ᠡᠵᠡᠨ᠎ᠡ ᠬᠤᠰᠢᠭᠤᠨ ᠤ ᠤᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠪᠠᠷᠢᠯᠭ᠎ᠠ ᠤᠨ ᠠᠵᠢᠯ ᠢᠶᠠᠨ ᠲᠠᠭᠤᠰᠬᠠᠵᠤ ᠲᠤᠤᠷ ᠲᠤ ᠨᠡᠶᠢᠯᠡᠬᠦᠯᠦᠨ ᠴᠠᠬᠢᠯᠭᠠᠨ ᠬᠠᠩᠭᠠᠬᠤ ᠶᠢ ᠪᠡᠶᠡᠯᠡᠬᠦᠯᠪᠡ
ᠨᠡᠶᠢᠲᠡᠯᠡᠭᠰᠡᠨ ᠴᠠᠭ᠄
2023/1/6
      ᠡᠵᠡᠨ᠎ᠡ ᠬᠤᠰᠢᠭᠤᠨ ᠤ ᠤᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠎ ᠤᠨ ᠪᠦᠳᠦᠭᠡᠨ ᠪᠠᠶᠢᠭᠤᠯᠤᠯᠳᠠ ᠤᠶᠢᠷ᠎ᠠ ᠳᠤ ᠪᠠᠷᠢᠯᠭ᠎ᠠ ᠤᠨ ᠠᠵᠢᠯ ᠢᠶᠠᠨ ᠲᠠᠭᠤᠰᠬᠠᠵᠤ᠂ ᠲᠤᠤᠷ ᠲᠤ ᠨᠡᠶᠢᠯᠡᠬᠦᠯᠦᠨ ᠴᠠᠬᠢᠯᠭᠠᠨ ᠬᠠᠩᠭᠠᠬᠤ ᠶᠢ ᠠᠩᠬ᠎ᠠ ᠠᠯᠬᠤᠮ ᠪᠡᠶᠡᠯᠡᠬᠦᠯᠵᠡᠢ᠃      ᠡᠵᠡᠨ᠎ᠡ ᠬᠤᠰᠢᠭᠤᠨ ᠤ ᠤᠯᠠᠨ ᠴᠢᠳᠠᠮᠵᠢ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠎ ᠤᠨ ᠠᠬᠤᠢ ᠲᠠᠯᠠᠪᠠᠢ ᠳᠤ᠂ ᠨᠢᠭᠡᠳᠡᠬᠢ ᠲᠤᠨᠤᠭ ᠲᠦᠭᠦᠭᠡᠷᠤᠮᠵᠢ ᠶᠢᠨ ᠲᠠᠰᠤᠯᠭ᠎ᠠ᠂ ᠬᠤᠶᠠᠳᠠᠬᠢ ᠲᠤᠨᠤᠭ ᠲᠦᠭᠦᠭᠡᠷᠤᠮᠵᠢ ᠶᠢᠨ ᠲᠠᠰᠤᠯᠭ᠎ᠠ᠂ ᠡᠨᠧᠷᠬᠢ ᠬᠠᠳᠠᠭᠠᠯᠠᠬᠤ ᠳ᠋ᠢᠶᠠᠨ ᡂᠢ ᠶᠢᠨ ᠲᠠᠰᠤᠯᠭ᠎ᠠ᠂ ᠴᠠᠶᠢᠶ᠋ᠢᠦ ᠲᠤᠰᠤᠨ ᠤ ᠴᠠᠬᠢᠯᠭᠠᠨ ᠭᠠᠷᠭᠠᠬᠤ ᠲᠠᠰᠤᠯᠭ᠎ᠠ᠂ ᠬᠦᠴᠦᠳᠡᠯ ᠲᠡᠭᠡᠭᠰᠢᠯᠡᠬᠦᠯᠬᠦ ᠲᠠᠰᠤᠯᠭ᠎ᠠ ᠵᠡᠷᠭᠡ ᠲᠤᠨᠤᠭ ᠲᠥᠬᠦᠭᠡᠷᠤᠮᠵᠢ ᠶᠢᠨ ᠲᠠᠰᠤᠯᠭ᠎ᠠ ᠶᠢ ᠨᠢᠭᠡᠨᠳᠡ ᠡᠮᠬᠢ ᠵᠢᠷᠤᠮ ᠲᠠᠢ ᠤᠭᠰᠠᠷᠠᠵᠤ᠂ ᠲᠦᠷᠦᠯ       ᠵᠦᠢᠯ ᠤᠨ ᠪᠦᠳᠦᠭᠡᠨ ᠪᠠᠶᠢᠭᠤᠯᠤᠯᠳᠠ ᠶᠢᠨ ᠡᠭᠦᠷᠭᠡ ᠶᠢ ᠦᠨᠳᠤᠰᠤᠨ ᠳᠡᠭᠡᠨ ᠪᠡᠶᠡᠯᠡᠬᠦᠯᠪᠡ᠃      ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ︽ᠲᠤᠰ ᠲᠦᠷᠦᠯ ᠵᠦᠢᠯ ᠳᠤ ᠨᠡᠶᠢᠳᠡ 1.25 ᠳ᠋ᠦᠩᠰᠢᠭᠤᠷ ᠲᠦᠭᠦᠷᠢᠭ ᠤᠨ ᠪᠡᠯᠡ ᠤᠷᠤᠭᠤᠯᠵᠤ᠂ 27 ᠲᠤᠨᠤᠭ       ᠲᠥᠬᠦᠭᠡᠷᠤᠮᠵᠢ ᠶᠢᠨ ᠲᠠᠰᠤᠯᠭ᠎ᠠ ᠶᠢ ᠪᠦᠳᠦᠭᠡᠨ ᠪᠠᠶᠢᠭᠤᠯᠤᠭᠰᠠᠨ ᠪᠠᠶᠢᠨ᠎ᠠ᠃ ᠤᠯᠠᠨ ᠤ ᠴᠢᠷᠮᠠᠶᠢᠯᠭ᠎ᠠ ᠪᠠᠷ 2022 ᠤᠨ ᠤ 12 ᠳ᠋ᠤᠭᠠᠷ ᠰᠠᠷ᠎ᠠ ᠶᠢᠨ 31᠎ ᠤ ᠡᠳᠤᠷ ᠲᠠᠯᠠᠶᠢᠬᠦ᠋ᠪ ᠶᠢᠨ 110 ᠺᠢᠯᠤᠸ᠋ᠲ ᠶᠢᠨ ᠴᠠᠬᠢᠯᠭᠠᠨ ᠬᠤᠪᠢᠰᠬᠠᠬᠤ ᠦᠷᠳᠡᠭᠡᠨ ᠤ 10 ᠺᠢᠯᠤᠸ᠋ᠲ ᠶᠢᠨ ᠰᠠᠭᠤᠷᠢ ᠤᠳᠠᠰᠤ ᠲᠠᠢ ᠬᠠᠮᠳᠤ ᠴᠠᠬᠢᠯᠭᠠᠨ ᠬᠠᠩᠭᠠᠵᠤ᠂ ᠲᠦᠭᠦᠭᠡᠷᠤᠮᠵᠢ ᠪᠠᠨ ᠠᠰᠢᠭᠯᠠᠯᠳᠠ ᠳᠤ ᠤᠷᠤᠭᠤᠯᠤᠭᠰᠠᠨ ᠤ ᠲᠠᠷᠠᠭ᠎ᠠ ᠡᠵᠡᠨ᠎ᠡ ᠬᠤᠰᠢᠭᠤᠨ ᠤ ᠭᠠᠭᠴᠠ ᠴᠠᠬᠢᠯᠭᠠᠨ ᠡᠭᠦᠰᠬᠡᠭᠴᠢ ᠶᠢᠨ 17 ᠵᠢᠯ ᠤᠨ ᠴᠠᠬᠢᠯᠭᠠᠨ ᠬᠠᠩᠭᠠᠯᠳᠠ ᠶᠢᠨ ᠲᠡᠤᠬᠡ ᠶᠢ ᠡᠴᠤᠰᠯᠡᠭᠦᠯᠵᠡᠢ︾ ᠭᠡᠪᠡ᠃      ᠲᠤᠰ ᠲᠦᠷᠦᠯ ᠵᠦᠢᠯ ᠢ 2022 ᠤᠨ ᠤ 9 ᠳ᠋ᠦ᠋ᠭᠡᠷ ᠰᠠᠷ᠎ᠠ ᠶᠢᠨ ᠡᠬᠢ ᠪᠠᠷ ᠡᠬᠢᠯᠡᠨ ᠪᠠᠶᠢᠭᠤᠯᠵᠤ᠂ ᠭᠤᠷᠪᠠᠨ ᠰᠠᠷ᠎ᠠ ᠭᠠᠷᠦᠢ ᠶᠢᠨ ᠬᠤᠭᠤᠴᠠᠭᠠᠨ ᠤ  ᠪᠠᠴᠢᠮ ᠶᠠᠭᠠᠷᠠᠯᠳᠠᠢ ᠪᠦᠳᠦᠭᠡᠨ ᠪᠠᠶᠢᠭᠤᠯᠤᠯᠳᠠ ᠪᠠᠷ᠂ ᠰᠠᠭᠤᠷᠢ ᠪᠠᠷᠢᠯᠭ᠎ᠠ᠂ ᠴᠠᠬᠢᠯᠭᠠᠨ ᠲᠦᠭᠦᠭᠡᠷᠤᠮᠵᠢ ᠶᠢᠨ ᠤᠭᠰᠠᠷᠠᠯᠳᠠ ᠶᠢ ᠪᠡᠶᠡᠯᠡᠬᠦᠯᠦᠨ᠂ 2022 ᠤᠨ ᠤ 12 ᠳ᠋ᠦ᠋ᠭᠡᠷ       ᠰᠠᠷ᠎ᠠ ᠶᠢᠨ 31᠎ ᠤ ᠡᠳᠤᠷ ᠤᠨ ᠰᠦᠨᠢ ᠴᠠᠬᠢᠯᠭᠠᠨ ᠨᠡᠪᠳᠡᠷᠡᠬᠦᠯᠬᠦ ᠲᠤᠷᠰᠢᠯᠳᠠ ᠶᠢ ᠤᠷᠤᠭᠰᠢᠲᠠᠢ ᠪᠡᠶᠡᠯᠡᠬᠦᠯᠦᠭᠰᠡᠨ ᠪᠠᠶᠢᠨ᠎ᠠ᠃      ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ︽ᠪᠢᠳᠠ ᠰᠠᠭᠤᠷᠢ ᠪᠦᠳᠦᠭᠡᠨ ᠪᠠᠶᠢᠭᠤᠯᠤᠯᠳᠠ ᠶᠢᠨ ᠪᠠᠷᠢᠯᠭ᠎ᠠ ᠶᠢᠨ ᠠᠵᠢᠯ ᠤᠨ ᠤᠯᠠᠨ ᠠᠷᠪᠢᠨ ᠬᠦᠴᠢᠷᠳᠡᠯ ᠪᠠ ᠠᠰᠠᠭᠤᠳᠠᠯ ᠢ ᠢᠯᠠᠨ ᠲᠠᠪᠠᠵᠤ᠂ ᠪᠦᠳᠦᠭᠡᠨ ᠪᠠᠶᠢᠭᠤᠯᠤᠯᠳᠠ ᠶᠢᠨ ᠡᠭᠦᠷᠭᠡ ᠪᠠᠨ ᠤᠷᠤᠭᠰᠢᠳᠠᠢ ᠪᠡᠶᠡᠯᠡᠬᠦᠯᠦᠭᠡᠳ᠂ ᠲᠦᠷᠦᠯ ᠵᠦᠢᠯ ᠨᠢ ᠬᠤᠯᠪᠤᠭᠠᠯᠠᠨ ᠲᠤᠬᠢᠷᠠᠭᠤᠯᠵᠤ ᠬᠤᠯᠪᠤᠭᠠᠯᠠᠨ ᠲᠤᠷᠰᠢᠬᠤ ᠱᠠᠳᠤᠨ ᠳᠤ ᠤᠷᠤᠪᠠ︾ ᠭᠡᠵᠦ ᠪᠠᠶᠢᠪᠠ᠃      ᠲᠤᠰ ᠲᠦᠷᠦᠯ ᠵᠦᠢᠯ ᠪᠤᠯ ᠦᠪᠤᠷ ᠮᠤᠩᠭᠤᠯ ᠤᠨ ᠴᠠᠬᠢᠯᠭᠠᠨ ᠲᠤᠤᠷ ᠤᠨ ᠠᠩᠬᠠᠳᠠᠭᠴᠢ ᠰᠢᠨ᠎ᠡ       ᠡᠨᠧᠷᠬᠢ ᠶᠢᠨ ᠰᠤᠷᠪᠤᠯᠵᠢ ᠶᠢᠨ ᠡᠨᠧᠷᠬᠢ ᠬᠠᠳᠠᠭᠠᠯᠠᠬᠤ ᠲᠦᠷᠦᠯ ᠵᠦᠢᠯ ᠪᠠᠶᠢᠵᠤ᠂ ᠡᠨᠡ ᠨᠢ ᠲᠤᠤᠷ ᠲᠤ ᠨᠡᠶᠢᠯᠡᠬᠦᠯᠦᠨ ᠠᠵᠢᠯᠯᠠᠭᠤᠯᠵᠤ ᠪᠤᠯᠬᠤ ᠮᠦᠷᠳᠡᠭᠡᠨ ᠪᠠᠰᠠ ᠲᠤᠰᠠᠭᠠᠷ ᠠᠵᠢᠯᠯᠠᠭᠤᠯᠵᠤ ᠪᠤᠯᠬᠤ ᠤᠯᠤᠰ ᠤᠨ ᠲᠤᠳᠤᠭᠠᠳᠤ ᠶᠢᠨ ᠠᠩᠬᠠᠳᠠᠭᠴᠢ ᠪᠡᠶ᠎ᠡ ᠪᠠᠨ ᠲᠠᠭᠠᠭᠠᠵᠤ ᠠᠵᠢᠯᠯᠠᠬᠤ ᠴᠢᠳᠠᠪᠤᠷᠢ ᠲᠠᠢ ᠰᠢᠨ᠎ᠡ ᠡᠨᠧᠷᠬᠢ ᠶᠢᠨ ᠰᠤᠷᠪᠤᠯᠵᠢ ᠶᠢᠨ ᠲᠦᠷᠦᠯ ᠵᠦᠢᠯ ᠪᠤᠯᠤᠨ᠎ᠠ᠃ ᠲᠦᠷᠦᠯ ᠵᠦᠢᠯ ᠨᠢ ᠨᠢᠭᠡ ᠰᠠᠭᠤᠷᠢ ᠡᠨᠧᠷᠬᠢ ᠬᠠᠳᠠᠭᠠᠯᠠᠬᠤ ᠴᠠᠬᠢᠯᠭᠠᠨ ᠦᠷᠳᠡᠭᠡ ᠶᠢ ᠪᠠᠶᠢᠭᠤᠯᠵᠤ᠂ ᠡᠭᠦᠨ ᠳᠤ 25MW᠎ ᠶᠢᠨ ᠹᠤᠰᠹᠤᠷ ᠬᠦᠴᠢᠯ ᠤᠨ ᠲᠡᠮᠤᠷ ᠯᠢᠲ᠋ᠢ ᠶᠢᠨ ᠴᠠᠬᠢᠯᠭᠠᠨ ᠴᠡᠨᠡᠭ ᠤᠨ ᠡᠨᠧᠷᠬᠢ ᠬᠠᠳᠠᠭᠠᠯᠠᠬᠤ ᠰᠢᠰᠲ᠋ᠧᠮ᠂ 4×1.8MW ᠴᠠᠶᠢᠶ᠋ᠢᠦ ᠲᠤᠰᠤᠨ ᠤ ᠴᠠᠬᠢᠯᠭᠠᠨ ᠭᠠᠷᠭᠠᠬᠤ ᠮᠠᠰᠢᠨ ᠤ ᠰᠢᠰᠲ᠋ᠧᠮ ᠵᠢᠴᠢ ᠬᠠᠷᠠᠭᠠᠯᠵᠠᠭᠰᠠᠨ ᠴᠠᠬᠢᠯᠭᠠᠨ ᠲᠦᠭᠦᠭᠡᠷᠤᠮᠵᠢ ᠪᠠ ᠲᠤᠰᠠᠯᠠᠬᠤ ᠲᠦᠭᠦᠭᠡᠷᠤᠮᠵᠢ ᠬᠠᠮᠤᠷᠠᠭᠳᠠᠵᠤ ᠪᠠᠶᠢᠬᠤ ᠪᠠᠷ ᠪᠠᠷᠠᠬᠤ ᠦᠭᠡᠢ ᠪᠠᠰᠠ ᠨᠢᠭᠡ ᠢᠵᠢ ︽ᠴᠠᠬᠢᠯᠭᠠᠨ ᠰᠤᠷᠪᠤᠯᠵᠢ᠂ ᠴᠠᠬᠢᠯᠭᠠᠨ ᠲᠣᠣᠷ᠂ ᠳᠠᠭᠠᠭᠠᠴᠠ᠂ ᠨᠦᠭᠡᠴᠡ︾᠎ ᠶᠢ ᠨᠢᠭᠡ ᠴᠤᠭᠴᠠᠵᠢᠭᠤᠯᠤᠭᠰᠠᠨ ᠡᠵᠡᠮᠳᠡᠨ ᠬᠠᠮᠢᠶᠠᠷᠬᠤ ᠰᠢᠰᠲ᠋ᠧᠮ ᠢ ᠪᠠᠶᠢᠭᠤᠯᠵᠤ᠂ ᠲᠤᠰ ᠲᠦᠷᠦᠯ ᠵᠦᠢᠯ ᠢ ᠪᠠᠶᠢᠭᠤᠯᠤᠭᠰᠠᠨ ᠨᠢ 10 ᠺᠢᠯᠤᠸᠤᠯᠲ ᠶᠢᠨ ᠴᠠᠬᠢᠯᠭᠠᠨ ᠲᠤᠤᠷ ᠤᠨ ᠬᠤᠤᠰ       ᠪᠤᠴᠠᠯᠳᠠ ᠲᠠᠢ ᠵᠡᠷᠭᠡᠪᠡᠷ  ᠠᠵᠢᠯᠯᠠᠭᠤᠯᠵᠤ᠂ ︽ᠰᠠᠯᠬᠢ᠂ ᠭᠡᠷᠡᠯ᠂ ᠴᠠᠶᠢᠶ᠋ᠢᠦ᠂ ᠬᠠᠳᠠᠭᠠᠯᠠᠭᠳᠠᠴᠠ︾᠎ ᠶᠢ ᠬᠠᠮᠳᠤᠪᠡᠷ ᠠᠵᠢᠯᠯᠠᠭᠤᠯᠬᠤ ᠶᠢ ᠪᠡᠶᠡᠯᠡᠬᠦᠯᠦᠨ᠂ ᠴᠠᠬᠢᠯᠭᠠᠨ ᠲᠤᠤᠷ ᠤᠨ ᠬᠤᠭᠤᠷᠤᠨᠳᠤ ᠪᠠᠨ ᠬᠠᠷᠢᠯᠴᠠᠨ ᠨᠥᠭᠡᠴᠡᠯᠡᠨ       ᠪᠡᠯᠡᠳᠭᠡᠬᠦ ᠶᠢ ᠪᠡᠶᠡᠯᠡᠭᠦᠯᠵᠤ᠂ ᠪᠤᠶᠢᠳᠠ ᠪᠦᠭᠯᠡᠬᠦᠤ ᠭᠠᠵᠠᠷ ᠤᠷᠤᠨ ᠤ ᠴᠠᠬᠢᠯᠠᠭᠠᠨ ᠬᠠᠩᠭᠠᠯᠭ᠎ᠠ ᠶᠢᠨ ᠲᠤᠭᠲᠠᠪᠤᠷᠢ ᠦᠭᠡᠢ ᠠᠰᠠᠭᠤᠳᠠᠯ ᠢ ᠪᠦᠳᠦᠮᠵᠢᠲᠠᠢ ᠰᠢᠢᠳᠪᠤᠷᠢᠯᠡᠨ᠎ᠡ᠃      ᠡᠵᠡᠨ᠎ᠡ ᠴᠠᠬᠢᠯᠭᠠᠨ ᠬᠠᠩᠭᠠᠬᠤ ᠺᠤᠮᠫᠠᠨᠢ ᠶᠢᠨ ᠲᠡᠳ᠋ ᠲᠠᠭᠠᠭᠠᠮᠠᠯ ᠶᠠᠩ ᠰᠢᠤᠸᠠᠢ ᠯᠢᠨ᠄ ︽ᠤᠯᠠᠨ       ᠴᠢᠳᠠᠮᠵᠢ ᠶᠢ ᠨᠢᠭᠡ ᠴᠤᠭᠴᠠᠵᠢᠭᠤᠯᠤᠭᠰᠠᠨ ᠪᠢᠴᠢᠯ ᠴᠠᠬᠢᠯᠭᠠᠨ ᠲᠤᠤᠷ ᠤᠨ ᠵᠢᠱᠢᠶ᠎ᠡ ᠦᠵᠡᠬᠦᠯᠬᠦ ᠲᠦᠷᠦᠯ ᠵᠦᠢᠯ ᠪᠠᠶᠢᠭᠤᠯᠤᠭᠳᠠᠭᠰᠠᠨ ᠤ ᠲᠠᠷᠠᠭ᠎ᠠ᠂ ᠡᠵᠡᠨ᠎ᠡ  ᠬᠤᠰᠢᠭᠤᠨ ᠳᠤ ᠤᠯᠠᠨ ᠡᠰᠢᠳᠤ ᠴᠠᠬᠢᠯᠭᠠᠨ ᠬᠠᠩᠭᠠᠬᠤ ᠵᠠᠭᠪᠤᠷ ᠢ ᠪᠤᠢ ᠪᠤᠯᠭᠠᠵᠤ᠂ ᠴᠠᠬᠢᠯᠭᠠᠨ ᠬᠠᠩᠭᠠᠯᠳᠠ ᠶᠢᠨ ᠨᠠᠶᠢᠳᠠᠪᠤᠷᠢᠳᠤ ᠴᠢᠨᠠᠷ ᠢ ᠶᠡᠬᠡᠪᠡᠷ ᠲᠡᠭᠡᠭᠰᠢᠯᠡᠬᠦᠯᠪᠡ︾ ᠭᠡᠯ᠎ᠡ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号