ᠳᠤᠮᠳᠠᠳᠤ ᠤᠯᠤᠰ ᠤᠨ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠠᠮᠵᠢᠯᠳᠠ ᠲᠠᠢ ᠲᠡᠭᠦᠰᠪᠡ
ᠨᠡᠶᠢᠲᠡᠯᠡᠭᠰᠡᠨ ᠴᠠᠭ᠄
2023/1/5
      2023 ᠤᠨ ᠤ 1 ᠰᠠᠷ᠎ᠠ ᠶᠢᠨ 1᠎ ᠤ ᠡᠳᠦᠷ ᠤᠨ ᠦᠳᠡ ᠶᠢᠨ ᠡᠮᠦᠨ᠎ᠡ᠂ ᠳᠤᠮᠳᠠᠳᠤ ᠤᠯᠤᠰ ᠤᠨ       ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠬᠤᠷᠠᠯᠳᠤᠭᠠᠨ ᠡᠯ᠎ᠡ ᠲᠦᠷᠦᠯ ᠤᠨ ᠬᠤᠷᠠᠯ ‍ᠤᠨ‌ᠠᠭᠤᠯᠭ᠎ᠠ ᠪᠠᠨ ᠭᠦᠢᠴᠡᠳᠭᠡᠨ ᠠᠮᠵᠢᠯᠳᠠ ᠲᠠᠢ ᠲᠡᠭᠦᠰᠴᠦ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ ᠲᠡᠭᠦᠰᠬᠦ ᠬᠤᠷᠠᠯ ᠢ ᠡᠷᠬᠢᠯᠡᠬᠦ ᠶᠢᠨ ᠬᠠᠮᠲᠤ ᠶᠠᠷᠢᠶ᠎ᠠ ᠲᠠᠯᠪᠢᠪᠠ᠃      ᠬᠤᠰᠢᠭᠤᠨ ᠤ ᠨᠠᠮ ᠤᠨ ᠬᠤᠷᠢᠶ᠎ᠠ ᠶᠢᠨ ᠱᠦᠵᠢ ᠸᠠᠩ ᠯᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤᠨ ᠤ ᠳᠠᠷᠤᠭ᠎ᠠ ᠪᠦᠬᠡ᠂ ᠬᠤᠰᠢᠭᠤᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠦᠲᠦᠭᠡᠯᠴᠢ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠲᠠᠩ ᠰᠢᠤᠸᠠᠢ ᠪᠢᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠰᠢᠦᠢ ᠵᠢᠩ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠲᠡᠷᠢᠭᠦᠯᠡᠭᠴᠢ ᠪᠤᠯᠤᠳ᠂ ᠳ᠋ᠤᠸᠠᠨ ᠶᠢᠨ ᠸᠡᠨ᠂ ᠭᠡᠷᠡᠯᠲᠤᠶᠠᠭ᠎ᠠ᠂ ᠯᠢ ᠵᠢᠶᠦ᠋ᠨ ᠴᠢᠤᠸᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠦᠷ ᠲᠤ ᠰᠠᠭᠠᠲᠠᠵᠤ᠂ ᠪᠠᠰᠠ ᠬᠤᠰᠢᠭᠤᠨ ᠤ ᠨᠠᠮ ᠤᠨ ᠬᠤᠷᠢᠶ᠎ᠠ ᠶᠢᠨ ᠡᠯ᠎ᠡ ᠪᠠᠶᠢᠩᠭᠤ ᠶᠢᠨ ᠭᠡᠰᠢᠭᠦᠨ᠂ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠪᠠᠶᠢᠩᠭᠤ ᠶᠢᠨ ᠪᠦᠷᠢᠯᠳᠡᠭᠦᠨ ᠭᠡᠰᠢᠭᠦᠳ ᠬᠤᠷᠠᠯ ᠳᠤ ᠰᠠᠭᠠᠲᠠᠪᠠ᠃      ᠬᠤᠷᠠᠯ ᠠᠴᠠ ︽ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠤᠯᠤᠰ ᠲᠦᠷᠦ ᠶᠢᠨ ᠰᠢᠢᠳᠪᠦᠷᠢ︾ ︵ᠲᠦᠰᠦᠯ︶᠂ ︽ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾           ︵ᠲᠦᠰᠦᠯ︶᠂ ︽ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠤᠳᠠᠭᠠᠨ ᠤ ᠬᠤᠷᠠᠯᠳᠤᠭᠠᠨ ᠤ ᠠᠷᠪᠠᠨ ᠵᠢᠷᠭᠤᠳᠤᠭᠠᠷ       ᠬᠤᠭᠤᠴᠠᠭᠠᠨ ᠤ ᠬᠤᠷᠢᠶ᠎ᠠ ᠶᠢᠨ ᠠᠩᠬᠠᠳᠤᠭᠠᠷ ᠬᠤᠷᠠᠯᠳᠤᠭᠠᠨ ᠠᠴᠠ ᠨᠠᠰᠢᠬᠢ ᠳᠤᠷᠠᠳᠤᠯᠭ᠎ᠠ ᠶᠢᠨ ᠠᠵᠢᠯ ᠤᠨ ᠮᠡᠳᠡᠭᠦᠯᠦᠯᠲᠡ ᠶᠢᠨ ᠲᠤᠬᠠᠢ ᠰᠢᠢᠳᠪᠦᠷᠢ︾ ︵ᠲᠦᠰᠦᠯ︶᠎ ᠶᠢ ᠪᠠᠲᠤᠯᠠᠵᠤ᠂ ᠤᠯᠤᠰ ᠲᠦᠷᠦ ᠶᠢᠨ ᠵᠦᠪᠯᠡᠯᠭᠡᠨ ᠤ ᠡᠵᠡᠨ᠎ᠡ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠲᠤᠷᠠᠳᠤᠯᠭ᠎ᠠ ᠶᠢ ᠬᠢᠨᠡᠨ ᠪᠠᠶᠢᠴᠠᠭᠠᠬᠤ ᠵᠥᠪᠯᠡᠯ ᠲᠤᠷᠠᠳᠤᠯᠭ᠎ᠠ ᠶᠢ ᠬᠢᠨᠡᠨ ᠪᠠᠶᠢᠴᠠᠭᠠᠭᠰᠠᠨ ᠪᠠᠶᠢᠳᠠᠯ ᠤᠨ ᠮᠡᠳᠡᠬᠦᠯᠥᠯᠳᠡ ᠰᠤᠨᠤᠰᠪᠠ᠃      ᠬᠤᠷᠠᠯ ᠠᠴᠠ ᠱᠠᠭᠠᠷᠳᠠᠬᠤ ᠳᠠᠭᠠᠨ᠂ ᠲᠤᠰ ᠤᠳᠠᠭᠠᠨ ᠤ ᠬᠤᠷᠠᠯ ᠪᠤᠯ ᠪᠦᠭᠦ ᠬᠤᠰᠢᠭᠤ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠵᠠᠩᠬᠢᠯᠠᠭ᠎ᠠ ᠶᠢᠨ ᠮᠦᠴᠠ  ᠳᠤ ᠬᠤᠷᠠᠯᠳᠤᠭᠤᠯᠤᠭᠰᠠᠨ ᠲᠤᠶᠢᠯ ᠶᠢᠨ ᠴᠢᠬᠤᠯᠠ ᠨᠢᠭᠡᠨ ᠬᠤᠷᠠᠯ ᠪᠤᠯᠤᠨ᠎ᠠ᠃ ᠠᠷᠪᠠᠨ ᠵᠢᠷᠭᠤᠳᠤᠭᠠᠷ ᠬᠤᠭᠤᠴᠠᠭᠠᠨ ᠤ ᠤᠯᠤᠰ ᠲᠦᠷᠦ ᠶᠢᠨ ᠵᠦᠪᠯᠡᠯᠭᠡᠨ ᠤ 2022 ᠤᠨ ᠤ ᠠᠵᠢᠯ ᠤᠨ ᠠᠮᠵᠢᠯᠲᠠ ᠶᠢ ᠭᠦᠢᠴᠡᠳ ᠨᠤᠲᠠᠯᠠᠬᠤ ᠶᠢᠨ ᠬᠠᠮᠲᠤ 2023 ᠤᠨ ᠤ ᠠᠵᠢᠯ ᠳᠤ ᠲᠤᠳᠤᠷᠬᠠᠢ ᠱᠠᠭᠠᠷᠳᠠᠯᠭ᠎ᠠ ᠪᠤᠯᠤᠨ ᠨᠠᠶᠢᠳᠠᠯᠭ᠎ᠠ ᠲᠠᠯᠪᠢᠭᠰᠠᠨ ᠪᠠᠶᠢᠨ᠎ᠠ᠃ ᠬᠤᠷᠠᠯ ᠤᠨ ᠬᠤᠭᠤᠴᠠᠭᠠᠨ ᠳᠤ᠂ ᠪᠦᠬᠦ ᠬᠤᠰᠢᠭᠤᠨ ᠤ ᠠᠵᠢᠯ ᠤᠨ ᠪᠦᠭᠦ ᠲᠠᠯ᠎ᠠ ᠪᠤᠯᠤᠨ ᠤᠯᠤᠰ ᠲᠦᠷᠦ ᠶᠢᠨ ᠵᠦᠪᠯᠡᠯᠭᠡᠨ ᠤ ᠤᠶᠢᠯᠡᠰ ᠤᠨ ᠬᠦᠭᠵᠢᠯᠲᠡ ᠶᠢᠨ ᠲᠤᠭᠤᠷᠢᠨ ᠳᠤ ᠪᠤᠳᠤᠯ ᠰᠠᠨᠠᠯ ᠢᠶᠠᠨ ᠢᠳᠡᠪᠬᠢᠲᠡᠢ ᠲᠡᠪᠰᠢᠭᠦᠯᠤᠨ᠂ ᠵᠦᠪᠳᠡᠯᠴᠡᠭᠡ ᠰᠤᠯᠢᠯᠴᠠᠭ᠎ᠠ ᠪᠠᠨ ᠬᠢᠨᠠᠮᠠᠭᠠᠢ ᠬᠢᠵᠤ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠤᠪᠤᠷ ᠪᠣᠯᠤᠨ ᠵᠠᠰᠠᠭ ᠤᠨ ᠶᠠᠪᠤᠳᠠᠯ ᠢ ᠵᠥᠪᠳᠡᠯᠴᠡᠬᠦ ᠤᠷᠬᠢᠯᠤᠮ᠎ᠠ ᠬᠠᠯᠠᠭᠤᠨ ᠰᠡᠳᠬᠢᠯᠭᠡ ᠶᠢ ᠬᠠᠷᠠᠭᠤᠯᠪᠠ᠃ ᠡᠨᠡ ᠪᠤᠯ ᠨᠢᠭᠡᠨ ᠤᠳᠠᠭᠠᠨ ᠤ ᠢᠳᠡᠭᠡᠯ ᠵᠤᠷᠢᠭ ᠢᠶᠠᠨ ᠪᠠᠲᠤᠳᠬᠠᠵᠤ᠂ ᠴᠤᠭ ᠰᠦᠯᠳᠠ ᠪᠠᠨ ᠪᠠᠳᠠᠷᠠᠭᠤᠯᠤᠭᠰᠠᠨ ᠬᠤᠷᠠᠯ᠂ ᠮᠦᠨᠴᠦ ᠮᠡᠷᠭᠡᠨ ᠪᠤᠳᠤᠯᠭ᠎ᠠ ᠶᠢ ᠨᠡᠶᠢᠳᠡᠮ ᠬᠠᠶᠢᠵᠤ᠂ ᠲᠠᠨᠢᠯᠲᠠ ᠪᠠᠨ ᠨᠢᠭᠡᠳᠭᠡᠭᠰᠡᠨ ᠶᠡᠭᠡ ᠬᠤᠷᠠᠯ ᠪᠤᠯᠤᠨ᠎ᠠ᠃      ᠬᠤᠷᠠᠯ ᠠᠴᠠ ᠴᠢᠬᠤᠴᠢᠯᠠᠬᠤ ᠳᠠᠭᠠᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠤᠱᠯᠠᠭᠤᠯᠬᠤ ᠶᠢ ᠤᠳᠤᠬᠠᠨ ᠤ ᠪᠠ ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠭᠦᠨ ᠴᠢᠬᠤᠯᠠ ᠤᠯᠤᠰ ᠲᠥᠷᠥ ᠶᠢᠨ ᠡᠭᠦᠷᠭᠡ ᠪᠠᠨ ᠪᠤᠯᠭᠠᠵᠤ᠂ ᠰᠤᠷᠤᠯᠴᠠᠨ ᠰᠡᠳᠬᠢᠵᠦ ᠦᠢᠯᠡᠳᠦᠯᠭᠡᠵᠢᠭᠦᠯᠦᠨ᠂ ᠬᠦᠨᠵᠡᠭᠡᠢ ᠡᠵᠡᠮᠰᠢᠨ ᠪᠣᠳᠠᠲᠠᠶᠢᠵᠢᠭᠤᠯᠬᠤ ᠳᠡᠭᠡᠷ᠎ᠡ ᠬᠦᠴᠦ ᠲᠠᠯᠪᠢᠵᠤ᠂ ︽ᠲᠠᠪᠤ ᠶᠢ ᠪᠠᠲᠤ ᠡᠵᠡᠮᠰᠢᠬᠦ︾᠂       ︽ᠳᠣᠯᠣᠭᠠᠨ ᠵᠤᠶᠢᠯ ᠳᠤ ᠠᠩᠬᠠᠷᠤᠯ ᠢᠶᠠᠨ ᠲᠥᠪᠯᠡᠷᠡᠭᠦᠯᠬᠦ︾᠂ ︽ᠶᠢᠰᠳ ᠭᠦᠨᠵᠡᠭᠡᠢ ᠣᠶᠢᠯᠠᠭᠠᠬᠤ︾ ᠵᠡᠷᠭᠡ ᠴᠢᠬᠤᠯᠠ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠠᠬᠢ ᠤᠯᠤᠰ ᠲᠥᠷᠥ ᠶᠢᠨ ᠵᠥᠪᠯᠡᠯᠭᠡᠨ ᠤ ᠠᠵᠢᠯ ᠪᠤᠯᠤᠨ ᠬᠥᠭᠵᠢᠯᠲᠡ ᠶᠢᠨ ᠪᠦᠬᠦ ᠶᠠᠪᠤᠴᠠ ᠳᠠᠬᠢ ᠠᠷᠠᠳᠴᠢᠯᠠᠯ ᠤᠨ ᠲᠤᠬᠠᠢ ᠬᠤᠯᠪᠣᠭᠳᠠᠯ ᠪᠦᠬᠦᠢ ᠥᠭᠦᠯᠡᠮᠵᠢ ᠶᠢ ᠭᠦᠨᠵᠡᠭᠡᠢ ᠰᠤᠷᠤᠯᠴᠠᠨ ᠨᠡᠪᠲᠡᠷᠡᠲᠡᠯ᠎ᠡ ᠣᠶᠢᠯᠠᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠪᠠᠷ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠢᠯᠤᠭᠤᠳᠤᠭᠤᠯᠦᠨ᠂ ᠲᠠᠨᠢᠯᠲᠠ ᠪᠠᠨ ᠨᠢᠭᠡᠳᠭᠡᠵᠤ᠂ ᠬᠦᠴᠦᠨ ᠴᠢᠳᠠᠯ ᠢᠶᠠᠨ ᠤᠯᠠᠮ ᠨᠢᠭᠲᠠᠷᠠᠭᠤᠯᠵᠤ᠂ ᠠᠤᠭ᠎ᠠ ᠶᠡᠭᠡ ᠦᠢᠯᠡᠰ ᠢ ᠬᠠᠮᠲᠤᠪᠠᠷ ᠴᠣᠭᠴᠠᠯᠠᠨ᠂ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠠᠵᠢᠯ ᠤᠨ ᠲᠤᠮᠳᠠ ᠪᠠᠨ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ︽ᠬᠤᠶᠠᠷ ᠢ ᠲᠣᠭᠲᠠᠭᠠᠬᠤ︾᠎ ᠶᠢ ᠬᠦᠷᠢᠶᠠᠯᠡᠨ᠂ ︽ᠲᠦᠷᠪᠡᠨ ᠤᠬᠠᠮᠰᠠᠷ︾᠎ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾᠎ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠭᠦᠯᠦᠨ᠎ᠡ᠃ ᠬᠤᠷᠢᠳᠤᠭᠠᠷ ᠶᠡᠭᠡ ᠬᠤᠷᠠᠯ ᠤᠨ ᠪᠠᠶᠢᠯᠳᠤᠬᠤ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠶᠢᠮᠠᠭ ᠤᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠢᠨ ᠲᠣᠭᠤᠷᠢᠨ ᠳᠤ᠂ ᠤᠯᠤᠰ ᠳᠦᠷᠦ ᠶᠢᠨ ᠵᠥᠪᠯᠡᠯᠭᠡᠨ ᠤ ᠠᠵᠢᠯ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠭᠦᠨᠵᠡᠭᠡᠢ ᠦᠢᠯᠡᠳᠦᠯᠭᠡᠵᠢᠭᠦᠯᠬᠦ ᠵᠡᠷᠭᠡ ᠴᠢᠬᠤᠯᠠ ᠶᠡᠭᠡ ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠠᠷᠠᠳ ᠤᠨ ᠲᠥᠯᠥᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠠᠷᠢᠮᠲᠠᠯᠠᠵᠤ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠯᠠᠨ ᠵᠦᠢᠯ ᠤᠨ ᠬᠡᠯᠪᠡᠷᠢ ᠶᠢ ᠶᠡᠷᠦᠩᠬᠡᠶᠢᠯᠡᠨ ᠬᠡᠷᠡᠭᠯᠡᠵᠦ᠂ ᠠᠷᠠᠳ ᠤᠨ ᠪᠠᠶᠢᠳᠠᠯ ᠢ ᠤᠶᠢᠯᠭᠠᠨ᠂ ᠠᠷᠠᠳ ᠤᠨ ᠰᠠᠨᠠᠭ᠎ᠠ ᠶᠢ ᠢᠯᠡᠳᠬᠡᠵᠦ᠂ ᠠᠷᠠᠳ ᠤᠨ ᠵᠤᠪᠠᠯᠠᠩ ᠢ ᠠᠷᠢᠯᠭᠠᠨ᠂ ᠠᠷᠠᠳ ᠤᠨ ᠰᠡᠳᠬᠢᠯ ᠢ ᠨᠢᠭᠲᠠᠷᠠᠭᠤᠯᠤᠨ᠂ ᠠᠷᠠᠳ ᠤᠨ ᠬᠦᠴᠦᠨ ᠢ ᠬᠤᠷᠠᠮᠳᠤᠭᠤᠯᠵᠤ᠂ ᠣᠳᠣᠬᠢᠴᠢᠯᠠᠯᠲᠠ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠠᠷᠠᠳ ᠤᠯᠠᠨ ᠳᠤ ᠲᠦᠭᠡᠮᠡᠯᠵᠢᠭᠦᠯᠤᠨ ᠬᠦᠷᠲᠡᠭᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢ ᠲᠦᠯᠬᠢᠨ ᠠᠬᠢᠭᠤᠯᠵᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤ ᠤᠯᠤᠰ ᠲᠦᠷᠦ ᠶᠢᠨ ᠵᠥᠪᠯᠡᠯᠭᠡᠨ ᠤ ᠬᠤᠪᠢ ᠨᠡᠮᠡᠷᠢ ᠪᠠᠨ ᠦᠵᠡᠭᠦᠯᠦᠨ᠎ᠡ᠃ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠥᠪᠡᠷ ᠥᠪᠡᠷ ᠤᠨ ᠤᠶᠢᠯᠡᠰ ᠤᠨ ᠲᠠᠪᠴᠠᠩ ᠳᠠᠭᠠᠨ ᠡᠷᠳᠡᠮ ᠴᠢᠳᠠᠪᠤᠷᠢ ᠪᠠᠨ ᠭᠦᠢᠴᠡᠳ ᠪᠠᠳᠠᠷᠠᠭᠤᠯᠵᠤ᠂ ᠠᠷᠠᠳ ᠣᠯᠠᠨ ᠳᠤ ᠢᠯᠡᠭᠦᠭᠡᠨ ᠪᠣᠳᠠᠲᠠᠢ ᠠᠵᠢᠯ᠂ ᠰᠠᠶᠢᠨ ᠶᠠᠪᠤᠳᠠᠯ ᠬᠢᠵᠤ᠂ ᠬᠦᠴᠢᠷ ᠵᠤᠪᠠᠯᠠᠩ ᠢ ᠨᠢ ᠰᠢᠢᠳᠪᠦᠷᠢᠯᠡᠨ ᠦᠭᠴᠦ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠬᠠᠮᠵᠢᠨ ᠲᠥᠷᠥ ᠶᠢᠨ ᠪᠣᠳᠣᠯᠭ᠎ᠠ ᠶᠢ ᠤᠬᠠᠭᠤᠯᠬᠤ᠂ ᠤᠷᠮ᠎ᠠ ᠰᠡᠳᠬᠢᠯᠭᠡ ᠶᠢ ᠰᠢᠯᠤᠭᠤᠳᠬᠠᠬᠤ᠂ ᠵᠥᠷᠢᠴᠡᠯ ᠢ ᠨᠠᠮᠳᠠᠭᠤᠯᠬᠤ᠂ ᠬᠠᠷᠢᠴᠠᠭ᠎ᠠ ᠶᠢ ᠵᠣᠬᠢᠴᠠᠭᠤᠯᠬᠤ ᠵᠡᠷᠭᠡ ᠠᠵᠢᠯ ᠢ ᠰᠠᠶᠢᠲᠤᠷ ᠬᠢᠵᠦ᠂ ᠨᠠᠮ ᠤᠨ ᠲᠥᠷᠥ ᠶᠢᠨ ᠪᠣᠳᠣᠯᠭ᠎ᠠ ᠶᠢᠨ ᠤᠬᠠᠭᠤᠯᠤᠭᠴᠢ᠂ ᠣᠯᠠᠨ ᠲᠦᠮᠡᠨ ᠤ ᠠᠰᠢᠭ ᠲᠤᠰᠠ ᠶᠢ ᠬᠠᠮᠠᠭᠠᠯᠠᠭᠴᠢ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠭᠴᠢ ᠪᠣᠯᠬᠤ ᠪᠠᠷ ᠴᠢᠷᠮᠠᠶᠢᠬᠤ ᠬᠡᠷᠡᠭᠲᠡᠢ᠃      ᠬᠤᠷᠠᠯ ᠠᠴᠠ ᠴᠢᠬᠤᠴᠢᠯᠠᠬᠤ ᠳᠠᠭᠠᠨ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠭᠲᠠᠷᠠᠨ ᠪᠦᠯᠬᠦᠮᠳᠡᠵᠦ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠤᠯᠤᠰ ᠲᠦᠷᠦ ᠶᠢᠨ ᠵᠦᠪᠯᠡᠯᠭᠡ ᠬᠢᠬᠦ ᠶᠢ ᠨᠠᠷᠢᠨ ᠬᠢᠨᠠᠮᠠᠭᠠᠢ ᠭᠦᠢᠴᠡᠳᠬᠡᠬᠦ᠂ ᠠᠷᠠᠳᠴᠢᠯᠠᠯ ᠢᠶᠠᠷ ᠬᠢᠨᠠᠨᠯᠲᠠ ᠲᠠᠯᠪᠢᠬᠤ᠂ ᠵᠠᠰᠠᠭ ᠤᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠡᠭᠦᠷᠭᠡ ᠴᠢᠳᠠᠪᠤᠷᠢ ᠶᠢ ᠨᠠᠷᠢᠨ ᠬᠢᠨᠨᠮᠠᠭᠠᠢ ᠭᠦᠢᠴᠡᠳᠭᠡᠵᠦ᠂ ᠰᠠᠨᠠᠯ ᠵᠦᠪᠯᠡᠯᠭᠡ ᠳᠤᠷᠠᠳᠴᠦ ᠵᠠᠰᠠᠭ ᠲᠤ ᠲᠤᠰᠠᠯᠠᠬᠤ ᠪᠠ ᠬᠠᠮᠲᠤ ᠶᠢᠨ ᠲᠠᠨᠢᠯᠲᠠ ᠶᠢ ᠨᠢᠭᠲᠠᠷᠠᠭᠤᠯᠤᠨ ᠬᠤᠤᠰ ᠴᠢᠭᠯᠡᠯ ᠢᠶᠠᠷ ᠬᠦᠴᠦᠯᠡᠬᠦ ᠶᠢ ᠪᠡᠶᠡᠯᠡᠭᠦᠯᠦᠨ᠂ ᠡᠷᠡᠯᠬᠡᠭᠯᠡᠨ ᠲᠡᠮᠡᠴᠡᠵᠦ᠂ ᠡᠷᠡᠯᠬᠡᠭᠯᠡᠨ ᠤᠷᠤᠭᠰᠢᠯᠠᠵᠤ᠂ ᠤᠳᠤᠬᠢᠴᠢᠯᠠᠭᠰᠠᠨ ᠰᠠᠶᠢᠨ ᠰᠠᠶᠢᠬᠠᠨ ᠡᠵᠡᠨ᠎ᠡ ᠶᠢ ᠲᠦᠷᠭᠡᠨ ᠪᠦᠲᠦᠭᠡᠨ ᠪᠠᠶᠢᠭᠤᠯᠬᠤ ᠶᠢᠨ ᠲᠦᠯᠦᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ᠃      ᠬᠤᠷᠠᠯ ᠨᠢ ᠡᠯ᠎ᠡ ᠲᠦᠷᠦᠯ ᠤᠨ ᠡᠭᠦᠷᠭᠡ ᠪᠠᠨ ᠳᠠᠭᠤᠰᠬᠠᠵᠤ᠂ ᠲᠦᠪ ᠴᠢᠩᠭ᠎ᠠ ᠤᠯᠤᠰ ᠤᠨ ᠳᠠᠭᠤᠨ ᠤ ᠳᠤᠮᠳᠠ ᠠᠮᠵᠢᠯᠲᠠᠳᠠᠢ ᠲᠡᠭᠦᠰᠪᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号