ᠣᠶᠢᠷ᠎ᠠ ᠳᠤ᠂ ᠠᠶᠢᠮᠠᠭ ᠤᠨ ᠵᠠᠬᠢᠷᠭ᠎ᠠ ︽ᠠᠯᠠᠱᠠ ᠠᠶᠢᠮᠠᠭ ᠤᠨ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ | ᠴᠡᠴᠡᠷᠯᠢᠭ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠬᠡᠷᠡᠭᠵᠢᠭᠦᠯᠬᠦ ᠲᠥᠰᠥᠯ︾ ︵ | ᠠᠯᠠᠱᠠ ᠵᠠᠬᠢᠷᠭ᠎ᠠ ᠲᠠᠷᠬᠠᠭᠠᠭᠰᠠᠨ ﹇2022﹈ 81 ᠳ᠋ᠦ᠋ᠭᠡᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠳᠣᠷᠣᠭᠰᠢ | ︽ᠬᠡᠷᠡᠭᠵᠢᠭᠦᠯᠬᠦ ᠲᠥᠰᠥᠯ︾ ᠭᠡᠵᠦ ᠲᠣᠪᠴᠢᠯᠠᠨ᠎ᠠ᠂ ᠡᠳᠦᠭᠡ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠶᠢᠨ | ᠲᠤᠬᠠᠢ ᠳᠣᠣᠷᠠᠬᠢ ᠮᠡᠲᠦ ᠲᠠᠶᠢᠯᠤᠮᠵᠢ ᠬᠢᠶ᠎ᠡ᠃ | ᠨᠢᠭᠡ᠂ ᠨᠡᠶᠢᠲᠡᠯᠡᠭᠰᠡᠨ ᠠᠬᠤᠢ ᠪᠠᠶᠢᠳᠠᠯ | ᠠᠮᠵᠢᠯᠲᠠ ᠪᠦᠲᠦᠮᠵᠢ ᠶᠢᠨ ᠴᠠᠯᠢᠩ ᠤᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠤᠯᠠᠮ ᠨᠢᠭᠡ | ᠠᠯᠬᠤᠮ ᠪᠠᠳᠠᠷᠠᠭᠤᠯᠵᠤ᠂ ᠳᠤᠮᠳᠠᠳᠤ ᠪᠠᠭ᠎ᠠ ᠰᠤᠷᠭᠠᠭᠤᠯᠢ ᠬᠡᠦᠬᠡᠳ ᠤᠨ ᠴᠡᠴᠡᠷᠯᠢᠭ ᠤᠨ ᠥᠷᠭᠡᠨ ᠣᠯᠠᠨ ᠪᠠᠭᠰᠢ | ᠠᠵᠢᠯᠲᠠᠨ ᠠᠵᠢᠯᠴᠢᠨ ᠤ ᠠᠵᠢᠯ ᠤᠨ ᠢᠳᠡᠪᠬᠢᠵᠢᠯ ᠪᠣᠯᠣᠨ ᠰᠠᠨᠠᠭᠠᠴᠢᠯᠠᠭᠠᠲᠤ ᠴᠢᠨᠠᠷ ᠢ ᠭᠦᠢᠴᠡᠳ ᠳᠠᠶᠢᠴᠢᠯᠠᠨ᠂ | ᠪᠦᠬᠦ ᠠᠶᠢᠮᠠᠭ ᠤᠨ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ | ᠲᠤᠰᠠᠳᠠ᠂ ︽ᠠᠵᠢᠯ ᠦᠢᠯᠡᠰ ᠤᠨ ᠨᠢᠭᠡᠴᠡ ᠶᠢᠨ ᠠᠮᠵᠢᠯᠲᠠ ᠪᠦᠲᠦᠮᠵᠢ ᠶᠢᠨ ᠴᠠᠯᠢᠩ ᠢ ᠬᠡᠷᠡᠭᠵᠢᠭᠦᠯᠬᠦ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠠᠨᠠᠯ︾ ︵ᠥᠪᠥᠷ | ᠵᠠᠰᠠᠭ ᠲᠠᠷᠬᠠᠭᠠᠭᠰᠠᠨ ﹇2011﹈ 125 ᠳ᠋ᠤᠭᠠᠷ ᠲᠣᠭᠠᠲᠤ︶ ᠤᠨ ︽ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠠᠮᠢᠵᠢᠷᠠᠯ ᠤᠨ ᠬᠦᠴᠦᠨ ᠢ ᠤᠯᠠᠮ ᠨᠢᠭᠡ ᠠᠯᠬᠤᠮ | ᠬᠥᠭᠵᠢᠭᠡᠬᠦ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠰᠤᠷᠭᠠᠨ ᠲᠠᠷᠬᠠᠭᠠᠭᠰᠠᠨ ﹇2021﹈ 8 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠠᠶᠢᠮᠠᠭ ᠤᠨ ᠰᠤᠷᠭᠠᠨ ᠬᠥᠮᠦᠵᠢᠯ ᠤᠨ ᠪᠣᠳᠠᠲᠤ | ᠪᠠᠶᠢᠳᠠᠯ ᠲᠠᠢ ᠤᠶᠠᠯᠳᠤᠭᠤᠯᠵᠤ᠂ ︽ᠬᠡᠷᠡᠭᠵᠢᠭᠦᠯᠬᠦ ᠲᠥᠰᠥᠯ︾ ᠢ ᠰᠤᠳᠤᠯᠤᠨ ᠲᠣᠭᠲᠠᠭᠠᠪᠠ᠃ | ᠬᠤᠶᠠᠷ᠂ ᠬᠡᠷᠡᠭᠵᠢᠭᠦᠯᠬᠦ ᠬᠡᠪᠴᠢᠶ᠎ᠡ | ᠪᠦᠬᠦ ᠠᠶᠢᠮᠠᠭ ᠤᠨ ᠡᠯ᠎ᠡ ᠠᠯᠪᠠᠨ ᠠᠴᠠ ᠡᠷᠬᠢᠯᠡᠭᠰᠡᠨ ᠳᠤᠮᠳᠠᠳᠤ ᠪᠠᠭ᠎ᠠ ᠰᠤᠷᠭᠠᠭᠤᠯᠢ᠂ ᠳᠣᠮᠳᠠᠳᠣ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ᠂ ᠬᠡᠦᠬᠡᠳ ᠤᠨ ᠴᠡᠴᠡᠷᠯᠢᠭ ᠤᠨ ᠠᠵᠢᠯ ᠤᠨ ᠪᠠᠶᠢᠷᠢ ᠳᠤ ᠪᠠᠶᠢᠭ᠎ᠠ ᠳᠠᠩᠰᠠᠨ ᠳᠤ | ᠪᠠᠶᠢᠭ᠎ᠠ ᠪᠠᠭᠰᠢ ᠠᠵᠢᠯᠲᠠᠨ ᠠᠵᠢᠯᠴᠢᠨ᠃ | ᠭᠤᠷᠪᠠ᠂ ᠠᠮᠵᠢᠯᠲᠠ ᠪᠦᠲᠦᠮᠵᠢ ᠶᠢᠨ ᠴᠠᠯᠢᠩ ᠢ ᠬᠢᠨᠠᠨ ᠲᠣᠭᠲᠠᠭᠠᠬᠤ | ︵ᠨᠢᠭᠡ︶ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠨᠠᠨ ᠲᠣᠭᠲᠠᠭᠠᠨ᠎ᠠ᠃ ᠠᠮᠵᠢᠯᠲᠠ | ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠨᠢ ᠰᠤᠷᠭᠠᠭᠤᠯᠢ ᠶᠢᠨ ᠠᠵᠢᠯᠲᠠᠨ ᠤ ᠳᠡᠭᠡᠷ᠎ᠡ ᠵᠢᠯ ᠤᠨ 12 ᠳ᠋ᠤᠭᠠᠷ | ᠰᠠᠷ᠎ᠠ ᠶᠢᠨ ᠦᠨᠳᠦᠰᠦᠨ ᠴᠠᠯᠢᠩ ︵ᠠᠵᠢᠯ ᠤᠨ ᠪᠠᠶᠢᠷᠢ ᠶᠢᠨ ᠴᠠᠯᠢᠩ ᠬᠢᠭᠡᠳ ᠴᠠᠯᠢᠩ ᠤᠨ ᠲᠠᠰ ᠤᠨ ᠴᠠᠯᠢᠩ ᠤᠨ | ᠨᠡᠶᠢᠯᠡᠪᠦᠷᠢ︶ ᠤᠨ ᠲᠤᠭ᠎ᠠ ᠬᠡᠮᠵᠢᠶ᠎ᠡ ᠪᠣᠯᠣᠨ ᠵᠢᠷᠤᠮᠵᠢᠭᠤᠯᠤᠭᠰᠠᠨ ᠤ ᠳᠠᠷᠠᠭᠠᠬᠢ ᠨᠡᠮᠡᠭᠦᠷᠢ ᠨᠥᠬᠦᠪᠦᠷᠢ ᠶᠢᠨ ᠲᠤᠭ᠎ᠠ | ᠬᠡᠮᠵᠢᠶ᠎ᠡ ᠪᠠᠷ ᠪᠦᠷᠢᠯᠳᠦᠵᠦ᠂ ᠠᠮᠵᠢᠯᠲᠠ ᠪᠦᠲᠦᠮᠵᠢ ᠶᠢᠨ ᠴᠠᠯᠢᠩ ᠢ ᠰᠠᠭᠤᠷᠢ ᠴᠢᠨᠠᠷᠲᠠᠢ ᠠᠮᠵᠢᠯᠲᠠ ᠪᠦᠲᠦᠮᠵᠢ ᠶᠢᠨ | ᠴᠠᠯᠢᠩ ᠪᠣᠯᠣᠨ ᠱᠠᠩᠨᠠᠯ ᠤᠨ ᠴᠢᠨᠠᠷᠲᠠᠢ ᠠᠮᠵᠢᠯᠲᠠ ᠪᠦᠲᠦᠮᠵᠢ ᠶᠢᠨ ᠴᠠᠯᠢᠩ ᠭᠡᠵᠦ ᠬᠤᠪᠢᠶᠠᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ | ᠨᠡᠮᠡᠭᠳᠡᠯ ᠤᠨ ᠬᠡᠰᠡᠭ ᠢ ᠬᠠᠷᠭᠤᠭᠤᠯᠤᠨ ᠲᠣᠭᠲᠠᠭᠠᠨ᠎ᠠ᠃ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ | ᠬᠡᠰᠡᠭ ᠢ ᠠᠮᠵᠢᠯᠲᠠ ᠪᠦᠲᠦᠮᠵᠢ ᠶᠢᠨ ᠴᠠᠯᠢᠩ ᠤᠨ ᠦᠨᠳᠦᠰᠦᠨ ᠪᠠᠷᠢᠮᠵᠢᠶᠠᠨ ᠤ ᠱᠤᠭᠤᠮ ᠳᠤ ᠬᠦᠷᠲᠡᠯ᠎ᠡ 1 . 3 | ᠳᠠᠬᠢᠨ ᠠᠴᠠ 2 . 5 ᠳᠠᠬᠢᠨ ᠢᠶᠠᠷ ᠳᠡᠭᠡᠭᠰᠢᠯᠡᠭᠦᠯᠦᠨ ᠬᠢᠨᠠᠨ ᠲᠣᠭᠲᠠᠭᠠᠵᠤ᠂ ᠪᠣᠳᠠᠲᠤ ᠪᠠᠶᠢᠳᠠᠯ ᠢᠶᠠᠨ | ᠦᠨᠳᠦᠰᠦᠯᠡᠨ ᠂ ᠲᠦᠷ 1 . 3 ᠳᠠᠬᠢᠨ ᠢᠶᠠᠷ ᠬᠢᠨᠠᠨ ᠲᠣᠭᠲᠠᠭᠠᠵᠤ᠂ ᠨᠥᠬᠦᠴᠡᠯ ᠲᠠᠢ ᠬᠤᠰᠢᠭᠤ ᠣᠷᠣᠨ ᠨᠢ | ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠯᠬᠤᠮ ᠠᠯᠬᠤᠮ ᠢᠶᠠᠷ ᠳᠡᠭᠡᠭᠰᠢᠯᠡᠭᠦᠯᠵᠦ ᠪᠣᠯᠣᠨ᠎ᠠ᠂ ᠭᠡᠪᠡᠴᠦ | ᠬᠠᠮᠤᠭ ᠤᠨ ᠥᠨᠳᠥᠷ ᠲᠡᠭᠡᠨ 2 . 5 ᠳᠠᠬᠢᠨ ᠠᠴᠠ ᠬᠡᠲᠦᠷᠡᠭᠦᠯᠵᠦ ᠪᠣᠯᠬᠤ ᠦᠭᠡᠢ᠃ ᠪᠣᠳᠠᠲᠠᠢ ᠪᠠᠷ ᠡᠯ᠎ᠡ | ᠱᠠᠲᠤᠨ ᠤ ᠡᠳ᠋ ᠤᠨ ᠵᠠᠰᠠᠭ᠂ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ | ᠮᠥᠴᠢᠷ ᠠᠴᠠ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠬᠦ | ᠬᠡᠰᠡᠭ ᠢ ᠬᠢᠨᠠᠨ ᠲᠣᠭᠲᠠᠭᠠᠨ᠎ᠠ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠮᠵᠢᠶ᠎ᠡ ᠶᠢ ᠬᠠᠷᠭᠤᠭᠤᠯᠤᠨ | ᠲᠣᠭᠲᠠᠭᠠᠨ᠎ᠠ᠃ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠪᠠ ᠰᠤᠷᠭᠠᠭᠤᠯᠢ ᠶᠢᠨ | ᠵᠠᠬᠢᠷᠤᠯ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠦᠨᠳᠦᠰᠦᠨ ᠪᠠᠷᠢᠮᠵᠢᠶ᠎ᠠ ᠶᠢᠨ ᠱᠤᠭᠤᠮ ᠤᠨ 1 . 5 ᠳᠠᠬᠢᠨ ᠠᠴᠠ 2 . 5 ᠳᠠᠬᠢᠨ | ᠪᠣᠯᠲᠠᠯ᠎ᠠ ᠳᠡᠭᠡᠭᠰᠢᠯᠡᠭᠦᠯᠵᠦ᠂ ᠮᠠᠨ ᠤ ᠠᠶᠢᠮᠠᠭ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠦᠷ 1 . 5 ᠳᠠᠬᠢᠨ ᠢᠶᠠᠷ | ᠬᠢᠨᠠᠨ ᠲᠣᠭᠲᠠᠭᠠᠵᠤ᠂ ᠨᠥᠬᠦᠴᠡᠯ ᠲᠠᠢ ᠬᠤᠰᠢᠭᠤ ︵ᠣᠷᠣᠨ︶ ᠨᠢ ᠪᠣᠳᠠᠲᠠᠢ ᠲᠠᠢ ᠪᠠᠨ ᠤᠶᠠᠯᠳᠤᠭᠤᠯᠤᠨ ᠠᠯᠬᠤᠮ | ᠠᠯᠬᠤᠮ ᠢᠶᠠᠷ ᠳᠡᠭᠡᠭᠰᠢᠯᠡᠭᠦᠯᠵᠦ ᠪᠣᠯᠣᠨ᠎ᠠ᠂ ᠭᠡᠪᠡᠴᠦ ᠬᠠᠮᠤᠭ ᠤᠨ ᠥᠨᠳᠥᠷ ᠲᠡᠭᠡᠨ 2 . 5 ᠳᠠᠬᠢᠨ ᠠᠴᠠ | ᠬᠡᠲᠦᠷᠡᠭᠦᠯᠵᠦ ᠪᠣᠯᠬᠤ ᠦᠭᠡᠢ᠃ | ᠳᠥᠷᠪᠡ᠂ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ | ︵ᠨᠢᠭᠡ︶ ᠳᠡᠭᠡᠭᠰᠢ ᠭᠠᠷᠭᠠᠬᠤ ᠠᠴᠠ ᠡᠮᠦᠨᠡᠬᠢ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠠᠷᠭ᠎ᠠ᠃ | ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠱᠠᠲᠤ ᠳᠠᠬᠢ ᠪᠠᠭᠰᠢ ᠠᠵᠢᠯᠲᠠᠨ ᠠᠵᠢᠯᠴᠢᠨ ᠤ ᠰᠠᠭᠤᠷᠢ ᠴᠢᠨᠠᠷᠲᠠᠢ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ | ᠬᠡᠮᠵᠢᠶ᠎ᠡ ᠶᠢᠨ 70 % ᠶᠢ ᠡᠵᠡᠯᠡᠵᠦ᠂ ᠠᠯᠪᠠᠨ ᠵᠢᠷᠤᠮ ᠤᠨ ᠪᠤᠰᠤ ᠰᠤᠷᠭᠠᠨ ᠬᠥᠮᠦᠵᠢᠯ ᠤᠨ ᠱᠠᠲᠤ ᠳᠠᠬᠢ ᠪᠠᠭᠰᠢ | ᠠᠵᠢᠯᠲᠠᠨ ᠠᠵᠢᠯᠴᠢᠨ ᠤ ᠰᠠᠭᠤᠷᠢ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠨᠢ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢᠨ 60 % ᠶᠢ ᠡᠵᠡᠯᠡᠨ᠂ ᠲᠣᠭᠲᠠᠭᠠᠭᠰᠠᠨ | ᠪᠠᠷᠢᠮᠵᠢᠶ᠎ᠠ ᠶᠣᠰᠣᠭᠠᠷ ᠰᠠᠷ᠎ᠠ ᠳᠠᠷᠠᠭᠠᠯᠠᠨ ᠣᠯᠭᠤᠨ᠎ᠠ᠃ ᠱᠠᠩᠨᠠᠯ ᠤᠨ ᠴᠢᠨᠠᠷᠲᠠᠢ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠰᠤᠷᠭᠠᠭᠤᠯᠢ ᠠᠴᠠ ᠠᠵᠢᠯ ᠤᠨ ᠪᠣᠳᠠᠲᠠᠢ ᠲᠠᠢ ᠪᠠᠨ ᠤᠶᠠᠯᠳᠤᠭᠤᠯᠤᠨ᠂ ᠵᠣᠬᠢᠬᠤ ᠰᠢᠯᠭᠠᠨ ᠬᠢᠨᠠᠵᠤ | ᠬᠡᠷᠡᠭᠵᠢᠭᠦᠯᠬᠦ ᠨᠠᠷᠢᠨ ᠳᠦᠷᠢᠮ ᠢ ᠲᠣᠭᠲᠠᠭᠠᠵᠤ᠂ ᠪᠠᠭᠰᠢ ᠠᠵᠢᠯᠲᠠᠨ ᠠᠵᠢᠯᠴᠢᠨ ᠤ ᠬᠠᠷᠠᠯᠲᠠᠲᠤ ᠡᠭᠦᠷᠭᠡ ᠪᠠᠨ | ᠪᠡᠶᠡᠯᠡᠭᠦᠯᠦᠭᠰᠡᠨ ᠪᠠᠶᠢᠳᠠᠯ᠂ ᠰᠢᠯᠭᠠᠨ ᠬᠢᠨᠠᠭᠰᠠᠨ ᠦᠷ᠎ᠡ ᠳ᠋ᠦᠩ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ | ᠨᠡᠶᠢᠲᠡ ᠳᠤ ᠵᠠᠷᠯᠠᠭᠠᠳ ᠣᠨᠳᠣᠣ ᠰᠠᠨᠠᠯ ᠦᠭᠡᠢ ᠪᠣᠯ ᠨᠢᠭᠡᠳᠦᠯᠲᠡᠢ ᠲᠥᠯᠥᠪᠯᠡᠨ ᠣᠯᠭᠤᠨ᠎ᠠ᠃ | ︵ᠬᠤᠶᠠᠷ︶ ᠨᠢᠭᠡᠳᠦᠭᠡᠷ ᠹᠷᠣᠨᠲ ᠤᠨ ᠪᠠᠭᠰᠢ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ | ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠯ ᠤᠨ ᠬᠡᠮᠵᠢᠶ᠎ᠡ ᠳᠤ ᠣᠯᠭᠤᠬᠤ ᠠᠷᠭ᠎ᠠ᠃ ᠠᠮᠵᠢᠯᠲᠠ ᠪᠦᠲᠦᠮᠵᠢ ᠶᠢᠨ | ᠴᠠᠯᠢᠩ ᠢ ᠳᠡᠭᠡᠭᠰᠢᠯᠡᠭᠦᠯᠦᠭᠰᠡᠨ ᠤ ᠳᠠᠷᠠᠭᠠᠬᠢ ᠨᠡᠮᠡᠭᠳᠡᠭᠰᠡᠨ ᠬᠡᠰᠡᠭ ᠢ ᠲᠤᠰᠠᠭᠠᠷ ᠬᠡᠰᠡᠭᠯᠡᠨ ᠬᠠᠮᠢᠶᠠᠷᠴᠤ᠂ ᠳᠠᠷᠠᠭ᠎ᠠ | ᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠬᠡᠮᠵᠢᠶ᠎ᠡ ᠶᠢ ᠬᠢᠨᠠᠨ ᠲᠣᠭᠲᠠᠭᠠᠬᠤ ᠳᠤ ᠣᠷᠣᠭᠤᠯᠬᠤ | ᠦᠭᠡᠢ᠂ ᠪᠦᠬᠦᠨ ᠢ ᠨᠢᠭᠡᠳᠦᠭᠡᠷ ᠹᠷᠣᠨᠲ ᠤᠨ ᠪᠠᠭᠰᠢ ᠶᠢᠨ ᠠᠮᠵᠢᠯᠲᠠ ᠪᠦᠲᠦᠮᠵᠢ ᠶᠢᠨ ᠱᠠᠩᠨᠠᠯ ᠳᠤ ᠬᠡᠷᠡᠭᠯᠡᠨ᠎ᠡ᠃ | ᠪᠣᠳᠠᠲᠠᠢ ᠳᠤ ᠡᠯ᠎ᠡ ᠰᠤᠷᠭᠠᠭᠤᠯᠢ ᠬᠢᠨᠠᠨ ᠰᠢᠯᠭᠠᠬᠤ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠵᠢᠭᠠᠨ ᠰᠤᠷᠭᠠᠬᠤ | ᠵᠤᠷᠰᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠱᠠᠩᠨᠠᠬᠤ᠂ ᠭᠤᠣᠯᠳᠠᠭᠤ ︽ᠪᠡᠯᠡᠳᠬᠡᠬᠦ᠂ ᠲᠠᠶᠢᠯᠪᠤᠷᠢᠯᠠᠬᠤ᠂ | ᠵᠥᠪᠰᠢᠶᠡᠷᠡᠬᠦ᠂ ᠲᠤᠰᠠᠯᠠᠬᠤ᠂ ᠰᠢᠯᠭᠠᠬᠤ᠂ ᠦᠨᠡᠯᠡᠬᠦ᠂ ᠰᠤᠳᠤᠯᠬᠤ︾ ᠵᠡᠷᠭᠡ ᠵᠢᠭᠠᠨ ᠰᠤᠷᠭᠠᠬᠤ ᠵᠤᠷᠰᠢᠯ ᠤᠨ ᠠᠵᠢᠯ ᠤᠨ | ᠱᠠᠩᠨᠠᠯ᠂ ᠠᠵᠢᠯ ᠤᠨ ᠬᠡᠮᠵᠢᠶ᠎ᠡ ᠪᠠᠨ ᠳᠠᠪᠠᠭᠤᠯᠤᠨ ᠪᠡᠶᠡᠯᠡᠭᠦᠯᠦᠭᠰᠡᠨ ᠢ ᠱᠠᠩᠨᠠᠬᠤ᠂ ᠪᠢᠴᠢᠭ ᠵᠢᠭᠠᠵᠤ ᠬᠥᠮᠥᠨ ᠢ | ᠬᠥᠮᠥᠵᠢᠭᠦᠯᠬᠦ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠢ ᠱᠠᠩᠨᠠᠬᠤ ᠵᠡᠷᠭᠡ ᠲᠠᠯ᠎ᠠ ᠪᠠᠷ ᠬᠡᠮᠵᠢᠶᠡᠵᠢᠭᠦᠯᠦᠨ | ᠬᠢᠨᠠᠨ ᠰᠢᠯᠭᠠᠵᠤ ᠬᠤᠪᠢ ᠣᠯᠭᠤᠬᠤ ᠶᠢ ᠳᠣᠪᠤᠶᠢᠯᠭᠠᠵᠤ᠂ ᠵᠠᠭᠤᠨ ᠬᠤᠪᠢ ᠶᠢᠨ ᠳᠦᠷᠢᠮ ᠢ ᠬᠡᠷᠡᠭᠵᠢᠭᠦᠯᠦᠨ᠎ᠡ᠃ | ᠨᠡᠮᠡᠭᠳᠡᠭᠰᠡᠨ ᠬᠡᠰᠡᠭ ᠤᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠣᠯᠭᠤᠬᠤ ᠵᠣᠭᠤᠰ ᠤᠨ ᠲᠤᠭ᠎ᠠ ᠶᠢ | ᠰᠢᠯᠭᠠᠨ ᠬᠢᠨᠠᠭᠰᠠᠨ ᠣᠯᠣᠭᠰᠠᠨ ᠬᠤᠪᠢ ᠪᠠᠷ ᠪᠣᠳᠣᠨ᠎ᠠ᠃ ᠬᠥᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ | ᠣᠷᠣᠵᠤ ᠪᠣᠯᠬᠤ ᠮᠥᠷᠲᠡᠭᠡᠨ ᠪᠠᠭᠤᠵᠤ ᠪᠣᠯᠬᠤ᠂ ᠡᠯ᠎ᠡ ᠰᠤᠷᠭᠠᠭᠤᠯᠢ ᠰᠤᠷᠤᠯᠭ᠎ᠠ ᠶᠢᠨ ᠬᠤᠭᠤᠴᠠᠭ᠎ᠠ ᠪᠦᠷᠢ | ᠨᠢᠭᠡᠳᠦᠭᠡᠷ ᠹᠷᠣᠨᠲ ᠤᠨ ᠪᠠᠭᠰᠢ ᠳᠤ ᠨᠢᠭᠡ ᠤᠳᠠᠭᠠᠨ ᠤ ᠬᠢᠨᠠᠨ ᠰᠢᠯᠭᠠᠯᠲᠠ ᠬᠢᠵᠦ᠂ ᠵᠠᠷᠯᠠᠨ ᠨᠡᠶᠢᠲᠡᠯᠡᠭᠡᠳ ᠣᠨᠳᠣᠣ | ᠰᠠᠨᠠᠯ ᠦᠭᠡᠢ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠨᠢᠭᠡᠳᠦᠭᠡᠷ ᠹᠷᠣᠨᠲ ᠤᠨ ᠪᠠᠭᠰᠢ | ᠠᠵᠢᠯ ᠤᠨ ᠪᠠᠶᠢᠷᠢ ᠳᠤ ᠪᠠᠶᠢᠬᠤ ᠦᠭᠡᠢ ᠬᠤᠭᠤᠴᠠᠭᠠᠨ ᠳᠤ ᠬᠤᠯᠪᠣᠭᠳᠠᠯ ᠪᠦᠬᠦᠢ ᠬᠠᠷᠠᠭᠠᠯᠵᠠᠯ ᠢ ᠭᠥᠷᠳᠡᠬᠦ ᠦᠭᠡᠢ | ︵ᠰᠤᠷᠭᠠᠭᠤᠯᠢ ᠶᠢᠨ ᠠᠯᠪᠠᠨ ᠠᠴᠠ ᠲᠣᠮᠢᠯᠠᠭᠰᠠᠨ ᠣᠬᠤᠷ ᠬᠤᠭᠤᠴᠠᠭᠠᠨ ᠤ ᠪᠣᠯᠪᠠᠰᠤᠷᠠᠭᠤᠯᠤᠯ ᠪᠠᠭᠲᠠᠬᠤ ᠦᠭᠡᠢ︶᠃ | ᠬᠤᠪᠢ ᠬᠥᠮᠥᠨ ᠤ ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ = ᠬᠤᠪᠢ ᠬᠥᠮᠥᠨ ᠤ ᠰᠢᠯᠭᠠᠨ | ᠬᠢᠨᠠᠭᠰᠠᠨ ᠣᠯᠣᠭᠰᠠᠨ ᠬᠤᠪᠢ × ︵×ᠰᠢᠯᠭᠠᠨ ᠬᠢᠨᠠᠬᠤ ᠳᠤ ᠣᠷᠣᠯᠴᠠᠭᠰᠠᠨ ᠪᠠᠭᠰᠢ ᠠᠵᠢᠯᠲᠠᠨ ᠠᠵᠢᠯᠴᠢᠨ ᠤ | ᠨᠡᠮᠡᠭᠳᠡᠭᠰᠡᠨ ᠬᠡᠮᠵᠢᠶᠡᠨ ᠤ ᠠᠮᠵᠢᠯᠲᠠ ᠪᠦᠲᠦᠮᠵᠢ ᠶᠢᠨ ᠴᠠᠯᠢᠩ ᠤᠨ ᠶᠡᠷᠦᠩᠬᠡᠢ ᠲᠤᠭ᠎ᠠ / ᠰᠢᠯᠭᠠᠨ ᠬᠢᠨᠠᠬᠤ ᠳᠤ | ᠣᠷᠣᠯᠴᠠᠭᠰᠠᠨ ᠪᠠᠭᠰᠢ ᠠᠵᠢᠯᠲᠠᠨ ᠠᠵᠢᠯᠴᠢᠨ ᠤ ᠶᠡᠷᠦᠩᠬᠡᠢ ᠬᠤᠪᠢ︶ ᠶᠢ ᠨᠡᠶᠢᠲᠡ ᠳᠤ ᠵᠠᠷᠯᠠᠭᠠᠳ ᠣᠨᠳᠣᠣ ᠰᠠᠨᠠᠯ | ᠦᠭᠡᠢ ᠪᠣᠯ ᠰᠤᠷᠤᠯᠭ᠎ᠠ ᠶᠢᠨ ᠬᠤᠭᠤᠴᠠᠭ᠎ᠠ ᠶᠣᠰᠣᠭᠠᠷ ᠣᠯᠭᠤᠨ᠎ᠠ᠃ ᠣᠯᠣᠭᠰᠠᠨ ᠬᠤᠪᠢ ᠶᠢᠨ ᠳᠣᠲᠣᠷᠠᠬᠢ | ᠬᠠᠮᠤᠭ ᠤᠨ ᠥᠨᠳᠥᠷ ᠬᠤᠪᠢ ᠨᠢ ᠬᠠᠮᠤᠭ ᠤᠨ ᠳᠣᠣᠷ᠎ᠠ ᠬᠤᠪᠢ ᠶᠢᠨ 2 ᠳᠠᠬᠢᠨ ᠠᠴᠠ ᠳᠡᠭᠡᠭᠰᠢ ᠪᠠᠶᠢᠵᠤ᠂ ᠬᠤᠪᠢ | ᠬᠥᠮᠥᠨ ᠤ ᠬᠢᠨᠠᠨ ᠰᠢᠯᠭᠠᠬᠤ ᠳᠤ ᠣᠯᠣᠭᠰᠠᠨ ᠬᠤᠪᠢ ᠳᠤᠨᠢ ᠬᠠᠮᠤᠭ ᠤᠨ ᠳᠣᠣᠷ᠎ᠠ ᠬᠤᠪᠢ ᠶᠢᠨ ᠱᠤᠭᠤᠮ | ᠲᠣᠬᠢᠷᠠᠭᠤᠯᠵᠤ᠂ ᠬᠢᠨᠠᠨ ᠰᠢᠯᠭᠠᠵᠤ ᠰᠢᠯᠭᠠᠨ ᠲᠣᠭᠲᠠᠭᠠᠭᠰᠠᠨ ᠬᠤᠪᠢ ᠨᠢ ᠬᠠᠮᠤᠭ ᠤᠨ ᠳᠣᠣᠷ᠎ᠠ ᠬᠤᠪᠢ ᠶᠢᠨ | ᠱᠤᠭᠤᠮ ᠠᠴᠠ ᠳᠣᠣᠷ᠎ᠠ ᠪᠠᠶᠢᠬᠤ ᠨᠢᠭᠡᠳᠦᠭᠡᠷ ᠹᠷᠣᠨᠲ ᠤᠨ ᠪᠠᠭᠰᠢ ᠳᠤ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠢ ᠨᠡᠮᠡᠭᠳᠡᠭᠦᠯᠵᠦ ᠪᠣᠯᠬᠤ ᠦᠭᠡᠢ᠂ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠡᠮᠡᠭᠳᠡᠭᠦᠯᠬᠦ ᠶᠢᠨ | ᠤᠷᠮᠠᠰᠢᠭᠤᠯᠬᠤ ᠦᠢᠯᠡᠳᠦᠯ ᠢ ᠭᠦᠢᠴᠡᠳ ᠢᠯᠡᠷᠡᠭᠦᠯᠬᠦ ᠬᠡᠷᠡᠭᠲᠡᠢ᠃ | ︵ᠭᠤᠷᠪᠠ︶ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ | ᠳᠠᠷᠤᠭ᠎ᠠ ᠶᠢᠨ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠤᠨ ᠨᠡᠮᠡᠭᠳᠡᠯ ᠢ ᠣᠯᠭᠤᠬᠤ ᠠᠷᠭ᠎ᠠ᠃ ᠨᠠᠮ ᠤᠨ | ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢᠨ ᠠᠵᠢᠯ ᠤᠨ ᠠᠮᠵᠢᠯᠲᠠ | ᠪᠦᠲᠦᠮᠵᠢ ᠶᠢᠨ ᠴᠠᠯᠢᠩ ᠤᠨ ᠨᠡᠮᠡᠭᠳᠡᠯ ᠤᠨ ᠬᠡᠰᠡᠭ ᠢ ᠬᠢᠨᠠᠨ ᠰᠢᠯᠭᠠᠵᠤ ᠣᠯᠭᠤᠬᠤ ᠬᠡᠪᠴᠢᠶ᠎ᠡ ᠨᠢ ᠰᠤᠷᠭᠠᠭᠤᠯᠢ ᠶᠢᠨ | ᠨᠠᠮ ᠵᠠᠰᠠᠭ ᠤᠨ ︽ᠨᠢᠭᠡᠳᠦᠭᠡᠷ ᠭᠠᠷ︾ ᠪᠣᠯᠣᠨ᠎ᠠ᠃ ᠠᠳᠠᠯᠢ ᠱᠠᠲᠤᠨ ᠤ ᠭᠤᠣᠯᠴᠢᠯᠠᠨ ᠬᠠᠮᠢᠶᠠᠷᠬᠤ ᠰᠠᠯᠠᠭ᠎ᠠ | ᠮᠥᠴᠢᠷ ᠠᠴᠠ ᠬᠠᠷᠢᠶ᠎ᠠ ᠰᠤᠷᠭᠠᠭᠤᠯᠢ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ ᠰᠤᠷᠭᠠᠭᠤᠯᠢ ︵ | ᠴᠡᠴᠡᠷᠯᠢᠭ︶ ᠶᠢᠨ ᠳᠠᠷᠤᠭ᠎ᠠ ᠳᠤ ᠪᠣᠳᠠᠲᠤ ᠠᠮᠵᠢᠯᠲᠠ ᠪᠦᠲᠦᠮᠵᠢ ᠶᠢᠨ ᠰᠢᠯᠭᠠᠨ ᠬᠢᠨᠠᠯᠲᠠ ᠬᠢᠵᠦ᠂ ︵ᠬᠤᠪᠢ | ᠬᠥᠮᠥᠨ ᠤ ᠨᠡᠮᠡᠭᠳᠡᠭᠰᠡᠨ ᠠᠮᠵᠢᠯᠲᠠ ᠪᠦᠲᠦᠮᠵᠢ ᠶᠢᠨ ᠴᠠᠯᠢᠩ = ᠬᠤᠪᠢ ᠬᠥᠮᠥᠨ ᠤ ᠰᠢᠯᠭᠠᠨ ᠬᠢᠨᠠᠯᠲᠠ ᠳᠤ | ᠣᠯᠣᠭᠰᠠᠨ ᠬᠤᠪᠢ᠂ ᠱᠦᠵᠢ ᠪᠣᠯᠣᠨ ᠰᠤᠷᠭᠠᠭᠤᠯᠢ ᠶᠢᠨ ᠵᠠᠬᠢᠷᠤᠯ ᠤᠨ ᠨᠡᠮᠡᠭᠳᠡᠭᠰᠡᠨ ᠠᠮᠵᠢᠯᠲᠠ ᠪᠦᠲᠦᠮᠵᠢ ᠶᠢᠨ | ᠴᠠᠯᠢᠩ ᠤᠨ ᠶᠡᠷᠦᠩᠬᠡᠢ ᠲᠤᠭ᠎ᠠ / ᠱᠦᠵᠢ ᠪᠣᠯᠣᠨ ᠰᠤᠷᠭᠠᠭᠤᠯᠢ ᠶᠢᠨ ᠵᠠᠬᠢᠷᠤᠯ ᠤᠨ ᠶᠡᠷᠦᠩᠬᠡᠢ ᠬᠤᠪᠢ︶᠂ | ᠨᠡᠶᠢᠲᠡ ᠳᠤ ᠵᠠᠷᠯᠠᠭᠠᠳ ᠣᠨᠳᠣᠣ ᠰᠠᠨᠠᠯ ᠦᠭᠡᠢ ᠪᠣᠯ᠂ ᠣᠨ ᠢᠶᠠᠷ ᠣᠯᠭᠤᠨ᠎ᠠ᠃ ᠣᠨ ᠤ ᠬᠤᠪᠢ ᠬᠥᠮᠥᠨ ᠤ ᠰᠢᠯᠭᠠᠨ | ᠬᠢᠨᠠᠵᠤ ᠬᠡᠮᠵᠢᠨ ᠲᠣᠭᠲᠠᠭᠠᠭᠰᠠᠨ ᠬᠤᠪᠢ ᠨᠢ ᠬᠤᠪᠢ ᠬᠥᠮᠥᠨ ᠤ ᠰᠢᠯᠭᠠᠨ ᠬᠢᠨᠠᠭᠰᠠᠨ ᠶᠡᠷᠦᠩᠬᠡᠢ ᠬᠤᠪᠢ ᠶᠢᠨ | 60 % ᠠᠴᠠ ᠳᠣᠣᠷ᠎ᠠ ᠪᠠᠶᠢᠪᠠᠯ ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠢ ᠣᠯᠭᠤᠵᠤ ᠪᠣᠯᠬᠤ ᠦᠭᠡᠢ᠂ | ᠠᠵᠢᠯ ᠤᠨ ᠠᠮᠵᠢᠯᠲᠠ ᠪᠦᠲᠦᠮᠵᠢ ᠶᠢᠨ ᠴᠠᠯᠢᠩ ᠢ ᠨᠡᠮᠡᠭᠳᠡᠭᠦᠯᠬᠦ ᠨᠢ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ᠂ | ᠰᠤᠷᠭᠠᠭᠤᠯᠢ ︵ᠴᠡᠴᠡᠷᠯᠢᠭ︶ ᠶᠢᠨ ᠳᠠᠷᠤᠭ᠎ᠠ ᠶᠢ ᠤᠷᠮᠠᠰᠢᠭᠤᠯᠬᠤ ᠦᠢᠯᠡᠳᠦᠯ ᠢ ᠭᠦᠢᠴᠡᠳ ᠢᠯᠡᠷᠡᠭᠦᠯᠦᠨ᠎ᠡ᠃ | ︽ᠬᠡᠷᠡᠭᠵᠢᠭᠦᠯᠬᠦ ᠲᠥᠰᠥᠯ︾ ᠳᠤ ︽ᠠᠮᠵᠢᠯᠲᠠ ᠪᠦᠲᠦᠮᠵᠢ ᠪᠠᠷ ᠴᠠᠯᠢᠩ ᠲᠣᠭᠲᠠᠭᠠᠬᠤ᠂ ᠬᠠᠷᠢᠭᠤᠴᠠᠯᠭ᠎ᠠ ᠪᠠ | ᠴᠠᠯᠢᠩ ᠬᠥᠯᠥᠰᠦ ᠶᠢ ᠨᠢᠭᠡᠳᠦᠯᠲᠡᠢ ᠪᠠᠶᠢᠯᠭᠠᠬᠤ᠂ ᠢᠯᠡᠭᠦᠦ ᠬᠥᠳᠡᠯᠮᠦᠷᠢᠯᠡᠪᠡᠯ ᠢᠯᠡᠭᠦᠦ ᠣᠯᠭᠤᠬᠤ᠂ ᠰᠢᠯᠢᠳᠡᠭ | ᠠᠮᠵᠢᠯᠲᠠ ᠪᠦᠲᠦᠮᠵᠢ ᠭᠠᠷᠭᠠᠪᠠᠯ ᠢᠯᠡᠭᠦᠦ ᠣᠯᠭᠤᠮᠵᠢ ᠣᠯᠭᠤᠬᠤ︾ ᠵᠠᠷᠴᠢᠮ ᠢ ᠪᠠᠷᠢᠮᠲᠠᠯᠠᠵᠤ᠂ ᠠᠵᠢᠯ ᠤᠨ | ᠠᠮᠵᠢᠯᠲᠠ ᠪᠦᠲᠦᠮᠵᠢ ᠶᠢᠨ ᠴᠠᠯᠢᠩ ᠢ ᠨᠢᠭᠡᠳᠦᠭᠡᠷ ᠹᠷᠣᠨᠲ ᠤᠨ ᠪᠠᠭᠰᠢ᠂ ᠭᠤᠣᠯᠯᠠᠭᠴᠢ ᠪᠠᠭᠰᠢ ᠳᠠᠰᠢ ᠬᠡᠯᠪᠡᠶᠢᠯᠭᠡᠵᠦ ᠂ | ︽ᠢᠯᠡᠭᠦᠦ ᠬᠢᠬᠦ ᠳᠤᠲᠠᠭᠤ ᠬᠢᠬᠦ᠂ ᠰᠠᠶᠢᠨ ᠬᠢᠬᠦ ᠮᠠᠭᠤ ᠬᠢᠬᠦ ᠨᠢᠭᠡ ᠯᠡ ᠶᠠᠩᠵᠤ ᠶᠢᠨ ᠪᠠᠶᠢᠬᠤ︾ ᠠᠰᠠᠭᠤᠳᠠᠯ ᠢ | ᠰᠢᠢᠳᠪᠦᠷᠢᠯᠡᠨ᠎ᠡ᠃ ︽ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠲᠠᠷᠬᠠᠭᠠᠭᠰᠠᠨ ᠨᠢ ᠠᠵᠢᠯ ᠤᠨ ᠠᠮᠵᠢᠯᠲᠠ | ᠪᠦᠲᠦᠮᠵᠢ ᠶᠢ ᠰᠢᠯᠭᠠᠨ ᠬᠢᠨᠠᠬᠤ ᠶᠢᠨ ᠤᠷᠮᠠᠰᠢᠭᠤᠯᠬᠤ ᠤᠳᠤᠷᠢᠳᠤᠮᠵᠢ ᠶᠢᠨ ᠦᠢᠯᠡᠳᠦᠯ ᠢ ᠬᠦᠢᠴᠳ ᠪᠠᠳᠠᠷᠠᠭᠤᠯᠵᠤ᠂ | ᠢᠯᠡ ᠲᠣᠳᠣ᠂ ᠡᠷᠬᠡ ᠲᠡᠭᠰᠢ᠂ ᠲᠥᠪ ᠭᠤᠤᠯᠴᠢ ᠪᠠᠶᠢᠬᠤ ᠶᠢ ᠪᠡᠶᠡᠯᠡᠭᠦᠯᠦᠨ᠂ ᠠᠵᠢᠯ ᠤᠨ ᠠᠮᠵᠢᠯᠲᠠ ᠪᠦᠲᠦᠮᠵᠢ ᠶᠢᠨ | ᠴᠠᠯᠢᠩ ᠤᠨ ᠥᠭᠡᠷᠡᠴᠢᠯᠡᠯᠲᠡ ᠶᠢ ᠣᠲᠣ ᠦᠶ᠎ᠡ ᠶᠢᠨ ᠰᠤᠷᠭᠠᠭᠤᠯᠢ ᠶᠢᠨ ᠳᠦᠷᠢᠮ ᠤᠨ ᠪᠠᠶᠢᠭᠤᠯᠤᠯᠲᠠ ᠯᠤᠭ᠎ᠠ | ᠬᠠᠷᠢᠯᠴᠠᠨ ᠤᠶᠠᠯᠳᠤᠭᠤᠯᠬᠤ ᠶᠢ ᠪᠡᠶᠡᠯᠡᠭᠦᠯᠵᠦ᠂ ᠰᠢᠯᠭᠠᠨ ᠬᠢᠨᠠᠵᠤ ᠬᠤᠪᠢᠶᠠᠷᠢᠯᠠᠬᠤ ᠲᠣᠭᠲᠠᠴᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠂ ᠪᠠᠭᠰᠢ ᠶᠢᠨ ᠣᠷᠣᠯᠭ᠎ᠠ ᠶᠢᠨ ᠬᠤᠪᠢᠶᠠᠷᠢᠯᠠᠯᠲᠠ ᠶᠢᠨ ᠵᠢᠷᠤᠮᠵᠢᠭᠤᠯᠤᠯᠲᠠ᠂ | ᠰᠢᠨᠵᠢᠯᠡᠬᠦ ᠤᠬᠠᠭᠠᠨᠴᠢᠯᠠᠯᠲᠠ᠂ ᠳᠦᠷᠢᠮᠵᠢᠭᠦᠯᠦᠯᠲᠡ ᠶᠢ ᠤᠯᠠᠮ ᠨᠢᠭᠡ ᠠᠯᠬᠤᠮ ᠠᠬᠢᠭᠤᠯᠬᠤ ᠳᠤ ᠲᠤᠰᠠᠲᠠᠢ ᠶᠤᠮ᠃ | |