ᠯᠢᠨ ᠾᠧ ᠠᠴᠠ ᠬᠠᠮᠢ ᠬᠦᠷᠬᠦ ᠳᠠᠮᠤᠷ ᠵᠠᠮ ᠤᠨ ᠥᠪᠣᠷ ᠮᠣᠩᠭᠤᠯ ᠳᠠᠬᠢ ᠭᠡᠰᠡᠭ ᠤᠨ ᠡᠵᠡᠨ᠎ᠡ ᠬᠤᠰᠢᠭᠤᠨ ᠤ ᠬᠦᠷᠡᠩ ᠨᠢᠷᠤᠭᠤ ᠥᠷᠲᠡᠭᠡ ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2023/1/6
      2022 ᠣᠨ ᠤ 12 ᠳ᠋ᠦ᠋ᠭᠡᠷ ᠰᠠᠷ᠎ᠠ ᠶᠢᠨ 31᠎ ᠤ ᠡᠳᠣᠷ᠂ ᠯᠢᠨ ᠾᠧ — ᠬᠠᠮᠢ ᠬᠦᠷᠬᠦ ᠳᠠᠮᠤᠷ ᠵᠠᠮ ᠤᠨ ᠥᠪᠣᠷ ᠮᠣᠩᠭᠤᠯ ᠳᠠᠬᠢ ᠭᠡᠰᠡᠭ ᠤᠨ ᠡᠵᠡᠨ᠎ᠡ ᠬᠤᠰᠢᠭᠤᠨ ᠤ ᠬᠦᠷᠡᠩ ᠨᠢᠷᠤᠭᠤ ᠥᠷᠲᠡᠭᠡ ᠲᠡᠷᠭᠡ ᠨᠡᠪᠲᠡᠷᠡᠪᠡ᠃ ᠡᠨᠡ ᠨᠢ ᠳᠣᠮᠳᠠᠳᠣ ᠣᠯᠤᠰ ᠤᠨ ᠳᠠᠮᠤᠷ ᠵᠠᠮ ᠤᠨ ᠵᠢᠷᠭᠤᠳᠤᠭᠠᠷ ᠳᠤᠪᠴᠢᠶᠠᠨ ᠤ ᠬᠥᠬᠡᠬᠤᠳᠠ ᠳᠡᠮᠣᠷ ᠵᠠᠮ ᠤᠨ ᠪᠦᠳᠦᠭᠡᠨ ᠪᠠᠶᠢᠭᠤᠯᠣᠯᠳᠠ ᠶᠢᠨ ᠺᠣᠮᠫᠠᠨᠢ ᠶᠢᠨ ᠳᠠᠭᠠᠭᠠᠴᠢᠯᠠᠨ ᠪᠠᠶᠢᠭᠤᠯᠣᠭᠰᠠᠨ ᠯᠢᠨ ᠾᠧ ᠠᠴᠠ ᠬᠠᠮᠢ ᠬᠦᠷᠬᠦ ᠳᠠᠮᠤᠷ ᠵᠠᠮ ᠤᠨ ᠥᠪᠣᠷ ᠮᠣᠩᠭᠤᠯ ᠳᠠᠬᠢ ᠴᠢᠳᠠᠮᠵᠢ ᠶᠢ ᠥᠷᠭᠡᠳᠬᠡᠨ ᠥᠭᠡᠷᠡᠴᠢᠯᠡᠬᠦ ᠢᠨᠵᠧᠨᠧᠷᠢᠩ ᠠᠮᠵᠢᠯᠲᠠ ᠣᠯᠵᠤ᠂ ᠮᠠᠨ ᠤ ᠠᠶᠢᠮᠠᠭ ᠤᠨ ᠳᠠᠮᠣᠷ ᠵᠠᠮ ᠤᠨ ᠥᠷᠬᠦᠯᠵᠢᠬᠦᠶᠢᠴᠡ ᠬᠦᠭᠵᠢᠯᠲᠡ ᠶᠢ ᠳᠦᠯᠬᠢᠨ ᠠᠬᠢᠭᠤᠯᠬᠤ ᠳᠣᠮᠳᠠ ᠪᠠᠰᠠ ᠴᠢᠬᠤᠯᠡ ᠨᠢᠭᠡ ᠠᠯᠬᠤᠮ ᠠᠯᠬᠤᠭᠰᠠᠨ ᠢ ᠬᠠᠷᠠᠭᠤᠯᠵᠤ ᠪᠠᠶᠢᠨ᠎ᠠ᠃      ᠯᠢᠨ ᠾᠧ — ᠬᠠᠮᠢ ᠬᠦᠷᠬᠦ ᠲᠡᠮᠦᠷ ᠵᠠᠮ ᠤᠨ ᠲᠡᠭᠡᠭᠡᠪᠦᠷᠢ ᠶᠢᠨ ᠴᠢᠳᠠᠪᠤᠷᠢ ᠶᠢ ᠳᠡᠭᠡᠭᠰᠢᠯᠡᠭᠦᠯᠵᠦ᠂ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠲᠡᠮᠦᠷ ᠵᠠᠮ ᠤᠨ ᠪᠠᠷᠠᠭᠠᠨ ᠤ ᠲᠡᠭᠡᠭᠡᠪᠦᠷᠢ ᠶᠢᠨ ᠬᠡᠷᠡᠭᠴᠡᠭᠡ ᠱᠠᠭᠠᠷᠳᠠᠯᠭ᠎ᠠ ᠶᠢ ᠭᠦᠢᠴᠡᠳ ᠬᠠᠩᠭᠠᠬᠤ ᠶᠢᠨ ᠳᠣᠰᠠᠳᠠ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠡᠮᠦᠷ ᠵᠠᠮ ᠤᠨ ᠬᠥᠭᠵᠢᠯᠲᠡ ᠶᠢᠨ ᠲᠥᠯᠦᠪᠵᠢᠭᠦᠯᠭᠡ︾ ᠪᠠ ︽ᠠᠯᠠᠱᠠ ᠠᠶᠢᠮᠠᠭ ᠤᠨ ︿ᠠᠷᠪᠠᠨ ᠳᠥᠷᠪᠡᠳᠦᠭᠡᠷ ᠲᠠᠪᠤᠨ ᠵᠢᠯ﹀᠎ ᠤᠨ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠬᠥᠭᠵᠢᠯᠲᠡ ᠶᠢᠨ ᠲᠥᠯᠦᠪᠵᠢᠭᠦᠯᠭᠡ︾᠎ ᠶᠢᠨ ᠲᠣᠬᠢᠷᠠᠭᠤᠯᠤᠯᠲᠠ ᠶᠣᠰᠣᠭᠠᠷ᠂ ᠵᠠᠮ ᠳᠠᠭᠠᠤ ᠳᠤ 8 ᠭᠠᠵᠠᠷ ᠭᠠᠯᠳᠤ ᠲᠡᠷᠭᠡ ᠥᠩᠭᠡᠷᠡᠬᠦ ᠥᠷᠲᠡᠭᠡ ᠶᠢ ᠰᠢᠨ᠎ᠡ ᠪᠠᠷ ᠪᠠᠶᠢᠭᠤᠯᠵᠤ᠂ ᠡᠭᠦᠨ ᠳᠤ 2022 ᠣᠨ ᠳᠤ 3 ᠭᠠᠵᠠᠷ ᠭᠠᠯᠳᠤ ᠲᠡᠷᠭᠡ ᠥᠩᠭᠡᠷᠡᠬᠦ ᠥᠷᠲᠡᠭᠡ ᠶᠢ ᠪᠠᠶᠢᠭᠤᠯᠣᠨ᠂ 