ᠲᠤᠮᠳᠠᠳᠤ ᠤᠯᠤᠰ ᠤᠨ ᠠᠩᠬᠠᠳᠠᠭᠴᠢ ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠤ ᠬᠢᠯᠢ ᠠᠯᠤᠰᠯᠠᠭᠰᠠᠨ ᠲᠡᠭᠡᠭᠡᠪᠤᠷᠢ ᠶᠢᠨ ᠲᠦᠷᠦᠯ ᠵᠦᠢᠯ ᠢ ᠲᠤᠷᠰᠢᠨ ᠠᠵᠢᠯᠯᠠᠭᠤᠯᠵᠤ ᠡᠬᠢᠯᠡᠪᠡ
ᠨᠡᠶᠢᠲᠡᠯᠡᠭᠰᠡᠨ ᠴᠠᠭ᠄
2023/1/5
      12 ᠳ᠋ᠤᠭᠠᠷ ᠰᠠᠷ᠎ᠠ ᠶᠢᠨ 28᠎ ᠤ ᠡᠳᠤᠷ᠂ ᠠᠯᠠᠱᠠ ᠶᠢᠨ ᠴᠡᠭᠡ ᠪᠤᠭᠤᠮᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ︽ᠲᠤᠮᠳᠠᠳᠤ ᠤᠯᠤᠰ ᠤᠨ ᠠᠩᠬᠠᠳᠠᠭᠴᠢ ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ︾᠎ ᠤ ᠬᠢᠯᠢ ᠠᠯᠤᠰᠯᠠᠭᠰᠠᠨ ᠲᠡᠭᠡᠭᠡᠪᠤᠷᠢ ᠶᠢᠨ ᠲᠦᠷᠦᠯ ᠵᠦᠢᠯ ᠢ ᠠᠯᠠᠱᠠ ᠶᠢᠨ ᠴᠡᠭᠡ ᠪᠤᠭᠤᠮᠳᠠ ᠶᠢᠨ ᠠᠵᠤ ᠠᠬᠤᠢ ᠶᠢᠨ ᠨᠡᠭᠡᠭᠡᠯᠳᠡ ᠶᠢᠨ ᠤᠷᠤᠨ ᠳᠤ ᠲᠤᠷᠰᠢᠨ ᠠᠵᠢᠯᠯᠠᠭᠤᠯᠵᠤ ᠡᠨᠡ ᠨᠢ ᠪᠤᠭᠤᠮᠳᠠ ᠪᠠᠷ ᠦᠩᠭᠡᠷᠡᠬᠦ ᠶᠢ ᠤᠶᠤᠨᠴᠢᠯᠠᠬᠤ ᠪᠦᠳᠦᠭᠡᠨ ᠪᠠᠶᠢᠭᠤᠯᠤᠯᠳᠠ ᠶᠢᠨ ᠴᠢᠬᠤᠯᠠ ᠨᠢᠭᠡ ᠠᠯᠬᠤᠮ ᠢ ᠠᠮᠵᠢᠯᠳᠠ ᠲᠠᠢ ᠪᠡᠶᠡᠯᠡᠬᠦᠯᠦᠭᠰᠡᠨ ᠪᠠᠶᠢᠨ᠎ᠠ᠃      ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠪᠤᠯ ᠺᠤᠮᠫᠢᠦ᠋ᠲ᠋ᠧᠷ ᠤᠨ ᠰᠢᠰᠲ᠋ᠧᠮ ᠢᠶᠠᠷ ᠲᠠᠮᠵᠢᠨ ᠵᠢᠯᠤᠭᠤᠴᠢ ᠦᠭᠡᠢ ᠪᠠᠷ ᠠᠵᠢᠯᠯᠠᠬᠤ ᠶᠢ ᠪᠡᠶᠡᠯᠡᠬᠦᠯᠬᠦ ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠪᠤᠯᠤᠨ᠎ᠠ᠂ ᠲᠤᠰ ᠮᠠᠰᠢᠨ ᠨᠢ ᠣᠶᠤᠨᠴᠢ ᠮᠡᠷᠭᠡᠵᠢᠯ᠂ ᠬᠠᠷᠠᠭᠠᠨ ᠰᠠᠷᠠᠯ ᠤᠨ ᠪᠤᠳᠤᠯᠭ᠎ᠠ᠂ ᠷᠠᠳᠠᠷ᠂ ᠬᠢᠨᠠᠨ ᠡᠵᠡᠮᠳᠡᠬᠦ ᠲᠦᠭᠦᠭᠡᠷᠤᠮᠵᠢ ᠪᠠ ᠪᠦᠮᠪᠤᠷᠴᠡᠭ ᠤᠨ ᠪᠠᠶᠢᠷᠢ ᠲᠤᠭᠳᠠᠭᠠᠬᠤ ᠰᠢᠰᠲ᠋ᠧᠮ ᠳᠤ ᠲᠦᠰᠢᠭᠯᠡᠨ ᠬᠠᠮᠳᠤᠷᠠᠨ ᠠᠵᠢᠯᠯᠠᠵᠤ᠂ ᠺᠤᠮᠫᠢᠦ᠋ᠲ᠋ᠧᠷ ᠢ ᠬᠦᠮᠦᠨ ᠤ ᠬᠦᠴᠤ ᠪᠠᠷ ᠠᠵᠢᠯᠯᠠᠬᠤ ᠦᠭᠡᠢ ᠪᠠᠶᠢᠳᠠᠯ ᠲᠤᠤᠷ᠎ᠠ ᠮᠠᠰᠢᠨ ᠲᠡᠷᠭᠡ ᠶᠢ ᠠᠦ᠋ᠲ᠋ᠤ᠋ ᠠᠮᠤᠷ ᠲᠦᠪᠰᠢᠨ ᠢᠶᠠᠷ ᠠᠵᠢᠯᠯᠠᠭᠤᠯᠵᠤ ᠪᠤᠯᠤᠨ᠎ᠠ᠃      ᠤᠶᠢᠯᠠᠭᠠᠭᠰᠠᠨ ᠢᠶᠠᠷ᠂ ᠲᠤᠰ ᠲᠦᠷᠦᠯ ᠵᠦᠢᠯ ᠳᠤ 2022 ᠤᠨ ᠤ 2 ᠳ᠋ᠤᠭᠠᠷ ᠰᠠᠷ᠎ᠠ ᠠᠴᠠ ᠨᠠᠰᠢ ᠨᠡᠶᠢᠳᠡ 9000 ᠲᠦᠮᠡᠨ ᠲᠦᠭᠦᠷᠢᠭ ᠤᠨ ᠪᠡᠯᠡ ᠤᠷᠤᠭᠤᠯᠤᠨ᠂10 ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ᠂1500 ᠴᠢᠩᠭᠡᠯᠢᠭ ᠬᠠᠶᠢᠷᠴᠠᠭ ᠢ ᠬᠤᠳᠠᠯᠳᠤᠨ ᠠᠪᠴᠤ᠂ ᠲᠤᠮᠳᠠᠳᠤ ᠶᠢᠨ ᠲᠠᠯ᠎ᠠ ᠶᠢᠨ 12 ᠰᠠᠭᠤᠷᠢ ᠲᠤᠰᠬᠠᠢ ᠬᠡᠷᠡᠭᠯᠡᠬᠦ 5G ᠰᠠᠭᠤᠷᠢ ᠦᠷᠳᠡᠭᠡ ᠶᠢ ᠪᠠᠶᠢᠭᠤᠯᠵᠤ᠂ ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠤᠨ ᠪᠦᠬᠦ ᠶᠠᠪᠤᠴᠠ ᠳᠤ ᠪᠠᠨ ᠠᠯᠤᠰ ᠡᠵᠡᠮᠰᠢᠯᠳᠤ ᠪᠠᠷ ᠵᠢᠯᠤᠭᠤᠳᠬᠤ ᠡᠯ᠎ᠡ ᠵᠦᠢᠯ ᠤᠨ ᠢᠵᠢ ᠪᠦᠷᠢᠳᠦᠬᠦᠯᠬᠦ ᠲᠦᠭᠦᠭᠡᠷᠤᠮᠵᠢ ᠎ ᠶᠢ ᠪᠡᠶᠡᠯᠡᠬᠦᠯᠦᠨ᠂ ᠲᠦᠷᠦᠯ ᠵᠦᠢᠯ ᠤᠨ ᠤᠷᠤᠭᠰᠢᠲᠠᠢ ᠠᠰᠢᠭᠯᠠᠯᠳᠠ ᠳᠤ ᠤᠷᠤᠬᠤ ᠶᠢ ᠪᠠᠳᠤᠯᠠᠭᠰᠠᠨ ᠪᠠᠶᠢᠨ᠎ᠠ᠃      ᠦᠪᠤᠷ ᠮᠤᠩᠭᠤᠯ ᠤᠨ ᠵᠦᠩ ᠼᠧ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠬᠢᠵᠠᠭᠠᠷᠳᠤ ᠺᠤᠮᠫᠠᠨᠢ ᠶᠢᠨ ᠶᠡᠷᠤᠩᠭᠡᠢ ᠲᠠᠭᠠᠭᠠᠮᠠᠯ ᠬᠤᠩ ᠶᠠᠨ᠄ ︽ᠲᠤᠰ ᠤᠳᠠᠭᠠᠨ ᠤ ᠲᠤᠷᠰᠢᠨ ᠠᠵᠢᠯᠯᠠᠭᠤᠯᠬᠤ ᠳᠤ ᠠᠯᠤᠰ ᠡᠵᠡᠮᠰᠢᠯᠳᠤ ᠪᠠᠷ ᠵᠢᠯᠤᠭᠤᠳᠬᠤ ᠪᠤᠯᠤᠨ᠎ᠠ᠂ ᠵᠢᠱᠢᠯᠳᠡ ᠪᠠᠷ ᠢᠷᠡᠬᠦ ᠵᠢᠯ ᠤᠨ ᠲᠠᠪᠤᠨ ᠰᠠᠷ᠎ᠠ ᠳᠤ ᠲᠤᠷᠰᠢᠨ ᠠᠵᠢᠯᠠᠭᠤᠯᠬᠤ ᠶᠢ ᠪᠡᠶᠡᠯᠡᠬᠦᠯᠦᠭᠰᠡᠨ ᠰᠠᠭᠤᠷᠢᠨ ᠲᠡᠭᠡᠷ᠎ᠡ ᠴᠡᠭᠡ ᠪᠤᠭᠤᠮᠳᠠ ᠬᠢᠵᠠᠭᠠᠷᠯᠠᠭᠰᠠᠨ ᠤᠷᠤᠨ ᠪᠦᠰᠡ ᠶᠢᠨ ᠲᠤᠳᠤᠷ᠎ᠠ ᠵᠢᠯᠤᠭᠤᠴᠢ ᠦᠭᠡᠢ ᠪᠠᠷ ᠠᠵᠢᠯᠯᠠᠭᠤᠯᠬᠤ ᠶᠢ ᠪᠡᠶᠡᠯᠡᠬᠦᠯᠬᠦ ᠶᠢᠨ ᠬᠠᠮᠳᠤ ᠤᠤᠯ ᠤᠨ 10 ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠪᠠᠶᠢᠭᠰᠠᠨ ᠰᠠᠭᠤᠷᠢᠨ ᠲᠡᠭᠡᠷ᠎ᠡ ᠪᠠᠰᠠ 10 ᠲᠡᠷᠭᠡ ᠨᠡᠮᠡᠵᠤ ᠠᠰᠢᠭᠯᠠᠯᠳᠠ ᠳᠤ ᠤᠷᠤᠭᠤᠯᠬᠤ ᠪᠠᠷ ᠲᠦᠯᠦᠪᠯᠡᠵᠤ ᠪᠤᠢ᠂ ᠬᠠᠮᠤᠭ ᠡᠴᠤᠰ ᠲᠤ 40 ᠲᠡᠷᠭᠡ ᠶᠢ ᠤᠷᠤᠭᠤᠯᠤᠨ ᠬᠢᠯᠢ ᠠᠯᠤᠰᠯᠠᠭᠰᠠᠨ ᠲᠡᠭᠡᠭᠡᠪᠤᠷᠢ ᠶᠢᠨ ᠪᠠᠷᠠᠭᠠᠨ ᠤ ᠲᠠᠯᠠᠪᠠᠢ ᠠᠴᠠ ᠪᠠᠷᠠᠭᠠᠨ ᠤ ᠲᠠᠯᠠᠪᠠᠢ ᠳᠤ ᠬᠦᠷᠬᠦ ᠪᠦᠬᠦ ᠵᠠᠮ ᠤᠨ ᠬᠡᠰᠡᠭ ᠤᠨ L4 ᠲᠡᠰ ᠤᠨ ᠵᠢᠯᠤᠭᠤᠴᠢ ᠦᠭᠡᠢ ᠪᠠᠷ ᠠᠵᠢᠯᠯᠠᠬᠤ ᠶᠢ ᠪᠡᠶᠡᠯᠡᠬᠦᠯᠦᠨ᠎ᠡ︾ ᠭᠡᠪᠡ᠃      ᠤᠶᠤᠨᠴᠢᠯᠠᠭᠰᠠᠨ ᠬᠦᠨᠳᠤ ᠠᠴᠢᠶᠠᠨ ᠤ ᠮᠠᠰᠢᠨ ᠤ ᠬᠢᠯᠢ ᠠᠯᠤᠰᠯᠠᠭᠰᠠᠨ ᠲᠡᠭᠡᠭᠡᠪᠤᠷᠢ ᠶᠢᠨ ᠲᠦᠷᠦᠯ       ᠵᠦᠢᠯ ᠪᠤᠯ ᠤᠳᠤᠬᠢᠴᠢᠯᠠᠭᠰᠠᠨ ᠪᠤᠭᠤᠮᠳᠠ ᠶᠢᠨ ᠪᠦᠳᠦᠭᠡᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠬᠤ ᠶᠢᠨ ᠴᠢᠬᠤᠯᠠ ᠨᠢᠭᠡ ᠠᠯᠬᠤᠮ ᠪᠠᠶᠢᠵᠤ᠂ ᠮᠠᠰᠢ ᠴᠢᠩᠭ᠎ᠠ ᠵᠢᠱᠢᠶ᠎ᠡ ᠦᠵᠡᠭᠦᠯᠬᠦ ᠲᠤᠯᠤᠭᠠᠶᠢᠯᠠᠭᠴᠢ ᠦᠢᠯᠡᠳᠦᠯ ᠲᠠᠢ ᠶᠤᠮ᠃ ᠲᠠᠷᠠᠭᠠᠴᠢ ᠶᠢᠨ ᠠᠯᠬᠤᠮ ᠳᠤ᠂ ᠴᠡᠭᠡ ᠪᠤᠭᠤᠮᠳᠠ ᠤᠨ ᠬᠢᠨ ︽ᠲᠤᠰᠬᠠᠢ ᠨᠠᠷᠢᠯᠢᠭ ᠤᠨᠴᠠ︾ ᠠᠵᠤ       ᠠᠬᠤᠶᠢᠯᠠᠯ ᠤᠨ ᠬᠦᠭᠵᠢᠯᠳᠡ ᠶᠢ ᠲᠡᠮᠵᠢᠬᠦ ᠬᠦᠴᠦᠯᠡᠴᠡ ᠪᠠᠨ ᠦᠷᠬᠦᠯᠵᠢᠯᠡᠨ ᠴᠢᠩᠭᠠᠳᠬᠠᠵᠤ᠂ ᠲᠤᠰ ᠪᠡᠶ᠎ᠡ ᠶᠢᠨ ᠪᠤᠳᠠᠳᠠᠢ ᠲᠠᠢ ᠪᠠᠨ ᠨᠢᠭᠳᠠ ᠤᠶᠠᠯᠳᠤᠭᠤᠯᠤᠨ᠂ ᠠᠵᠤ ᠠᠬᠤᠢ ᠶᠢ ᠬᠦᠭᠵᠢᠬᠦᠯᠬᠦ ᠬᠦᠴᠦᠯᠡᠬᠦ ᠴᠡᠭ ᠪᠠᠨ       ᠪᠤᠭᠤᠮᠳᠠ ᠶᠢᠨ ᠠᠷᠠᠯᠵᠢᠶ᠎ᠠ ᠶᠢᠨ ᠠᠵᠤ ᠠᠬᠤᠢ ᠲᠡᠭᠡᠷ᠎ᠡ ᠲᠠᠯᠪᠢᠵᠤ᠂ ︽ᠪᠤᠭᠤᠮᠳᠠ + ᠨᠡᠭᠦᠷᠡᠰᠤ︾᠂ ︽ᠢᠨᠲ᠋ᠧᠷ ᠰᠦᠯᠵᠢᠶ᠎ᠡ + ᠨᠡᠭᠦᠷᠡᠰᠤ︾᠎ ᠶᠢᠨ ᠲᠠᠪᠬᠤᠷ ᠲᠠᠪᠭᠠᠤᠯᠢᠭ ᠢ ᠭᠦᠢᠴᠡᠳ ᠪᠠᠳᠠᠷᠠᠭᠤᠯᠤᠨ᠂ ᠭᠠᠳᠠᠭᠠᠳᠤ ᠠᠷᠠᠯᠵᠢᠶ᠎ᠠ ᠶᠢᠨ ᠰᠢᠨᠡᠴᠢᠯᠡᠭᠰᠡᠨ᠂ ᠤᠶᠤᠨᠴᠢᠯᠠᠭᠰᠠᠨ᠂ ᠪᠤᠬᠢᠷᠳᠤᠯ ᠦᠭᠡᠢ ᠬᠦᠭᠵᠢᠯᠳᠡ ᠶᠢ ᠲᠦᠷᠭᠡᠳᠬᠡᠨ ᠠᠬᠢᠭᠤᠯᠵᠤ᠂ ᠢᠯᠠ       ᠲᠤᠳᠤ᠂ ᠲᠦᠭᠦᠮ ᠪᠦᠭᠡᠳ ᠲᠦᠷᠭᠡᠨ ᠰᠦᠯᠵᠢᠶᠡᠨ ᠲᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠤᠯᠠᠨ ᠤᠯᠤᠰᠴᠢᠯᠠᠭᠰᠠᠨ ᠨᠡᠭᠦᠷᠡᠰᠤᠨ ᠤ ᠠᠷᠠᠯᠵᠢᠶ᠎ᠠ ᠶᠢᠨ ᠵᠢᠱᠢᠶ᠎ᠡ ᠦᠵᠡᠬᠦᠯᠬᠦ ᠴᠤᠩᠬᠤᠪᠴᠢ ᠶᠢ ᠬᠦᠴᠦᠯᠡᠨ ᠪᠤᠢ       ᠪᠤᠯᠭᠠᠨ᠎ᠠ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号