ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ 45 ᠰᠠᠯᠪᠤᠷᠢ ᠪᠠᠭ᠎ᠠ ᠠᠩᠭᠢ ᠶᠢᠨ ᠬᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠥᠷᠨᠢᠭᠦᠯᠪᠡ
ᠨᠡᠶᠢᠲᠡᠯᠡᠭᠰᠡᠨ ᠴᠠᠭ᠄
2023/1/6
      ᠥᠷᠭᠡᠨ ᠣᠯᠠᠨ ᠲᠦᠮᠡᠨ ᠤ ᠡᠪᠡᠳᠴᠢᠨ ᠦᠵᠡᠭᠦᠯᠬᠦ᠂ ᠡᠮ ᠬᠡᠷᠡᠭᠯᠡᠬᠦ ᠵᠡᠷᠭᠡ ᠲᠠᠯ᠎ᠠ ᠶᠢᠨ ᠪᠣᠳᠠᠲᠠᠢ ᠠᠰᠠᠭᠤᠳᠠᠯ ᠢ ᠬᠠᠪᠰᠤᠷᠤᠨ ᠰᠢᠢᠳᠪᠦᠷᠢᠯᠡᠬᠦ ᠶᠢᠨ ᠲᠥᠯᠥᠭᠡ᠂ ᠡᠵᠡᠨ᠎ᠡ ᠬᠤᠰᠢᠭᠤᠨ ᠤ ᠳᠠᠯᠠᠶᠢᠬᠦ᠋ᠪ ᠪᠠᠯᠭᠠᠰᠤᠨ ᠤ ᠲᠤᠤᠷᠵᠢᠯ ᠤᠨ ᠬᠤᠪᠢᠶᠠᠷᠢᠯᠠᠯ ᠢ ᠦᠨᠳᠦᠰᠦᠯᠡᠨ ᠰᠡᠳᠬᠢᠯ ᠳᠤᠯᠠᠭᠠᠴᠠᠭᠤᠯᠬᠤ ᠦᠢᠯᠡᠴᠢᠯᠡᠭᠡᠨ ᠤ 45 ᠰᠠᠯᠪᠤᠷᠢ ᠪᠠᠭ᠎ᠠ ᠠᠩᠭᠢ ᠶᠢ ᠪᠠᠶᠢᠭᠤᠯᠵᠤ᠂ ᠭᠡᠷ ᠲᠡᠭᠡᠨ ᠭᠠᠭᠴᠠᠭᠠᠷ ᠰᠠᠭᠤᠭ᠎ᠠ ᠨᠠᠰᠤᠲᠠᠨ᠂ ᠬᠦᠴᠢᠷᠳᠡᠯ ᠳᠤ ᠲᠤᠯᠭᠠᠷᠠᠭᠰᠠᠨ ᠬᠡᠦᠬᠡᠳ᠂ ᠵᠢᠷᠮᠤᠰᠤᠯᠠᠵᠤ ᠬᠥᠩᠭᠡᠵᠢᠭᠰᠡᠨ ᠡᠮᠡᠭᠲᠡᠢ᠂ ᠬᠦᠨᠳᠦ ᠵᠡᠮᠳᠡᠭᠴᠦᠳ᠂ ᠬᠦᠨᠳᠦ ᠡᠪᠡᠳᠴᠢᠲᠡᠨ ᠵᠡᠷᠭᠡ ᠬᠥᠳᠡᠯᠵᠦ ᠪᠠᠷᠢᠬᠤ ᠳᠤ ᠳᠥᠭᠦᠮ ᠦᠭᠡᠢ᠂ ᠶᠠᠪᠤᠵᠤ ᠰᠠᠭᠤᠬᠤ ᠳᠤ ᠬᠦᠴᠢᠷᠲᠡᠢ ᠣᠨᠴᠤᠭᠤᠢ ᠬᠥᠮᠥᠰ ᠲᠤ ᠸᠠᠺᠼᠢᠨ ᠤ ᠲᠠᠷᠢᠯᠭ᠎ᠠ ᠬᠢᠬᠦ᠂ ᠡᠮᠨᠡᠯᠭᠡ ᠶᠢᠨ ᠬᠤᠷᠢᠶᠠᠨ ᠳᠤ ᠡᠪᠡᠳᠴᠢᠨ ᠦᠵᠡᠭᠦᠯᠬᠦ᠂ ᠣᠷᠣᠯᠠᠨ ᠬᠤᠳᠠᠯᠳᠤᠨ ᠠᠪᠴᠤ ᠣᠷᠣᠯᠠᠨ ᠭᠦᠢᠴᠡᠳᠬᠡᠬᠦ᠂ ᠭᠡᠮ ᠰᠣᠭᠤᠭ ᠢ ᠪᠠᠶᠢᠴᠠᠭᠠᠬᠤ ᠵᠡᠷᠭᠡ ᠠᠷᠠᠳ ᠲᠤ ᠲᠦᠭᠦᠮ ᠦᠵᠡᠭᠦᠯᠬᠦ ᠦᠢᠯᠡᠴᠢᠯᠡᠭᠡ ᠬᠠᠩᠭᠠᠨ᠎ᠠ᠃ ᠣᠳᠣᠬᠠᠨ ᠳᠤ᠂ ᠲᠣᠰ ᠠᠵᠢᠯ ᠶᠠᠭ ᠡᠮᠬᠢ ᠵᠢᠷᠤᠮ ᠲᠠᠢ ᠶᠠᠪᠤᠭᠳᠠᠵᠤ ᠪᠤᠢ᠃
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号