2023 ᠣᠨ ᠳᠤ 5 ᠭᠠᠵᠠᠷ ᠭᠠᠯᠳᠤ ᠲᠡᠷᠭᠡ ᠥᠩᠭᠡᠷᠡᠬᠦ ᠥᠷᠲᠡᠭᠡ ᠶᠢ ᠪᠠᠶᠢᠭᠤᠯᠬᠤ ᠪᠠᠷ ᠪᠤᠢ᠃ 2022 ᠣᠨ ᠳᠤ ᠲᠠᠯ᠎ᠠ ᠶᠢᠨ ᠭᠦᠨ ᠲᠡᠷᠭᠡᠨ ᠦᠷᠳᠡᠭᠡ᠂ ᠬᠠᠶᠢᠷᠬᠠᠨ ᠲᠡᠷᠭᠡᠨ ᠦᠷᠳᠡᠭᠡ᠂ ᠬᠦᠷᠡᠩ ᠨᠢᠷᠣᠭᠤ ᠲᠡᠷᠭᠡᠨ ᠦᠷᠳᠡᠭᠡ ᠶᠢᠨ 3 ᠭᠠᠵᠠᠷ ᠤᠨ ᠭᠠᠯᠳᠤ ᠲᠡᠷᠭᠡ ᠥᠩᠭᠡᠷᠡᠬᠦ ᠦᠷᠳᠡᠭᠡ ᠶᠢ ᠰᠢᠨ᠎ᠡ ᠪᠠᠷ ᠪᠠᠶᠢᠭᠤᠯᠵᠤ᠂ ᠴᠥᠮ ᠳᠤᠮᠳᠠᠳᠤ ᠤᠯᠤᠰ ᠤᠨ ᠲᠡᠮᠦᠷ ᠵᠠᠮ ᠤᠨ ᠵᠢᠷᠭᠤᠳᠤᠭᠠᠷ ᠲᠣᠪᠴᠢᠶ᠎ᠠ ᠶᠢᠨ ᠬᠥᠬᠡᠬᠤᠲᠠ ᠶᠢᠨ ᠲᠡᠮᠦᠷ ᠵᠠᠮ ᠤᠨ ᠪᠠᠷᠢᠯᠭ᠎ᠠ ᠶᠢᠨ ᠺᠣᠮᠫᠠᠨᠢ ᠠᠴᠠ ᠬᠠᠷᠢᠭᠤᠴᠠᠨ ᠪᠥᠲᠥᠭᠡᠨ ᠪᠠᠶᠢᠭᠤᠯᠵᠠᠢ᠃ ᠲᠣᠰ ᠢᠨᠵᠧᠨᠧᠷᠢᠩ ᠨᠢ ᠭᠤᠣᠯᠳᠠᠭᠤ ᠭᠤᠷᠪᠠᠨ ᠥᠷᠲᠡᠭᠡ ᠠᠴᠠ 2 ᠰᠠᠴᠤᠷᠠᠭᠤᠯᠬᠤ ᠱᠤᠭᠤᠮ ᠢ ᠰᠢᠨ᠎ᠡ ᠪᠠᠷ ᠪᠠᠶᠢᠭᠤᠯᠵᠤ᠂ ᠪᠠᠰᠠ 1 ᠥᠷᠲᠡᠭᠡᠨ ᠤ ᠪᠠᠶᠢᠷᠢ ᠶᠢᠨ ᠲᠠᠪᠴᠠᠩ᠂ 1 ᠳᠣᠬᠢᠶᠠᠨ ᠤ ᠠᠰᠠᠷ᠂ 1 ᠴᠢᠮᠡᠭᠡ ᠬᠤᠯᠪᠣᠭᠠᠨ ᠤ ᠲᠡᠮᠦᠷ ᠰᠤᠪᠤᠷᠭ᠎ᠠ ᠪᠠᠶᠢᠭᠤᠯᠣᠨ᠂ ᠡᠭᠦᠨ ᠳᠤ ᠥᠷᠲᠡᠭᠡᠨ ᠤ ᠱᠤᠭᠤᠮ ᠳᠤ 7.7 ᠺᠢᠯᠣᠮᠧᠲᠷ ᠲᠡᠮᠦᠷ ᠵᠠᠮ ᠳᠡᠪᠢᠰᠴᠦ᠂ ᠵᠠᠮ ᠵᠠᠯᠭᠠᠭᠤᠷ ᠢ 12 ᠳᠤᠭᠤᠶᠢᠯᠠᠩ ᠰᠢᠨ᠎ᠡ ᠪᠠᠷ ᠳᠠᠪᠢᠰᠣᠨ᠂ ᠰᠢᠨ᠎ᠡ ᠪᠠᠷ ᠪᠠᠶᠢᠭᠤᠯᠤᠭᠰᠠᠨ ᠭᠡᠷ ᠪᠠᠶᠢᠰᠢᠩ ᠤᠨ ᠶᠡᠷᠦᠩᠬᠡᠢ ᠲᠠᠯᠠᠪᠠᠶ 1500 ᠲᠡᠭᠰᠢ ᠳᠥᠷᠪᠡᠯᠵᠢᠨ ᠮᠧᠲᠷ᠂ ᠲᠠᠯᠠᠪᠤᠷ ᠤᠨ ᠬᠠᠲᠠᠭᠤᠷᠠᠯ 4500 ᠲᠡᠭᠰᠢ ᠳᠥᠷᠪᠡᠯᠵᠢᠨ ᠮᠧᠲᠷ ᠵᠢᠴᠢ ᠴᠢᠮᠡᠭᠡ ᠬᠤᠯᠪᠣᠭ᠎ᠠ᠂ ᠳᠣᠬᠢᠶ᠎ᠠ᠂ ᠮᠡᠳᠡᠭᠡ ᠵᠠᠩᠭᠢ᠂ ᠴᠠᠬᠢᠯᠭᠠᠨ ᠬᠦᠴᠦᠨ ᠵᠡᠷᠭᠡ ᠬᠠᠮᠢᠶ᠎ᠠ ᠪᠦᠬᠦᠢ ᠢᠵᠢ ᠪᠦᠷᠢᠳᠦᠭᠦᠯᠬᠦ ᠪᠠᠷᠢᠯᠭ᠎ᠠ ᠤᠳ ᠪᠠᠭᠳᠠᠵᠤ ᠪᠤᠢ᠃      ᠤᠶᠢᠯᠠᠭᠠᠭᠰᠠᠨ ᠢᠶᠠᠷ᠂ ᠯᠢᠨ ᠾᠧ ᠠᠴᠠ ᠬᠠᠮᠢ ᠬᠦᠷᠬᠦ ᠲᠡᠮᠦᠷ ᠵᠠᠮ ᠨᠢ  ᠵᠡᠭᠦᠨ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠤᠭᠤᠲᠤ — ᠯᠠᠨᠵᠧᠦ ᠬᠦᠷᠬᠦ ᠲᠡᠮᠦᠷ ᠵᠠᠮ ᠤᠨ ᠯᠢᠨ ᠾᠧ ᠥᠷᠲᠡᠭᠡ ᠠᠴᠠ ᠡᠬᠢ ᠠᠪᠴᠤ᠂ ᠪᠠᠷᠠᠭᠤᠨᠰᠢ ᠪᠠᠨ ᠤᠯᠠᠭᠠᠨᠪᠤᠬ᠎ᠠ ᠶᠢᠨ ᠡᠯᠡᠰᠦᠨ ᠴᠥᠯ ᠢ ᠳᠠᠭᠠᠷᠢᠨ᠂ ᠠᠯᠠᠱᠠ ᠠᠶᠢᠮᠠᠭ ᠤᠨ  ᠰᠤᠪᠨᠠᠭᠤᠷ ᠤᠨ ᠬᠤᠶᠢᠲᠤ ᠪᠡᠶ᠎ᠡ ᠳᠤ ᠬᠥᠷᠴᠤ᠂ ᠡᠵᠡᠨ᠎ᠡ ᠬᠤᠰᠢᠭᠤ ᠪᠠᠷ ᠥᠩᠭᠡᠷᠡᠨ᠂ ᠳᠤᠮᠳᠠᠳᠤ ᠮᠣᠩᠭᠤᠯ ᠤᠨ ᠬᠢᠯᠢ ᠳᠠᠬᠢ ᠪᠠᠳᠠᠢ ᠶᠢᠨ ᠵᠢᠷᠠᠨ ᠤ ᠡᠯᠡᠰᠦᠨ ᠤ ᠬᠤᠶᠢᠲᠤ ᠵᠠᠬ᠎ᠠ ᠶᠢ ᠳᠠᠭᠠᠵᠤ᠂ ᠭᠠᠨᠰᠤ ᠮᠤᠵᠢ ᠶᠢᠨ ᠰᠦᠪᠧᠢ ᠰᠢᠶᠠᠨ ᠢᠶᠠᠷ ᠥᠩᠭᠡᠷᠡᠨ ᠰᠢᠨᠵᠢᠶᠠᠩ ᠤᠨ ᠤᠶᠢᠭᠤᠷ ᠤᠨ ᠥᠪᠡᠷᠲᠡᠭᠡᠨ ᠵᠠᠰᠠᠬᠤ ᠣᠷᠣᠨ ᠳᠤ ᠬᠥᠷᠴᠤ ᠂ ᠯᠠᠨ ᠰᠢᠨ ᠲᠡᠮᠦᠷ ᠵᠠᠮ ᠤᠨ ᠬᠠᠮᠢ ᠦᠷᠳᠡᠭᠡ ᠲᠠᠢ ᠵᠠᠯᠭᠠᠯᠳᠤᠭᠰᠠᠨ ᠨᠢᠭᠡᠨ ᠪᠠᠷᠠᠭᠠᠨ ᠤ ᠲᠡᠭᠡᠭᠡᠪᠦᠷᠢ ᠪᠠᠷ ᠭᠤᠣᠯ ᠪᠣᠯᠭᠠᠵᠤ᠂ ᠠᠶᠠᠨᠴᠢᠳ ᠤᠨ ᠲᠡᠭᠡᠭᠡᠪᠦᠷᠢ ᠶᠢ ᠬᠠᠮᠲᠤ ᠳᠤᠨᠢ ᠬᠠᠷᠠᠭᠠᠯᠵᠠᠭᠰᠠᠨ ᠭᠤᠣᠯ ᠱᠤᠭᠤᠮ ᠤᠨ ᠲᠡᠮᠦᠷ ᠵᠠᠮ ᠪᠣᠯᠬᠤ ᠪᠥᠭᠡᠳ ᠪᠠᠰᠠ ᠴᠤ ᠠᠯᠠᠱᠠ ᠠᠶᠢᠮᠠᠭ ᠤᠨ ᠬᠢᠯᠢ ᠶᠢᠨ ᠳᠣᠲᠣᠷᠠᠬᠢ ᠲᠡᠭᠡᠭᠡᠪᠦᠷᠢ ᠡᠵᠡᠩᠨᠡᠯᠲᠡ ᠶᠢᠨ ᠱᠤᠭᠤᠮ ᠢᠶᠠᠷ ᠬᠠᠮᠤᠭ ᠤᠨ ᠤᠷᠳᠤ ᠤᠯᠤᠰ ᠤᠨ ᠲᠡᠰ ᠤᠨ ᠭᠤᠣᠯ ᠱᠤᠭᠤᠮ ᠤᠨ ᠲᠡᠮᠦᠷ ᠵᠠᠮ ᠪᠣᠯᠣᠨ᠎ᠠ᠃ ᠯᠢᠨ ᠾᠧ ︱ ᠬᠠᠮᠢ  ᠬᠦᠷᠬᠦ ᠲᠡᠮᠦᠷ ᠵᠠᠮ ᠨᠢ ᠰᠢᠨᠵᠢᠶᠠᠩ ᠠᠴᠠ ᠭᠠᠷᠴᠤ ᠵᠡᠭᠦᠨᠰᠢ ᠲᠢᠶᠠᠨᠵᠢᠨ ᠭᠠᠷᠠᠮ ᠬᠦᠷᠬᠦ ᠴᠢᠬᠤᠯᠠ ᠵᠠᠮ ᠱᠤᠭᠤᠮ ᠤᠨ ᠨᠢᠭᠡ ᠪᠠᠶᠢᠵᠤ᠂ ᠤᠯᠤᠰ ᠤᠨ ︽ᠨᠢᠭᠡ ᠪᠦᠰᠡ ᠨᠢᠭᠡ ᠵᠠᠮ︾ ᠎ ᠳᠤ ᠦᠢᠯᠡᠴᠢᠯᠡᠬᠦ ᠳᠣᠮᠳᠠ ᠢᠯᠡᠷᠬᠡᠢ ᠦᠢᠯᠡᠳᠦᠯ ᠲᠠᠢ ᠶᠤᠮ᠃
 
ᠢᠷᠡᠯᠲᠡ᠄ ᠡᠵᠡᠨ᠎ᠡ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号