12 ᠳ᠋ᠤᠭᠠᠷ ᠰᠠᠷ᠎ᠠ ᠶᠢᠨ 30 ᠤ ᠡᠳᠣᠷ ᠤᠨ ᠦᠳᠡ ᠶᠢᠨ ᠬᠤᠶᠢᠨ᠎ᠠ᠂ ᠬᠤᠰᠢᠭᠤᠨ ᠤ ᠨᠠᠮ ᠤᠨ | ᠬᠤᠷᠢᠶᠠᠨ ᠤ ᠱᠥᠵᠢ ᠸᠠᠩ ᠯᠢ ᠵᠢᠶᠦ᠋ᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠥᠵᠢ᠂ ᠬᠤᠰᠢᠭᠤᠨ ᠤ | ᠳᠠᠷᠤᠭ᠎ᠠ ᠪᠥᠬᠡ᠂ ᠬᠤᠰᠢᠭᠤᠨ ᠤ ᠤᠯᠤᠰ ᠳᠦᠷᠦ ᠶᠢᠨ ᠵᠥᠪᠯᠡᠯᠭᠡᠨ ᠤ ᠳᠠᠷᠢᠬᠦᠯᠡᠭᠴᠢ ᠲᠠᠩ ᠰᠢᠤᠸᠠᠢ ᠪᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠦᠯᠦᠭᠡᠯᠡᠭᠴᠢ ᠪᠣᠯᠣᠨ ᠤᠯᠤᠰ ᠲᠥᠷᠥ ᠶᠢᠨ ᠵᠥᠪᠯᠡᠯᠭᠡᠨ ᠤ | ᠭᠡᠰᠢᠭᠦᠳ ᠤᠨ ᠳᠤᠭᠤᠶᠢᠯᠠᠩ ᠤᠨ ᠶᠠᠷᠢᠯᠴᠠᠭ᠎ᠠ ᠳᠤ ᠣᠷᠣᠯᠴᠠᠵᠦ᠂ ᠳᠦᠯᠦᠭᠡᠯᠡᠭᠴᠢ ᠪᠣᠯᠣᠨ ᠭᠡᠰᠢᠬᠦᠳ ᠤᠨ | ᠳᠤᠷᠠᠳᠣᠨ ᠭᠠᠷᠭᠠᠭᠰᠠᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠬᠦᠯᠢᠶᠠᠨ ᠰᠣᠨᠣᠰᠴᠡᠢ᠃ | ᠸᠠᠩ ᠯᠢ ᠵᠢᠶᠦ᠋ᠨ ᠤᠷᠢᠳ ᠬᠤᠵᠢᠳ ᠳᠠᠯᠠᠶᠢᠬᠥ᠋ᠪ ᠪᠠᠯᠭᠠᠰᠤ᠂ ᠨᠠᠮ ᠵᠠᠰᠠᠭ ᠤᠨ ᠰᠢᠰᠲ᠋ᠧᠮ᠂ ᠡᠷᠡᠭᠦᠯ | ᠬᠠᠮᠠᠭᠠᠯᠠᠯ ᠤᠨ ᠰᠢᠰᠲ᠋ᠧᠮ᠂ ᠰᠤᠷᠭᠠᠨ ᠬᠥᠮᠦᠵᠢᠯ ᠤᠨ ᠰᠢᠰᠲ᠋ᠧᠮ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ ᠨᠢᠭᠡᠳᠦᠭᠡᠷ ᠲᠥᠯᠥᠭᠡᠯᠡᠭᠴᠢᠳ ᠤᠨ ᠪᠦᠯᠬᠦᠮ ᠪᠣᠯᠣᠨ ᠥᠩᠳᠣᠭᠤᠣᠯ | ᠰᠤᠮᠤ᠂ ᠮᠠᠼᠦ᠋ᠩᠱᠠᠨ ᠰᠤᠮᠤ᠂ ᠬᠠᠷ᠎ᠠ ᠪᠦᠷᠭᠦᠳ ᠤᠨ ᠠᠭᠤᠯᠠ ᠪᠠᠯᠭᠠᠰᠤᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ ᠪᠠᠷ ᠪᠦᠷᠢᠯᠳᠦᠭᠰᠡᠨ ᠲᠠᠪᠤᠳᠤᠭᠠᠷ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ | ᠲᠥᠯᠥᠭᠡᠯᠡᠭᠴᠢᠳ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠤᠳᠠ ᠶᠢᠨ ᠪᠦᠲᠦᠭᠡᠨ | ᠪᠠᠶᠢᠭᠤᠯᠤᠯᠲᠠ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠠᠷᠠᠳ ᠤᠨ ᠠᠮᠢᠳᠤᠷᠠᠯ ᠤᠨ ᠳᠤᠲᠠᠭᠤᠳᠠᠯ ᠢ | ᠨᠥᠬᠦᠪᠦᠷᠢᠯᠡᠬᠦ ᠪᠠ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ | ᠬᠤᠯᠪᠣᠭᠳᠠᠯ ᠪᠦᠬᠦᠢ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠪᠠ᠃ ᠸᠠᠩ ᠯᠢ ᠵᠢᠶᠦ᠋ᠨ ᠭᠤᠣᠯᠳᠠᠯᠭ᠎ᠠ ᠶᠢ ᠨᠠᠷᠢᠨ | ᠬᠢᠨᠠᠮᠠᠭᠠᠢ ᠲᠡᠮᠳᠡᠭᠯᠡᠵᠦ᠂ ᠮᠠᠳᠠᠭ ᠲᠠᠢ ᠠᠰᠠᠭᠤᠳᠠᠯ ᠢ ᠨᠢᠭᠡᠳ ᠨᠢᠭᠡ ᠪᠠᠷ ᠳᠠᠶᠢᠯᠪᠣᠷᠢᠯᠠᠨ᠂ ᠤᠯᠠᠨ ᠲᠠᠢ ᠬᠠᠮᠲᠤᠪᠠᠷ | ᠬᠥᠭᠵᠢᠯᠲᠡ ᠶᠢᠨ ᠰᠠᠶᠢᠨ ᠠᠷᠭ᠎ᠠ ᠪᠣᠳᠣᠯᠭ᠎ᠠ ᠶᠢ ᠰᠥᠪᠡᠭᠴᠢᠯᠡᠬᠦ ᠶᠢᠨ ᠬᠠᠮᠳᠤ ᠵᠢᠭᠠᠵᠤ ᠭᠠᠷᠭᠠᠬᠤ ᠳᠠᠭᠠᠨ᠄ ᠠᠵᠤ | ᠦᠢᠯᠡᠰ ᠤᠨ ᠬᠥᠭᠵᠢᠯᠲᠡ ᠶᠢᠨ ᠲᠠᠯ᠎ᠠ ᠪᠠᠷ᠂ ᠪᠢᠳᠡ ᠤᠤᠯ ᠤᠨ ᠪᠠᠶᠢᠭᠰᠠᠨ ᠠᠵᠤ ᠦᠢᠯᠡᠳᠪᠦᠷᠢ ᠶᠢᠨ ᠰᠠᠭᠤᠷᠢᠨ | ᠳᠡᠭᠡᠷ᠎ᠡ ᠣᠯᠠᠨ ᠲᠠᠯ᠎ᠠ ᠪᠠᠷ ᠬᠦᠴᠦᠯᠡᠵᠦ᠂ ᠣᠯᠠᠨ ᠲᠠᠯ᠎ᠠ ᠪᠠᠷ ᠴᠡᠴᠡᠭᠯᠡᠭᠦᠯᠦᠨ ᠬᠥᠭᠵᠢᠭᠦᠯᠵᠦ᠂ ᠬᠤᠶᠠᠳᠤᠭᠠᠷ ᠠᠵᠤ | ᠦᠢᠯᠡᠰ ᠤᠨ ᠬᠠᠳᠠᠭᠠᠯᠠᠯᠲᠠ ᠶᠢᠨ ᠬᠡᠮᠵᠢᠶ᠎ᠡ ᠪᠠ ᠨᠡᠮᠡᠭᠳᠡᠯ ᠤᠨ ᠬᠡᠮᠵᠢᠶ᠎ᠡ ᠶᠢ ᠰᠠᠶᠢᠲᠤᠷ ᠴᠢᠩᠭᠠᠳᠬᠠᠬᠤ ᠬᠡᠷᠡᠭᠲᠡᠢ᠃ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠥᠭᠵᠢᠯᠲᠡ ᠶᠢᠨ ᠴᠢᠭᠯᠡᠯ ᠤᠨ ᠱᠠᠭᠠᠷᠳᠠᠯᠭ᠎ᠠ ᠪᠣᠯᠣᠨ | ᠰᠡᠳᠬᠢᠴᠡ ᠶᠢᠨ ᠲᠣᠬᠢᠷᠠᠭᠤᠯᠤᠯᠲᠠ ᠬᠤᠪᠢᠷᠠᠯᠲᠠ ᠶᠢ ᠳᠠᠭᠠᠯᠳᠤᠨ᠂ ᠪᠧᠢ ᠱᠠᠨ ᠠᠭᠤᠯᠠᠨ ᠤ ᠠᠭᠤᠷᠬᠠᠢ ᠶᠢᠨ ᠡᠬᠢ | ᠪᠠᠶᠠᠯᠢᠭ ᠢ ᠶᠡᠷᠦᠩᠬᠡᠶᠢᠯᠡᠨ ᠨᠡᠭᠡᠭᠡᠨ ᠠᠰᠢᠭᠯᠠᠬᠤ ᠪᠠ ᠹᠧᠢ ᠳ᠋ᠢ ᠠᠵᠤ ᠠᠬᠤᠢ ᠶᠢᠨ ᠬᠥᠭᠵᠢᠯᠲᠡ ᠶᠢ ᠨᠠᠷᠢᠨ ᠬᠢᠨᠠᠮᠠᠭᠠᠢ | ᠳᠦᠯᠦᠪᠵᠢᠬᠦᠯᠬᠦ ᠬᠡᠷᠡᠭᠲᠡᠢ᠃ ᠡᠮ ᠡᠮᠨᠡᠯᠭᠡ ᠶᠢᠨ ᠲᠠᠯ᠎ᠠ ᠪᠠᠷ᠂ ᠲᠤᠰᠠᠯᠠᠬᠤ᠂ ᠬᠠᠪᠰᠤᠷᠤᠨ ᠲᠡᠳᠬᠦᠬᠦ᠂ ᠡᠮ | ᠡᠮᠨᠡᠯᠭᠡ ᠶᠢᠨ ᠠᠵᠢᠯᠲᠠᠨᠢ ᠳᠠᠪᠲᠠᠨ ᠪᠣᠯᠪᠠᠰᠤᠷᠠᠭᠤᠯᠬᠤ ᠵᠡᠷᠭᠡ ᠠᠷᠭ᠎ᠠ ᠬᠡᠯᠪᠡᠷᠢ ᠪᠠᠷ ᠡᠮ ᠡᠮᠨᠡᠯᠭᠡ ᠶᠢᠨ ᠡᠩᠨᠡᠭᠡᠨ ᠤ | ᠪᠠᠶᠢᠭᠤᠯᠤᠯᠲᠠ ᠶᠢ ᠪᠠᠲᠤᠳᠬᠠᠬᠤ ᠶᠢᠨ ᠬᠠᠮᠲᠤ ᠡᠮ ᠡᠮᠨᠡᠯᠭᠡ ᠶᠢᠨ ᠲᠥᠬᠦᠭᠡᠷᠦᠮᠵᠢ ᠶᠢ ᠲᠡᠰ ᠳᠡᠪᠰᠢᠭᠦᠯᠦᠨ | ᠰᠠᠶᠢᠵᠢᠷᠠᠭᠤᠯᠵᠤ᠂ ᠰᠠᠭᠤᠭᠠᠯᠢ ᠠᠷᠠᠳ ᠤᠯᠠᠨ ᠳᠤ ᠡᠪᠡᠳᠴᠢᠨ ᠦᠵᠡᠭᠦᠯᠬᠦ ᠳᠤ ᠲᠦᠭᠦᠮ᠂ ᠰᠠᠨᠠᠭ᠎ᠠ ᠠᠮᠤᠷ ᠪᠠᠶᠢᠬᠤ | ᠠᠰᠢᠭᠲᠠᠢ ᠨᠥᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ᠃ ᠰᠤᠷᠭᠠᠨ ᠬᠥᠮᠦᠵᠢᠯ ᠤᠨ ᠲᠠᠯ᠎ᠠ ᠪᠠᠷ᠂ ᠪᠢᠳᠡ ᠳᠠᠯᠳᠠ | ᠬᠦᠴᠦᠨ ᠢ ᠠᠭᠤᠳᠠᠯᠵᠤ᠂ ᠠᠮᠢᠵᠢᠷᠠᠯ ᠤᠨ ᠬᠦᠴᠦᠨ ᠢ ᠨᠡᠮᠡᠭᠳᠡᠭᠦᠯᠦᠨ᠂ ᠬᠥᠳᠡᠯᠭᠡᠭᠦ ᠬᠦᠴᠦᠨ ᠢ ᠬᠥᠭᠵᠢᠭᠡᠵᠦ᠂ | ᠠᠷᠭ᠎ᠠ ᠪᠦᠬᠦᠨ ᠢ ᠰᠦᠪᠡᠭᠴᠢᠯᠡᠨ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠵᠦ᠂ | ᠨᠣᠳᠤᠭ ᠤᠨ ᠬᠡᠦᠬᠡᠳ ᠤᠳ ᠲᠤ ᠨᠠᠩ ᠰᠢᠯᠢᠳᠡᠭ ᠰᠤᠷᠭᠠᠨ ᠬᠥᠮᠦᠵᠢᠯ ᠢ ᠬᠦᠷᠲᠡᠭᠡᠬᠦ ᠪᠠᠷ ᠴᠢᠷᠮᠠᠶᠢᠬᠤ ᠬᠡᠷᠡᠭᠲᠡᠢ᠃ | ᠡᠬᠦᠨ ᠤ ᠬᠠᠮᠳᠤ ᠪᠠᠰᠠᠬᠠᠲᠠᠭᠤ ᠬᠡᠷᠡᠭᠰᠡᠯ ᠤᠨ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠳᠡᠭᠡᠭᠰᠢᠯᠡᠭᠦᠯᠬᠦ ᠶᠢᠨ ᠬᠠᠮᠲᠤ ᠪᠠᠭᠰᠢ ᠶᠢᠨ ᠢᠳᠡᠪᠬᠢᠵᠢᠯ ᠢ ᠲᠠᠶᠢᠴᠢᠯᠠᠵᠤ᠂ ᠰᠤᠷᠭᠠᠨ ᠬᠥᠮᠦᠵᠢᠯ ᠤᠨ ᠴᠢᠳᠠᠪᠤᠷᠢᠲᠠᠨ ᠢ | ᠣᠷᠣᠭᠤᠯᠤᠨ ᠠᠪᠴᠢᠷᠠᠬᠤ ᠶᠢ ᠴᠢᠬᠤᠯᠠᠴᠢᠯᠠᠵᠤ᠂ ᠬᠠᠷᠠᠭᠠᠯᠵᠠᠯ ᠤᠨ ᠲᠠᠯ᠎ᠠ ᠪᠠᠷ ᠬᠢ ᠬᠠᠷᠠᠭᠠᠯᠵᠠᠯ ᠢᠶᠠᠷ ᠳᠠᠮᠵᠢᠭᠤᠯᠤᠨ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠡᠷᠡᠭᠲᠡᠢ ᠭᠡᠪᠡ᠃ | ᠪᠦᠬᠡ ᠠᠮᠢ ᠠᠬᠤᠢ ᠶᠢᠨ ᠬᠠᠮᠠᠭᠠᠯᠠᠯᠲᠠ᠂ ᠮᠠᠯᠵᠢᠬᠤ ᠲᠠᠷᠢᠶᠠᠯᠠᠬᠤ ᠣᠷᠣᠨ ᠤ ᠰᠠᠭᠤᠷᠢ ᠲᠥᠬᠦᠭᠡᠷᠦᠮᠵᠢ ᠶᠢᠨ | ᠪᠦᠲᠦᠭᠡᠨ ᠪᠠᠶᠢᠭᠤᠯᠤᠯᠲᠠ ᠵᠡᠷᠭᠡ ᠲᠠᠯ᠎ᠠ ᠪᠠᠷ ᠬᠢ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠳᠠᠷᠠᠭ᠎ᠠ ᠵᠢᠭᠠᠵᠤ ᠭᠠᠷᠭᠠᠬᠤ ᠳᠠᠭᠠᠨ᠄ ᠡᠵᠡᠨ᠎ᠡ ᠬᠤᠰᠢᠭᠤ ᠪᠣᠯ ᠤᠯᠤᠰ ᠤᠨ ᠲᠡᠰ ᠤᠨ ᠠᠮᠢ | ᠠᠬᠤᠢ ᠶᠢᠨ ᠴᠢᠳᠠᠮᠵᠢᠲᠤ ᠣᠷᠣᠨ ᠪᠣᠯᠣᠨ᠎ᠠ᠂ ᠭᠤᠣᠯᠳᠠᠭᠤ ᠲᠣᠣᠷᠠᠢ ᠶᠢᠨ ᠤᠢ ᠶᠢ ᠬᠠᠮᠠᠭᠠᠯᠠᠬᠤ ᠪᠠ ᠬᠠᠷ᠎ᠠ | ᠭᠤᠣᠯ ᠤᠨ ᠤᠰᠤᠨ ᠤ ᠡᠬᠢ ᠪᠠᠶᠠᠯᠢᠭ ᠢ ᠬᠠᠮᠠᠭᠠᠯᠠᠬᠤ ᠬᠤᠶᠠᠷ ᠲᠠᠯ᠎ᠠ ᠶᠢᠨ ᠭᠤᠣᠯᠳᠠᠯᠭ᠎ᠠ ᠲᠠᠢ ᠠᠵᠢᠯ ᠳᠤ ᠢᠯᠡᠷᠡᠵᠦ | ᠪᠤᠢ᠃ ᠲᠠᠷᠠᠭᠠᠴᠢ ᠶᠢᠨ ᠠᠯᠬᠤᠮ ᠳᠤ ᠪᠢᠳᠡ ᠦᠷᠭᠦᠯᠵᠢᠯᠡᠨ ᠵᠠᠷᠢᠮ ᠪᠣᠳᠠᠲᠠᠢ ᠠᠷᠭ᠎ᠠ ᠶᠢ ᠠᠪᠴᠤ ᠪᠠᠶᠢᠭᠠᠳ ᠲᠠᠪᠤᠨ | ᠢᠵᠢ ᠪᠦᠷᠢᠳᠦᠭᠰᠡᠨ ᠳᠤᠤᠷ ᠬᠠᠰᠢᠶ᠎ᠠ ᠶᠢᠨ ᠪᠦᠲᠦᠭᠡᠨ ᠪᠠᠶᠢᠭᠤᠯᠤᠯᠲᠠ ᠶᠢᠨ ᠵᠢᠷᠤᠮᠵᠢᠯ ᠲᠠᠢ ᠲᠠᠷᠢᠮᠠᠯ ᠢ ᠪᠠᠬᠢᠵᠢᠭᠦᠯᠵᠦ | ᠪᠠᠶᠢᠭᠠᠳ ᠮᠠᠨ ᠤ ᠠᠮᠢ ᠠᠬᠤᠢ᠂ ᠬᠥᠷᠥᠰᠥ ᠰᠢᠷᠣᠢ᠂ ᠤᠰᠤᠨ ᠤ ᠡᠬᠢ ᠪᠠᠶᠠᠯᠢᠭ ᠢᠶᠠᠨ ᠨᠡᠩ ᠰᠠᠶᠢᠲᠤᠷ | ᠬᠠᠮᠠᠭᠠᠯᠠᠵᠤ᠂ ᠵᠠᠷᠢᠮ ᠪᠣᠳᠠᠲᠠᠢ ᠠᠷᠭ᠎ᠠ ᠬᠡᠮᠵᠢᠶ᠎ᠡ ᠠᠪᠴᠤ ᠪᠠᠶᠢᠭᠠᠳ ᠰᠤᠮᠤ ᠪᠠᠯᠭᠠᠰᠤᠨ ᠤ ᠴᠠᠭᠠᠨ ᠤ ᠪᠣᠬᠢᠷᠳᠤᠯ ᠢ | ᠰᠢᠢᠳᠪᠦᠷᠢᠯᠡᠬᠦ ᠴᠢᠳᠠᠪᠤᠷᠢ ᠶᠢᠨ ᠠᠮᠢ ᠠᠬᠤᠢ ᠶᠢᠨ ᠬᠠᠮᠠᠭᠠᠯᠠᠯᠲᠠ ᠶᠢ ᠦᠷᠭᠦᠯᠵᠢᠯᠡᠨ ᠴᠢᠩᠭᠠᠳᠬᠠᠬᠤ ᠬᠡᠷᠡᠭᠲᠡᠢ᠃ | ᠮᠦᠨ ᠬᠦ ᠤᠬᠠᠭᠤᠯᠭ᠎ᠠ ᠶᠢᠨ ᠠᠵᠢᠯ ᠢ ᠰᠠᠶᠢᠲᠤᠷ ᠬᠢᠬᠦ ᠪᠠᠷ ᠳᠠᠮᠵᠢᠭᠤᠯᠤᠨ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠭᠠᠳᠠᠭᠰᠢ ᠪᠣᠷᠣᠯᠠᠭᠤᠯᠬᠤ ᠳᠤᠲᠠᠭᠤᠳᠠᠯ ᠢ ᠨᠥᠬᠦᠪᠦᠷᠢᠯᠡᠨ᠎ᠡ᠃ ᠲᠠᠷᠢᠶᠠᠯᠠᠩ ᠤᠨ ᠪᠦᠲᠦᠭᠡᠭᠳᠡᠬᠦᠨ | ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠲᠤᠭ᠎ᠠ ᠬᠡᠮᠵᠢᠶ᠎ᠡ ᠶᠢ ᠪᠠᠲᠤᠯᠠᠬᠤ ᠠᠵᠢᠯ ᠢ ᠴᠢᠬᠤᠯᠠᠴᠢᠯᠠᠨ᠎ᠠ᠃ ᠰᠤᠮᠤ | ᠪᠠᠯᠭᠠᠰᠤ ᠶᠢᠨ ᠣᠨᠴᠠᠯᠢᠭᠲᠤ ᠠᠵᠤ ᠦᠢᠯᠡᠰ ᠢ ᠠᠭᠤᠳᠠᠯᠵᠤ᠂ ᠵᠦᠢ ᠵᠣᠬᠢᠰᠲᠠᠢ ᠪᠠᠶᠢᠷᠢᠰᠢᠭᠤᠯᠤᠨ᠂ ᠮᠠᠨ ᠤ | ᠬᠤᠰᠢᠭᠤᠨ ᠤ ᠥᠪᠡᠷ ᠤᠨ ᠨᠠᠷᠠᠲᠤ ᠲᠡᠮᠳᠡᠭ ᠤᠨ ᠨᠥᠯᠥᠭᠡᠯᠡᠬᠦ ᠬᠦᠴᠦᠨ ᠢᠶᠠᠨ ᠲᠠᠰᠤᠷᠠᠯᠲᠠ ᠦᠭᠡᠢ ᠪᠠᠳᠠᠷᠠᠭᠤᠯᠣᠨ᠂ | ᠠᠷᠠᠳ ᠢᠷᠭᠡᠳ ᠲᠤ ᠦᠨᠡᠨ ᠪᠣᠳᠠᠲᠠᠢ ᠠᠰᠢᠭ ᠲᠤᠰᠠ ᠬᠦᠷᠲᠡᠭᠡᠬᠦ ᠬᠡᠷᠡᠭᠲᠡᠢ ᠭᠡᠪᠡ᠃ | ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠲᠠᠩ | ᠰᠢᠤᠸᠠᠢ ᠪᠢᠨ ᠢᠯᠡᠷᠬᠡᠶᠢᠯᠡᠬᠦ ᠳᠡᠭᠡᠨ᠄ ᠸᠠᠩ ᠯᠢ ᠵᠢᠶᠦ᠋ᠨ ᠱᠦᠵᠢ ᠶᠢᠨ ᠶᠠᠷᠢᠶ᠎ᠠ ᠵᠢᠴᠢ ᠵᠠᠰᠠᠭ ᠤᠨ ᠣᠷᠳᠣᠨ ᠤ | ᠠᠵᠢᠯ ᠤᠨ ᠢᠯᠡᠳᠬᠡᠯ ᠢ ᠪᠦᠷᠢᠮᠦᠰᠦᠨ ᠵᠥᠪᠰᠢᠶᠡᠷᠡᠵᠦ ᠪᠠᠶᠢᠬᠤ ᠪᠠᠨ ᠢᠯᠡᠳᠬᠡᠪᠡ᠃ ᠥᠩᠭᠡᠷᠡᠭᠰᠡᠨ ᠨᠢᠭᠡ ᠵᠢᠯ ᠳᠤ᠂ | ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠪᠣᠯᠣᠨ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠰᠡᠳᠬᠢᠯ | ᠲᠠᠯᠪᠢᠵᠤ ᠪᠠᠶᠢᠭ᠎ᠠ ᠨᠥᠬᠦᠳ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠭᠡ ᠰᠢᠯᠭᠠᠯᠲᠠ ᠶᠢᠨ ᠳᠤᠮᠳᠠ ᠴᠥᠮ | ᠴᠥᠬᠦᠷᠡᠰᠢ ᠦᠭᠡᠢ ᠴᠢᠷᠮᠠᠶᠢᠯᠠᠭ᠎ᠠ ᠭᠠᠷᠭᠠᠵᠤ᠂ ᠠᠳᠠᠯᠢ ᠪᠤᠰᠤ ᠠᠵᠢᠯ ᠤᠨ ᠪᠠᠶᠢᠷᠢ ᠳᠡᠭᠡᠷ᠎ᠡ ᠠᠳᠠᠯᠢ ᠪᠤᠰᠤ ᠬᠤᠪᠢ | ᠨᠡᠮᠡᠷᠢ ᠦᠵᠡᠭᠦᠯᠦᠭᠰᠡᠨ ᠪᠠᠶᠢᠨ᠎ᠠ᠃ ᠤᠯᠤᠰ ᠲᠦᠷᠦ ᠶᠢᠨ ᠵᠥᠪᠯᠡᠯᠭᠡ ᠬᠢᠬᠦ ᠭᠡᠳᠡᠭ ᠨᠢ ᠳᠠᠷᠤᠢ ᠵᠠᠰᠠᠭ ᠤᠨ | ᠶᠠᠪᠤᠳᠠᠯ ᠳᠤ ᠣᠷᠣᠯᠴᠠᠨ ᠲᠦᠷᠦ ᠶᠢᠨ ᠬᠡᠷᠡᠭ ᠢ ᠵᠥᠪᠯᠡᠵᠦ᠂ ᠬᠠᠷᠢᠯᠴᠠᠨ ᠬᠢᠨᠠᠯᠲᠠ ᠲᠠᠯᠪᠢᠵᠤ᠂ ᠬᠠᠮᠲᠤ ᠶᠢᠨ | ᠲᠠᠨᠢᠯᠲᠠ ᠪᠠᠨ ᠨᠢᠭᠲᠠᠷᠠᠭᠤᠯᠬᠤ ᠶᠠᠪᠤᠳᠠᠯ ᠪᠣᠯᠣᠨ᠎ᠠ᠃ ᠪᠢᠳᠡ ᠬᠦᠴᠢᠷᠳᠡᠯ ᠢ ᠨᠡᠩ ᠭᠦᠢᠴᠡᠳ ᠵᠢᠱᠢᠵᠦ᠂ ᠨᠡᠶᠢᠭᠡᠮ ᠤᠨ | ᠡᠯ᠎ᠡ ᠲᠠᠯ᠎ᠠ ᠶᠢᠨ ᠢᠳᠡᠪᠬᠢ ᠬᠦᠴᠦᠨ ᠢᠶᠠᠨ ᠡᠵᠡᠨ᠎ᠡ ᠬᠤᠰᠢᠭᠤᠨ ᠤ ᠠᠵᠤ ᠠᠬᠤᠢ ᠶᠢᠨ ᠬᠥᠭᠵᠢᠯᠲᠡ ᠶᠢᠨ ᠬᠦᠴᠦᠨ | ᠲᠠᠢ ᠥᠨᠡᠨᠬᠦ ᠨᠢᠭᠲᠠᠷᠠᠭᠤᠯᠬᠤ ᠬᠡᠷᠡᠭᠲᠡᠢ ᠭᠡᠪᠡ᠃ |