ᠣᠶᠢᠷ᠎ᠠ ᠶᠢᠨ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ ᠯᠢ ᠵᠢᠶᠦ᠋ᠨ᠂ ᠬᠤᠰᠢᠭᠤᠨ ᠤ | ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠪᠦᠬᠡ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ᠂ ᠬᠤᠰᠢᠭᠤᠨ ᠤ | ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠵᠡᠷᠭᠡ ᠬᠤᠰᠢᠭᠤᠨ ᠤ ᠳᠥᠷᠪᠡᠨ ᠳᠤᠮᠤ | ᠪᠠᠭ ᠤᠨ ᠤᠳᠤᠷᠢᠳᠤᠯᠭ᠎ᠠ ᠨᠠᠷ ᠲᠥᠯᠥᠭᠡᠯᠡᠭᠴᠢ ᠭᠡᠰᠢᠭᠦᠳ ᠤᠨ ᠰᠠᠭᠤᠭ᠎ᠠ ᠭᠠᠵᠠᠷ ᠲᠤ ᠬᠦᠷᠴᠦ᠂ ᠡᠵᠡᠨ᠎ᠡ | ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠬᠤᠶᠠᠳᠤᠭᠠᠷ ᠬᠤᠷᠠᠯᠳᠤᠭᠠᠨ ᠳᠤ ᠣᠷᠣᠯᠴᠠᠵᠦ ᠪᠠᠶᠢᠭ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠪᠣᠯᠣᠨ ᠳᠤᠮᠳᠠᠳᠤ ᠤᠯᠤᠰ ᠤᠨ ᠠᠷᠠᠳ ᠤᠨ ᠤᠯᠤᠰ ᠲᠥᠷᠥ ᠶᠢᠨ ᠵᠥᠪᠯᠡᠯᠭᠡᠨ ᠤ ᠡᠵᠡᠨ᠎ᠡ | ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠬᠤᠷᠠᠯᠳᠤᠭᠠᠨ ᠳᠤ ᠣᠷᠣᠯᠴᠠᠵᠦ | ᠪᠠᠶᠢᠭ᠎ᠠ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠢ ᠪᠣᠯᠭᠤᠭᠠᠨ ᠲᠣᠬᠤᠨᠢᠭᠤᠯᠵᠤ᠂ ᠳᠡᠳᠡᠨᠡᠷ ᠲᠤ ᠬᠠᠯᠠᠭᠤᠨ | ᠮᠡᠨᠳᠦᠴᠢᠯᠡᠯ ᠳᠡᠪᠰᠢᠭᠦᠯᠵᠡᠢ᠃ | ᠸᠠᠩ ᠯᠢ ᠵᠢᠶᠦ᠋ᠨ ᠨᠡᠷ ᠲᠥᠯᠥᠭᠡᠯᠡᠭᠴᠢᠳ ᠪᠣᠯᠣᠨ ᠭᠡᠰᠢᠭᠦᠳ ᠲᠠᠢ ᠭᠠᠷ ᠠᠳᠬᠤᠨ ᠳᠣᠲᠣᠨᠣ ᠪᠠᠷ | ᠶᠠᠷᠢᠯᠴᠠᠵᠤ᠂ ᠳᠡᠳᠡᠨᠡᠷ ᠤᠨ ᠮᠠᠨ ᠤ ᠬᠤᠰᠢᠭᠤᠨ ᠤ ᠠᠮᠤᠷ ᠲᠦᠪᠰᠢᠨ ᠪᠠ ᠠᠵᠤ ᠠᠬᠤᠢ ᠨᠡᠶᠢᠭᠡᠮ ᠤᠨ ᠴᠢᠨᠠᠷ | ᠰᠠᠶᠢᠲᠠᠢ ᠬᠥᠭᠵᠢᠯᠲᠡ ᠶᠢᠨ ᠲᠥᠯᠥᠭᠡ ᠭᠠᠷᠭᠠᠭᠰᠠᠨ ᠴᠢᠷᠮᠠᠶᠢᠯᠭ᠎ᠠ ᠪᠤᠯᠤᠨ ᠬᠤᠪᠢ ᠨᠡᠮᠡᠷᠢ ᠳᠤ ᠴᠢᠩ ᠰᠡᠳᠬᠢᠯ ᠤᠨ | ᠲᠠᠯᠠᠷᠬᠠᠯ ᠳᠠᠪᠰᠢᠬᠦᠯᠪᠡ᠃ | ᠸᠠᠩ ᠯᠢ ᠵᠢᠶᠦ᠋ᠨ ᠢᠯᠡᠷᠬᠡᠶᠢᠯᠡᠬᠦ ᠳᠡᠭᠡᠨ᠄ ᠲᠥᠯᠥᠭᠡᠯᠡᠭᠴᠢᠳ᠂ ᠭᠡᠰᠢᠭᠦᠳ ᠡᠷᠬᠡᠪᠰᠢ ᠬᠡᠬᠦᠳᠡᠭ ᠳᠦᠭᠦᠷᠡᠩ | ᠤᠯᠤᠰ ᠲᠥᠷᠥ ᠶᠢᠨ ᠣᠷᠬᠢᠯᠣᠮ᠎ᠠ ᠬᠠᠯᠠᠭᠤᠨ ᠰᠡᠳᠬᠢᠯᠭᠡ ᠪᠠ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ᠂ | ᠡᠭᠦᠷᠭᠡᠲᠦ ᠰᠡᠳᠬᠢᠯᠭᠡ ᠪᠠᠷ ᠶᠡᠭᠡ ᠬᠤᠷᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠤᠯᠢ ᠴᠠᠭᠠᠵᠠ ᠠᠴᠠ | ᠣᠯᠭᠤᠭᠰᠠᠨ ᠠᠷᠢᠭᠤᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠢᠯᠡᠳᠬᠡᠯ ᠢ | ᠨᠠᠷᠢᠨ ᠬᠢᠨᠠᠮᠠᠭᠠᠢ ᠬᠢᠨᠠᠨ ᠵᠥᠪᠯᠡᠵᠦ᠂ ᠦᠨᠡᠨ ᠢ ᠪᠠᠷᠢᠮᠲᠠᠯᠠᠨ ᠠᠷᠠᠳ ᠣᠯᠠᠨ ᠤ ᠬᠦᠰᠡᠯ ᠰᠠᠨᠠᠭ᠎ᠠ ᠶᠢ ᠲᠤᠰᠬᠠᠵᠤ᠂ | ᠠᠷᠠᠳ ᠲᠦᠮᠡᠨ ᠤ ᠰᠡᠳᠬᠢᠯ ᠤᠨ ᠲᠠᠭᠤᠨ ᠢ ᠭᠦᠢᠴᠡᠳ ᠲᠤᠰᠬᠠᠵᠤ᠂ ᠪᠣᠳᠠᠲᠤ ᠠᠵᠢᠯᠯᠠᠭ᠎ᠠ ᠪᠠᠷ ᠢᠶᠠᠨ ᠪᠥᠬᠦ | ᠬᠤᠰᠢᠭᠤᠨ ᠤ ᠠᠷᠠᠳ ᠲᠦᠮᠡᠨ ᠤ ᠬᠦᠰᠡᠯ ᠡᠷᠡᠮᠡᠯᠵᠡᠯ ᠢ ᠬᠠᠷᠢᠭᠤᠯᠬᠤ ᠶᠢᠨ ᠬᠠᠮᠲᠤ᠂ ᠲᠣᠰ ᠲᠣᠰ ᠤᠨ ᠠᠵᠢᠯ ᠤᠨ | ᠪᠣᠳᠠᠲᠠᠢ ᠲᠠᠢ ᠪᠠᠨ ᠤᠶᠠᠯᠳᠤᠭᠤᠯᠤᠨ᠂ ᠮᠠᠨ ᠤ ᠬᠤᠰᠢᠭᠤᠨ ᠤ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ᠂ | ᠠᠵᠢᠯ ᠤᠨ ᠱᠠᠭᠠᠷᠳᠠᠯᠭ᠎ᠠ ᠵᠢᠴᠢ ᠠᠷᠠᠳ ᠣᠯᠠᠨ ᠤ ᠠᠩᠬᠠᠷᠤᠯ ᠲᠠᠯᠪᠢᠵᠤ ᠪᠠᠶᠢᠭ᠎ᠠ ᠬᠠᠯᠠᠮᠰᠢᠯ ᠠᠰᠠᠭᠤᠳᠠᠯ᠂ ᠬᠦᠴᠢᠷ | ᠠᠰᠠᠭᠤᠳᠠᠯ ᠤᠨ ᠲᠣᠭᠤᠷᠢᠨ ᠳᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ | ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠶᠢ ᠥᠨᠡᠨᠬᠦ ᠰᠠᠶᠢᠳᠤᠷ ᠲᠤᠰᠬᠠᠵᠤ᠂ ᠪᠥᠬᠦ ᠬᠤᠰᠢᠭᠤᠨ ᠤ ᠠᠵᠤ ᠠᠬᠤᠢ | ᠨᠡᠶᠢᠭᠡᠮ ᠤᠨ ᠰᠠᠶᠢᠨ ᠪᠥᠭᠡᠳ ᠲᠦᠷᠭᠡᠨ ᠬᠥᠭᠵᠢᠯᠲᠡ ᠳᠤ ᠰᠢᠨ᠎ᠡ ᠬᠤᠪᠢ ᠨᠡᠮᠡᠷᠢ ᠪᠠᠨ ᠥᠵᠡᠬᠦᠯᠬᠦ ᠶᠢ ᠬᠦᠰᠡᠵᠦ | ᠪᠠᠶᠢᠨ᠎ᠠ ᠭᠡᠪᠡ᠃ | ᠲᠥᠯᠥᠭᠡᠯᠡᠭᠴᠢᠳ᠂ ᠭᠡᠰᠢᠭᠦᠳ ᠨᠡᠷ ᠬᠤᠰᠢᠭᠤᠨ ᠤ ᠤᠳᠤᠷᠢᠳᠤᠯᠭ᠎ᠠ ᠶᠢᠨ ᠬᠠᠯᠠᠮᠵᠢᠯᠠᠯ ᠪᠠ | ᠵᠣᠷᠢᠭᠵᠢᠭᠤᠯᠤᠯ ᠳᠤ ᠪᠠᠶᠠᠷᠯᠠᠨ ᠳᠠᠯᠠᠷᠬᠠᠵᠦ ᠪᠠᠶᠢᠭ᠎ᠠ ᠰᠡᠳᠬᠢᠯ ᠢᠶᠠᠨ ᠢᠯᠡᠳᠭᠡᠬᠦ ᠶᠢᠨ ᠬᠠᠮᠲᠤ ᠤᠯᠤᠰ ᠲᠥᠷᠥ ᠶᠢᠨ | ᠣᠷᠭᠢᠯᠤᠮ᠎ᠠ ᠬᠠᠯᠠᠭᠤᠨ ᠰᠡᠳᠬᠢᠯᠭᠡ ᠪᠠ ᠰᠠᠶᠢᠨ ᠰᠠᠶᠢᠬᠠᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠲᠣᠰ | ᠤᠳᠠᠭᠠᠨ ᠤ ᠶᠡᠭᠡ ᠬᠤᠷᠠᠯ ᠢ ᠰᠠᠶᠢᠲᠤᠷ ᠬᠤᠷᠠᠯᠳᠤᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ | ᠭᠦᠢᠴᠡᠳᠬᠡᠨ᠂ ᠶᠡᠭᠡ ᠬᠤᠷᠠᠯ ᠤᠨ ᠡᠯ᠎ᠡ ᠵᠦᠢᠯ ᠤᠨ ᠵᠥᠪᠯᠡᠬᠦ ᠵᠦᠢᠯᠡᠰ ᠢ ᠲᠡᠭᠦᠰ ᠠᠮᠵᠢᠯᠲᠠ ᠲᠠᠢ ᠪᠡᠶᠡᠯᠡᠭᠦᠯᠵᠦ᠂ | ᠪᠥᠬᠦ ᠬᠤᠰᠢᠭᠤᠨ ᠤ ᠠᠷᠠᠳ ᠲᠦᠮᠡᠨ ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠬᠦ ᠦᠭᠡᠢ ᠭᠡᠵᠦ ᠢᠯᠡᠳᠬᠡᠵᠡᠭᠡᠪᠡ᠃ |