12 ᠳ᠋ᠤᠭᠠᠷ ᠰᠠᠷ᠎ᠠ ᠶᠢᠨ 30 ᠤ ᠡᠳᠦᠷ᠂ ᠡᠵᠡᠨ᠎ᠡ ᠬᠤᠰᠢᠭᠤᠨ ᠤ ᠠᠷᠪᠠᠨ ᠨᠠᠢᠮᠠᠳᠤᠭᠠᠷ ᠬᠤᠭᠤᠴᠠᠭᠠᠨ ᠤ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠤᠶᠠᠳᠤᠭᠠᠷ ᠬᠤᠷᠠᠯᠳᠤᠭᠠᠨ ᠬᠤᠷᠠᠯᠳᠤᠪᠠ᠃ ᠪᠥᠬᠦ | ᠬᠤᠰᠢᠭᠤᠨ ᠤ ᠡᠯ᠎ᠡ ᠠᠵᠢᠯ ᠲᠥᠷᠥᠯ᠂ ᠡᠯ᠎ᠡ ᠹᠷᠣᠨᠲ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠥᠭᠡᠷᠡᠴᠢᠯᠡᠯᠲᠡ | ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠵᠥᠪᠳᠡᠯᠴᠡᠨ᠂ ᠡᠵᠡᠨ᠎ᠡ ᠶᠢᠨ ᠠᠵᠤ ᠠᠬᠤᠢ ᠨᠡᠶᠢᠭᠡᠮ ᠤᠨ | ᠬᠥᠭᠵᠢᠯᠲᠡ ᠳᠤ ᠰᠠᠨᠠᠯ ᠪᠣᠳᠤᠯ ᠢᠶᠠᠨ ᠢᠳᠡᠪᠬᠢᠳᠡᠢ ᠳᠡᠪᠰᠢᠭᠦᠯᠦᠨ᠎ᠡ᠃ | ᠲᠣᠰ ᠤᠳᠠᠭᠠᠨ ᠤ ᠶᠡᠭᠡ ᠬᠤᠷᠠᠯ ᠳᠤ ᠣᠷᠤᠯᠴᠠᠬᠤ ᠶᠣᠰᠣᠲᠠᠢ ᠠᠷᠠᠳ ᠤᠨ ᠲᠥᠯᠥᠭᠡᠯᠡᠭᠴᠢ 144 ᠬᠥᠮᠥᠨ᠂ | ᠪᠣᠳᠠᠲᠠᠢ ᠣᠷᠣᠯᠴᠠᠭᠰᠠᠨ ᠲᠥᠯᠥᠭᠡᠯᠡᠭᠴᠢ 123 ᠬᠥᠮᠥᠨ ᠪᠠᠶᠢᠵᠤ᠂ ᠬᠠᠤᠯᠢ ᠳᠤ ᠳᠣᠭᠳᠠᠭᠰᠠᠨ ᠲᠤᠭᠠᠨ ᠳᠤ | ᠨᠠᠶᠢᠴᠡᠪᠡ᠃ | ᠶᠡᠭᠡ ᠬᠤᠷᠠᠯ ᠤᠨ ᠭᠥᠢᠴᠡᠳᠭᠡᠭᠴᠢ ᠲᠡᠷᠢᠭᠦᠯᠡᠭᠴᠢ ᠸᠠᠩ ᠯᠢ ᠵᠢᠶᠦ᠋ᠨ᠂ ᠪᠦᠬᠡ᠂ ᠪᠦᠲᠦᠭᠡᠯᠴᠢ᠂ ᠮᠦᠷᠡᠨ᠂ | ᠰᠢᠦᠢ ᠵᠢᠩ᠂ ᠴᠢ ᠶᠦᠩ᠂ ᠵᠠᠩ ᠱᠦ ᠰᠢᠶᠠ᠂ ᠳ᠋ᠦ᠋ ᠶᠦᠩ ᠭᠠᠩ᠂ ᠴᠧᠨ ᠮᠠᠨᠳᠠ᠂ ᠵᠠᠩ ᠮᠧᠢ ᠯᠢᠨ | ᠲᠡᠷᠢᠭᠦᠯᠡᠭᠴᠢ ᠶᠢᠨ ᠲᠠᠶᠢᠰᠠᠠ ᠤ ᠡᠮᠤᠨ᠎ᠡ ᠮᠥᠷ ᠲᠤ ᠰᠠᠭᠠᠳᠠᠪᠠ᠃ ᠤᠯᠤᠰ ᠲᠥᠷᠥ ᠶᠢᠨ ᠵᠥᠪᠯᠡᠯᠭᠡᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠲᠠᠩ ᠰᠢᠤᠸᠠᠢ ᠪᠢᠨ᠂ ᠴᠡᠭᠡ ᠪᠣᠭᠤᠮᠲᠠ ᠶᠢᠨ ᠠᠵᠤ | ᠠᠬᠤᠢ ᠶᠢᠨ ᠨᠡᠭᠡᠭᠡᠯᠲᠡ ᠶᠢᠨ ᠣᠷᠣᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ᠂ ᠡᠵᠡᠨ᠎ᠡ ᠬᠤᠰᠢᠭᠤᠨ ᠤ ᠴᠡᠭᠡ | ᠪᠠᠯᠭᠠᠰᠤᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠢᠯᠡᠭᠴᠢ | ᠮᠦᠷᠡᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠦᠢ ᠵᠢᠩ᠂ 63637 ᠴᠡᠷᠢᠭ ᠠᠩᠭᠢ ᠶᠢᠨ | ᠤᠯᠤᠰ ᠲᠦᠷᠦ ᠶᠢᠨ ᠭᠡᠰᠢᠭᠦᠨ ᠸᠠᠩ ᠶᠦᠨ ᠰᠢᠩ᠂ 93154 ᠴᠡᠷᠢᠭ ᠠᠩᠭᠢ ᠶᠢᠨ ᠤᠯᠤᠰ ᠲᠦᠷᠦ ᠶᠢᠨ | ᠭᠡᠰᠢᠭᠦᠨ ᠵᠢᠶᠣᠣ ᠯᠢ ᠳ᠋ᠦᠩ ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ | ᠰᠠᠭᠠᠲᠠᠪᠠ᠃ ᠶᠡᠭᠡ ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠳ ᠪᠠᠰᠠ | ᠬᠤᠰᠢᠭᠤᠨ ᠤ ᠨᠠᠮ ᠤᠨ ᠬᠤᠷᠢᠶᠠᠨ ᠤ ᠡᠯ᠎ᠡ ᠪᠠᠶᠢᠩᠭᠤ ᠶᠢᠨ ᠭᠡᠰᠢᠭᠦᠨ᠂ ᠲᠡᠷᠢᠭᠦᠯᠡᠭᠴᠢᠳ ᠤᠨ ᠪᠦᠯᠬᠦᠮ ᠤᠨ ᠡᠯ᠎ᠡ | ᠭᠡᠰᠢᠭᠦᠨ ᠵᠢᠴᠢ ᠣᠨᠴᠠ ᠤᠷᠢᠭᠰᠠᠨ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠤᠤᠯ ᠤᠨ ᠡᠷᠬᠢᠯᠡᠭᠴᠢ ᠮᠠᠰᠢᠪᠠᠲᠤ ᠬᠤᠷᠠᠯ ᠳᠤ ᠰᠠᠭᠠᠳᠠᠪᠠ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠦᠢᠴᠡᠳᠭᠡᠭᠴᠢ ᠲᠡᠷᠢᠭᠦᠯᠡᠭᠴᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠦᠳᠦᠭᠡᠯᠴᠢ ᠶᠡᠭᠡ ᠬᠤᠷᠠᠯ ᠢ | ᠡᠷᠬᠢᠯᠡᠪᠡ᠃ | ᠦᠳᠡ ᠶᠢᠨ ᠡᠮᠣᠨ᠎ᠡ ᠶᠢᠨ 10 ᠴᠠᠭ ᠲᠤ᠂ ᠬᠤᠷᠠᠯ ᠨᠢ ᠲᠦᠪ ᠡᠷᠬᠢᠮᠰᠦᠭ ᠤᠯᠤᠰ ᠤᠨ ᠲᠠᠭᠤᠨ ᠤ ᠲᠤᠮᠳᠠ | ᠦᠪᠡᠳᠡᠭᠰᠢ ᠶᠡᠭᠡ ᠪᠠᠷ ᠡᠬᠢᠯᠡᠪᠡ᠃ | ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠪᠦᠬᠡ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠶᠡᠭᠡ ᠬᠤᠷᠠᠯ ᠳᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ | ᠬᠢᠪᠡ᠃ ᠢᠯᠡᠳᠬᠡᠯ ᠳᠤ 2022 ᠣᠨ ᠤ ᠪᠦᠭᠦ ᠬᠤᠰᠢᠭᠤᠨ ᠤ ᠡᠯ᠎ᠡ ᠲᠦᠷᠦᠯ ᠤᠨ ᠠᠵᠢᠯ ᠢ ᠪᠦᠭᠦ ᠲᠠᠯ᠎ᠠ ᠪᠠᠷ | ᠡᠷᠭᠢᠴᠡᠭᠦᠯᠦᠨ ᠳ᠋ᠦᠩᠨᠡᠭᠰᠡᠨ ᠪᠥᠭᠡᠳ 2023 ᠣᠨ ᠤ ᠭᠤᠣᠯ ᠬᠠᠷᠠᠯᠲᠠ ᠪᠣᠯᠣᠨ ᠭᠤᠣᠯᠳᠠᠯᠭ᠎ᠠ ᠲᠠᠢ ᠠᠵᠢᠯ ᠳᠤ | ᠪᠠᠶᠢᠷᠢᠯᠠᠭᠤᠯᠣᠯᠳᠠ ᠳᠤᠬᠢᠷᠠᠭᠤᠯᠤᠯᠳᠠ ᠬᠢᠪᠡ᠃ | ᠢᠯᠡᠳᠭᠡᠯ ᠳᠤ ᠵᠢᠭᠠᠵᠤ ᠭᠠᠷᠭᠠᠬᠤ ᠳᠠᠭᠠᠨ᠄ 2022 ᠣᠨ ᠪᠣᠯ ᠨᠠᠮ ᠪᠠ ᠤᠯᠤᠰ ᠣᠷᠤᠨ ᠤ ᠲᠡᠦᠬᠡᠨ ᠳᠤ | ᠲᠦᠢᠯ ᠤᠨ ᠴᠢᠬᠤᠯᠠ ᠨᠢᠭᠡ ᠵᠢᠯ᠃ ᠮᠦᠨ ᠴᠦ ᠠᠷᠪᠠᠨ ᠨᠠᠢᠮᠠᠳᠤᠭᠠᠷ ᠬᠤᠭᠤᠴᠠᠭᠠᠨ ᠤ ᠬᠤᠰᠢᠭᠤᠨ ᠤ ᠠᠷᠠᠳ ᠤᠨ | ᠵᠠᠰᠠᠭ ᠤᠨ ᠣᠷᠳᠤᠨ ᠲᠤᠰᠢᠶᠠᠯ ᠡᠭᠦᠷᠭᠡᠯᠡᠭᠰᠡᠨ ᠠᠩᠬᠠᠨ ᠤ ᠵᠢᠯ ᠪᠣᠯᠬᠤ ᠶᠤᠮ᠃ ᠨᠢᠭᠡ ᠵᠢᠯ ᠤᠨ ᠲᠤᠷᠰᠢ᠂ | ᠬᠢᠵᠢᠭ ᠤᠨ ᠪᠠᠶᠢᠳᠠᠯ ᠤᠨ ᠳᠠᠬᠢᠨ ᠲᠠᠪᠳᠠᠯᠳᠠ ᠪᠠ ᠠᠵᠤ ᠠᠬᠤᠢ ᠦᠷᠭᠦᠯᠵᠢᠯᠡᠨ ᠪᠠᠭᠤᠷᠠᠭᠰᠠᠨ ᠬᠦᠨᠳᠦ ᠬᠡᠴᠡᠭᠦᠦ | ᠪᠠᠶᠢᠳᠠᠯ ᠲᠤᠤᠷ᠎ᠠ ᠪᠢᠳᠡ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠣᠯᠣᠰ ᠤᠨ ᠣᠨᠴᠠᠯᠢᠭᠲᠤ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠠᠷᠪᠠᠨ | ᠶᠢᠰᠦᠳᠦᠭᠡᠷ ᠶᠡᠭᠡ ᠬᠤᠷᠠᠯ ᠪᠣᠯᠤᠨ ᠠᠷᠪᠠᠨ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠡᠯ᠎ᠡ ᠣᠳᠠᠭᠠᠨ ᠤ | ᠪᠦᠭᠦᠳᠡ ᠬᠤᠷᠠᠯ ᠪᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠰᠤᠷᠤᠯᠴᠠᠨ | ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠦᠷ ᠮᠣᠩᠭᠤᠯ ᠤᠨ ᠲᠤᠬᠠᠢ ᠴᠢᠬᠤᠯᠠ ᠶᠠᠷᠢᠶ᠎ᠠ | ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠠᠵᠤ ᠠᠬᠤᠢ ᠶᠢ ᠲᠤᠭᠳᠠᠪᠤᠷᠢᠵᠢᠭᠤᠯᠬᠤ ᠠᠯᠢ ᠣᠯᠠᠨ ᠲᠥᠷᠥ ᠶᠢᠨ ᠪᠣᠳᠤᠯᠭ᠎ᠠ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠬᠢᠵᠢᠭ ᠤᠨ ᠰᠡᠷᠭᠡᠶᠢᠯᠡᠯᠲᠡ ᠡᠵᠡᠮᠳᠡᠯᠲᠡ ᠪᠤᠯᠤᠨ ᠠᠵᠤ ᠠᠬᠤᠢ ᠨᠡᠶᠢᠭᠡᠮ ᠤᠨ ᠬᠦᠭᠵᠢᠯᠲᠡ ᠶᠢ | ᠨᠢᠭᠡᠳᠦᠯᠲᠡᠢ ᠲᠥᠯᠦᠪᠯᠡᠵᠦ᠂ ᠬᠦᠭᠵᠢᠯᠲᠡ ᠪᠠ ᠠᠮᠤᠷ ᠲᠥᠪᠰᠢᠨ ᠢ ᠪᠦᠬᠦ ᠲᠠᠯ᠎ᠠ ᠪᠠᠷ ᠲᠥᠯᠦᠪᠯᠡᠵᠦ᠂ | ᠵᠢᠱᠢᠯᠲᠡ ᠠᠴᠠ ᠭᠠᠳᠠᠨᠠᠬᠢ ᠡᠯᠧᠮᠧᠨ᠋ᠲ ᠤᠨ ᠳᠠᠭᠠᠷᠢᠯᠲᠠ ᠶᠢ ᠠᠷᠭᠠᠴᠠᠭᠠᠨ᠂ ᠪᠦᠬᠦ ᠬᠤᠰᠢᠭᠤᠨ ᠤ ᠠᠵᠤ ᠠᠬᠤᠢ | ᠨᠡᠶᠢᠭᠡᠮ ᠤᠨ ᠬᠦᠭᠵᠢᠯᠲᠡ ᠶᠢᠨ ᠠᠮᠤᠷ ᠲᠣᠭᠲᠠᠭᠤᠨ ᠡᠷᠬᠢᠯᠲᠡ ᠶᠢ ᠬᠦᠴᠦᠲᠡᠢ ᠲᠦᠯᠬᠢᠨ ᠠᠬᠢᠭᠤᠯᠪᠠ᠃ 2022 | ᠣᠨ ᠳᠤ ᠵᠢᠱᠢᠯᠲᠡ ᠪᠠᠷ᠂ ᠣᠷᠣᠨ ᠨᠣᠲᠤᠭ ᠤᠨ ᠦᠢᠯᠡᠳᠪᠤᠷᠢᠯᠡᠯ ᠤᠨ ᠶᠡᠷᠦᠩᠬᠡᠢ ᠥᠷᠲᠡᠭ 38.1 ᠳ᠋ᠦᠩᠰᠢᠭᠤᠷ | ᠲᠦᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 1.3% ᠪᠠᠷ ᠨᠡᠮᠡᠭᠳᠡᠪᠡ︔ ᠲᠣᠭᠳᠠᠮᠠᠯ | ᠬᠦᠷᠦᠩᠭᠡ ᠶᠢᠨ ᠪᠡᠯᠡ ᠣᠷᠣᠭᠤᠯᠣᠯᠲᠠ 18.6 ᠳ᠋ᠦᠩᠰᠢᠭᠤᠷ ᠲᠦᠭᠦᠷᠢᠭ ᠢ ᠪᠡᠶᠡᠯᠡᠭᠦᠯᠵᠦ᠂ ᠠᠳᠠᠯᠢ | ᠬᠤᠭᠤᠴᠠᠭᠠᠨ ᠤ ᠬᠢ ᠠᠴᠠ 8% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2. | 14 ᠳ᠋ᠦᠩᠰᠢᠭᠤᠷ ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 6.6% ᠪᠠᠷ ᠨᠡᠮᠡᠭᠳᠡᠪᠡ᠃ | ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ ᠪᠣᠷᠣᠯᠠᠭᠤᠯᠤᠯᠲᠠ ᠶᠢᠨ ᠶᠡᠷᠦᠩᠬᠡᠢ ᠥᠷᠳᠡᠭ 9 ᠳ᠋ᠦᠩᠰᠢᠭᠤᠷ | ᠲᠥᠬᠦᠷᠢᠭ ᠢ ᠪᠡᠶᠡᠯᠡᠬᠦᠯᠵᠤ᠂ ᠠᠳᠠᠯᠢ ᠬᠤᠭᠤᠴᠠᠭᠠᠨ ᠤ ᠬᠢ ᠠᠴᠠ 3% ᠪᠠᠷ ᠪᠠᠭᠤᠷᠠᠪᠠ︔ ᠬᠤᠲᠠ ᠪᠠᠯᠭᠠᠰᠤ | ᠪᠤᠯᠤᠨ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ ᠶᠢᠨ ᠰᠠᠭᠤᠭᠠᠯᠢ ᠠᠷᠠᠳ ᠤᠨ ᠬᠦᠮᠦᠨ ᠳᠤᠮᠳᠠᠴᠢ ᠶᠢᠨ | ᠡᠵᠡᠮᠳᠡᠵᠤ ᠪᠣᠯᠬᠤ ᠣᠷᠣᠯᠭ᠎ᠠ ᠶᠢ ᠲᠤᠰᠪᠦᠷᠢ 50526 ᠲᠥᠬᠦᠷᠢᠭ ᠪᠤᠯᠤᠨ 31043 ᠲᠥᠭᠦᠷᠢᠭ ᠪᠡᠶᠡᠯᠡᠭᠦᠯᠦᠨ᠂ | ᠠᠳᠠᠯᠢ ᠬᠤᠭᠤᠴᠠᠭᠠᠨ ᠤ ᠬᠢ ᠠᠴᠠ 5% ᠪᠤᠯᠤᠨ 6% ᠪᠠᠷ ᠨᠡᠮᠡᠭᠳᠡᠭᠰᠡᠨ ᠪᠠᠶᠢᠨ᠎ᠠ ᠭᠡᠪᠡ᠃ | ᠢᠯᠡᠳᠬᠡᠯ ᠳᠤ ᠵᠢᠭᠠᠵᠤ ᠭᠠᠷᠭᠠᠬᠤ ᠳᠠᠭᠠᠨ᠄ ᠨᠢᠭᠡ ᠵᠢᠯ ᠤᠨ ᠲᠤᠷᠰᠢ᠂ ᠪᠢᠳᠡ ᠠᠮᠢ ᠠᠬᠤᠢ ᠶᠢ | ᠬᠠᠮᠠᠭᠠᠯᠠᠬᠤ ᠳᠤ ᠬᠦᠴᠦᠯᠡᠨ᠂ ᠰᠡᠷᠭᠦᠭᠡᠨ ᠵᠠᠰᠠᠯᠲᠠ ᠶᠢ ᠴᠢᠬᠤᠯᠠᠴᠢᠯᠠᠵᠤ᠂ ᠵᠠᠰᠠᠨ ᠴᠡᠭᠴᠡᠯᠡᠯᠲᠡ ᠶᠢ ᠴᠢᠩᠭᠠᠳᠬᠠᠨ᠂ | ᠠᠮᠢ ᠠᠬᠤᠢ ᠶᠢᠨ ᠣᠷᠴᠢᠨ ᠲᠤᠭᠤᠷᠢᠨ ᠡᠳᠦᠷ ᠢᠷᠡᠬᠦᠶ᠎ᠡ ᠰᠠᠶᠢᠵᠢᠷᠠᠪᠠ᠃ ᠪᠤᠬᠢᠷᠳᠤᠯ ᠦᠭᠡᠢ ᠬᠦᠭᠵᠢᠯᠲᠡ ᠳᠤ | ᠬᠦᠴᠦᠯᠡᠵᠦ᠂ ᠤᠯᠠᠮᠵᠢᠯᠠᠯ ᠳᠤ ᠲᠤᠬᠢᠷᠠᠭᠤᠯᠤᠯᠳᠠ ᠬᠢᠨ ᠰᠢᠨ᠎ᠡ ᠶᠢ ᠪᠤᠶᠢᠵᠢᠭᠤᠯᠵᠤ᠂ ᠲᠠᠪᠠᠭᠤᠯᠢᠭ ᠢᠶᠠᠨ | ᠪᠠᠳᠠᠷᠠᠭᠤᠯᠵᠤ ᠲᠤᠲᠠᠭᠳᠠᠯ ᠢᠶᠠᠨ ᠨᠥᠭᠦᠪᠦᠷᠢᠯᠡᠨ᠂ ᠠᠵᠤ ᠦᠢᠯᠡᠰ ᠤᠨ ᠬᠦᠭᠵᠢᠯᠲᠡ ᠶᠢᠨ ᠠᠯᠬᠤᠴᠠ ᠪᠠᠨ | ᠪᠠᠲᠤᠳᠬᠠᠪᠠ᠃ ᠰᠢᠨ᠎ᠡ ᠬᠡᠯᠪᠡᠷᠢ ᠶᠢᠨ ᠬᠤᠲᠠᠴᠢᠯᠠᠯᠲᠠ ᠳᠤ ᠬᠦᠴᠦᠯᠡᠵᠦ᠂ ᠬᠤᠲᠠ ᠪᠠᠯᠭᠠᠰᠤ ᠶᠢ ᠰᠢᠨᠡᠳᠭᠡᠨ᠂ | ᠬᠦᠳᠡᠭᠡ ᠲᠣᠰᠬᠤᠨ ᠢ ᠬᠦᠭᠵᠢᠭᠦᠯᠦᠨ ᠮᠠᠨᠳᠤᠭᠤᠯᠵᠤ᠂ ᠬᠤᠲᠠ ᠬᠦᠳᠡᠭᠡ ᠶᠢ ᠴᠢᠨᠠᠷ ᠰᠠᠶᠢᠲᠠᠢ ᠦᠷᠭᠡᠳᠬᠡᠨ | ᠬᠦᠭᠵᠢᠭᠦᠯᠪᠡ᠃ ᠪᠡᠯᠡ ᠣᠷᠤᠭᠤᠯᠤᠨ ᠠᠵᠤ ᠦᠢᠯᠡᠰ ᠢ ᠬᠦᠭᠵᠢᠭᠦᠯᠬᠦ ᠳᠤ ᠬᠦᠴᠦᠯᠡᠵᠦ᠂ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠵᠦᠪ ᠢᠶᠠᠷ ᠰᠢᠨ᠎ᠡ ᠶᠢ ᠡᠭᠦᠳᠴᠦ᠂ ᠬᠦᠭᠵᠢᠯᠲᠡ ᠶᠢᠨ ᠠᠮᠢᠵᠢᠷᠠᠯ ᠢ ᠪᠠᠳᠠᠷᠠᠭᠤᠯᠵᠤ ᠴᠢᠳᠠᠪᠠ᠃ | ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠬᠦᠴᠦᠯᠡᠨ᠂ ᠬᠤᠷᠢᠭ᠎ᠠ ᠱᠤᠭᠤᠮ ᠢ ᠪᠠᠲᠤ ᠰᠠᠬᠢᠵᠤ᠂ ᠪᠣᠳᠠᠳᠤ | ᠠᠵᠢᠯ ᠢ ᠰᠠᠶᠢᠲᠤᠷ ᠬᠢᠨ᠂ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠢ ᠨᠡᠮᠡᠭᠳᠡᠭᠦᠯᠪᠡ᠃ ᠪᠦᠬᠦ ᠬᠤᠰᠢᠭᠤᠨ ᠤ | ᠡᠩᠬᠡ ᠠᠮᠤᠭᠤᠯᠠᠩ ᠢ ᠪᠠᠲᠤᠯᠠᠬᠤ ᠳᠤ ᠬᠦᠴᠦᠯᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠠᠶᠤᠯ | ᠲᠦᠭᠰᠢᠭᠦᠷᠢ ᠶᠢ ᠰᠡᠷᠡᠮᠵᠢᠯᠡᠨ᠂ ᠨᠡᠶᠢᠭᠡᠮ ᠤᠨ ᠠᠮᠤᠷ ᠲᠣᠭᠲᠠᠭᠤᠨ ᠢ ᠵᠣᠬᠢᠴᠠᠭᠤᠯᠵᠤ ᠴᠢᠳᠠᠪᠠ᠃ ᠴᠢᠳᠠᠪᠬᠢ ᠪᠠᠨ | ᠬᠤᠪᠢᠷᠠᠭᠤᠯᠬᠤ ᠳᠤ ᠬᠦᠴᠦᠯᠡᠨ᠂ ᠠᠷᠢᠭᠤᠨ ᠴᠢᠭᠡᠴᠢ ᠪᠤᠳᠠᠲᠠᠢ ᠠᠵᠢᠯᠯᠠᠵᠤ᠂ ᠲᠤᠰ ᠪᠡᠶ᠎ᠡ ᠶᠢᠨ ᠪᠦᠲᠦᠭᠡᠨ | ᠪᠠᠶᠢᠭᠤᠯᠤᠯᠲᠠ ᠪᠠᠨ ᠴᠢᠩᠭᠠᠳᠬᠠᠪᠠ ᠭᠡᠪᠡ᠃ | ᠢᠯᠡᠳᠬᠡᠯ ᠳᠤ ᠵᠢᠭᠠᠵᠤ ᠭᠠᠷᠭᠠᠬᠤ ᠳᠠᠭᠠᠨ᠄ 2023ᠣᠨ ᠳᠤ᠂ ᠪᠢᠳᠠ ᠰᠢ ᠶᠢᠨ ᠫᠢᠩ ᠤᠨ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭᠲᠤ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ | ᠪᠤᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠤᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ | ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ᠰᠢ ᠶᠢᠨ ᠫᠢᠩ ᠱᠦᠵᠢ ᠶᠢᠨ ᠦᠪᠦᠷ ᠮᠣᠩᠭᠤᠯ ᠤᠨ ᠲᠤᠬᠠᠢ | ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠦᠪᠡᠷᠲᠡᠭᠡᠨ ᠵᠠᠰᠠᠬᠤ ᠣᠷᠣᠨ᠂ ᠠᠶᠢᠮᠠᠭ ᠤᠨ ᠨᠠᠮ ᠤᠨ ᠬᠤᠷᠢᠶ᠎ᠠ᠂ ᠵᠠᠭᠢᠷᠭ᠎ᠠ ᠪᠣᠯᠣᠨ | ᠬᠤᠰᠢᠭᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠤᠨ᠂ ᠰᠢᠨ᠎ᠡ | ᠬᠦᠭᠵᠢᠯᠲᠡ ᠶᠢᠨ ᠣᠶᠢᠯᠠᠭᠠᠭᠲᠠᠬᠤᠨ ᠢ ᠪᠦᠷᠢᠨ ᠭᠦᠢᠴᠡᠳ᠂ ᠵᠥᠪ ᠣᠨᠣᠪᠴᠢᠲᠠᠢ᠂ ᠪᠦᠬᠦ ᠲᠠᠯ᠎ᠠ ᠪᠠᠷ | ᠲᠤᠤᠱᠯᠠᠭᠤᠯᠵᠤ᠂ ᠰᠢᠨ᠎ᠡ ᠬᠦᠭᠵᠢᠯᠲᠡ ᠶᠢᠨ ᠪᠠᠶᠢᠷᠢᠰᠢᠯ ᠳᠤ ᠢᠳᠡᠪᠬᠢᠲᠡᠢ ᠦᠢᠯᠡᠴᠢᠯᠡᠬᠦ ᠪᠠ ᠠᠭᠤᠰᠤᠯᠴᠠᠨ᠂ | ᠬᠢᠵᠢᠭ ᠤᠨ ᠪᠠᠶᠢᠳᠠᠯ ᠤᠨ ᠰᠡᠷᠭᠡᠶᠢᠯᠡᠨ ᠡᠵᠡᠮᠳᠡᠯᠲᠡ ᠪᠠ ᠠᠵᠤ ᠠᠬᠤᠢ ᠨᠡᠶᠢᠭᠡᠮ ᠤᠨ ᠬᠦᠭᠵᠢᠯᠲᠡ ᠶᠢ ᠨᠢᠭᠡᠳᠦᠯᠲᠡᠢ | ᠲᠦᠯᠦᠪᠯᠡᠵᠦ᠂ ᠬᠦᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠢ ᠲᠦᠯᠦᠪᠯᠡᠨ᠂ ᠦᠪᠡᠷᠲᠡᠭᠡᠨ ᠵᠠᠰᠠᠬᠤ ᠣᠷᠤᠨ ᠤ | ︽ᠲᠠᠪᠤᠨ ᠶᠡᠭᠡ ᠡᠭᠦᠷᠬᠡ︾ ᠶᠢ ᠬᠦᠴᠦᠯᠡᠨ ᠨᠠᠶᠢᠳᠠᠪᠤᠷᠢᠵᠢᠭᠤᠯᠵᠤ᠂ ᠲᠣᠭᠲᠠᠭᠤᠨ ᠤ ᠲᠤᠮᠲᠠ ᠤᠷᠤᠭᠰᠢᠯᠠᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠦᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠵᠠᠬ᠎ᠠ ᠳᠡᠯᠭᠡᠭᠦᠷ ᠤᠨ ᠡᠷᠬᠢᠯᠳᠡ ᠶᠢ ᠬᠦᠭᠵᠢᠬᠡᠨ᠂ ᠢᠯᠡᠷᠬᠡᠢ ᠨᠡᠮᠡᠭᠳᠡᠯ ᠢ ᠪᠠᠷᠢᠮᠳᠠᠯᠠᠵᠤ᠂ ᠠᠵᠢᠯ | ᠣᠯᠤᠯᠲᠠ ᠪᠠ ᠪᠠᠷᠠᠭᠠᠨ ᠤ ᠦᠨ᠎ᠡ ᠬᠠᠩᠰᠢ ᠶᠢ ᠲᠤᠭᠳᠠᠪᠤᠷᠢᠵᠢᠭᠤᠯᠤᠨ᠂ ᠪᠦᠬᠦ ᠬᠦᠴᠦᠨ ᠢᠶᠠᠷ ᠪᠡᠯᠡ | ᠣᠷᠤᠭᠤᠯᠤᠯᠲᠠ ᠶᠢ ᠦᠷᠭᠡᠳᠬᠡᠨ᠂ ᠠᠮᠢ ᠠᠬᠤᠢ ᠶᠢ ᠰᠢᠯᠢᠳᠡᠭᠵᠢᠭᠦᠯᠵᠦ᠂ ᠪᠦᠲᠦᠴᠡ ᠪᠠᠨ ᠲᠤᠬᠢᠷᠠᠭᠤᠯᠤᠨ᠂ | ᠰᠠᠭᠤᠷᠢ ᠪᠠᠨ ᠪᠠᠲᠤᠳᠬᠠᠵᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠨ᠂ ᠲᠤᠭᠳᠠᠭᠤᠨ ᠢ ᠪᠠᠲᠤᠯᠠᠵᠤ᠂ | ᠳᠤᠮᠳᠠᠳᠤ ᠤᠯᠤᠰ ᠤᠨ ᠣᠨᠴᠠᠯᠢᠭᠲᠤ ᠣᠳᠣᠬᠢᠴᠢᠯᠠᠯᠲᠠ ᠶᠢᠨ ᠶᠠᠪᠤᠴᠠ ᠳᠤ ᠡᠵᠡᠨ᠎ᠡ ᠶᠢᠨ ᠠᠵᠤ ᠠᠬᠤᠢ | ᠨᠡᠶᠢᠭᠡᠮ ᠤᠨ ᠴᠢᠨᠠᠷ ᠰᠠᠶᠢᠲᠠᠢ ᠬᠦᠭᠵᠢᠯᠲᠡ ᠶᠢᠨ ᠰᠢᠨ᠎ᠡ ᠬᠠᠭᠤᠳᠠᠰᠤ ᠶᠢ ᠲᠣᠭᠤᠷᠪᠢᠨᠠ᠃ ᠭᠤᠣᠯ ᠵᠢᠱᠢᠭᠰᠡᠨ | ᠬᠠᠷᠠᠯᠲᠠ ᠪᠣᠯ᠄ ᠣᠷᠣᠨ ᠨᠣᠲᠤᠭ ᠤᠨ ᠥᠢᠯᠡᠳᠪᠦᠷᠢᠯᠡᠯ ᠤᠨ ᠶᠡᠷᠦᠩᠬᠡᠶ ᠥᠷᠲᠡᠭ ᠢ 8% ᠪᠠᠷ ᠨᠡᠮᠡᠭᠳᠡᠭᠦᠯᠦᠨ᠎ᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 8% ᠪᠠᠷ ᠨᠡᠮᠡᠭᠳᠡᠭᠦᠯᠦᠨ᠎ᠡ︔ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ 10% ᠪᠠᠷ ᠨᠡᠮᠡᠭᠳᠡᠭᠦᠯᠦᠨ᠎ᠡ︔ ᠨᠡᠶᠢᠬᠡᠮ ᠤᠨ ᠬᠡᠷᠡᠭᠯᠡᠭᠡᠨ ᠤ ᠪᠤᠳᠠᠰ ᠤᠨ ᠬᠡᠰᠡᠭᠯᠡᠨ | ᠪᠣᠷᠣᠯᠠᠭᠤᠯᠤᠯᠲᠠ ᠶᠢᠨ ᠶᠡᠷᠦᠩᠬᠡᠢ ᠲᠤᠭ᠎ᠠ ᠶᠢ 5% ᠪᠠᠷ ᠨᠡᠮᠡᠭᠳᠡᠭᠦᠯᠦᠨ᠎ᠡ︔ ᠬᠤᠲᠠ ᠪᠠᠯᠭᠠᠰᠤ ᠪᠠ ᠮᠠᠯᠵᠢᠬᠤ | ᠲᠠᠷᠢᠶᠠᠯᠠᠬᠤ ᠣᠷᠣᠨ ᠤ ᠪᠠᠶᠢᠩᠭᠤ ᠰᠠᠭᠤᠭ᠎ᠠ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ | ᠣᠷᠣᠯᠭ᠎ᠠ ᠶᠢ ᠲᠣᠰ ᠲᠣᠰ 7% ᠪᠠ 8% ᠪᠠᠷ ᠨᠡᠮᠡᠭᠳᠡᠭᠦᠯᠦᠨ᠎ᠡ᠃ ᠡᠯ᠎ᠡ ᠵᠦᠢᠯ ᠤᠨ ᠬᠢᠵᠠᠭᠠᠷᠯᠠᠬᠤ ᠴᠢᠨᠠᠷᠲᠠᠶ | ᠭᠦᠢᠴᠡᠳᠭᠡᠯ ᠲᠤᠭ᠎ᠠ ᠶᠢ ᠳᠡᠭᠡᠳᠦ ᠱᠠᠲᠤᠨ ᠤ ᠲᠤᠭᠲᠠᠭᠠᠭᠰᠠᠨ ᠬᠡᠪᠴᠢᠶᠡᠨ ᠳᠤ ᠪᠠᠶᠢᠯᠭᠠᠨ᠎ᠠ ᠭᠡᠪᠡ᠃ | ᠢᠯᠡᠳᠭᠡᠯ ᠳᠤ ᠵᠢᠭᠠᠵᠤ ᠭᠠᠷᠭᠠᠬᠤ ᠳᠠᠭᠠᠨ᠄ 2023 ᠣᠨ ᠳᠤ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ | ᠰᠠᠶᠢᠲᠤᠷ ᠬᠢᠨ᠎ᠡ᠄ ᠠᠮᠢ ᠠᠬᠤᠢ ᠶᠢ ᠲᠡᠷᠢᠭᠦᠨ ᠪᠠᠶᠢᠷᠢᠨ ᠳᠤ ᠲᠠᠯᠪᠢᠨ᠂ ᠠᠮᠢ ᠠᠬᠤᠢ ᠶᠢᠨ ᠠᠮᠤᠷ ᠲᠦᠪᠰᠢᠨ ᠤ | ᠬᠠᠯᠬᠠᠪᠴᠢ ᠶᠢ ᠭᠤᠶᠢᠪᠢᠰᠢ ᠦᠭᠡᠢ ᠪᠠᠬᠢᠵᠢᠭᠦᠯᠦᠨ᠎ᠡ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ | ᠮᠥᠩᠭᠦᠨ ᠠᠭᠤᠯᠠ ᠭᠡᠬᠦ ᠣᠶᠢᠯᠠᠭᠠᠭᠲᠠᠬᠤᠨ ᠢ ᠭᠦᠨᠵᠡᠭᠡᠢ ᠦᠢᠯᠡᠳᠦᠯᠭᠡᠵᠢᠭᠦᠯᠵᠦ᠂ ᠠᠮᠢ ᠠᠬᠤᠢ ᠶᠢᠨ ᠪᠣᠯᠪᠠᠰᠤᠨ ᠤ | ᠪᠦᠲᠦᠭᠡᠨ ᠪᠠᠶᠢᠭᠤᠯᠤᠯᠲᠠ ᠶᠢᠨ ᠪᠠᠶᠢᠯᠳᠤᠬᠤ ᠪᠣᠳᠤᠯᠭ᠎ᠠ ᠶᠢ ᠪᠠᠲᠤᠲᠠᠢ ᠬᠡᠷᠡᠭᠵᠢᠭᠦᠯᠵᠦ᠂ ᠬᠦᠮᠦᠨ ᠪᠠᠶᠢᠭᠠᠯᠢ ᠶᠢᠨ | ᠡᠶ᠎ᠡ ᠵᠣᠬᠢᠴᠠᠯ ᠠᠴᠠ ᠬᠦᠭᠵᠢᠯᠲᠡ ᠶᠢ ᠲᠦᠯᠦᠪᠯᠡᠵᠦ᠂ ᠪᠣᠬᠢᠷᠳᠤᠯ ᠦᠭᠡᠢ᠂ ᠦᠵᠡᠰᠭᠦᠯᠡᠩᠲᠦ ᠡᠵᠡᠨ᠎ᠡ ᠶᠢ ᠪᠦᠲᠦᠭᠡᠨ | ᠪᠠᠶᠢᠭᠤᠯᠤᠨ᠎ᠠ᠃ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠵᠦ᠂ ᠠᠵᠤ ᠦᠢᠯᠡᠰ ᠤᠨ ᠴᠢᠨᠠᠷ | ᠰᠠᠶᠢᠲᠠᠢ ᠬᠦᠭᠵᠢᠯᠲᠡ ᠶᠢ ᠣᠯᠠᠨ ᠠᠷᠭ᠎ᠠ ᠪᠠᠷ ᠳᠠᠶᠢᠴᠢᠯᠠᠨ᠎ᠠ᠃ ᠴᠢᠨᠠᠷ ᠰᠠᠶᠢᠲᠠᠢ ᠬᠦᠭᠵᠢᠯᠲᠡ ᠪᠠᠷ ᠭᠤᠣᠯ ᠰᠡᠳᠦᠪ | ᠪᠣᠯᠭᠠᠬᠤ ᠶᠢ ᠪᠠᠷᠢᠮᠲᠠᠯᠠᠵᠤ᠂ ᠠᠵᠤ ᠦᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ ᠳᠡᠰ | ᠳᠡᠪᠰᠢᠭᠦᠯᠬᠦ ᠶᠢ ᠳᠠᠶᠢᠴᠢᠯᠠᠨ᠂ ᠵᠢᠷᠤᠮᠵᠢᠵᠤ ᠲᠦᠷᠢᠮᠵᠢᠭᠰᠡᠨ᠂ ᠤᠶᠠᠨ ᠬᠠᠳᠠᠨ᠂ ᠡᠷᠬᠢᠯᠳᠡ ᠪᠠᠷ ᠰᠠᠶᠢᠨ᠂ ᠠᠮᠢᠵᠢᠷᠠᠯ | ᠴᠢᠩᠭ᠎ᠠ ᠬᠦᠭᠵᠢᠯᠳᠡ ᠶᠢᠨ ᠲᠤᠭᠳᠠᠴᠠ ᠶᠢ ᠬᠦᠴᠦᠯᠡᠨ ᠪᠠᠶᠢᠭᠤᠯᠵᠤ᠂ ᠠᠵᠤ ᠠᠬᠤᠢ ᠶᠢᠨ ᠶᠡᠷᠦᠩᠬᠡᠢ ᠪᠣᠳᠠᠲᠤ | ᠬᠦᠴᠦᠨ ᠢ ᠲᠠᠰᠤᠷᠠᠯᠲᠠ ᠦᠭᠡᠢ ᠪᠣᠵᠠᠭᠠᠶᠢᠷᠠᠭᠤᠯᠤᠨ᠎ᠠ᠃ ᠰᠠᠭᠤᠷᠢ ᠪᠠᠨ ᠪᠠᠬᠢᠵᠢᠭᠦᠯᠬᠦ ᠳᠤ ᠠᠩᠬᠠᠷᠤᠯ | ᠲᠦᠪᠯᠡᠷᠡᠭᠦᠯᠦᠨ᠂ ᠬᠤᠲᠠ ᠬᠦᠳᠡᠭᠡᠨ ᠤ ᠬᠦᠭᠵᠢᠯᠲᠡ ᠶᠢᠨ ᠪᠠᠶᠢᠷᠢᠰᠢᠯ ᠢ ᠪᠦᠬᠦ ᠬᠦᠴᠦᠨ ᠢᠶᠠᠷ ᠰᠢᠯᠢᠳᠡᠭᠵᠢᠭᠦᠯᠦᠨ᠎ᠡ᠃ | ᠬᠦᠮᠦᠨ ᠢᠶᠠᠷ ᠭᠤᠣᠯ ᠪᠣᠯᠭᠠᠭᠰᠠᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢ ᠭᠦᠨᠵᠡᠭᠡᠢ ᠠᠬᠢᠭᠤᠯᠵᠤ᠂ | ᠬᠤᠲᠠ ᠪᠠᠯᠭᠠᠰᠤᠨ ᠤ ᠰᠠᠭᠤᠷᠢ ᠲᠦᠭᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠵᠦ᠂ ᠬᠤᠲᠠ | ᠬᠦᠳᠡᠭᠡᠨ ᠤ ᠵᠣᠬᠢᠴᠠᠩᠭᠤᠢ ᠬᠦᠭᠵᠢᠯᠲᠡ ᠶᠢ ᠠᠬᠢᠭᠤᠯᠤᠨ᠎ᠠ᠃ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ | ᠭᠦᠨᠵᠡᠭᠡᠶᠢᠷᠡᠭᠦᠯᠵᠦ᠂ ᠴᠢᠨᠠᠷ ᠰᠠᠶᠢᠲᠠᠢ ᠬᠦᠭᠵᠢᠯᠲᠡ ᠶᠢ ᠢᠮᠠᠭᠲᠠ ᠪᠠᠷᠢᠮᠲᠠᠯᠠᠨ᠎ᠠ᠃ ᠦᠭᠡᠷᠡᠴᠢᠯᠡᠯᠲᠡ ᠶᠢ ᠭᠤᠶᠢᠪᠢᠰᠢ | ᠦᠭᠡᠢ ᠭᠦᠨᠵᠡᠭᠡᠶᠢᠷᠡᠭᠦᠯᠦᠨ᠂ ᠨᠡᠭᠡᠭᠡᠯᠲᠡ ᠶᠢ ᠦᠷᠭᠡᠳᠬᠡᠵᠦ᠂ ᠪᠠᠶᠢᠭᠤᠯᠤᠮᠵᠢ ᠲᠤᠭᠲᠠᠴᠠ ᠶᠢᠨ ᠭᠦᠨ ᠳᠠᠪᠬᠤᠷᠭ᠎ᠠ | ᠳᠠᠬᠢ ᠬᠠᠷᠰᠢ ᠰᠠᠭᠠᠳ ᠢ ᠠᠷᠢᠯᠭᠠᠨ᠂ ᠨᠡᠶᠢᠭᠡᠮ ᠤᠨ ᠰᠢᠨᠡᠴᠢᠯᠡᠯᠲᠡ ᠡᠭᠦᠳᠦᠯᠲᠡ ᠶᠢᠨ ᠨᠦᠭᠡᠴᠡ ᠬᠦᠴᠦᠨ ᠶᠢ | ᠬᠠᠮᠤᠭ ᠶᠡᠭᠡ ᠬᠡᠮᠵᠢᠶ᠎ᠡ ᠪᠠᠷ ᠠᠭᠤᠳᠠᠯᠤᠨ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠲᠡ ᠳᠤ ᠠᠮᠢᠵᠢᠷᠠᠯ ᠤᠨ | ᠬᠦᠴᠦᠨ᠂ ᠬᠦᠳᠡᠯᠭᠡᠬᠦ ᠬᠦᠴᠦᠨ᠂ ᠬᠠᠮᠲᠤᠷᠠᠯ ᠬᠦᠴᠦᠨ ᠢ ᠨᠡᠮᠡᠷᠢᠯᠡᠨ᠎ᠡ᠃ ᠠᠷᠠᠳ ᠤᠨ ᠤᠨ ᠬᠦᠰᠡᠯ ᠡᠷᠡᠮᠡᠯᠵᠡᠯ ᠳᠤ | ᠨᠡᠶᠢᠴᠡᠭᠦᠯᠵᠦ᠂ ᠰᠠᠶᠢᠨ ᠰᠠᠶᠢᠬᠠᠨ ᠠᠮᠢᠳᠤᠷᠠᠯ ᠢ ᠪᠦᠬᠦ ᠬᠦᠴᠦ ᠪᠠᠷ ᠴᠣᠭᠴᠠᠯᠠᠨ᠎ᠠ᠃ ᠠᠷᠠᠳ ᠲᠦᠮᠡᠨ ᠢᠶᠠᠷ ᠲᠥᠪ | ᠪᠤᠯᠭᠠᠭᠰᠠᠨ ᠬᠦᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠴᠠᠷ᠎ᠠ | ᠬᠦᠷᠢᠶᠠᠨ ᠳᠤ ᠡᠳ᠋ ᠤᠨ ᠬᠦᠴᠦᠨ ᠢ ᠨᠡᠩ ᠢᠯᠡᠭᠦᠦ ᠵᠠᠷᠤᠴᠠᠭᠤᠯᠵᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠦᠬᠦᠪᠦᠷᠢᠯᠡᠵᠦ᠂ ᠠᠷᠠᠳ ᠤᠨ ᠠᠮᠢᠳᠤᠷᠠᠯ ᠤᠨᠬᠤᠷᠢᠭᠠ ᠱᠤᠭᠤᠮ ᠢ ᠪᠠᠲᠤ ᠰᠠᠬᠢᠵᠤ᠂ ᠠᠷᠠᠳ ᠲᠤ ᠠᠰᠢᠭᠲᠠᠢ | ᠪᠣᠳᠠᠲᠤ ᠬᠡᠷᠡᠭ ᠢ ᠦᠨᠡᠨᠬᠦ ᠰᠠᠨᠠᠭᠠᠨ ᠳᠤᠨᠢ ᠨᠡᠶᠢᠴᠡᠲᠡᠯᠡ ᠬᠢᠨ᠎ᠡ᠃ ᠶᠡᠷᠦᠩᠬᠡᠢ ᠵᠠᠰᠠᠯᠲᠠ ᠶᠢ ᠴᠢᠩᠭ᠎ᠠ ᠠᠳᠬᠤᠵᠤ᠂ | ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠪᠠᠶᠢᠳᠠᠯ ᠢ ᠭᠤᠶᠢᠪᠢᠰᠢ ᠦᠭᠡᠢ ᠬᠠᠮᠠᠭᠠᠯᠠᠨ᠎ᠠ᠃ ᠡᠬᠡ ᠣᠯᠣᠰ ᠤᠨ | ᠤᠮᠠᠷᠠᠲᠤ ᠬᠢᠯᠢ ᠶᠢᠨ ᠠᠮᠤᠷ ᠲᠣᠭᠲᠠᠭᠤᠨ ᠤ ᠬᠠᠯᠬᠠᠪᠴᠢ ᠶᠢ ᠪᠠᠬᠢᠵᠢᠭᠦᠯᠬᠦ ᠬᠦᠨᠳᠦ ᠴᠢᠬᠤᠯᠠ ᠤᠯᠤᠰ ᠲᠦᠷᠦ ᠶᠢᠨ | ᠬᠠᠷᠢᠭᠤᠴᠠᠯᠭ᠎ᠠ ᠶᠢ ᠡᠷᠡᠰ ᠡᠭᠦᠷᠭᠡᠯᠡᠵᠦ᠂ ᠣᠯᠠᠨ ᠨᠡᠶᠢᠲᠡ ᠶᠢᠨ ᠠᠮᠤᠷ ᠲᠦᠪᠰᠢᠨ ᠤ ᠰᠢᠰᠲ᠋ᠧᠮ ᠢ | ᠲᠡᠭᠦᠯᠳᠡᠷᠵᠢᠭᠦᠯᠦᠨ᠂ ᠨᠡᠶᠢᠭᠡᠮ ᠤᠨ ᠵᠠᠰᠠᠯᠲᠠ ᠶᠢᠨ ᠴᠢᠳᠠᠪᠬᠢ ᠶᠢ ᠳᠡᠭᠡᠭᠰᠢᠯᠡᠭᠦᠯᠵᠦ᠂ ᠤᠯᠤᠰ ᠲᠦᠷᠦ ᠶᠢᠨ ᠠᠮᠤᠷ | ᠲᠤᠭᠳᠠᠭᠤᠨ᠂ ᠨᠡᠶᠢᠭᠡᠮ ᠤᠨ ᠠᠮᠤᠷ ᠲᠠᠶᠢᠪᠤᠩ᠂ ᠠᠷᠠᠳ ᠲᠦᠮᠡᠨ ᠤ ᠠᠮᠤᠷ ᠲᠦᠪᠰᠢᠨ ᠢ ᠪᠠᠲᠤᠯᠠᠨ᠎ᠠ᠃ | ᠶᠡᠭᠡ ᠬᠤᠷᠠᠯ ᠳᠤ ᠪᠠᠰᠠ ᠶᠡᠭᠡ ᠬᠤᠷᠠᠯ ᠤᠨ ᠬᠢᠨᠠᠨ ᠪᠠᠳᠤᠯᠠᠬᠤ ᠠᠷᠭ᠎ᠠ᠂ ᠶᠡᠭᠡ ᠬᠤᠷᠠᠯ ᠤᠨ ᠰᠠᠨᠠᠯ | ᠵᠦᠪᠯᠡᠯᠭᠡ ᠶᠢ ᠵᠤᠭᠰᠤᠭᠠᠬᠤ ᠡᠳᠤᠷ ᠬᠤᠭᠤᠴᠠᠭ᠎ᠠ ᠶᠢᠨ ᠲᠤᠭᠳᠠᠭᠠᠯ᠂ ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ | ︵ᠲᠦᠰᠦᠯ︶᠂ ᠲᠡᠷᠢᠭᠦᠯᠡᠭᠴᠢᠳ ᠤᠨ ᠪᠦᠯᠬᠦᠮ ᠠᠴᠠ ᠶᠡᠭᠡ ᠬᠤᠷᠠᠯ ᠠᠴᠠ ᠡᠯ᠎ᠡ ᠵᠦᠢᠯ ᠤᠨ ᠲᠤᠰᠢᠶᠠᠯ ᠤᠨ | ᠵᠢᠱᠢᠭᠳᠡᠭᠰᠡᠳ ᠢ ᠰᠤᠩᠭᠤᠬᠤ ᠪᠠᠷ ᠨᠡᠷ᠎ᠡ ᠲᠤᠷᠠᠳᠬᠤ ᠰᠠᠨᠠᠭᠤᠯᠭ᠎ᠠ ᠶᠢᠨ ᠨᠡᠷᠡᠰ ᠢ ᠤᠩᠰᠢᠨ ᠨᠡᠶᠢᠳᠡᠯᠡᠵᠤ᠂ | ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠢ ᠪᠢᠯᠧᠲ ᠦᠭᠴᠤ ᠲᠤᠭᠳᠠᠭᠠᠬᠤ ᠠᠷᠭ᠎ᠠ | ︵ᠲᠦᠰᠦᠯ︶ ᠢ ᠤᠩᠰᠢᠨ ᠨᠡᠶᠢᠳᠡᠯᠡᠪᠡ᠃ 2021 ᠤᠨ ᠤ ᠠᠷᠠᠳ ᠤᠨ ᠠᠮᠢᠳᠤᠷᠠᠯ ᠤᠨ ᠪᠤᠳᠠᠳᠤ ᠶᠠᠪᠤᠳᠠᠯ ᠤᠨ | ᠲᠦᠷᠦᠯ ᠵᠦᠢᠯ ᠢ ᠪᠡᠶᠡᠯᠡᠬᠦᠯᠦᠭᠰᠡᠨ ᠪᠠᠶᠢᠳᠠᠯ ᠤᠨ ᠲᠤᠬᠠᠢ ᠮᠡᠳᠡᠭᠦᠯᠦᠯᠳᠡ ᠪᠠ 2023 ᠤᠨ ᠤ ᠠᠷᠠᠳ ᠤᠨ | ᠠᠮᠢᠳᠤᠷᠠᠯ ᠤᠨ ᠪᠤᠳᠠᠳᠤ ᠶᠠᠪᠤᠳᠠᠯ ᠤᠨ ᠲᠦᠷᠦᠯ ᠵᠦᠢᠯ ᠤᠨ ᠬᠤᠯᠪᠤᠭᠳᠠᠯ ᠪᠦᠬᠦᠢ ᠪᠠᠶᠢᠳᠠᠯ ᠤᠨ ᠲᠤᠬᠠᠢ | ᠲᠤᠳᠤᠷᠬᠠᠶᠢᠯᠠᠯᠳᠠ ᠵᠡᠷᠭᠡ ᠶᠢ ᠬᠢᠵᠡᠢ᠃ | ᠬᠤᠷᠠᠯ ᠳᠤ ᠪᠠᠰᠠ ᠤᠯᠤᠰ ᠲᠦᠷᠦ ᠶᠢᠨ ᠵᠦᠪᠯᠡᠯᠭᠡᠨ ᠤ ᠪᠦᠬᠦ ᠭᠡᠰᠢᠭᠦᠳ᠂ ᠬᠠᠤᠯᠢ ᠴᠠᠭᠠᠵᠠ ᠳᠤ ᠰᠤᠯᠠ | ᠤᠷᠤᠯᠴᠠᠬᠤ ᠪᠠᠷ ᠲᠤᠭᠳᠠᠭᠠᠭᠰᠠᠨ ᠬᠦᠮᠦᠰ ᠵᠢᠴᠢ ᠪᠠᠶᠢᠩᠭᠤ ᠶᠢᠨ ᠬᠤᠷᠢᠶᠠᠨ ᠤ ᠰᠤᠯᠠ ᠤᠷᠤᠯᠴᠠᠬᠤ ᠪᠠᠷ | ᠲᠤᠭᠳᠠᠭᠠᠭᠰᠠᠨ ᠬᠦᠮᠦᠰ ᠰᠤᠯᠠ ᠣᠷᠣᠯᠴᠠᠭᠰᠠᠨ ᠪᠠᠶᠢᠨ᠎ᠠ᠃ |