠲᠠᠯ᠎ᠠ ᠶᠢᠨ ᠬᠢᠵᠠᠭᠠᠷ ᠱᠤᠭᠤᠮ ᠢ ᠵᠢᠭᠠᠵᠤ ᠪᠤᠢ᠃ | ᠭᠤᠶᠤᠴᠢᠯᠠᠬᠤ ᠦᠭᠡᠢ ᠪᠠᠷ ᠠᠰᠢᠭ ᠬᠦᠷᠲᠡᠬᠦ᠄ ᠵᠠᠰᠠᠭ ᠢ ᠴᠣᠮᠬᠠᠳᠬᠠᠨ ᠡᠷᠭᠡ ᠶᠢ ᠳᠣᠷᠤᠭᠰᠢ ᠪᠠᠭᠤᠯᠭᠠᠬᠤ᠂ | ᠦᠢᠯᠡᠴᠢᠯᠡᠭᠡ ᠶᠢ ᠰᠢᠯᠢᠳᠡᠭᠵᠢᠭᠦᠯᠬᠦ᠂ ᠰᠤᠷᠠᠭ ᠵᠠᠩᠬᠢ ᠶᠢ ᠬᠠᠮᠲᠤᠪᠠᠷ ᠡᠳ᠋ᠯᠡᠬᠦ ᠵᠡᠷᠭᠡ ᠠᠷᠭ᠎ᠠ ᠪᠠᠷᠢᠯ ᠢᠶᠠᠷ᠂ | ᠨᠦᠭᠦᠴᠡᠯ ᠳᠤ ᠨᠡᠶᠢᠴᠡᠭᠰᠡᠨ ᠠᠵᠤ ᠠᠬᠤᠶᠢᠯᠠᠯ᠂ ᠣᠯᠠᠨ ᠲᠦᠮᠡᠨ ᠤ ᠭᠤᠶᠤᠴᠢᠯᠠᠬᠤ ᠶᠠᠪᠤᠴᠠ ᠶᠢ ᠬᠡᠯᠳᠦᠷᠢᠭᠦᠯᠵᠦ᠂ | ᠲᠦᠷᠦ ᠶᠢᠨ ᠪᠣᠳᠣᠯᠭ᠎ᠠ ᠶᠢ ᠰᠢᠭᠤᠳ ᠬᠦᠷᠲᠡᠭᠡᠬᠦ ᠶᠢ ᠵᠢᠭᠠᠵᠤ ᠪᠣᠢ᠃ | ︽ᠬᠤᠶᠠᠷ ᠢ ᠬᠦᠩᠬᠡᠯᠡᠬᠦ︾᠄ ᠠᠯᠪᠠᠨ ᠵᠢᠷᠤᠮ ᠤᠨ ᠰᠤᠷᠭᠠᠨ ᠬᠦᠮᠦᠵᠢᠯ ᠬᠦᠷᠳᠡᠵᠤ ᠪᠠᠶᠢᠭ᠎ᠠ ᠰᠤᠷᠤᠭᠴᠢᠳ | ᠤᠨ ᠲᠠᠰᠬᠠᠯ ᠤᠨ ᠬᠦᠨᠳᠤ ᠲᠠᠷᠤᠭᠠᠰᠤ ᠪᠤᠯᠤᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠷᠤᠭᠠᠰᠤ ᠶᠢ | ᠬᠦᠩᠬᠡᠯᠡᠬᠦ ᠶᠢ ᠵᠢᠭᠠᠵᠤ ᠪᠤᠢ᠃ | ︽ᠲᠠᠪᠤᠨ ᠲᠦᠷᠦᠯ ᠤᠨ ᠬᠠᠮᠢᠶᠠᠷᠤᠯᠲᠠ︾᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠭᠠᠷ | ᠤᠲᠠᠰᠤ᠂ ᠤᠨᠲᠠᠯᠭ᠎ᠠ᠂ ᠣᠩᠰᠢᠬᠤ ᠪᠢᠴᠢᠭ᠂ ᠳᠠᠰᠬᠠᠯ᠂ ᠪᠡᠶ᠎ᠡ ᠮᠠᠬᠠᠪᠤᠳ ᠤᠨ ᠬᠠᠮᠢᠶᠠᠷᠤᠯᠲᠠ ᠶᠢ ᠵᠢᠭᠠᠨ᠎ᠠ᠃ | ︽ᠬᠤᠶᠠᠷ ᠪᠦᠲᠦᠭᠡᠭᠳᠡᠭᠦᠨ ᠨᠢᠭᠡ ᠲᠡᠮᠳᠡᠭ︾᠄ ᠪᠣᠬᠢᠷᠳᠤᠯ ᠦᠭᠡᠢ ᠢᠳᠡᠭᠡᠨ᠂ ᠤᠷᠭᠠᠨᠢᠭ ᠲᠠᠷᠢᠶᠠᠯᠠᠩ ᠤᠨ | ᠪᠦᠲᠦᠭᠡᠭᠳᠡᠭᠦᠨ ᠪᠠ ᠲᠠᠷᠢᠶᠠᠯᠠᠩ ᠤᠨ ᠪᠦᠲᠦᠭᠡᠭᠳᠡᠭᠦᠨ ᠤ ᠭᠠᠵᠠᠷ ᠵᠦᠢ ᠶᠢᠨ ᠲᠡᠮᠳᠡᠭ ᠢ ᠵᠢᠭᠠᠨ᠎ᠠ᠃ | ︽ᠳᠥᠷᠪᠡ ᠶᠢ ᠬᠠᠮᠲᠤᠳᠬᠠᠬᠤ︾᠄ 2021ᠣᠨ ᠳᠤ ᠰᠢ ᠶᠢᠨ ᠫᠢᠩ ᠶᠡᠷᠦᠩᠬᠡᠢ ᠱᠦᠵᠢ ᠲᠥᠪ ᠤᠨ | ᠦᠨᠳᠦᠰᠦᠲᠡᠨ ᠤ ᠠᠵᠢᠯ ᠤᠨ ᠬᠤᠷᠠᠯ ᠳᠡᠭᠡᠷ᠎ᠡ ᠵᠢᠭᠠᠵᠤ ᠭᠠᠷᠭᠠᠭᠰᠠᠨ ᠨᠢ᠂ ᠳᠤᠮᠳᠠᠳᠤ ᠶᠢᠨ ᠦᠨᠳᠦᠰᠦᠲᠡᠨ ᠤ | ᠬᠠᠮᠲᠤ ᠶᠢᠨ ᠴᠤᠭᠴᠠ ᠶᠢᠨ ᠦᠵᠡᠯ ᠤᠬᠠᠮᠰᠠᠷ ᠢ ᠪᠠᠲᠤᠳᠬᠠᠬᠤ ᠭᠡᠳᠡᠭ ᠨᠢ ᠡᠯ᠎ᠡ ᠦᠨᠳᠦᠰᠦᠲᠡᠨ ᠤ ᠠᠷᠠᠳ | ᠲᠦᠮᠡᠨ ᠢ ᠳᠠᠶᠢᠴᠢᠯᠠᠨ᠂ ᠵᠢᠷᠭᠠᠯ ᠵᠣᠪᠠᠯᠠᠩ ᠢ ᠬᠠᠮᠲᠤᠳᠬᠠᠬᠤ᠂ ᠠᠯᠳᠠᠷ ᠭᠤᠲᠤᠮᠰᠢᠭ ᠢ ᠬᠠᠮᠲᠤᠳᠬᠠᠬᠤ᠂ ᠦᠬᠦᠯ | ᠰᠡᠭᠡᠯ ᠢ ᠬᠠᠮᠳᠤᠳᠬᠠᠬᠤ᠂ ᠬᠤᠪᠢ ᠵᠠᠶᠠᠭ᠎ᠠ ᠢ ᠬᠠᠮᠲᠤᠳᠬᠠᠬᠤ ᠬᠠᠮᠲᠤ ᠶᠢᠨ ᠴᠤᠭᠴᠠ ᠶᠢᠨ ᠣᠶᠢᠯᠠᠭᠠᠭᠲᠠᠬᠤᠨ ᠢ | ᠪᠠᠲᠤ ᠪᠠᠬᠢ ᠪᠤᠢ ᠪᠣᠯᠭᠠᠬᠤ ᠶᠢ ᠵᠢᠭᠠᠵᠤ ᠪᠤᠢ ᠭᠡᠵᠡᠢ᠃ | ᠳᠡᠳ᠋ ᠲᠣᠭᠲᠠᠭᠰᠠᠨ ᠡᠮᠨᠡᠯᠭᠡ ᠶᠢᠨ ᠬᠤᠷᠢᠶ᠎ᠠ᠄ ᠴᠢᠩᠬᠡᠯᠢᠭ ᠡᠮᠨᠡᠯᠭᠡ ᠶᠢᠨ ᠬᠤᠷᠢᠶᠠᠨ ᠠᠴᠠ ᠳᠡᠰ ᠳᠡᠪᠰᠢᠨ | ᠪᠠᠶᠢᠭᠤᠯᠤᠭᠳᠠᠭᠰᠠᠨ ᠮᠧᠬᠠᠨᠢᠭᠴᠢᠯᠠᠭᠰᠠᠨ ᠡᠮᠨᠡᠯᠭᠡ ᠶᠢᠨ ᠲᠠᠯᠠᠪᠤᠷ᠂ ᠵᠤᠬᠢᠬᠤ ᠬᠡᠮᠵᠢᠶᠡᠨ ᠤ ᠡᠮᠨᠡᠨ ᠵᠠᠰᠠᠬᠤ ᠴᠢᠳᠠᠮᠵᠢ | ᠲᠠᠢ ᠮᠦᠷᠲᠡᠭᠡᠨ ᠡᠪᠡᠳᠴᠢᠲᠡᠨ ᠤ ᠣᠷᠣ ᠶᠢᠨ 10% ᠶᠢᠨ ᠬᠠᠷᠢᠴᠠᠯ ᠢᠶᠠᠷ ᠬᠢᠨᠠᠨ ᠬᠠᠷᠠᠭᠠᠯᠵᠠᠬᠤ ᠣᠷᠣ | ᠲᠣᠬᠢᠷᠠᠭᠤᠯᠤᠭᠰᠠᠨ ᠡᠮᠨᠡᠯᠭᠡ ᠶᠢᠨ ᠬᠤᠷᠢᠶ᠎ᠠ ᠶᠢ ᠵᠢᠭᠠᠵᠤ ᠪᠤᠢ᠃ | |