ᠡᠵᠡᠨ᠎ᠡ ᠬᠤᠰᠢᠭᠤᠨ ᠤ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ 2 ᠳ᠋ᠤᠭᠠᠷ ᠴᠢᠩᠭᠠᠳᠬᠠᠬᠤ ᠲᠠᠷᠢᠯᠭ᠎ᠠ ᠶᠢ ᠲᠠᠷᠢᠬᠤ ᠲᠤᠬᠠᠢ ᠮᠡᠳᠡᠭᠳᠡᠯ
ᠨᠡᠶᠢᠲᠡᠯᠡᠭᠰᠡᠨ ᠴᠠᠭ᠄
2023/1/9
      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠤᠳ ᠤᠨ ᠡᠷᠡᠭᠦᠯ ᠮᠡᠨᠳᠦ ᠶᠢ ᠪᠠᠲᠤᠯᠠᠬᠤ ᠶᠢᠨ ᠲᠥᠯᠥᠭᠡ᠂ ᠰᠢᠨ᠎ᠡ ᠲᠢᠲᠢᠮᠯᠢᠭ ᠤᠨ ᠸᠠᠺᠼᠢᠨ ᠤ 2 ᠳ᠋ᠤᠭᠠᠷ ᠴᠢᠩᠭᠠᠳᠬᠠᠬᠤ ᠲᠠᠷᠢᠯᠭ᠎ᠠ ᠶᠢ  ︵4 ᠳ᠋ᠦ᠋ᠭᠡᠷ ᠵᠡᠭᠦᠦ︶  ᠲᠠᠷᠢᠬᠤ ᠱᠠᠭᠠᠷᠳᠠᠯᠭ᠎ᠠ ᠶᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠬᠠᠷᠠᠯᠲᠠ ᠶᠢᠨ ᠬᠥᠮᠥᠰ      ᠣᠳᠣᠬᠢ ᠱᠠᠲᠤᠨ ᠳᠤ᠂ ᠨᠢᠭᠡᠳᠦᠭᠡᠷ ᠣᠳᠠᠭᠠᠨ ᠤ ︵3 ᠳ᠋ᠤᠭᠠᠷ ᠤᠳᠠᠭ᠎ᠠ︶ ᠡᠭᠡᠯᠢᠯᠡᠭᠡ ᠶᠢᠨ ᠲᠠᠷᠢᠯᠭ᠎ᠠ ᠶᠢ ᠴᠢᠩᠭᠠᠳᠬᠠᠭᠰᠠᠨ ᠰᠠᠭᠤᠷᠢᠨ ᠳᠡᠭᠡᠷ᠎ᠡ᠂ ᠬᠠᠯᠳᠠᠪᠤᠷᠢᠯᠠᠬᠤ ᠠᠶᠤᠯ ᠲᠦᠭᠰᠢᠭᠦᠷᠢ ᠶᠡᠬᠡᠲᠡᠢ ᠬᠥᠮᠥᠰ᠂ 60       ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠪᠦᠯᠦᠭ᠂ ᠨᠡᠯᠢᠶᠡᠳ ᠬᠦᠨᠳᠦ ᠨᠣᠴᠢᠲᠠᠢ ᠰᠠᠭᠤᠷᠢ ᠴᠢᠨᠠᠷᠲᠠᠢ ᠡᠪᠡᠳᠴᠢᠨ ᠲᠠᠢ ᠬᠥᠮᠥᠰ ᠪᠠ ᠡᠭᠡᠯᠢᠯᠡᠭᠡ ᠶᠢᠨ ᠴᠢᠳᠠᠪᠤᠷᠢ ᠪᠠᠷ ᠪᠠᠷᠤᠭᠲᠠᠢ ᠬᠥᠮᠥᠰ ᠤᠨ ᠳᠤᠮᠳᠠ ᠬᠤᠶᠠᠳᠠᠭᠢ ᠤᠳᠠᠭ᠎ᠠ ︵4 ᠳ᠋ᠦ᠋ᠭᠡᠷ ᠤᠳᠠᠭ᠎ᠠ︶ ᠡᠭᠡᠯᠢᠯᠡᠭᠡ ᠶᠢᠨ ᠴᠢᠩᠭᠠᠳᠬᠠᠬᠤ ᠲᠠᠷᠢᠯᠭ᠎ᠠ ᠶᠢ ᠲᠠᠷᠢᠨ᠎ᠠ᠃      ᠬᠤᠶᠠᠷ᠂ ᠴᠠᠭ ᠤᠨ ᠵᠠᠢ      1. ᠨᠢᠭᠡᠳᠦᠭᠡᠷ ᠤᠳᠠᠭᠠᠨ ᠤ ᠡᠭᠡᠯᠢᠯᠡᠭᠡ ᠶᠢ ᠴᠢᠩᠭᠠᠳᠬᠠᠬᠤ ︵3 ᠳ᠋ᠤᠭᠠᠷ ᠵᠡᠭᠦᠦ︶ ᠲᠠᠷᠢᠯᠠᠭ᠎ᠠ ᠶᠢ ᠲᠠᠷᠢᠭᠠᠳ 6 ᠰᠠᠷ᠎ᠠ ᠶᠢᠨ ᠳᠠᠷᠠᠭ᠎ᠠ ᠬᠤᠶᠠᠳᠤᠭᠠᠷ ᠤᠳᠠᠭᠠᠨ ᠤ ᠡᠭᠡᠯᠢᠯᠡᠭᠡ ᠶᠢᠨ ᠴᠢᠩᠭᠠᠳᠬᠠᠬᠤ ᠲᠠᠷᠢᠯᠭ᠎ᠠ ︵4 ᠳ᠋ᠦ᠋ᠭᠡᠷ         ᠵᠡᠭᠦᠦ︶᠎ ᠶᠢ ᠲᠠᠷᠢᠵᠤ ᠪᠣᠯᠣᠨ᠎ᠠ᠃      2. ᠰᠢᠨ᠎ᠡ ᠲᠢᠲᠢᠮᠯᠢᠭ ᠠᠷᠭ᠎ᠠ ᠴᠢᠨᠠᠷᠲᠠᠢ ᠡᠪᠡᠳᠴᠢᠲᠡᠨ᠂ ᠡᠷᠡᠭᠦᠯᠵᠢᠭᠰᠡᠨ ᠤ ᠳᠠᠷᠠᠭ᠎ᠠ 6 ᠰᠠᠷ᠎ᠠ ᠶᠢᠨ ᠠᠷᠤ ᠳᠠᠬᠢᠨ ᠨᠢᠭᠡ ᠤᠳᠠᠭ᠎ᠠ ᠡᠮ ᠲᠠᠷᠢᠵᠤ ᠪᠣᠯᠣᠨ᠎ᠠ᠃      3. ᠰᠢᠨ᠎ᠡ ᠲᠢᠲᠢᠮᠯᠢᠭ ᠠᠷᠭ᠎ᠠ ᠴᠢᠨᠠᠷ ᠲᠠᠢ ᠡᠪᠡᠳᠴᠢᠲᠡᠨ ᠳᠤ ᠲᠠᠷᠢᠯᠭ᠎ᠠ ᠬᠢᠵᠦ ᠪᠣᠯᠬᠤ ᠦᠭᠡᠢ᠃      4. 18 ᠨᠠᠰᠤᠨ ᠠᠴᠠ ᠳᠣᠭᠤᠭᠰᠢᠬᠢ ᠬᠤᠭᠤᠴᠠᠭᠠᠨ ᠳᠤ 2 ᠲᠠᠷᠢᠯᠭ᠎ᠠ ᠲᠠᠷᠢᠪᠠᠯ ᠪᠣᠯᠴᠢᠬᠠᠨ᠎ᠠ᠂ ᠴᠢᠩᠭᠠᠳᠬᠠᠬᠤ ᠲᠠᠷᠢᠯᠭ᠎ᠠ ᠶᠢ ᠲᠠᠷᠢᠬᠤ ᠦᠭᠡᠢ᠃      5. ᠰᠢᠨ᠎ᠡ ᠸᠠᠺᠼᠢᠨ ᠤ ᠲᠠᠷᠢᠯᠭ᠎ᠠ ᠬᠢᠭᠰᠡᠨ ᠤ ᠳᠠᠷᠠᠭ᠎ᠠ 48 ᠴᠠᠭ ᠤᠨ ᠳᠣᠲᠣᠷ᠎ᠠ ᠪᠥᠭᠡᠮ ᠬᠦᠴᠢᠯ ᠤᠨ ᠪᠠᠶᠢᠴᠠᠭᠠᠯᠲᠠ ᠬᠢᠵᠦ ᠪᠣᠯᠬᠤ ᠦᠭᠡᠢ᠃      ᠭᠤᠷᠪᠠ᠂ ᠲᠠᠷᠢᠯᠭ᠎ᠠ ᠬᠢᠬᠦ ᠴᠠᠭ᠄      ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠪᠣᠯᠲᠠᠯ᠎ᠠ ︵ᠪᠠᠶᠠᠷ ᠳᠤᠷᠠᠰᠬᠠᠯ ᠤᠨ ᠡᠳᠦᠷ᠂ ᠠᠮᠠᠷᠠᠯᠲᠠ ᠶᠢᠨ ᠡᠳᠦᠷ ᠪᠠᠭᠲᠠᠬᠤ ᠦᠭᠡᠢ︶      9᠄ 00 ︱ 11᠄ 30       15᠄ 00 ︱ 17᠄ 30 
 
ᠢᠷᠡᠯᠲᠡ᠄ ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号