ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠵᠡᠭᠡᠯᠢ ᠭᠤᠳᠤᠮᠵᠢ ᠶᠢᠨ ᠠᠯᠪᠠᠨ ᠭᠡᠷ᠂ ᠬᠤᠰᠢᠭᠤᠨ | ᠬᠠᠷᠢᠶ᠎ᠠ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠤᠯᠤᠰ ᠤᠨ ᠤᠮᠠᠷᠠᠰᠢ ᠨᠡᠭᠡᠭᠡᠯᠲᠡ | ᠬᠢᠬᠦ ᠴᠢᠬᠤᠯᠠ ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ | ᠦᠢᠯᠡᠴᠢᠯᠡᠵᠦ᠂ ᠥᠨᠳᠥᠷ ᠬᠢᠷᠢ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ | ᠡᠵᠡᠨ᠎ᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2023 ᠣᠨ ᠤ ᠨᠠᠢᠮᠠᠳᠤᠭᠠᠷ ᠤᠳᠠᠭᠠᠨ ᠤ | ᠪᠠᠶᠢᠩᠭᠤ ᠶᠢᠨ ᠬᠤᠷᠠᠯ ᠢᠶᠠᠷ ᠳᠡᠮᠵᠢᠨ ᠰᠤᠳᠤᠯᠤᠨ ᠪᠠᠲᠤᠯᠠᠭᠠᠳ᠂ ᠡᠳᠦᠭᠡ ︽ᠡᠵᠡᠨ᠎ᠡ ᠬᠤᠰᠢᠭᠤᠨ ᠤ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠡᠷᠡᠭᠵᠢᠭᠦᠯᠬᠦ ᠲᠥᠰᠥᠯ ︵2023 ︱ 2025 ᠣᠨ︶︾ | ᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ ᠤᠶᠠᠯᠳᠤᠭᠤᠯᠤᠨ᠂ ᠬᠢᠨᠠᠮᠠᠭᠠᠢ ᠵᠣᠬᠢᠶᠠᠨ ᠪᠠᠶᠢᠭᠤᠯᠤᠨ | ᠨᠠᠶᠢᠳᠠᠪᠤᠷᠢᠵᠢᠭᠤᠯᠲᠤᠭᠠᠢ᠃ | 2023 ᠣᠨ ᠤ 9 ᠰᠠᠷ᠎ᠠ ᠶᠢᠨ 26 ᠤ ᠡᠳᠦᠷ | | | ᠡᠵᠡᠨ᠎ᠡ ᠬᠤᠰᠢᠭᠤᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠡᠷᠡᠭᠵᠢᠭᠦᠯᠬᠦ ᠲᠥᠰᠥᠯ | ︵2023—2025 ᠣᠨ︶ | | ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ | ᠬᠥᠭᠦᠷᠭᠡᠨ ᠪᠠᠬᠢᠯᠡᠯᠲᠡ ᠶᠢᠨ ᠪᠦᠲᠦᠭᠡᠨ ᠪᠠᠶᠢᠭᠤᠯᠤᠯᠲᠠ ᠳᠤ ᠪᠥᠬᠦ ᠬᠦᠴᠦᠨ ᠢᠶᠠᠷ ᠢᠶᠠᠨ ᠦᠢᠯᠡᠴᠢᠯᠡᠨ᠂ ᠥᠨᠳᠥᠷ | ᠬᠢᠷᠢ ᠲᠦᠪᠰᠢᠨ ᠪᠦᠬᠦᠢ ᠨᠡᠭᠡᠭᠡᠯᠲᠡ ᠪᠠᠷ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠡᠳᠦᠭᠡ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠭᠤᠷᠪᠠᠨ | ᠵᠢᠯ ᠤᠨ ᠠᠵᠢᠯᠯᠠᠭ᠎ᠠ ᠶᠢᠨ ᠲᠥᠰᠥᠯ ︵ 2023 ︱ 2025 ᠣᠨ︶︾ ︽ᠠᠯᠠᠱᠠ ᠠᠶᠢᠮᠠᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢᠨ ᠬᠡᠷᠡᠭᠵᠢᠭᠦᠯᠬᠦ ᠲᠥᠰᠥᠯ ︵ 2023 ︱ 2025 ᠣᠨ︶︾ | ᠢ ᠦᠨᠳᠦᠰᠦᠯᠡᠬᠦ ᠶᠢᠨ ᠬᠠᠮᠲᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ ᠤᠶᠠᠯᠳᠤᠭᠤᠯᠤᠨ ᠲᠣᠰ ᠲᠥᠰᠥᠯ ᠢ | ᠲᠣᠭᠲᠠᠭᠠᠪᠠ᠃ | ᠨᠢᠭᠡ᠂ ᠶᠡᠷᠦᠩᠬᠡᠢ ᠱᠠᠭᠠᠷᠳᠠᠯᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ | ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ | ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠤᠯᠤᠰ ᠤᠨ ᠳᠣᠲᠣᠭᠠᠳᠤ ᠶᠢᠨ ᠪᠠ ᠳᠡᠯᠡᠬᠡᠢ ᠶᠢᠨ ᠬᠤᠶᠠᠷ ᠵᠠᠬ᠎ᠠ | ᠳᠡᠯᠭᠡᠭᠦᠷ ᠤᠨ ᠬᠤᠶᠠᠷ ᠵᠦᠢᠯ ᠤᠨ ᠡᠬᠢ ᠪᠠᠶᠠᠯᠢᠭ ᠢ ᠭᠦᠢᠴᠡᠳ ᠰᠠᠶᠢᠲᠤᠷ ᠠᠰᠢᠭᠯᠠᠵᠤ᠂ ᠥᠨᠳᠥᠷ ᠲᠦᠪᠰᠢᠨ | ᠪᠦᠬᠦᠢ ᠭᠠᠳᠠᠭᠠᠳᠤ ᠨᠡᠭᠡᠭᠡᠯᠲᠡ ᠶᠢ ᠠᠬᠢᠭᠤᠯᠵᠤ᠂ ᠨᠡᠭᠡᠭᠡᠯᠲᠡ ᠶᠢ ᠶᠡᠬᠡᠪᠡᠷ ᠠᠳᠬᠤᠵᠤ᠂ ᠠᠷᠠᠯᠵᠢᠶᠠᠴᠢᠨ ᠤᠷᠢᠬᠤ ᠶᠢ | ᠶᠡᠬᠡᠪᠡᠷ ᠠᠳᠬᠤᠵᠤ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠪᠣᠳᠠᠲᠤ | ᠴᠣᠭᠴᠠ ᠶᠢᠨ ᠠᠵᠤ ᠠᠬᠤᠢ ᠶᠢ ᠬᠦᠴᠦᠯᠡᠨ ᠪᠤᠵᠠᠭᠠᠶᠢᠷᠠᠭᠤᠯᠵᠤ᠂ ᠳᠠᠪᠠᠭᠤᠯᠢᠭ ᠠᠵᠤ ᠦᠢᠯᠡᠰ ᠤᠨ ᠪᠦᠯᠦᠭᠵᠢᠯ ᠢ | ᠴᠣᠭᠴᠠᠯᠠᠵᠤ᠂ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠥᠮ ᠢ ᠪᠠᠶᠢᠭᠤᠯᠵᠤ᠂ ᠠᠯᠠᠱᠠ ᠶᠢᠨ ᠴᠢᠨᠠᠷ ᠰᠠᠶᠢᠲᠠᠢ | ᠬᠥᠭᠵᠢᠯᠲᠡ ᠶᠢ ᠠᠬᠢᠭᠤᠯᠬᠤ ᠳᠤ ᠬᠥᠳᠡᠯᠭᠡᠬᠦ ᠬᠦᠴᠦᠨ ᠢ ᠬᠤᠷᠠᠮᠳᠤᠭᠤᠯᠵᠤ᠂ ᠳᠠᠪᠠᠭᠤᠯᠢᠭ ᠢ ᠵᠤᠵᠠᠭᠠᠳᠬᠠᠨ᠎ᠠ᠃ | ᠬᠤᠶᠠᠷ᠂ ᠭᠤᠣᠯ ᠬᠠᠷᠠᠯᠲᠠ | 3 ᠵᠢᠯ ᠤᠨ ᠴᠢᠷᠮᠠᠶᠢᠯᠭ᠎ᠠ ᠪᠠᠷ ᠳᠡᠮᠵᠢᠨ᠂ ᠪᠥᠬᠦ ᠬᠤᠰᠢᠭᠤᠨ ᠤ ᠠᠷᠠᠯᠵᠢᠶᠠᠴᠢᠨ ᠤᠷᠢᠵᠤ ᠪᠡᠯᠡ | ᠣᠷᠣᠭᠤᠯᠬᠤ ᠠᠵᠢᠯ ᠰᠢᠨ᠎ᠡ ᠳᠡᠭᠲᠡᠷ ᠲᠤ ᠭᠠᠷᠴᠤ᠂ ᠭᠤᠣᠯ ᠭᠦᠢᠴᠡᠳᠬᠡᠯ ᠲᠤᠭ᠎ᠠ ᠰᠢᠨ᠎ᠡ ᠰᠢᠪᠲᠤᠯᠤᠯᠲᠠ ᠲᠠᠢ | ᠪᠣᠯᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠤᠯᠠᠮ ᠨᠢᠭᠡ ᠠᠯᠬᠤᠮ ᠰᠢᠯᠢᠳᠡᠭᠵᠢᠨ ᠰᠠᠶᠢᠵᠢᠷᠠᠵᠤ᠂ ᠠᠵᠤ | ᠠᠬᠤᠶᠢᠯᠠᠯ ᠳᠤ ᠨᠠᠩ ᠰᠢᠯᠢᠳᠡᠭ ᠪᠥᠭᠡᠳ ᠥᠨᠳᠥᠷ ᠪᠦᠲᠦᠮᠵᠢᠲᠡᠶ ᠦᠢᠯᠡᠴᠢᠯᠡᠨ᠎ᠡ᠃ 2025 ᠣᠨ ᠪᠣᠯᠬᠤ ᠳᠤ᠂ | ᠤᠯᠤᠰ ᠤᠨ ᠳᠣᠲᠣᠭᠠᠳᠤ ᠶᠢᠨ ᠪᠣᠳᠠᠲᠠᠶᠢᠵᠢᠭᠤᠯᠤᠭᠰᠠᠨ ᠪᠡᠯᠡ ᠮᠥᠩᠭᠦ ᠶᠢ 100 ᠳ᠋ᠦᠩᠰᠢᠭᠤᠷ ᠲᠥᠭᠦᠷᠢᠭ ᠠᠴᠠ | ᠳᠠᠪᠠᠭᠤᠯᠬᠤ ᠪᠠᠷ ᠴᠢᠷᠮᠠᠶᠢᠵᠤ᠂ ᠵᠢᠯ ᠪᠦᠷᠢ ᠳᠤᠮᠳᠠᠴᠢ ᠪᠠᠷ 20% ᠠᠴᠠ ᠳᠡᠭᠡᠭᠰᠢ ᠨᠡᠮᠡᠭᠳᠡᠭᠦᠯᠦᠨ᠎ᠡ᠃ | ᠭᠤᠷᠪᠠ᠂ ᠭᠤᠣᠯᠳᠠᠯᠭ᠎ᠠ ᠲᠠᠢ ᠡᠭᠦᠷᠭᠡ | ︵ᠨᠢᠭᠡ︶ ᠭᠤᠣᠯᠳᠠᠯᠭ᠎ᠠ ᠲᠠᠢ ᠠᠵᠤ ᠦᠢᠯᠡᠰ ᠤᠨ ᠬᠤᠳᠠᠯᠳᠤᠭᠠᠴᠢᠨ ᠤᠷᠢᠬᠤ ᠶᠢ ᠳᠣᠪᠤᠶᠢᠯᠭᠠᠨ᠎ᠠ᠃ | ᠰᠢᠨ᠎ᠡ ᠡᠨᠧᠷᠭᠢ ᠶᠢᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠴᠠᠬᠢᠯᠭᠠᠨ ᠭᠠᠷᠭᠠᠵᠤ | ᠴᠠᠬᠢᠯᠭᠠᠨ ᠬᠡᠷᠡᠭᠯᠡᠬᠦ᠂ ᠣᠶᠢᠷ᠎ᠠ ᠬᠠᠪᠢ ᠳᠠᠭᠠᠨ ᠰᠢᠩᠭᠡᠬᠡᠨ ᠠᠪᠬᠤ ᠶᠢ ᠪᠣᠳᠣᠯᠬᠢᠯᠠᠨ᠂ ᠪᠥᠬᠦ ᠠᠵᠤ ᠦᠢᠯᠡᠰ ᠤᠨ | ᠬᠡᠯᠬᠢᠶᠡᠵᠢᠯ ᠢᠶᠠᠷ ᠬᠤᠳᠠᠯᠳᠤᠭᠠᠴᠢᠨ ᠤᠷᠢᠬᠤ ᠶᠢ ᠥᠷᠨᠢᠭᠦᠯᠵᠦ᠂ ᠰᠠᠯᠬᠢᠨ ᠬᠦᠴᠦᠨ ᠤ ᠴᠠᠬᠢᠯᠭᠠᠨ ᠬᠡᠷᠡᠯ ᠸᠣᠯᠲ᠂ | ᠣᠷᠭᠠᠨᠢᠭ ᠴᠠᠬᠢᠭᠤᠷ᠂ ᠤᠰᠤᠲᠥ᠋ᠷᠥᠭᠴᠢ ᠡᠨᠧᠷᠭᠢ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ | ᠠᠪᠴᠢᠷᠠᠵᠤ᠂ ᠳᠡᠭᠡᠳᠦ ᠮᠡᠷᠭᠡᠵᠢᠯ᠂ ᠭᠠᠷᠤᠯᠲᠠ ᠶᠡᠬᠡᠲᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠵᠤ | ᠦᠢᠯᠡᠰ ᠤᠨ ᠲᠥᠷᠥᠯ ᠵᠦᠢᠯ ᠤᠨ ᠰᠢᠯᠵᠢᠯᠲᠡ ᠶᠢ ᠢᠳᠡᠪᠬᠢᠲᠡᠢ ᠪᠠᠷ ᠵᠠᠯᠭᠠᠨ ᠠᠪᠤᠨ᠎ᠠ᠃ ᠡᠵᠡᠨ᠎ᠡ ᠬᠤᠰᠢᠭᠤᠨ ᠤ | ᠬᠤᠶᠢᠲᠤ ᠠᠭᠤᠯᠠ ᠶᠢᠨ ᠠᠭᠤᠷᠬᠠᠢ ᠪᠦᠲᠦᠭᠰᠡᠨ ᠪᠦᠰᠡ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠡᠯᠪᠡᠭ | ᠳᠡᠯᠪᠡᠭ ᠪᠠᠶᠢᠬᠤ ᠪᠠ ᠴᠡᠭᠡ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠨᠡᠭᠦᠷᠡᠰᠦᠨ ᠤ ᠳᠠᠪᠠᠭᠤᠯᠢᠭ ᠢ | ᠭᠦᠢᠴᠡᠳ ᠪᠠᠳᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠳᠤᠮᠳᠠ ᠳᠣᠣᠷᠠᠳᠤ ᠤᠷᠤᠰᠬᠠᠯ ᠤᠨ | ᠬᠤᠳᠠᠯᠳᠤᠭᠠᠴᠢᠨ ᠤᠷᠢᠬᠤ ᠪᠠᠷ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠬᠤᠳᠠᠯᠳᠤᠭᠠᠴᠢᠨ ᠢᠶᠠᠷ | ᠬᠤᠳᠠᠯᠳᠤᠭᠠᠴᠢᠨ ᠤᠷᠢᠬᠤ ᠶᠢ ᠶᠡᠬᠡᠪᠡᠷ ᠥᠷᠨᠢᠭᠦᠯᠵᠦ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ᠂ ᠪᠤᠷᠬᠠᠨ ᠤ | ᠬᠢᠮᠢ ᠶᠢᠨ ᠠᠵᠤ ᠦᠢᠯᠡᠳᠪᠦᠷᠢ ᠵᠡᠷᠭᠡ ᠲᠥᠷᠥᠯ ᠵᠦᠢᠯ ᠢ ᠣᠷᠣᠭᠤᠯᠬᠤ ᠶᠢ ᠲᠦᠷᠭᠡᠳᠬᠡᠬᠦ ᠬᠡᠷᠡᠭᠲᠡᠢ︔ ᠰᠠᠨᠰᠠᠷ ᠤᠨ | ᠠᠶᠠᠯᠠᠯ ᠤᠨ ᠰᠠᠭᠤᠷᠢᠨ ᠭᠠᠵᠠᠷ ᠲᠤ ᠲᠦᠰᠢᠭᠯᠡᠨ᠂ ᠬᠤᠳᠠᠯᠳᠤᠭᠠᠨ ᠤ ᠰᠠᠨᠰᠠᠷ ᠤᠨ ᠠᠶᠠᠯᠠᠯ ᠵᠡᠷᠭᠡ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ ᠲᠥᠷᠥᠯ ᠵᠦᠢᠯ ᠢ ᠶᠡᠬᠡᠪᠡᠷ ᠣᠷᠣᠭᠤᠯᠤᠨ᠂ ᠲᠡᠮᠡᠭᠡᠨ ᠨᠣᠯᠤᠤᠷ᠂ | ᠢᠮᠠᠭᠠᠨ ᠨᠣᠯᠤᠤᠷ᠂ ᠲᠡᠮᠡᠭᠡᠨ ᠰᠦ᠋᠂ ᠴᠠᠭᠠᠨ ᠭᠤᠶᠣᠣ᠂ ᠰᠦᠥᠸ᠋ ᠶᠠᠩ ᠵᠡᠷᠭᠡ ᠣᠨᠴᠠᠯᠢᠭᠲᠤ ᠲᠠᠷᠢᠶᠠᠯᠠᠩ ᠮᠠᠯ ᠤᠨ | ᠡᠭᠦᠯᠳᠡᠷ ᠤᠨ ᠡᠬᠢ ᠪᠠᠶᠠᠯᠢᠭ ᠲᠤ ᠲᠦᠰᠢᠭᠯᠡᠨ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠤ | ᠦᠢᠯᠡᠰ ᠤᠨ ᠰᠦᠷᠦᠭᠵᠢᠯ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠠᠭᠤᠰᠤᠯᠴᠠᠵᠤ᠂ ᠤᠯᠤᠰ ᠤᠨ | ᠳᠣᠲᠣᠭᠠᠳᠤ ᠶᠢᠨ ᠢᠳᠡᠭᠡᠨ᠂ ᠤᠮᠳᠠᠭᠠᠨ᠂ ᠡᠮ ᠤᠨ ᠵᠦᠢᠯ᠂ ᠡᠷᠡᠭᠦᠯᠵᠢᠯ ᠤᠨ ᠡᠳ᠋ ᠵᠡᠷᠭᠡ ᠲᠠᠷᠢᠶᠠᠯᠠᠩ ᠮᠠᠯ ᠠᠵᠤ | ᠠᠬᠤᠢ ᠶᠢᠨ ᠠᠵᠤ ᠦᠶᠢᠯᠡᠰᠵᠢᠭᠰᠡᠨ ᠠᠵᠤ ᠠᠬᠤᠶᠢᠯᠠᠯ ᠳᠤ ᠴᠢᠭᠯᠡᠭᠦᠯᠦᠨ᠂ ᠨᠠᠷᠢᠯᠢᠭ ᠭᠦᠨᠵᠡᠭᠡᠢ ᠡᠳ᠋ᠰᠢᠭᠦᠯᠬᠦ᠂ | ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠠᠶᠢᠭᠤᠯᠤᠮᠵᠢ᠂ ᠭᠤᠷᠪᠠᠳᠠᠭᠢ ᠡᠲᠡᠭᠡᠳ ᠤᠨ ᠪᠠᠶᠢᠴᠠᠭᠠᠨ | ᠰᠢᠯᠭᠠᠬᠤ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ | ᠣᠷᠣᠭᠤᠯᠤᠨ ᠠᠪᠴᠢᠷᠠᠬᠤ ᠬᠡᠷᠡᠭᠲᠡᠢ︔ ᠪᠥᠬᠦ ᠴᠠᠷᠠᠭᠠᠨ ᠤ ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ ᠤ | ᠪᠦᠲᠦᠭᠡᠨ ᠪᠠᠶᠢᠭᠤᠯᠤᠯᠲᠠ ᠶᠢᠨ ᠲᠣᠭᠤᠷᠢᠨ ᠳᠤ᠂ ᠡᠵᠡᠨ᠎ᠡ ᠶᠢᠨ ᠣᠯᠠᠨ ᠤᠯᠤᠰ ᠤᠨ ᠠᠯᠲᠠᠨ ᠨᠠᠮᠤᠷ ᠤᠨ | ᠲᠣᠣᠷᠠᠢ ᠶᠢᠨ ᠠᠮᠢ ᠠᠬᠤᠢ ᠶᠢᠨ ᠵᠢᠭᠤᠯᠴᠢᠯᠠᠯ ᠤᠨ ᠨᠠᠶᠢᠷ ᠵᠡᠷᠭᠡ ᠰᠣᠶᠣᠯ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢᠨ ᠡᠬᠢ ᠪᠠᠶᠠᠯᠢᠭ ᠲᠤ ᠲᠦᠰᠢᠭᠯᠡᠨ᠂ ᠭᠤᠣᠯᠯᠠᠬᠤ ᠦᠵᠡᠮᠵᠢ ᠶᠢᠨ ᠣᠷᠣᠨ᠂ ᠴᠢᠬᠤᠯᠠ ᠶᠡᠭᠡ ᠲᠥᠷᠥᠯ | ᠵᠦᠢᠯ᠂ ᠣᠨᠴᠠᠯᠢᠭᠲᠤ ᠬᠥᠳᠡᠭᠡ ᠲᠣᠰᠬᠤᠨ᠂ ᠰᠡᠯᠡᠭᠦᠴᠡᠯ ᠤᠨ ᠵᠡᠭᠡᠯᠢ ᠲᠣᠭᠤᠷᠢᠭ ᠢᠶᠠᠷ ᠠᠴᠢᠶᠠᠯᠠᠪᠤᠷᠢ ᠪᠣᠯᠭᠠᠵᠤ᠂ | ᠳᠡᠭᠡᠳᠦ ᠲᠠᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ ᠪᠠ ᠠᠭᠤᠰᠤᠯᠴᠠᠭᠰᠠᠨ ᠲᠥᠷᠥᠯ ᠵᠦᠢᠯ ᠢᠶᠠᠷ | ᠬᠤᠳᠠᠯᠳᠤᠭᠠᠴᠢᠨ ᠤᠷᠢᠬᠤ ᠭᠤᠣᠯ ᠰᠢᠪᠲᠤᠯᠤᠯᠲᠠ ᠶᠢᠨ ᠴᠢᠭᠯᠡᠯ ᠪᠣᠯᠭᠠᠵᠤ᠂ ᠭᠤᠣᠯ ᠰᠡᠳᠦᠪᠲᠦ ᠴᠡᠩᠭᠡᠯ ᠤᠨ | ᠬᠦᠷᠢᠶᠡᠯᠡᠩ᠂ ᠣᠨᠴᠠᠯᠢᠭᠲᠤ ᠵᠢᠵᠢᠭ ᠪᠠᠯᠭᠠᠰᠤ᠂ ᠣᠨᠴᠠᠯᠢᠭᠲᠤ ᠵᠡᠭᠡᠯᠢ ᠲᠣᠭᠤᠷᠢᠭ᠂ ᠪᠠᠭᠤᠳᠠᠯ᠂ ᠰᠣᠶᠣᠯ ᠤᠨ | ᠪᠦᠲᠦᠭᠡᠭᠳᠡᠬᠦᠨ ᠦᠢᠯᠡᠳᠬᠦ ᠵᠡᠷᠭᠡ ᠲᠥᠷᠥᠯ ᠵᠦᠢᠯ ᠢ ᠭᠤᠣᠯᠳᠠᠯᠭ᠎ᠠ ᠲᠠᠢ ᠣᠷᠣᠭᠤᠯᠤᠨ ᠠᠪᠴᠢᠷᠠᠨ᠎ᠠ᠃ ︵ | ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ | ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ | ᠠᠷᠠᠳ ᠤᠨ ᠶᠠᠪᠤᠳᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠮᠥᠩᠭᠦᠨ | ᠭᠦᠢᠯᠭᠡᠭᠡᠨ ᠤ ᠠᠯᠪᠠᠨ ᠭᠡᠷ︶ | ︵ᠬᠤᠶᠠᠷ︶ ᠴᠢᠬᠤᠯᠠ ᠶᠡᠭᠡ ᠲᠥᠷᠥᠯ ᠵᠦᠢᠯ ᠳᠤ ᠴᠢᠭᠯᠡᠭᠦᠯᠦᠨ ᠬᠤᠳᠠᠯᠳᠤᠭᠠᠴᠢᠨ ᠤᠷᠢᠨ᠎ᠠ᠃ ᠰᠢᠨ᠎ᠡ ᠶᠢ | ᠡᠭᠦᠳᠬᠦ ᠪᠠᠷ ᠬᠥᠭᠵᠢᠯᠲᠡ ᠶᠢ ᠠᠬᠢᠭᠤᠯᠬᠤ᠂ ᠠᠵᠤ ᠦᠢᠯᠡᠰ ᠤᠨ ᠴᠢᠳᠠᠪᠤᠷᠢ ᠶᠢᠨ ᠲᠠᠰ ᠢ ᠳᠡᠭᠡᠭᠰᠢᠯᠡᠭᠦᠯᠬᠦ ᠶᠢᠨ | ᠲᠣᠭᠤᠷᠢᠨ ᠳᠤ᠂ ᠮᠠᠨ ᠤ ᠬᠤᠰᠢᠭᠤᠨ ᠤ ᠠᠵᠤ ᠦᠢᠯᠡᠰ ᠤᠨ ᠰᠠᠭᠤᠷᠢ ᠪᠠ ᠴᠢᠳᠠᠮᠵᠢ ᠶᠢᠨ ᠪᠠᠶᠢᠷᠢ | ᠲᠣᠭᠲᠠᠭᠠᠯᠲᠠ ᠳᠤ ᠰᠠᠭᠤᠷᠢᠯᠠᠨ᠂ ᠨᠢᠭᠡ ᠪᠦᠯᠦᠭ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ | ᠲᠥᠷᠥᠯ ᠵᠦᠢᠯ ᠢ ᠲᠥᠯᠥᠪᠯᠡᠵᠦ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠲᠥᠷᠥᠯ ᠵᠦᠢᠯ ᠤᠨ ᠬᠥᠮᠥᠷᠭᠡ ᠶᠢ | ᠬᠥᠳᠡᠯᠦᠩᠭᠦᠢ ᠪᠠᠷ ᠲᠣᠬᠢᠷᠠᠭᠤᠯᠤᠨ ᠲᠡᠭᠦᠯᠳᠡᠷᠵᠢᠭᠦᠯᠵᠦ᠂ ᠠᠷᠠᠯᠵᠢᠶᠠᠴᠢᠨ ᠤᠷᠢᠬᠤ ᠲᠥᠰᠥᠯ ᠪᠠ ᠵᠠᠮ ᠱᠤᠭᠤᠮ ᠤᠨ | ᠵᠢᠷᠤᠭ ᠢ ᠪᠡᠶ᠎ᠡ ᠪᠠᠷ ᠢᠶᠠᠨ ᠲᠣᠭᠲᠠᠭᠠᠵᠤ᠂ ᠵᠢᠷᠤᠭ ᠢᠶᠠᠷ ᠲᠣᠮᠣ ᠠᠵᠤ ᠠᠬᠤᠶᠢᠯᠠᠯ ᠲᠠᠢ ᠵᠣᠯᠭᠠᠭᠤᠯᠵᠤ᠂ ᠲᠣᠮᠣ ᠠᠵᠤ | ᠠᠬᠤᠶᠢᠯᠠᠯ ᠢ ᠡᠯᠰᠡᠨ ᠬᠦᠴᠦᠷᠬᠡᠭ ᠢ ᠲᠠᠲᠠᠵᠤ᠂ ᠳᠡᠭᠡᠳᠦ ᠠᠵᠤ ᠠᠬᠤᠶᠢᠯᠠᠯ ᠢ ᠡᠯᠰᠡᠨ ᠰᠢᠨ᠎ᠡ ᠶᠢ ᠲᠠᠲᠠᠬᠤ ᠬᠡᠷᠡᠭᠲᠡᠢ | ᠃ ᠳᠡᠯᠡᠬᠡᠢ ᠶᠢᠨ 500 ᠬᠦᠴᠦᠷᠬᠡᠭ᠂ ᠳᠤᠮᠳᠠᠳᠤ ᠤᠯᠤᠰ ᠤᠨ 500 ᠬᠦᠴᠦᠷᠬᠡᠭ᠂ ᠠᠷᠠᠳ ᠤᠨ ᠡᠵᠡᠩᠨᠡᠯᠲᠡ ᠶᠢᠨ | 500 ᠬᠦᠴᠦᠷᠬᠡᠭ᠂ ᠦᠢᠯᠡᠳᠬᠦ ᠦᠢᠯᠡᠰ ᠤᠨ 500 ᠬᠦᠴᠦᠷᠬᠡᠭ᠂ ᠰᠲ᠋ᠣᠺ ᠢᠶᠠᠨ ᠵᠠᠬ᠎ᠠ ᠳᠡᠯᠭᠡᠭᠦᠷ ᠲᠤ | ᠭᠠᠷᠭᠠᠭᠰᠠᠨ ᠺᠣᠮᠫᠠᠨᠢ᠂ ᠲᠥᠪ ᠤᠨ ᠠᠵᠤ ᠠᠬᠤᠶᠢᠯᠠᠯ ᠵᠢᠴᠢ ᠠᠵᠢᠯ ᠲᠥᠷᠥᠯ ᠤᠨ ᠲᠦᠷᠦᠭᠦᠸ ᠶᠢᠨ ᠠᠵᠤ | ᠠᠬᠤᠶᠢᠯᠠᠯ ᠢ ᠴᠢᠩᠭ᠎ᠠ ᠠᠩᠬᠠᠷᠴᠤ᠂ ︽500 ᠬᠦᠴᠦᠷᠬᠡᠭ ᠠᠵᠤ ᠠᠬᠤᠶᠢᠯᠠᠯ ᠥᠪᠥᠷ ᠮᠣᠩᠭᠤᠯ ᠳᠤ ᠣᠷᠣᠬᠤ︾ | ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠬᠤᠳᠠᠯᠳᠤᠭᠠᠴᠢᠨ ᠤᠷᠢᠬᠤ ᠲᠤᠰᠬᠠᠢ ᠠᠩᠭᠢ ᠶᠢᠨ | ᠦᠢᠯᠡᠳᠦᠯ ᠢ ᠪᠠᠳᠠᠷᠠᠭᠤᠯᠤᠨ᠂ ᠬᠠᠨᠳᠤᠯᠭ᠎ᠠ ᠲᠠᠢ ᠪᠠᠷ ᠲᠠᠲᠠᠬᠤ᠂ ︽ᠪᠦᠬᠦᠯᠢ ᠬᠡᠯᠬᠢᠶ᠎ᠡ ᠪᠠᠷ︾ ᠬᠤᠳᠠᠯᠳᠤᠭᠠᠴᠢᠨ | ᠤᠷᠢᠬᠤ᠂ ︽ᠨᠢᠰᠦᠮᠡᠯ ᠭᠠᠵᠠᠷ ᠢᠶᠠᠷ︾ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ | ᠤᠷᠢᠬᠤ ᠵᠡᠷᠭᠡ ᠠᠷᠭ᠎ᠠ ᠮᠠᠶ᠋ᠢᠭ ᠢ ᠠᠪᠴᠤ᠂ ᠨᠢᠭᠡ ᠪᠦᠯᠦᠭ ᠬᠤᠯᠪᠣᠭᠳᠠᠬᠤ ᠬᠡᠮᠵᠢᠶ᠎ᠡ ᠪᠠᠷ ᠶᠡᠭᠡ᠂ ᠠᠵᠤ ᠦᠢᠯᠡᠰ ᠤᠨ | ᠬᠡᠯᠬᠢᠶ᠎ᠡ ᠪᠠᠷ ᠣᠷᠳᠣ᠂ ᠠᠵᠤ ᠠᠬᠤᠢ ᠶᠢᠨ ᠦᠷ᠎ᠡ ᠠᠰᠢᠭ ᠢᠶᠠᠷ ᠰᠠᠶᠢᠨ ᠴᠢᠨᠠᠷ ᠰᠠᠶᠢᠲᠠᠢ ᠲᠥᠷᠥᠯ ᠵᠦᠢᠯ ᠢ | ᠣᠷᠣᠭᠤᠯᠤᠨ ᠠᠪᠴᠢᠷᠠᠬᠤ ᠬᠡᠷᠡᠭᠲᠡᠢ᠃ ᠳᠤᠮᠳᠠᠳᠤ ᠤᠯᠤᠰ ᠤᠨ ᠴᠠᠬᠢᠯᠭᠠᠨ ᠬᠦᠴᠦᠨ ᠤ ᠪᠦᠲᠦᠭᠡᠨ ᠪᠠᠶᠢᠭᠤᠯᠤᠯᠲᠠ᠂ | ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ ᠪᠠᠶᠢᠭᠤᠯᠤᠯᠲᠠ᠂ ᠳᠤᠮᠳᠠᠳᠤ ᠤᠯᠤᠰ ᠤᠨ ᠡᠨᠧᠷᠭᠢ ᠶᠢᠨ ᠪᠦᠲᠦᠭᠡᠨ | ᠪᠠᠶᠢᠭᠤᠯᠤᠯᠲᠠ᠂ ᠳᠤᠮᠳᠠᠳᠤ ᠤᠯᠤᠰ ᠤᠨ ᠡᠨᠧᠷᠭᠢ ᠶᠢᠨ ᠺᠣᠮᠫᠠᠨᠢ᠂ ᠳᠤᠮᠳᠠᠳᠤ ᠤᠯᠤᠰ ᠤᠨ ᠭᠤᠸᠠᠩᠵᠧᠦ ᠶᠢᠨ | ᠴᠥᠮ᠎ᠡ ᠶᠢᠨ ᠺᠣᠮᠫᠠᠨᠢ ᠵᠡᠷᠭᠡ ᠠᠵᠢᠯ ᠲᠥᠷᠥᠯ ᠤᠨ ᠳᠠᠭᠠᠭᠤᠯᠤᠭᠴᠢ ᠠᠵᠤ ᠠᠬᠤᠶᠢᠯᠠᠯ ᠲᠠᠢ ᠢᠳᠡᠪᠬᠢᠲᠡᠢ ᠪᠠᠷ | ᠵᠣᠯᠭᠠᠭᠤᠯᠵᠤ᠂ ᠡᠷᠲᠡᠬᠡᠨ ᠬᠠᠮᠲᠤᠷᠠᠯᠴᠠᠭᠠᠨ ᠤ ᠨᠢᠭᠡᠨᠲᠡ ᠭᠡᠷ᠎ᠡ ᠲᠣᠭᠲᠠᠭᠰᠠᠨ ᠵᠦᠢᠯᠡᠰ ᠢ ᠡᠷᠲᠡᠬᠡᠨ ᠠᠵᠢᠯ | ᠡᠬᠢᠯᠡᠭᠦᠯᠦᠨ ᠪᠦᠲᠦᠭᠡᠨ ᠪᠠᠶᠢᠭᠤᠯᠬᠤ ᠶᠢ ᠲᠦᠷᠭᠡᠪᠴᠢᠯᠡᠨ ᠠᠬᠢᠭᠤᠯᠤᠨ᠎ᠠ᠃ ︵ᠬᠤᠰᠢᠭᠤᠨ ᠤ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠲᠠᠷᠢᠶᠠᠯᠠᠩ ᠤᠨ | ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | ︵ᠭᠤᠷᠪᠠ︶ ᠲᠣᠰ ᠪᠡᠶ᠎ᠡ ᠶᠢᠨ ᠣᠨᠴᠠᠯᠢᠭ ᠲᠠᠭᠠᠨ ᠰᠠᠭᠤᠷᠢᠯᠠᠨ ᠬᠤᠳᠠᠯᠳᠤᠭᠠᠴᠢᠨ ᠤᠷᠢᠨ᠎ᠠ᠃ ᠮᠠᠨ ᠤ | ᠬᠤᠰᠢᠭᠤᠨ ᠤ ᠠᠮᠢ ᠠᠬᠤᠢ ᠶᠢᠨ ᠵᠢᠭᠤᠯᠴᠢᠯᠠᠯ᠂ ᠣᠨᠴᠠᠯᠢᠭᠲᠤ ᠲᠠᠷᠢᠶᠠᠯᠠᠩ ᠮᠠᠯ ᠠᠵᠤ ᠠᠬᠤᠢ᠂ ᠴᠡᠷᠢᠭ | ᠠᠷᠠᠳ ᠤᠨ ᠬᠡᠷᠡᠭᠯᠡᠭᠡ ᠶᠢ ᠠᠭᠤᠰᠤᠯᠴᠠᠭᠤᠯᠬᠤ᠂ ᠰᠢᠨ᠎ᠡ ᠡᠨᠧᠷᠭᠢ᠂ ᠪᠠᠯᠲᠤ ᠬᠡᠮᠬᠡ ᠶᠢᠨ ᠠᠵᠤ ᠦᠢᠯᠡᠰ᠂ ᠴᠡᠭᠡ | ᠪᠣᠭᠤᠮᠲᠠ ᠶᠢᠨ ᠠᠭᠤᠷᠬᠠᠢ ᠶᠢᠨ ᠭᠠᠷᠤᠯᠲᠠ ᠶᠢᠨ ᠡᠬᠢ ᠪᠠᠶᠠᠯᠢᠭ ᠢ ᠤᠬᠢᠶᠠᠨ ᠰᠢᠯᠢᠵᠦ ᠡᠳ᠋ᠰᠢᠭᠦᠯᠬᠦ᠂ ᠭᠠᠳᠠᠭᠠᠳᠤ | ᠠᠴᠠ ᠣᠷᠣᠭᠤᠯᠤᠭᠰᠠᠨ ᠮᠢᠬᠠᠨ ᠤ ᠵᠦᠢᠯ ᠢ ᠡᠳ᠋ᠰᠢᠭᠦᠯᠬᠦ᠂ ᠬᠢᠯᠢ ᠶᠢᠨ ᠠᠷᠠᠯᠵᠢᠶᠠᠨ ᠤ ᠵᠢᠭᠤᠯᠴᠢᠯᠠᠯ ᠤᠨ ᠠᠵᠤ | ᠦᠢᠯᠡᠰ ᠲᠤ ᠠᠩᠬᠠᠷᠤᠯ ᠢᠶᠠᠨ ᠲᠥᠪᠯᠡᠷᠡᠭᠦᠯᠵᠦ᠂ ᠠᠵᠤ ᠠᠬᠤᠶᠢᠯᠠᠯ ᠪᠠ ᠲᠥᠷᠥᠯ ᠵᠦᠢᠯ ᠢ ᠶᠡᠬᠡᠪᠡᠷ ᠣᠷᠣᠭᠤᠯᠤᠨ | ᠠᠪᠴᠢᠷᠠᠵᠤ᠂ ᠭᠤᠣᠯᠯᠠᠬᠤ ᠠᠵᠤ ᠦᠢᠯᠡᠰ ᠢ ᠬᠦᠴᠦᠷᠬᠡᠭᠵᠢᠭᠦᠯᠦᠨ᠂ ᠣᠨᠴᠠᠯᠢᠭᠲᠤ ᠠᠵᠤ ᠦᠢᠯᠡᠰ ᠢ | ᠰᠢᠯᠢᠳᠡᠭᠵᠢᠭᠦᠯᠦᠨ᠎ᠡ᠃ ︵ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ᠂ ᠲᠠᠷᠢᠶᠠᠯᠠᠩ ᠤᠨ ᠰᠢᠨᠵᠢᠯᠡᠬᠦ | ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶ | ︵ᠳᠥᠷᠪᠡ︶ ᠠᠵᠤ ᠦᠢᠯᠡᠰ ᠤᠨ ᠬᠡᠯᠬᠢᠶ᠎ᠡ ᠶᠢᠨ ᠬᠤᠳᠠᠯᠳᠤᠭᠠᠴᠢᠨ ᠤᠷᠢᠬᠤ ᠶᠢ ᠭᠦᠨᠵᠡᠭᠡᠶᠢᠷᠡᠭᠦᠯᠦᠨ᠎ᠡ᠃ | ︽ᠬᠡᠯᠬᠢᠶ᠎ᠡ ᠶᠢᠨ ᠳᠠᠷᠤᠭ᠎ᠠ︾ ᠶᠢᠨ ᠳᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠪᠥᠬᠦ ᠠᠶᠢᠮᠠᠭ ᠤᠨ 10 | ᠭᠤᠣᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠣᠭᠤᠷᠢᠨ ᠳᠤ᠂ ᠮᠠᠨ ᠤ ᠬᠤᠰᠢᠭᠤᠨ ᠤ ᠪᠣᠳᠠᠲᠠᠢ ᠲᠠᠢ ᠪᠠᠨ | ᠤᠶᠠᠯᠳᠤᠭᠤᠯᠤᠨ᠂ ᠬᠡᠯᠬᠢᠶ᠎ᠡ ᠶᠢᠨ ᠭᠤᠣᠯ ᠠᠵᠤ ᠠᠬᠤᠶᠢᠯᠠᠯ ᠪᠠ ᠠᠵᠤ ᠦᠢᠯᠡᠰ ᠤᠨ ᠬᠡᠯᠬᠢᠶ᠎ᠡ ᠶᠢᠨ ᠵᠠᠩᠭᠢᠯᠠᠭ᠎ᠠ ᠶᠢᠨ | ᠲᠥᠷᠥᠯ ᠵᠦᠢᠯ ᠢ ᠴᠢᠩᠭ᠎ᠠ ᠠᠳᠬᠤᠵᠤ᠂ ︽ᠬᠤᠶᠠᠷ ᠵᠢᠷᠤᠭ᠂ ᠬᠤᠶᠠᠷ ᠬᠦᠰᠦᠨᠦᠭ᠂ ᠬᠤᠶᠠᠷ ᠬᠥᠮᠥᠷᠭᠡ᠂ ᠬᠤᠶᠠᠷ | ᠵᠠᠳᠠᠯᠤᠯᠲᠠ︾ ᠶᠢᠨ ᠠᠷᠭ᠎ᠠ ᠶᠢ ᠬᠡᠷᠡᠭᠯᠡᠨ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ ᠤᠷᠢᠵᠤ᠂ ᠬᠡᠯᠬᠢᠶ᠎ᠡ ᠶᠢ | ᠤᠷᠲᠤᠳᠬᠠᠨ ᠬᠡᠯᠬᠢᠶ᠎ᠡ ᠶᠢ ᠨᠥᠬᠦᠪᠦᠷᠢᠯᠡᠵᠦ ᠬᠡᠯᠬᠢᠶ᠎ᠡ ᠶᠢ ᠴᠢᠩᠭᠠᠷᠠᠭᠤᠯᠤᠨ᠎ᠠ᠃ ᠬᠡᠯᠬᠢᠶᠡᠵᠢᠯ ᠤᠨ ᠭᠤᠣᠯ ᠠᠵᠤ | ᠠᠬᠤᠶᠢᠯᠠᠯ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠦᠢᠯᠡᠳᠦᠯ ᠢ ᠪᠠᠳᠠᠷᠠᠭᠤᠯᠵᠤ᠂ ᠪᠥᠬᠦᠩ ᠤᠨ ᠠᠵᠤ | ᠠᠬᠤᠶᠢᠯᠠᠯ ᠪᠠ ᠲᠤᠰᠬᠠᠢ ᠨᠠᠷᠢᠯᠢᠭ ᠣᠨᠴᠠ ᠰᠢᠨ᠎ᠡ ᠳᠤᠮᠳᠠ ᠵᠢᠵᠢᠭ ᠠᠵᠤ ᠠᠬᠤᠶᠢᠯᠠᠯ ᠢ ᠢᠳᠡᠪᠬᠢᠲᠡᠢ ᠪᠠᠷ | ᠣᠷᠣᠭᠤᠯᠤᠨ ᠠᠪᠴᠢᠷᠠᠵᠤ᠂ ᠨᠠᠷᠢᠨ ᠬᠤᠪᠢᠶᠠᠭᠰᠠᠨ ᠬᠦᠷᠢᠶ᠎ᠡ ᠴᠠᠷᠠᠭ᠎ᠠ ᠶᠢᠨ ︽ᠵᠢᠵᠢᠭ ᠠᠪᠤᠷᠭᠤ ᠬᠥᠮᠥᠨ︾ ︽ | ᠳᠠᠯᠳᠠ ᠮᠠᠩᠯᠠᠢ︾ ᠠᠵᠤ ᠠᠬᠤᠶᠢᠯᠠᠯ ᠢ ᠣᠷᠣᠭᠤᠯᠤᠨ ᠠᠪᠴᠢᠷᠠᠬᠤ ᠶᠢ ᠴᠢᠬᠤᠯᠠᠴᠢᠯᠠᠨ᠎ᠠ᠃ ︵ᠬᠤᠰᠢᠭᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠰᠣᠶᠣᠯ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠭᠠᠳᠠᠭᠠᠳᠤ ᠶᠠᠪᠤᠳᠠᠯ ᠤᠨ ᠠᠯᠪᠠᠨ ᠭᠡᠷ︶ | ︵ᠲᠠᠪᠤ︶ ︽ᠨᠢᠰᠦᠮᠡᠯ ᠭᠠᠵᠠᠷ ᠤᠨ ᠠᠵᠤ ᠠᠬᠤᠢ︾ ᠶᠢ ᠶᠡᠬᠡᠪᠡᠷ ᠬᠥᠭᠵᠢᠭᠦᠯᠦᠨ᠎ᠡ᠃ ᠬᠤᠰᠢᠭᠤ ᠣᠷᠣᠨ | ᠪᠦᠰᠡ ᠶᠢᠨ ᠬᠤᠭᠤᠷᠣᠨᠳᠤ ᠪᠠᠨ᠂ ᠬᠦᠷᠢᠶᠡᠯᠡᠩ ᠲᠣᠭᠤᠷᠢᠭ ᠤᠨ ᠬᠤᠭᠤᠷᠣᠨᠳᠤ ᠪᠠᠨ ᠰᠣᠯᠪᠢᠴᠠᠨ ᠬᠥᠭᠵᠢᠬᠦ ᠶᠢ | ᠵᠣᠷᠢᠭᠵᠢᠭᠤᠯᠵᠤ᠂ ᠬᠠᠷᠢᠯᠴᠠᠨ ︽ᠨᠢᠰᠬᠦ ᠭᠠᠵᠠᠷ︾ ᠪᠣᠯᠭᠠᠵᠤ᠂ ︽ᠨᠢᠰᠬᠦ ᠭᠠᠵᠠᠷ︾ ︽ᠨᠢᠰᠬᠦ ᠠᠵᠤ ᠠᠬᠤᠶᠢᠯᠠᠯ︾ | ᠤᠨ ᠵᠠᠭᠪᠤᠷ ᠢᠶᠠᠷ ᠲᠥᠷᠥᠯ ᠵᠦᠢᠯ ᠢ ᠲᠥᠪᠯᠡᠷᠡᠭᠰᠡᠨ ᠣᠷᠣᠨ ᠳᠤ ᠣᠷᠣᠭᠤᠯᠤᠨ ᠠᠪᠴᠢᠷᠠᠵᠤ᠂ ᠠᠮᠢ ᠠᠬᠤᠢ ᠶᠢᠨ | ᠣᠷᠴᠢᠨ ᠲᠣᠭᠤᠷᠢᠨ᠂ ᠴᠢᠬᠤᠯᠠ ᠬᠦᠴᠦᠨ ᠵᠦᠢᠯ ᠤᠨ ᠭᠦᠢᠴᠡᠳᠬᠡᠯ ᠲᠤᠭ᠎ᠠ ᠵᠡᠷᠭᠡ ᠶᠢᠨ ᠪᠣᠭᠤᠮᠢ ᠬᠢᠵᠠᠭᠠᠷᠯᠠᠯ ᠢ | ᠡᠪᠳᠡᠵᠦ᠂ ᠲᠥᠷᠥᠯ ᠵᠦᠢᠯ᠂ ᠬᠥᠷᠥᠩᠭᠡ᠂ ᠮᠡᠷᠭᠡᠵᠢᠯ᠂ ᠴᠢᠳᠠᠪᠤᠷᠢᠲᠠᠨ ᠵᠡᠷᠭᠡ ᠦᠢᠯᠡᠳᠪᠦᠷᠢᠯᠡᠯ ᠤᠨ ᠴᠢᠬᠤᠯᠠ | ᠬᠦᠴᠦᠨ ᠵᠦᠢᠯ ᠢ ᠰᠢᠯᠢᠳᠡᠭᠵᠢᠭᠦᠯᠦᠨ ᠲᠣᠬᠢᠷᠠᠭᠤᠯᠬᠤ ᠶᠢ ᠠᠬᠢᠭᠤᠯᠤᠨ᠎ᠠ᠃ ︽ᠪᠣᠯᠪᠠᠰᠤᠷᠠᠩᠭᠤᠢ ᠭᠠᠵᠠᠷ︾ ᠢᠶᠠᠷ | ᠬᠠᠩᠭᠠᠬᠤ ᠶᠢ ᠪᠠᠷᠢᠮᠲᠠᠯᠠᠵᠤ᠂ ᠬᠠᠮᠢᠶ᠎ᠠ ᠪᠦᠬᠦᠢ ᠬᠤᠰᠢᠭᠤ ᠲᠣᠭᠤᠷᠢᠭ ᠠᠴᠠ ᠭᠠᠵᠠᠷ ᠰᠢᠷᠣᠢ ᠶᠢᠨ ᠶᠡᠷᠦᠩᠬᠡᠶᠢᠯᠡᠭᠰᠡᠨ | ᠦᠨ᠎ᠡ ᠬᠠᠩᠰᠢ ᠶᠢᠨ ᠶᠣᠰᠣᠭᠠᠷ᠂ ︽ᠬᠡᠨ ᠠᠰᠢᠭ ᠭᠥᠷᠳᠡᠪᠡᠯ ᠬᠡᠨ ᠡᠭᠦᠷᠭᠡᠯᠡᠬᠦ︾ ᠵᠠᠷᠴᠢᠮ ᠶᠣᠰᠣᠭᠠᠷ ᠲᠥᠷᠥᠯ | ᠵᠦᠢᠯ ᠳᠤ ᠡᠷᠦᠬᠡ ᠠᠮᠠ ᠣᠷᠣᠭᠤᠯᠬᠤ ᠬᠡᠷᠡᠭᠲᠡᠢ᠃ ︽ᠨᠢᠰᠴᠦ ᠣᠷᠣᠬᠤ ᠭᠠᠵᠠᠷ︾ ᠨᠢ ᠰᠠᠭᠤᠷᠢ ᠲᠥᠬᠦᠭᠡᠷᠦᠮᠵᠢ ᠪᠠ | ᠤᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠤᠨ ᠪᠠᠶᠢᠭᠤᠯᠤᠯᠲᠠ ᠶᠢ ᠲᠦᠷᠭᠡᠳᠬᠡᠵᠦ᠂ ︽ᠨᠠᠢᠮᠠ ᠶᠢ | ᠨᠠᠪᠲᠠᠷᠡᠭᠦᠯᠵᠦ ᠨᠢᠭᠡ ᠶᠢ ᠲᠡᠭᠰᠢᠯᠡᠬᠦ︾ ᠪᠣᠯᠪᠠᠰᠤᠷᠠᠩᠭᠤᠢ ᠭᠠᠵᠠᠷ ᠤᠨ ᠬᠠᠩᠭᠠᠯᠭ᠎ᠠ ᠶᠢ ᠰᠠᠶᠢᠲᠤᠷ ᠬᠢᠬᠦ ᠬᠡᠷᠡᠭᠲᠡᠢ᠃ | ︽ᠨᠢᠰᠤᠨ ᠣᠷᠣᠬᠤ︾ ᠲᠥᠷᠥᠯ ᠵᠦᠢᠯ ᠤᠨ ᠪᠡᠯᠡ ᠣᠷᠣᠭᠤᠯᠤᠯᠲᠠ᠂ ᠦᠢᠯᠡᠳᠬᠦᠨ ᠤ ᠥᠷᠲᠡᠭ᠂ ᠭᠠᠶᠢᠯᠢ | ᠲᠠᠲᠠᠪᠤᠷᠢ ᠵᠡᠷᠭᠡ ᠠᠵᠤ ᠠᠬᠤᠢ ᠶᠢᠨ ᠭᠦᠢᠴᠡᠳᠬᠡᠯ ᠲᠤᠭ᠎ᠠ ᠪᠠ ᠠᠵᠤ ᠠᠬᠤᠢ ᠶᠢᠨ ᠠᠰᠢᠭ ᠣᠯᠵᠠᠪᠤᠷᠢ ᠶᠢ ︽ | ᠨᠢᠰᠤᠨ ᠣᠷᠣᠬᠤ ᠭᠠᠵᠠᠷ︾ ︽ᠨᠢᠰᠤᠨ ᠭᠠᠷᠬᠤ ᠭᠠᠵᠠᠷ︾ ᠠᠴᠠ ᠲᠥᠷᠥᠯ ᠵᠦᠢᠯ ᠤᠨ ᠬᠤᠶᠠᠷ ᠲᠠᠯ᠎ᠠ ᠪᠠᠷ ᠢᠶᠠᠨ | ᠵᠥᠪᠳᠡᠯᠴᠡᠭᠰᠡᠨ ᠬᠠᠷᠢᠴᠠᠯ ᠢᠶᠠᠷ ᠬᠤᠪᠢᠶᠠᠷᠢᠯᠠᠵᠤ᠂ ᠡᠯ᠎ᠡ ᠲᠥᠷᠥᠯ ᠤᠨ ᠬᠦᠴᠦᠨ ᠵᠦᠢᠯ ᠤᠨ ᠪᠠᠲᠤᠯᠠᠭ᠎ᠠ ᠶᠢ | ᠪᠠᠭᠤᠯᠭᠠᠭᠰᠠᠨ ᠭᠠᠵᠠᠷ ᠣᠷᠣᠨ ᠠᠴᠠ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃ ᠠᠯᠠᠱᠠ ᠵᠡᠭᠦᠨ ᠬᠤᠰᠢᠭᠤ᠂ | ᠠᠯᠠᠱᠠ ᠪᠠᠷᠠᠭᠤᠨ ᠬᠤᠰᠢᠭᠤ᠂ ᠡᠵᠡᠨ᠎ᠡ ᠬᠤᠰᠢᠭᠤ᠂ ᠴᠡᠭᠡ ᠪᠣᠭᠤᠮᠲᠠ ᠵᠡᠷᠭᠡ ᠭᠠᠵᠠᠷ ᠣᠷᠣᠨ ᠤ ᠲᠣᠰ ᠭᠠᠵᠠᠷ | ᠣᠷᠣᠨ ᠤ ᠪᠠᠶᠢᠷᠢᠯᠠᠭᠤᠯᠬᠤ ᠳᠤ ᠬᠦᠴᠢᠷᠲᠡᠢ ᠪᠠ ᠡᠷᠦᠬᠡ ᠠᠮᠠ ᠣᠷᠣᠭᠤᠯᠬᠤ ᠳᠤ ᠬᠦᠴᠢᠷᠲᠡᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠲᠥᠷᠥᠯ ᠵᠦᠢᠯ ᠢ ︽ᠨᠢᠰᠦᠭᠡ ᠭᠠᠵᠠᠷ︾ ᠤᠨ ᠵᠠᠭᠪᠤᠷ ᠢᠶᠠᠷ ᠣᠨᠳᠣᠣ ᠭᠠᠵᠠᠷ ᠲᠤ | ᠡᠷᠦᠬᠡ ᠠᠮᠠ ᠣᠷᠣᠭᠤᠯᠬᠤ ᠶᠢ ᠵᠣᠷᠢᠭᠵᠢᠭᠤᠯᠤᠨ᠎ᠠ᠃ ᠳᠡᠮᠵᠢᠯᠭᠡ ᠶᠢᠨ ᠡᠷᠴᠢᠮ ᠢᠶᠠᠨ ᠴᠢᠩᠭᠠᠷᠠᠭᠤᠯᠵᠤ᠂ | ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠵᠥᠩ ᠬᠤᠶ ᠠᠵᠤ ᠦᠢᠯᠡᠰ ᠤᠨ ᠵᠢᠯ ᠳᠤ 4 ᠲᠦᠮᠡᠨ | ᠲᠣᠨ ᠰᠢᠨ᠎ᠡ ᠬᠡᠯᠪᠡᠷᠢ ᠶᠢᠨ ᠨᠡᠭᠦᠷᠡᠰᠦᠲᠥ᠋ᠷᠥᠭᠴᠢ ᠮᠠᠲ᠋ᠧᠷᠢᠶᠠᠯ ᠤᠨ ᠳᠡᠪᠲᠦᠭᠡᠬᠦ ᠡᠳ᠋ ᠤᠨ ᠪᠠᠷᠤᠭᠰᠢᠨ᠂ ᠵᠥᠩ ᠾᠧ | ᠰᠢᠨ᠎ᠡ ᠮᠠᠲ᠋ᠧᠷᠢᠶᠠᠯ ᠤᠨ ᠨᠠᠷᠢᠯᠢᠭ ᠬᠢᠮᠢ ᠶᠢᠨ ᠠᠵᠤ ᠦᠢᠯᠡᠳᠪᠦᠷᠢ᠂ ᠷᠦᠨ ᠰᠢᠨ ᠠᠮᠢᠳᠤ ᠪᠣᠳᠠᠰ ᠤᠨ ᠬᠢᠮᠢ ᠶᠢᠨ | ᠠᠵᠤ ᠦᠢᠯᠡᠳᠪᠦᠷᠢ ᠶᠢᠨ ᠥᠨᠳᠥᠷ ᠦᠷ᠎ᠡ ᠠᠰᠢᠭ ᠲᠠᠢ ᠣᠷᠭᠠᠨᠢᠭ ᠪᠣᠷᠳᠣᠭᠤᠷ ᠮᠢᠺᠷᠣᠪ ᠪᠣᠷᠳᠣᠭᠤᠷ ᠵᠡᠷᠭᠡ ︽ | ᠨᠢᠰᠦᠭᠡ ᠭᠠᠵᠠᠷ︾ ᠤᠨ ᠲᠥᠷᠥᠯ ᠵᠦᠢᠯ ᠢ ᠡᠷᠲᠡᠬᠡᠨ ᠠᠰᠢᠭᠯᠠᠯᠲᠠ ᠳᠤ ᠣᠷᠣᠭᠤᠯᠵᠤ ᠦᠷ᠎ᠡ ᠪᠦᠲᠦᠮᠵᠢ ᠣᠯᠬᠤ ᠶᠢ | ᠠᠬᠢᠭᠤᠯᠤᠨ᠎ᠠ᠃ ︵ᠬᠤᠰᠢᠭᠤᠨ ᠤ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠤᠰᠤᠨ ᠤ ᠶᠠᠪᠤᠳᠠᠯ ᠤᠨ | ᠲᠣᠪᠴᠢᠶ᠎ᠠ᠂ ᠠᠮᠢ ᠠᠬᠤᠢ ᠶᠢᠨ ᠣᠷᠴᠢᠨ ᠲᠣᠭᠤᠷᠢᠨ ᠤ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠲᠤᠭ᠎ᠠ | ᠪᠦᠷᠢᠳᠬᠡᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ︶ | ︵ᠵᠢᠷᠭᠤᠭ᠎ᠠ︶ ᠥᠨᠳᠥᠷ ᠬᠢᠷᠢ ᠲᠦᠪᠰᠢᠨ ᠪᠦᠬᠦᠢ ᠬᠤᠳᠠᠯᠳᠤᠭᠠᠴᠢᠨ ᠤᠷᠢᠬᠤ ᠲᠠᠪᠴᠠᠩ ᠢ ᠰᠠᠶᠢᠲᠤᠷ | ᠬᠡᠷᠡᠭᠯᠡᠨ᠎ᠡ᠃ ᠪᠥᠬᠦ ᠠᠶᠢᠮᠠᠭ ᠤᠨ ᠪᠡᠭᠡᠵᠢᠩ ᠲᠢᠶᠠᠨᠵᠢᠨ ᠾᠧᠪᠧᠢ᠂ ᠴᠧᠩᠳᠦ᠋ ᠴᠦᠩᠴᠢᠩ᠂ ᠬᠥᠬᠡᠮᠥ᠋ᠷᠡᠨ ᠤ ᠠᠵᠤ | ᠠᠬᠤᠢ ᠶᠢᠨ ᠪᠦᠰᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨ ᠵᠡᠷᠭᠡ ᠭᠠᠵᠠᠷ | ᠣᠷᠣᠨ ᠳᠤ ᠵᠢᠯ ᠪᠦᠷᠢ ᠡᠷᠭᠢᠯᠡᠬᠦ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠰᠢᠷᠢᠰ ᠠᠵᠢᠯᠯᠠᠭ᠎ᠠ ᠳᠤ | ᠢᠳᠡᠪᠬᠢᠲᠡᠢ ᠣᠷᠣᠯᠴᠠᠨ᠎ᠠ᠃ ᠥᠪᠡᠷᠲᠡᠭᠡᠨ ᠵᠠᠰᠠᠬᠤ ᠣᠷᠣᠨ ᠠᠴᠠ ᠡᠷᠭᠢᠯᠡᠭᠰᠡᠨ ᠳᠡᠯᠡᠬᠡᠢ ᠶᠢᠨ ᠰᠢᠨ᠎ᠡ ᠡᠨᠧᠷᠭᠢ | ᠰᠢᠨ᠎ᠡ ᠮᠠᠲ᠋ᠧᠷᠢᠶᠠᠯ ᠤᠨ ᠶᠡᠭᠡ ᠬᠤᠷᠠᠯ᠂ ᠪᠥᠬᠦ ᠪᠥᠮᠪᠥᠷᠴᠡᠭ ᠤᠨ ᠰᠦ᠋ ᠶᠢᠨ ᠦᠢᠯᠡᠰ ᠤᠨ ᠶᠡᠭᠡ ᠬᠤᠷᠠᠯ᠂ ᠪᠥᠬᠦ | ᠪᠥᠮᠪᠥᠷᠴᠡᠭ ᠤᠨ ᠮᠣᠩᠭᠤᠯ ᠬᠤᠳᠠᠯᠳᠤᠭᠠᠴᠢᠳ ᠤᠨ ᠶᠡᠭᠡ ᠬᠤᠷᠠᠯ᠂ ᠳᠤᠮᠳᠠᠳᠤ ᠮᠣᠩᠭᠤᠯ ᠤᠨ ᠦᠵᠡᠰᠬᠦᠯᠡᠩ ᠤᠨ | ᠴᠤᠭᠯᠠᠭᠠᠨ᠂ ᠥᠪᠥᠷ ᠮᠣᠩᠭᠤᠯ ᠤᠨ ᠪᠣᠬᠢᠷᠲᠤᠯ ᠦᠭᠡᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ | ᠪᠦᠲᠦᠭᠡᠭᠳᠡᠬᠦᠨ ᠤ ᠦᠵᠡᠰᠬᠦᠯᠡᠩ ᠤᠨ ᠴᠤᠭᠯᠠᠭᠠᠨ᠂ ᠪᠤᠭᠤᠲᠤ ᠶᠢᠨ ᠬᠠᠭᠤᠷᠠᠢ ᠳᠡᠭᠡᠷᠡᠬᠢ ᠲᠣᠨᠤᠭ | ᠲᠥᠬᠦᠭᠡᠷᠦᠮᠵᠢ ᠶᠢᠨ ᠦᠵᠡᠰᠬᠦᠯᠡᠩ ᠤᠨ ᠴᠤᠭᠯᠠᠭᠠᠨ ᠳᠤ ᠢᠳᠡᠪᠬᠢᠲᠡᠢ ᠣᠷᠣᠯᠴᠠᠵᠤ᠂ ᠬᠤᠳᠠᠯᠳᠤᠭᠠᠴᠢᠨ ᠤᠷᠢᠵᠤ | ᠲᠠᠨᠢᠯᠴᠠᠭᠤᠯᠬᠤ ᠶᠢ ᠴᠢᠩᠭᠠᠳᠬᠠᠨ᠂ ᠪᠡᠯᠡ ᠣᠷᠣᠭᠤᠯᠤᠯᠲᠠ᠂ ᠰᠢᠨᠵᠢᠯᠡᠬᠦ ᠤᠬᠠᠭᠠᠨ ᠮᠡᠷᠭᠡᠵᠢᠯ᠂ ᠠᠷᠠᠯᠵᠢᠶ᠎ᠠ᠂ | ᠬᠥᠮᠥᠨ ᠨᠡᠶᠢᠭᠡᠮ ᠪᠠ ᠣᠷᠣᠨ ᠬᠤᠲᠠ ᠶᠢᠨ ᠬᠠᠮᠲᠤᠷᠠᠯᠴᠠᠭ᠎ᠠ ᠶᠢ ᠣᠯᠠᠨ ᠲᠠᠰ ᠳᠠᠪᠬᠤᠷᠭ᠎ᠠ ᠠᠴᠠ | ᠭᠦᠨᠵᠡᠭᠡᠶᠢᠷᠡᠭᠦᠯᠦᠨ᠎ᠡ᠃ ᠳᠤᠮᠳᠠᠳᠤ ᠤᠯᠤᠰ ᠤᠨ ᠤᠯᠠᠨ ᠤᠯᠤᠰ ᠤᠨ ᠭᠠᠳᠠᠭᠠᠳᠤ ᠣᠷᠣᠭᠤᠯᠤᠯᠲᠠ ᠶᠢᠨ | ᠦᠵᠡᠰᠬᠦᠯᠡᠩ᠂ ᠳᠤᠮᠳᠠᠳᠤ ᠤᠯᠤᠰ ᠤᠨ ᠤᠯᠠᠨ ᠤᠯᠤᠰ ᠤᠨ ᠪᠡᠯᠡ ᠣᠷᠣᠭᠤᠯᠤᠯᠲᠠ ᠠᠷᠠᠯᠵᠢᠶᠠᠨ ᠤ | ᠵᠥᠪᠳᠡᠯᠴᠡᠭᠡᠷ ᠤᠨ ᠬᠤᠷᠠᠯ᠂ ᠳᠤᠮᠳᠠᠳᠤ ᠤᠯᠤᠰ ᠤᠨ ᠤᠯᠠᠨ ᠤᠯᠤᠰ ᠤᠨ ᠦᠢᠯᠡᠴᠢᠯᠡᠭᠡᠨ ᠤ ᠠᠷᠠᠯᠵᠢᠶᠠᠨ ᠤ | ᠴᠤᠭᠯᠠᠭᠠᠨ᠂ ᠲᠣᠷᠭᠠᠨ ᠵᠠᠮ ᠤᠨ ᠦᠵᠡᠰᠬᠦᠯᠡᠩ ᠵᠢᠴᠢ ᠥᠷᠥᠨᠡᠳᠠᠬᠢᠨ ᠤ ᠵᠥᠪᠳᠡᠯᠴᠡᠭᠡᠷ ᠤᠨ ᠴᠤᠭᠯᠠᠭᠠᠨ᠂ | ᠯᠠᠨᠵᠧᠦ ᠶᠢᠨ ᠵᠥᠪᠳᠡᠯᠴᠡᠭᠡᠷ ᠤᠨ ᠴᠤᠭᠯᠠᠭᠠᠨ᠂ ᠵᠠᠯᠠᠭᠤᠴᠤᠳ ᠤᠨ ᠵᠥᠪᠳᠡᠯᠴᠡᠭᠡᠷ ᠤᠨ ᠴᠤᠭᠯᠠᠭᠠᠨ ᠵᠡᠷᠭᠡ | ᠲᠠᠪᠴᠠᠩ ᠢ ᠭᠦᠢᠴᠡᠳ ᠰᠠᠶᠢᠲᠤᠷ ᠠᠰᠢᠭᠯᠠᠵᠤ᠂ ᠭᠠᠳᠠᠭᠰᠢ ᠭᠠᠷᠴᠤ ᠬᠤᠳᠠᠯᠳᠤᠭᠠᠴᠢᠨ ᠤᠷᠢᠵᠤ ᠲᠠᠨᠢᠯᠴᠠᠭᠤᠯᠬᠤ | ᠡᠷᠴᠢᠮ ᠢᠶᠠᠨ ᠴᠢᠩᠭᠠᠷᠠᠭᠤᠯᠵᠤ᠂ ᠦᠵᠡᠰᠬᠦᠯᠡᠩ ᠳᠤ ᠣᠷᠣᠯᠴᠠᠬᠤ ᠨᠡᠩ ᠤᠯᠠᠨ ᠬᠤᠳᠠᠯᠳᠤᠭᠠᠴᠢᠨ᠂ ᠬᠤᠷᠠᠯ ᠳᠤ | ᠣᠷᠣᠯᠴᠠᠬᠤ ᠬᠤᠳᠠᠯᠳᠤᠭᠠᠴᠢᠨ ᠢ ᠤᠷᠢᠵᠤ ᠪᠡᠯᠡ ᠣᠷᠣᠭᠤᠯᠤᠨ ᠬᠠᠮᠲᠤᠷᠠᠯᠴᠠᠭᠤᠯᠤᠨᠠ᠃ ︵ᠬᠤᠰᠢᠭᠤᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ | ᠦᠢᠯᠡᠳᠪᠦᠷᠢ ᠬᠤᠳᠠᠯᠳᠤᠭᠠᠨ ᠤ ᠬᠤᠯᠪᠣᠭ᠎ᠠ︶ | ︵ᠳᠣᠯᠤᠭ᠎ᠠ︶ ᠪᠦᠬᠦᠨ ᠢ ᠬᠠᠮᠤᠷᠤᠭᠰᠠᠨ ᠬᠤᠳᠠᠯᠳᠤᠭᠠᠴᠢᠨ ᠤᠷᠢᠬᠤ ᠲᠣᠣᠷ ᠰᠦᠯᠵᠢᠶ᠎ᠡ ᠶᠢ ᠪᠠᠶᠢᠭᠤᠯᠤᠨ᠎ᠠ | ᠃ ᠠᠵᠢᠯ ᠲᠦᠷᠦᠯ ᠢ ᠬᠠᠮᠢᠶᠠᠷᠬᠤ ᠳᠤ ᠠᠷᠠᠯᠵᠢᠶᠠᠴᠢᠨ ᠤᠷᠢᠬᠤ ᠶᠢ ᠬᠠᠮᠢᠶᠠᠷᠬᠤ ᠶᠢ ᠪᠠᠷᠢᠮᠲᠠᠯᠠᠵᠤ᠂ ︽ᠨᠢᠭᠡᠳᠦᠭᠡᠷ | ᠭᠠᠷ︾ ᠤᠨ ᠠᠷᠠᠯᠵᠢᠶᠠᠴᠢᠨ ᠤᠷᠢᠬᠤ ᠶᠢ ᠠᠳᠬᠤᠬᠤ ᠶᠢ ᠴᠢᠩᠭᠠᠳᠬᠠᠵᠤ᠂ ᠰᠠᠯᠪᠤᠷᠢ ᠪᠠᠭ᠎ᠠ ᠠᠩᠭᠢ ᠶᠢᠨ ᠲᠤᠰᠬᠠᠢ | ᠰᠡᠳᠦᠪ ᠢᠶᠠᠷ ᠠᠷᠠᠯᠵᠢᠶᠠᠴᠢᠨ ᠤᠷᠢᠬᠤ ᠶᠢ ᠬᠡᠷᠡᠭᠵᠢᠭᠦᠯᠵᠦ᠂ ︽ᠬᠡᠯᠬᠢᠶ᠎ᠡ ᠶᠢᠨ ᠡᠵᠡᠨ︾ ᠤ ᠠᠵᠤ ᠠᠬᠤᠶᠢᠯᠠᠯ ᠤᠨ | ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ ᠶᠢ ᠴᠢᠩᠭ᠎ᠠ ᠠᠳᠬᠤᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ | ᠣᠷᠣᠨ ᠤ ᠬᠠᠮᠵᠢᠯᠴᠠᠨ ᠬᠥᠭᠵᠢᠬᠦ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠪᠠᠷ ᠠᠭᠤᠰᠤᠯᠴᠠᠵᠤ᠂ ᠬᠥᠬᠡᠮᠥ᠋ᠷᠡᠨ ᠤ | ᠭᠤᠷᠪᠠᠯᠵᠢᠨ ᠬᠤᠶᠢᠭ ᠤᠨ ᠠᠵᠤ ᠠᠬᠤᠢ ᠶᠢᠨ ᠪᠦᠰᠡ᠂ ᠭᠤᠸᠠᠩᠳᠦ᠋ᠩ ᠰᠢᠶᠠᠩᠭᠠᠩ ᠣᠣᠮᠧᠨ ᠤ ᠲᠣᠮᠣ ᠪᠤᠯᠤᠩ ᠤᠨ | ᠣᠷᠣᠨ᠂ ᠴᠧᠩᠳᠦ᠋ ᠴᠦᠩᠴᠢᠩ ᠤᠨ ᠠᠵᠤ ᠠᠬᠤᠢ ᠶᠢᠨ ᠲᠣᠭᠤᠷᠢᠭ ᠵᠡᠷᠭᠡ ᠭᠠᠵᠠᠷ ᠣᠷᠣᠨ ᠤ ᠴᠢᠨᠠᠷ ᠰᠠᠶᠢᠲᠠᠢ | ᠠᠵᠤ ᠦᠢᠯᠡᠰ ᠢ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠭᠤᠣᠯᠳᠠᠯᠭ᠎ᠠ ᠲᠠᠢ ᠪᠡᠯᠡ ᠮᠥᠩᠭᠦ ᠶᠢᠨ | ᠣᠷᠣᠭᠤᠯᠤᠯᠲᠠ ᠪᠠ ᠭᠤᠣᠯᠳᠠᠯᠭ᠎ᠠ ᠲᠠᠢ ᠵᠦᠢᠯᠡᠰ ᠢ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠬᠢ ᠬᠠᠮᠵᠢᠯᠴᠠᠭ᠎ᠠ ᠪᠠᠨ | ᠴᠢᠩᠭᠠᠳᠬᠠᠨ᠎ᠠ᠃ ᠬᠠᠲᠤᠨ ᠭᠤᠣᠯ ᠳᠠᠭᠠᠤ ᠶᠢᠨ ᠰᠠᠪᠠ ᠭᠠᠵᠠᠷ ᠤᠨ ᠬᠥᠷᠰᠢ ᠵᠡᠷᠭᠡᠯᠡᠳᠡᠭᠡ ᠭᠠᠵᠠᠷ ᠣᠷᠣᠨ | ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠴᠧᠩᠳᠦ᠋ ᠴᠦᠩᠴᠢᠩ᠂ ᠱᠠᠨᠰᠢ ᠭᠠᠨᠰᠤ | ᠨᠢᠩᠰᠢᠶᠠ ᠬᠥᠬᠡᠨᠠᠭᠤᠷ᠂ ᠬᠥᠬᠡᠬᠤᠲᠠ ᠪᠤᠭᠤᠲᠤ ᠢᠷᠭᠠᠢ ᠲᠡᠮᠡᠭᠡᠲᠦ ᠵᠡᠷᠭᠡ ᠳᠤᠮᠳᠠ ᠪᠠᠷᠠᠭᠤᠨ ᠬᠡᠰᠡᠭ ᠤᠨ ᠭᠠᠵᠠᠷ | ᠣᠷᠣᠨ ᠯᠤᠭ᠎ᠠ ᠶᠢᠨ ᠨᠡᠭᠡᠭᠡᠯᠲᠡ ᠬᠠᠮᠵᠢᠯᠴᠠᠭ᠎ᠠ ᠪᠠᠨ ᠭᠦᠨᠵᠡᠭᠡᠶᠢᠷᠡᠭᠦᠯᠦᠨ᠎ᠡ᠃ ᠤᠯᠤᠰ ᠤᠨ ᠳᠣᠲᠣᠭᠠᠳᠤ | ᠭᠠᠳᠠᠭᠠᠳᠤ ᠶᠢᠨ ᠡᠯ᠎ᠡ ᠲᠦᠷᠦᠯ ᠤᠨ ᠬᠤᠳᠠᠯᠳᠤᠭᠠᠨ ᠤ ᠨᠡᠶᠢᠭᠡᠮᠯᠢᠭ ᠯᠦᠭᠡ ᠶᠢᠨ ᠬᠠᠮᠲᠤᠷᠠᠯᠴᠠᠭ᠎ᠠ ᠪᠠᠨ ᠴᠢᠩᠭᠠᠳᠬᠠᠵᠤ | ᠂ ᠱᠠᠨᠳᠦ᠋ᠩ᠂ ᠵᠧᠵᠢᠶᠠᠩ᠂ ᠰᠧᠴᠤᠸᠠᠨ᠂ ᠴᠦᠩᠴᠢᠩ᠂ ᠱᠠᠩᠬᠠᠢ ᠵᠡᠷᠭᠡ ᠭᠠᠵᠠᠷ ᠤᠨ ᠬᠤᠳᠠᠯᠳᠤᠭᠠᠨ ᠤ | ᠨᠡᠶᠢᠭᠡᠮᠯᠢᠭ ᠤᠨ ᠠᠷᠭ᠎ᠠ ᠵᠠᠮ ᠢ ᠢᠳᠡᠪᠬᠢᠲᠡᠢ ᠪᠠᠷ ᠥᠷᠭᠡᠳᠬᠡᠵᠦ᠂ ᠭᠠᠳᠠᠭᠠᠳᠤ ᠳᠤ ᠰᠠᠭᠤᠭ᠎ᠠ ᠬᠤᠳᠠᠯᠳᠤᠭᠠᠴᠢᠨ | ᠤᠷᠢᠬᠤ ᠬᠡᠷᠡᠭ ᠡᠷᠬᠢᠯᠡᠬᠦ ᠭᠠᠵᠠᠷ ︵ᠬᠤᠯᠪᠣᠭ᠎ᠠ ᠠᠪᠬᠤ ᠭᠠᠵᠠᠷ︶ ᠢ ᠪᠠᠶᠢᠭᠤᠯᠤᠨ᠎ᠠ᠃ ︽ᠬᠤᠨ ᠭᠠᠯᠠᠭᠤ | ᠬᠤᠰᠢᠭᠤᠨ ᠳᠠᠭᠠᠨ ᠪᠤᠴᠠᠬᠤ︾ ᠠᠵᠢᠯᠯᠠᠭ᠎ᠠ ᠶᠢ ᠬᠡᠷᠡᠭᠵᠢᠭᠦᠯᠵᠦ᠂ ᠮᠣᠩᠭᠤᠯ ᠬᠤᠳᠠᠯᠳᠤᠭᠠᠴᠢᠳ ᠤᠨ | ᠨᠤᠲᠤᠭ ᠲᠠᠭᠠᠨ ᠪᠤᠴᠠᠵᠤ ᠪᠡᠯᠡ ᠣᠷᠣᠭᠤᠯᠤᠨ ᠦᠢᠯᠡᠰ ᠴᠣᠭᠴᠠᠯᠠᠬᠤ ᠶᠢ ᠲᠠᠲᠠᠨ᠎ᠠ᠃ ᠨᠡᠶᠢᠭᠡᠮ ᠤᠨ ᠠᠷᠠᠯᠵᠢᠶᠠᠴᠢᠨ | ᠤᠷᠢᠬᠤ ᠶᠢ ᠭᠦᠨᠵᠡᠭᠡᠶᠢᠷᠡᠭᠦᠯᠵᠦ᠂ ᠠᠵᠤ ᠠᠬᠤᠶᠢᠯᠠᠯ᠂ ᠳᠡᠭᠡᠳᠦ ᠰᠤᠷᠭᠠᠭᠤᠯᠢ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠥᠷᠨᠢᠭᠦᠯᠵᠦ᠂ ︽ᠡᠭᠦᠯᠡᠨ ᠠᠷᠠᠯᠵᠢᠶᠠᠴᠢᠨ ᠤᠷᠢᠬᠤ︾᠂ ᠰᠤᠷᠭᠠᠭᠤᠯᠢ ᠶᠢᠨ | ᠨᠠᠶᠢᠵᠠ ᠶᠢᠨ ᠠᠷᠠᠯᠵᠢᠶᠠᠴᠢᠨ ᠤᠷᠢᠬᠤ᠂ ᠮᠥᠩᠭᠦᠨ ᠭᠦᠢᠯᠭᠡᠭᠡᠨ ᠤ ᠠᠷᠠᠯᠵᠢᠶᠠᠴᠢᠨ ᠤᠷᠢᠬᠤ᠂ ᠠᠵᠤ ᠠᠬᠤᠶᠢᠯᠠᠯ ᠤᠨ | ᠠᠷᠠᠯᠵᠢᠶᠠᠴᠢᠨ ᠤᠷᠢᠬᠤ᠂ ᠨᠠᠶᠢᠳᠠᠯᠭ᠎ᠠ ᠪᠠᠷ ᠠᠷᠠᠯᠵᠢᠶᠠᠴᠢᠨ ᠤᠷᠢᠬᠤ ᠵᠡᠷᠭᠡ ᠨᠠᠷᠢᠯᠢᠭ ᠣᠨᠣᠴᠠᠲᠠᠢ ᠪᠠᠷ | ᠠᠷᠠᠯᠵᠢᠶᠠᠴᠢᠨ ᠤᠷᠢᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠵᠠᠭᠤᠴᠢᠯᠠᠨ ᠬᠤᠳᠠᠯᠳᠤᠭᠠᠴᠢᠨ | ᠤᠷᠢᠬᠤ ᠶᠢ ᠵᠣᠷᠢᠭᠵᠢᠭᠤᠯᠤᠨ ᠥᠷᠨᠢᠭᠦᠯᠵᠦ᠂ ᠪᠣᠳᠠᠲᠠᠶᠢᠵᠢᠭᠤᠯᠤᠨ ᠬᠤᠳᠠᠯᠳᠤᠭᠠᠴᠢᠨ ᠤᠷᠢᠬᠤ ᠵᠠᠭᠤᠴᠢ | ᠪᠠᠶᠢᠭᠤᠯᠤᠮᠵᠢ ᠶᠢ ᠣᠷᠣᠭᠤᠯᠤᠨ ᠠᠪᠴᠢᠷᠠᠵᠤ᠂ ᠺᠣᠮᠫᠠᠨᠢᠴᠢᠯᠠᠭᠰᠠᠨ ᠬᠤᠳᠠᠯᠳᠤᠭᠠᠴᠢᠨ ᠤᠷᠢᠬᠤ ᠪᠦᠯᠬᠦᠮ ᠨᠡᠶᠢᠲᠡ | ᠪᠠᠶᠢᠭᠤᠯᠬᠤ ᠶᠢ ᠳᠡᠮᠵᠢᠵᠦ᠂ ᠲᠤᠰᠬᠠᠶᠢᠵᠢᠭᠰᠠᠨ ᠬᠤᠳᠠᠯᠳᠤᠭᠠᠴᠢᠨ ᠤᠷᠢᠬᠤ ᠠᠯᠬᠤᠴᠠ ᠶᠢ ᠠᠬᠢᠭᠤᠯᠤᠨ᠎ᠠ᠃ ᠵᠢᠯ | ᠪᠦᠷᠢ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠳᠤ 20 ᠤᠳᠠᠭ᠎ᠠ ᠠᠴᠠ ᠳᠤᠲᠠᠭᠤ ᠦᠭᠡᠢ᠂ ᠨᠠᠮ ᠵᠠᠰᠠᠭ ᠤᠨ | ᠭᠤᠣᠯ ᠤᠳᠤᠷᠢᠳᠤᠯᠭ᠎ᠠ ᠪᠦᠯᠬᠦᠮ ᠳᠠᠭᠠᠭᠤᠯᠤᠨ ᠭᠠᠳᠠᠭᠰᠢ ᠭᠠᠷᠴᠤ ᠬᠤᠳᠠᠯᠳᠤᠭᠠᠴᠢᠨ ᠤᠷᠢᠬᠤ ᠳᠤ 4 ᠤᠳᠠᠭ᠎ᠠ | ᠠᠴᠠ ᠳᠤᠲᠠᠭᠤ ᠦᠭᠡᠢ ᠪᠠᠶᠢᠵᠤ᠂ ᠰᠢᠨ᠎ᠡ ᠪᠠᠷ ᠵᠣᠯᠭᠠᠭᠤᠯᠤᠭᠰᠠᠨ ᠬᠤᠳᠠᠯᠳᠤᠭᠠᠴᠢᠨ ᠤᠷᠢᠵᠤ ᠪᠡᠯᠡ ᠲᠠᠲᠠᠬᠤ | ᠲᠥᠷᠥᠯ ᠵᠦᠢᠯ 10 ᠠᠴᠠ ᠳᠡᠭᠡᠭᠰᠢ ᠪᠠᠶᠢᠵᠤ᠂ ᠪᠥᠬᠦ ᠬᠤᠰᠢᠭᠤᠨ ᠤ ᠵᠣᠯᠭᠠᠭᠤᠯᠵᠤ ᠮᠥᠷᠳᠡᠬᠦ ᠲᠥᠷᠥᠯ ᠵᠦᠢᠯ ᠤᠨ | ᠬᠥᠮᠥᠷᠭᠡ ᠶᠢᠨ ᠬᠥᠳᠡᠯᠦᠩᠭᠦᠢ ᠨᠥᠭᠡᠴᠡ 30 ᠠᠴᠠ ᠳᠡᠭᠡᠭᠰᠢ ᠪᠠᠶᠢᠨ᠎ᠠ᠃ ︵ᠬᠤᠰᠢᠭᠤᠨ ᠤ ᠦᠢᠯᠡᠳᠪᠦᠷᠢ | ᠬᠤᠳᠠᠯᠳᠤᠭᠠᠨ ᠤ ᠬᠤᠯᠪᠣᠭ᠎ᠠ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠰᠣᠶᠣᠯ ᠵᠢᠭᠤᠯᠴᠢᠯᠠᠯ | ᠷᠠᠳᠢᠣ᠋ ᠲᠧᠯᠸᠢᠰ ᠤᠨ ᠲᠣᠪᠴᠢᠶ᠎ᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠵᠥᠪᠯᠡᠯ᠂ ᠰᠤᠷᠭᠠᠨ ᠬᠥᠮᠦᠵᠢᠯ | ᠪᠡᠶ᠎ᠡ ᠶᠢᠨ ᠲᠠᠮᠢᠷ ᠤᠨ ᠲᠣᠪᠴᠢᠶ᠎ᠠ︶ | ︵ᠨᠠᠢᠮᠠ︶ ᠲᠤᠰᠬᠠᠶᠢᠵᠢᠭᠰᠠᠨ ᠪᠡᠯᠡ ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠢ ᠪᠠᠶᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠤ ᠠᠬᠤᠶᠢᠯᠠᠯ ᠬᠢᠭᠡᠳ ᠬᠤᠰᠢᠭᠤᠨ ᠤ ᠰᠢᠭᠤᠳ ᠬᠠᠷᠢᠶ᠎ᠠ | ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠬᠠᠮᠲᠤᠷᠠᠨ ᠠᠵᠢᠯᠯᠠᠵᠤ ᠬᠠᠮᠲᠤ ᠪᠠᠷ ᠠᠰᠢᠭ ᠭᠥᠷᠳᠡᠬᠦ ᠶᠢ | ᠠᠬᠢᠭᠤᠯᠵᠤ᠂ ᠪᠡᠯᠡ ᠣᠷᠣᠭᠤᠯᠤᠯᠲᠠ ᠶᠢᠨ ᠰᠠᠭᠤᠷᠢ ᠮᠥᠩᠭᠦ ᠶᠢ ᠣᠷᠣᠭᠤᠯᠤᠨ ᠠᠪᠴᠢᠷᠠᠬᠤ᠂ ᠪᠠᠶᠢᠯᠳᠤᠬᠤ | ᠪᠣᠳᠣᠯᠭ᠎ᠠ ᠶᠢᠨ ᠬᠠᠮᠲᠤᠷᠠᠯᠴᠠᠭ᠎ᠠ ᠵᠡᠷᠭᠡ ᠣᠯᠠᠨ ᠵᠦᠢᠯ ᠤᠨ ᠬᠠᠮᠲᠤᠷᠠᠯᠴᠠᠭᠠᠨ ᠤ ᠵᠠᠭᠪᠤᠷ ᠢ ᠬᠡᠷᠡᠭᠵᠢᠭᠦᠯᠬᠦ ᠪᠠᠷ | ᠳᠡᠮᠵᠢᠨ᠂ ᠲᠣᠮᠣ ᠠᠵᠤ ᠠᠬᠤᠶᠢᠯᠠᠯ᠂ ᠰᠠᠶᠢᠨ ᠲᠥᠷᠥᠯ ᠵᠦᠢᠯ ᠢ ᠣᠷᠣᠭᠤᠯᠤᠨ ᠠᠪᠴᠢᠷᠠᠵᠤ᠂ ᠣᠷᠣᠨ ᠨᠤᠲᠤᠭ ᠤᠨ | ᠳᠠᠪᠠᠭᠤᠯᠢᠭ ᠠᠵᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ | ᠦᠢᠯᠡᠰ ᠤᠨ ᠬᠥᠭᠵᠢᠯᠲᠡ ᠶᠢ ᠳᠠᠶᠢᠴᠢᠯᠠᠨ᠎ᠠ᠃ ᠡᠵᠡᠨ᠎ᠡ ᠶᠢᠨ ᠡᠨᠧᠷᠭᠢ ᠶᠢᠨ ᠪᠡᠯᠡ ᠣᠷᠣᠭᠤᠯᠤᠯᠲᠠ᠂ ᠰᠣᠶᠣᠯ | ᠵᠢᠭᠤᠯᠴᠢᠯᠠᠯ ᠤᠨ ᠪᠡᠯᠡ ᠣᠷᠣᠭᠤᠯᠤᠯᠲᠠ ᠵᠡᠷᠭᠡ ᠤᠯᠤᠰ ᠤᠨ ᠥᠮᠴᠢᠯᠡᠯᠲᠦ ᠠᠵᠤ ᠠᠬᠤᠶᠢᠯᠠᠯ ᠤᠨ ᠵᠠᠬ᠎ᠠ | ᠳᠡᠯᠭᠡᠭᠦᠷᠴᠢᠯᠡᠭᠰᠡᠨ ᠲᠣᠭᠲᠠᠴᠠ ᠶᠣᠰᠣᠭᠠᠷ᠂ ᠰᠲ᠋ᠣᠺ ᠤᠨ ᠡᠷᠬᠡ ᠪᠠᠷ ᠪᠡᠯᠡ ᠣᠷᠣᠭᠤᠯᠬᠤ᠂ ᠬᠤᠯᠪᠤᠭᠠᠯᠠᠨ ᠪᠡᠯᠡ | ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠨᠡᠶᠢᠭᠡᠮ ᠤᠨ ᠬᠥᠷᠥᠩᠭᠡ ᠶᠢ ᠣᠷᠣᠭᠤᠯᠤᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠬᠤ ᠶᠢ ᠠᠬᠢᠭᠤᠯᠤᠨ᠎ᠠ᠃ ᠬᠤᠰᠢᠭᠤᠨ ᠳᠣᠲᠣᠷᠠᠬᠢ ᠪᠡᠯᠡ | ᠣᠷᠣᠭᠤᠯᠵᠤ ᠪᠡᠯᠡ ᠲᠣᠬᠢᠷᠠᠭᠤᠯᠬᠤ ᠲᠠᠪᠴᠠᠩ ᠨᠢ ᠡᠯ᠎ᠡ ᠲᠥᠷᠥᠯ ᠤᠨ ᠪᠡᠯᠡ ᠣᠷᠣᠭᠤᠯᠵᠤ ᠪᠡᠯᠡ ᠲᠣᠬᠢᠷᠠᠭᠤᠯᠬᠤ | ᠠᠵᠤ ᠠᠬᠤᠶᠢᠯᠠᠯ ᠲᠠᠢ ᠬᠤᠯᠪᠤᠭᠠᠯᠠᠨ᠂ ᠵᠠᠬ᠎ᠠ ᠳᠡᠯᠭᠡᠭᠦᠷᠴᠢᠯᠡᠨ ᠡᠵᠡᠩᠨᠡᠬᠦ ᠠᠷᠭ᠎ᠠ ᠮᠠᠶ᠋ᠢᠭ ᠢ ᠬᠡᠷᠡᠭᠯᠡᠨ ᠣᠲᠣ | ᠦᠶ᠎ᠡ ᠶᠢᠨ ᠲᠠᠷᠢᠶᠠᠯᠠᠩ᠂ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠵᠡᠷᠭᠡ ᠰᠠᠭᠤᠷᠢ ᠪᠡᠯᠡᠳᠬᠡᠮᠵᠢ ᠶᠢᠨ ᠲᠥᠷᠥᠯ | ᠵᠦᠢᠯ ᠤᠨ ᠪᠦᠲᠦᠭᠡᠨ ᠪᠠᠶᠢᠭᠤᠯᠤᠯᠲᠠ ᠡᠵᠡᠩᠨᠡᠯᠲᠡ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠥᠪᠡᠷᠲᠡᠭᠡᠨ ᠵᠠᠰᠠᠬᠤ | ᠣᠷᠣᠨ ᠤ ᠡᠯ᠎ᠡ ᠲᠥᠷᠥᠯ ᠤᠨ ᠪᠡᠯᠡ ᠣᠷᠣᠭᠤᠯᠤᠭᠰᠠᠨ ᠠᠵᠤ ᠠᠬᠤᠶᠢᠯᠠᠯ ᠪᠣᠯᠣᠨ ᠡᠯ᠎ᠡ ᠲᠥᠷᠥᠯ ᠤᠨ ᠪᠡᠯᠡ | ᠣᠷᠣᠭᠤᠯᠵᠤ ᠪᠡᠯᠡ ᠲᠣᠬᠢᠷᠠᠭᠤᠯᠬᠤ ᠰᠠᠭᠤᠷᠢ ᠮᠥᠩᠭᠦ ᠶᠢᠨ ᠳᠡᠮᠵᠢᠯᠭᠡ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ | ᠲᠦᠭᠰᠢᠭᠦᠷᠢᠲᠦ ᠪᠡᠯᠡ ᠣᠷᠣᠭᠤᠯᠤᠯᠲᠠ ᠬᠢᠬᠦ᠂ ᠪᠡᠯᠡ ᠨᠡᠶᠢᠯᠡᠭᠦᠯᠦᠨ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢ | ᠬᠡᠷᠡᠭᠵᠢᠭᠦᠯᠬᠦ ᠪᠠᠷ ᠳᠠᠮᠵᠢᠭᠤᠯᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ᠠᠬᠢᠭᠤᠯᠤᠨ᠎ᠠ᠃ ︵ | ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ᠂ ᠲᠠᠷᠢᠶᠠᠯᠠᠩ ᠤᠨ ᠰᠢᠨᠵᠢᠯᠡᠬᠦ ᠤᠬᠠᠭᠠᠨ ᠤ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠰᠢᠭᠤᠨ ᠡᠨᠧᠷᠭᠢ ᠶᠢᠨ ᠪᠡᠯᠡ ᠣᠷᠣᠭᠤᠯᠤᠯᠲᠠ᠂ ᠰᠣᠶᠣᠯ | ᠵᠢᠭᠤᠯᠴᠢᠯᠠᠯ ᠤᠨ ᠪᠡᠯᠡ ᠣᠷᠣᠭᠤᠯᠤᠯᠲᠠ︶ | ︵ᠶᠢᠰᠦ︶ ᠠᠵᠤ ᠠᠬᠤᠶᠢᠯᠠᠯ ᠳᠤ ᠬᠤᠯᠪᠣᠭᠳᠠᠬᠤ ᠦᠢᠯᠡᠴᠢᠯᠡᠭᠡᠨ ᠤ ᠳᠥᠭᠦᠮ ᠳᠥᠲᠡ ᠥᠨᠳᠥᠷ | ᠪᠦᠲᠦᠮᠵᠢᠲᠡᠶ ᠪᠠᠶᠢᠬᠤ ᠶᠢ ᠠᠬᠢᠭᠤᠯᠤᠨ᠎ᠠ᠃ ᠰᠢᠯᠢᠳᠡᠭ ᠠᠵᠤ ᠠᠬᠤᠶᠢᠯᠠᠯᠲᠠᠨ ᠤ ᠰᠠᠭᠠᠳ ᠦᠭᠡᠢ ᠨᠡᠪᠲᠡᠷᠡᠬᠦ ᠵᠠᠮ ᠤᠨ | ᠦᠢᠯᠡᠴᠢᠯᠡᠭᠡ᠂ ᠠᠵᠤ ᠠᠬᠤᠶᠢᠯᠠᠯ ᠤᠨ ᠦᠨᠡᠯᠡᠯᠲᠡ ᠶᠢᠨ ᠦᠢᠯᠡᠴᠢᠯᠡᠭᠡᠨ ᠤ ᠰᠠᠯᠠᠭ᠎ᠠ ᠮᠥᠴᠢᠷ ᠵᠡᠷᠭᠡ ᠳᠦᠷᠢᠮ ᠢ | ᠴᠢᠩᠭ᠎ᠠ ᠨᠠᠶᠢᠳᠠᠪᠤᠷᠢᠵᠢᠭᠤᠯᠤᠨ᠎ᠠ᠃ ᠬᠤᠳᠠᠯᠳᠤᠭᠠᠴᠢᠨ ᠤᠷᠢᠵᠤ ᠪᠡᠯᠡ ᠲᠠᠲᠠᠬᠤ ᠠᠵᠤ ᠠᠬᠤᠶᠢᠯᠠᠯ ᠤᠨ | ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠰᠠᠭᠠᠳ ᠦᠭᠡᠢ ᠨᠠᠪᠲᠠᠷᠡᠭᠦᠯᠵᠦ᠂ | ᠬᠤᠳᠠᠯᠳᠤᠭᠠᠴᠢᠨ ᠤᠷᠢᠵᠤ ᠪᠡᠯᠡ ᠲᠠᠲᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠪᠠᠶᠢᠳᠠᠯ ᠢ ᠦᠨᠡᠯᠡᠨ | ᠵᠢᠱᠢᠬᠦ ᠶᠢ ᠥᠷᠨᠢᠭᠦᠯᠵᠦ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠠᠷᠭ᠎ᠠ ᠵᠠᠮ ᠢ ᠨᠡᠪᠲᠡᠷᠡᠭᠦᠯᠦᠨ᠎ᠡ᠃ | ᠠᠵᠤ ᠠᠬᠤᠶᠢᠯᠠᠯ ᠳᠤ ᠬᠤᠯᠪᠣᠭᠳᠠᠬᠤ ᠨᠠᠩ ᠣᠯᠠᠨ ᠦᠢᠯᠡᠴᠢᠯᠡᠭᠡᠨ ᠤ ᠵᠦᠢᠯᠡᠰ ᠢ ᠲᠥᠪᠯᠡᠷᠡᠭᠦᠯᠦᠨ ᠭᠦᠢᠴᠡᠳᠬᠡᠬᠦ ᠶᠢ | ᠲᠦᠯᠬᠢᠨ ᠠᠬᠢᠭᠤᠯᠵᠤ᠂ ︽ᠦᠨᠡᠮᠯᠡᠯ ᠠᠴᠠ ᠬᠡᠯᠲᠦᠷᠢᠭᠦᠯᠦᠨ ᠭᠦᠢᠴᠡᠳᠬᠡᠬᠦ︾ ︽ᠣᠶᠢᠷ᠎ᠠ ᠬᠠᠪᠢ ᠳᠠᠭᠠᠨ | ᠭᠦᠢᠴᠡᠳᠬᠡᠬᠦ︾ ︽ᠨᠢᠭᠡ ᠯᠡ ᠤᠳᠠᠭ᠎ᠠ ᠳᠤ ᠭᠦᠢᠴᠡᠳᠬᠡᠬᠦ︾ ᠵᠡᠷᠭᠡ ᠦᠢᠯᠡᠴᠢᠯᠡᠭᠡ ᠶᠢ ᠲᠦᠯᠬᠢᠨ ᠠᠬᠢᠭᠤᠯᠵᠤ᠂ | ᠠᠵᠤ ᠠᠬᠤᠶᠢᠯᠠᠯ ᠳᠤ ᠴᠠᠭ ᠢ ᠤᠷᠲᠤᠳᠬᠠᠬᠤ᠂ ᠴᠠᠭ ᠢ ᠵᠥᠷᠢᠭᠦᠯᠬᠦ᠂ ᠣᠨᠴᠣᠭᠤᠢ ᠦᠢᠯᠡᠴᠢᠯᠡᠭᠡ ᠵᠢᠴᠢ ︽ᠰᠠᠭᠠᠳ | ᠦᠭᠡᠢ ᠨᠡᠪᠲᠡᠷᠡᠬᠦ ᠵᠠᠮ︾ ᠪᠠ ︽ᠭᠡᠷ ᠲᠤᠨᠢ ᠬᠦᠷᠴᠦ ᠦᠢᠯᠡᠴᠢᠯᠡᠬᠦ︾ ᠦᠢᠯᠡᠴᠢᠯᠡᠭᠡ ᠬᠠᠩᠭᠠᠵᠤ᠂ ᠠᠵᠢᠯ ᠶᠠᠪᠤᠳᠠᠯ | ᠭᠦᠢᠴᠡᠳᠬᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠤᠨ | ᠠᠪᠴᠢᠷᠠᠬᠤ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠳᠦᠷᠢᠮ ᠢ ᠥᠨᠳᠥᠷ ᠪᠦᠲᠦᠮᠵᠢᠲᠡᠶ ᠪᠠᠷ ᠬᠡᠷᠡᠭᠵᠢᠭᠦᠯᠵᠦ᠂ | ᠲᠤᠰᠬᠠᠢ ᠲᠤᠰᠢᠶᠠᠯᠲᠤ ᠣᠷᠣᠯᠠᠨ ᠭᠦᠢᠴᠡᠳᠭᠡᠭᠴᠢ ᠶᠢ ᠵᠢᠭᠠᠨ ᠲᠣᠭᠲᠠᠭᠠᠵᠤ᠂ ︽ᠨᠢᠭᠡ ᠲᠥᠷᠥᠯ ᠵᠦᠢᠯ ᠨᠢᠭᠡ | ᠲᠥᠰᠥᠯ︾ ᠤᠨ ᠨᠠᠷᠢᠯᠢᠭ ᠣᠨᠣᠴᠠᠲᠠᠢ ᠪᠠᠷ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠴᠢᠯᠡᠭᠡ ᠶᠢ | ᠥᠷᠨᠢᠭᠦᠯᠵᠦ᠂ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠬᠢᠴᠠ ᠶᠢ ᠲᠦᠷᠭᠡᠳᠬᠡᠨ᠂ ᠲᠥᠷᠥᠯ ᠵᠦᠢᠯ ᠤᠨ ᠡᠷᠲᠡᠬᠡᠨ | ᠠᠰᠢᠭᠯᠠᠯᠲᠠ ᠳᠤ ᠣᠷᠣᠵᠤ ᠦᠷ᠎ᠡ ᠪᠦᠲᠦᠮᠵᠢ ᠣᠯᠬᠤ ᠶᠢ ᠠᠬᠢᠭᠤᠯᠤᠨ᠎ᠠ᠃ ︵ᠬᠤᠰᠢᠭᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠶᠢᠨ ᠣᠷᠴᠢᠨ | ᠲᠣᠭᠤᠷᠢᠨ ᠤ ᠲᠣᠪᠴᠢᠶ᠎ᠠ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶ | ︵ᠠᠷᠪᠠ︶ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠬᠦᠴᠦᠨ ᠵᠦᠢᠯ ᠤᠨ ᠪᠠᠲᠤᠯᠠᠭ᠎ᠠ ᠶᠢ | ᠴᠢᠩᠭᠠᠳᠬᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠲᠥᠷᠥᠯ ᠵᠦᠢᠯ ᠤᠨ ᠨᠠᠷᠢᠨ | ᠬᠠᠭᠤᠳᠠᠰᠤ ᠳᠤ ᠣᠷᠣᠭᠤᠯᠤᠭᠰᠠᠨ ᠲᠥᠷᠥᠯ ᠵᠦᠢᠯ ᠳᠤ ᠭᠠᠵᠠᠷ ᠬᠡᠷᠡᠭᠯᠡᠬᠦ ᠭᠦᠢᠴᠡᠳᠬᠡᠯ ᠲᠤᠭ᠎ᠠ ᠶᠢ ᠤᠷᠢᠳᠠᠪᠠᠷ | ᠪᠠᠲᠤᠯᠠᠨ᠎ᠠ᠃ ᠡᠨᠧᠷᠭᠢ ᠶᠢᠨ ᠬᠤᠷᠣᠭᠳᠠᠭᠤᠯᠤᠯ ᠤᠨ ︽ᠬᠤᠶᠠᠷ ᠢ ᠡᠵᠡᠮᠳᠡᠬᠦ︾ ᠬᠠᠷᠢᠮᠠᠬᠠᠢ ᠴᠢᠨᠠᠷᠲᠠᠢ | ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ︽ᠬᠤᠶᠠᠷ ᠥᠨᠳᠥᠷ︾ ᠤ ᠲᠥᠷᠥᠯ | ᠵᠦᠢᠯ ᠤᠨ ᠳᠣᠣᠷ᠎ᠠ ᠬᠢᠷᠢ ᠲᠦᠪᠰᠢᠨ ᠳᠤ ᠰᠣᠬᠤᠷ ᠪᠠᠯᠠᠢ ᠪᠠᠷ ᠬᠥᠭᠵᠢᠬᠦ ᠶᠢ ᠡᠷᠡᠰ ᠬᠤᠷᠢᠭᠯᠠᠵᠤ᠂ ᠰᠢᠨ᠎ᠡ ᠪᠠᠷ | ᠪᠠᠶᠢᠭᠤᠯᠬᠤ ᠲᠥᠷᠥᠯ ᠵᠦᠢᠯ ᠳᠤ ᠴᠥᠮ ︽ᠬᠤᠶᠠᠷ ᠲᠡᠷᠢᠭᠦᠨ ᠤ︾ ᠤ ᠬᠢᠨᠠᠨ ᠪᠠᠶᠢᠴᠠᠭᠠᠬᠤ ᠪᠠᠷᠢᠮᠵᠢᠶ᠎ᠠ ᠶᠢ | ᠬᠡᠷᠡᠭᠵᠢᠭᠦᠯᠦᠨ᠎ᠡ᠃ ᠲᠤᠬᠠᠢ ᠶᠢᠨ ᠭᠠᠵᠠᠷ ᠤᠨ ᠠᠵᠤ ᠦᠢᠯᠡᠳᠪᠦᠷᠢ ᠶᠢᠨ ᠬᠡᠷᠡᠭᠯᠡᠬᠦ ᠤᠰᠤ᠂ ᠭᠠᠵᠠᠷ ᠰᠢᠷᠣᠢ ᠶᠢᠨ | ᠡᠯᠧᠮᠧᠨ᠋ᠲ ᠤᠨ ᠴᠠᠭ ᠬᠤᠪᠢᠶᠠᠭᠰᠠᠨ ᠴᠠᠬᠢᠯᠭᠠᠨ ᠤ ᠦᠨ᠎ᠡ ᠶᠢᠨ ᠲᠣᠭᠲᠠᠴᠠ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠨᠣᠭᠤᠭᠠᠨ ᠴᠠᠬᠢᠯᠭᠠᠨ ᠤ ᠶᠡᠭᠡ ᠬᠡᠪᠴᠢᠶ᠎ᠡ ᠪᠠᠷ᠂ ᠥᠨᠳᠥᠷ ᠬᠠᠷᠢᠴᠠᠯ ᠢᠶᠠᠷ ᠬᠠᠩᠭᠠᠯᠭ᠎ᠠ ᠶᠢ | ᠪᠠᠲᠤᠯᠠᠬᠤ ᠶᠢ ᠠᠬᠢᠭᠤᠯᠤᠨ᠎ᠠ᠃ ᠮᠥᠷᠳᠡᠨ ᠬᠠᠮᠢᠶᠠᠷᠬᠤ ᠪᠠᠨ ᠴᠢᠩᠭᠠᠳᠬᠠᠵᠤ᠂ ᠰᠠᠨᠠᠭᠠᠴᠢᠯᠠᠭ᠎ᠠ ᠠᠴᠠ ᠪᠠᠨ | ᠤᠷᠢᠳᠴᠢᠯᠠᠨ ᠦᠢᠯᠡᠴᠢᠯᠡᠵᠦ᠂ ᠭᠡᠷ᠎ᠡ ᠲᠣᠭᠲᠠᠭᠰᠠᠨ ᠲᠥᠷᠥᠯ ᠵᠦᠢᠯ ᠢ ᠨᠠᠶᠢᠳᠠᠪᠤᠷᠢᠵᠢᠭᠤᠯᠤᠨ ᠬᠤᠪᠢᠷᠠᠭᠤᠯᠬᠤ | ᠨᠣᠷᠮ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ︵ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠣᠶ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ᠂ ᠤᠰᠤᠨ ᠤ | ᠶᠠᠪᠤᠳᠠᠯ ᠤᠨ ᠲᠣᠪᠴᠢᠶ᠎ᠠ︶ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠤᠨ᠎ᠠ᠃ ᠬᠤᠰᠢᠭᠤᠨ ᠤ | ᠨᠠᠮ ᠤᠨ ᠬᠤᠷᠢᠶ᠎ᠠ᠂ ᠵᠠᠰᠠᠭ ᠤᠨ ᠣᠷᠳᠣᠨ ᠵᠢᠯ ᠪᠦᠷᠢ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠴᠢ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠬᠤᠷᠠᠯᠳᠤᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠨᠢ ᠬᠤᠳᠠᠯᠳᠤᠭᠠᠴᠢᠨ | ᠤᠷᠢᠵᠤ ᠪᠡᠯᠡ ᠣᠷᠣᠭᠤᠯᠬᠤ ᠠᠵᠢᠯ ᠤᠨ ᠬᠠᠷᠢᠭᠤ ᠮᠡᠳᠡᠭᠦᠯᠦᠯᠲᠡ ᠶᠢ ᠬᠠᠭᠠᠰ ᠵᠢᠯ ᠳᠤ ᠨᠢᠭᠡ ᠤᠳᠠᠭ᠎ᠠ ᠰᠣᠨᠣᠰᠴᠤ᠂ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠳᠤ ᠰᠠᠷ᠎ᠠ ᠶᠢᠨ ᠲᠣᠬᠢᠷᠠᠭᠤᠯᠤᠯᠲᠠ᠂ ᠤᠯᠠᠷᠢᠯ ᠤᠨ | ᠠᠬᠢᠭᠤᠯᠤᠯᠲᠠ ᠶᠢ ᠬᠡᠷᠡᠭᠵᠢᠭᠦᠯᠦᠨ᠂ ᠬᠠᠭᠠᠰ ᠵᠢᠯ ᠳᠤ ᠲᠥᠪᠯᠡᠷᠡᠭᠦᠯᠦᠨ ᠠᠵᠢᠯ ᠡᠬᠢᠯᠡᠭᠦᠯᠵᠦ᠂ ᠵᠢᠯ ᠤᠨ ᠡᠴᠦᠰ ᠲᠤ | ᠪᠥᠬᠦ ᠲᠠᠯ᠎ᠠ ᠪᠠᠷ ᠳ᠋ᠦᠩᠨᠡᠬᠦ ᠬᠡᠷᠡᠭᠲᠡᠢ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠤᠳᠤᠷᠢᠳᠬᠤ | ᠳᠤᠭᠤᠶᠢᠯᠠᠩ ᠤᠨ ᠠᠯᠪᠠᠨ ᠭᠡᠷ ᠨᠢ ᠲᠥᠰᠥᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠶᠢ | ᠬᠠᠷᠢᠭᠤᠴᠠᠵᠤ᠂ ᠭᠤᠣᠯ ᠤᠳᠤᠷᠢᠳᠤᠯᠭ᠎ᠠ ᠶᠢᠨ ᠪᠦᠯᠬᠦᠮ ᠳᠠᠭᠠᠭᠤᠯᠤᠨ ᠬᠤᠳᠠᠯᠳᠤᠭᠠᠴᠢᠨ ᠤᠷᠢᠬᠤ᠂ ᠭᠡᠷ᠎ᠡ | ᠲᠣᠭᠲᠠᠬᠤ ᠲᠥᠷᠥᠯ ᠵᠦᠢᠯ᠂ ᠠᠵᠢᠯ ᠡᠬᠢᠯᠡᠭᠦᠯᠬᠦ ᠲᠥᠷᠥᠯ ᠵᠦᠢᠯ᠂ ᠪᠣᠳᠠᠲᠠᠶᠢᠵᠢᠭᠤᠯᠤᠭᠰᠠᠨ ᠪᠡᠯᠡ ᠮᠥᠩᠭᠦ᠂ | ᠪᠠᠷᠢᠯᠭ᠎ᠠ ᠳᠠᠭᠤᠰᠤᠭᠰᠠᠨ ᠨᠣᠷᠮ᠎ᠠ᠂ ᠠᠰᠢᠭᠯᠠᠯᠲᠠ ᠳᠤ ᠣᠷᠣᠭᠤᠯᠤᠭᠰᠠᠨ ᠨᠣᠷᠮ᠎ᠠ᠂ ᠮᠦ ᠪᠦᠷᠢ ᠶᠢᠨ ᠳᠤᠮᠳᠠᠴᠢ ᠪᠡᠯᠡ | ᠣᠷᠣᠭᠤᠯᠤᠯᠲᠠ ᠵᠡᠷᠭᠡ ᠲᠠᠯ᠎ᠠ ᠶᠢᠨ ᠪᠠᠶᠢᠳᠠᠯ ᠢ ᠪᠠᠶᠢᠩᠭᠤᠵᠢᠭᠤᠯᠤᠨ ᠲᠣᠬᠢᠷᠠᠭᠤᠯᠤᠨ᠎ᠠ᠃ ᠬᠤᠳᠠᠯᠳᠤᠭᠠᠴᠢᠨ ᠤᠷᠢᠵᠤ | ᠪᠡᠯᠡ ᠣᠷᠣᠭᠤᠯᠬᠤ ᠨᠠᠮ ᠵᠠᠰᠠᠭ ᠤᠨ ︽ᠨᠢᠭᠡᠳᠦᠭᠡᠷ ᠭᠠᠷ︾ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ᠎ᠠ᠃ | ︵ᠬᠤᠶᠠᠷ︶ ᠬᠤᠳᠠᠯᠳᠤᠭᠠᠴᠢᠨ ᠤᠷᠢᠬᠤ ᠬᠦᠴᠦᠨ ᠢ ᠴᠢᠩᠭᠠᠷᠠᠭᠤᠯᠤᠨ᠎ᠠ᠃ ᠬᠤᠰᠢᠭᠤᠨ ᠰᠢᠭᠤᠳ ᠬᠠᠷᠢᠶ᠎ᠠ | ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠠᠷᠠᠯᠵᠢᠶᠠᠴᠢᠨ ᠤᠷᠢᠬᠤ ᠠᠵᠢᠯ ᠤᠨ ᠬᠦᠴᠦᠨ ᠢ ᠭᠦᠢᠴᠡᠳ | ᠲᠣᠬᠢᠷᠠᠭᠤᠯᠤᠨ ᠬᠦᠴᠦᠷᠬᠡᠭᠵᠢᠭᠦᠯᠵᠦ᠂ ᠲᠤᠰᠬᠠᠶᠢᠵᠢᠭᠰᠠᠨ ᠠᠷᠠᠯᠵᠢᠶᠠᠴᠢᠨ ᠤᠷᠢᠬᠤ ᠴᠢᠳᠠᠪᠤᠷᠢᠲᠠᠨ ᠤ ᠡᠩᠨᠡᠭᠡ ᠶᠢ | ᠪᠠᠶᠢᠭᠤᠯᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠡᠯ᠎ᠡ ᠶᠡᠭᠡ ᠳᠡᠭᠡᠳᠦ ᠰᠤᠷᠭᠠᠭᠤᠯᠢ᠂ ᠵᠡᠭᠦᠨ ᠬᠡᠰᠡᠭ ᠤᠨ | ᠭᠠᠵᠠᠷ ᠣᠷᠣᠨ ᠤ ᠠᠵᠤ ᠦᠢᠯᠡᠰ ᠤᠨ ᠡᠯ᠎ᠡ ᠬᠦᠷᠢᠶᠡᠯᠡᠩ ᠲᠣᠭᠤᠷᠢᠭ ᠯᠤᠭ᠎ᠠ ᠶᠢᠨ ᠬᠠᠮᠲᠤᠷᠠᠯᠴᠠᠭ᠎ᠠ ᠪᠠᠨ | ᠴᠢᠩᠭᠠᠳᠬᠠᠵᠤ᠂ ᠪᠥᠬᠦ ᠠᠶᠢᠮᠠᠭ ᠤᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠳᠠᠪᠤᠷᠢ ᠶᠢ ᠳᠡᠭᠡᠭᠰᠢᠯᠡᠭᠦᠯᠬᠦ | ᠪᠣᠯᠪᠠᠰᠤᠷᠠᠭᠤᠯᠤᠯ ᠤᠨ ᠠᠩᠭᠢ ᠳᠤ ᠢᠳᠡᠪᠬᠢᠲᠡᠢ ᠣᠷᠣᠯᠴᠠᠨ᠎ᠠ᠃ ᠺᠠᠳ᠋ᠷ ᠢ ᠰᠣᠩᠭᠤᠨ ᠲᠣᠮᠢᠯᠠᠵᠤ ᠲᠤᠰᠢᠶᠠᠯ | ᠡᠭᠦᠷᠭᠡᠯᠡᠭᠦᠯᠦᠨ ᠬᠤᠳᠠᠯᠳᠤᠭᠠᠴᠢᠨ ᠤᠷᠢᠬᠤ ᠰᠠᠯᠠᠭ᠎ᠠ ᠮᠥᠴᠢᠷ ᠢ ᠲᠤᠬᠠᠢ ᠶᠢᠨ ᠭᠠᠵᠠᠷ ᠲᠤᠨᠢ ᠪᠣᠯᠪᠠᠰᠤᠷᠠᠭᠤᠯᠵᠤ᠂ | ᠪᠥᠬᠦ ᠬᠤᠰᠢᠭᠤᠨ ᠤ ᠠᠵᠤ ᠦᠢᠯᠡᠰ ᠤᠨ ᠬᠤᠳᠠᠯᠳᠤᠭᠠᠴᠢᠨ ᠤᠷᠢᠬᠤ ᠳᠤ ᠨᠢᠭᠡ ᠪᠦᠯᠦᠭ ᠬᠤᠳᠠᠯᠳᠤᠭᠠᠴᠢᠨ | ᠤᠷᠢᠬᠤ ᠶᠢ ᠮᠡᠳᠡᠳᠡᠭ᠂ ᠬᠤᠳᠠᠯᠳᠤᠭᠠᠴᠢᠨ ᠤᠷᠢᠵᠤ ᠴᠢᠳᠠᠳᠠᠭ᠂ ᠬᠤᠳᠠᠯᠳᠤᠭᠠᠴᠢᠨ ᠡᠯᠰᠡᠵᠦ ᠴᠢᠳᠠᠳᠠᠭ ᠲᠤᠰᠬᠠᠢ | ᠮᠡᠷᠭᠡᠵᠢᠯ ᠤᠨ ᠺᠠᠳ᠋ᠷ ᠢ ᠬᠥᠮᠥᠵᠢᠭᠦᠯᠦᠨ᠎ᠡ᠃ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠴᠢᠬᠤᠯᠠ ᠶᠡᠭᠡ | ᠲᠥᠷᠥᠯ ᠵᠦᠢᠯ ᠤᠨ ᠤᠳᠤᠷᠢᠳᠤᠯᠭ᠎ᠠ ᠶᠢᠨ ᠳᠠᠭᠠᠭᠠᠴᠢᠯᠠᠨ ᠬᠤᠯᠪᠣᠭᠠᠯᠠᠬᠤ ᠳᠦᠷᠢᠮ ᠢ ᠪᠠᠶᠢᠭᠤᠯᠵᠤ᠂ ︽ᠳᠥᠷᠪᠡᠨ | ᠨᠢᠭᠡ︾ ᠶᠢᠨ ᠠᠵᠢᠯ ᠤᠨ ᠲᠣᠭᠲᠠᠴᠠ ᠶᠢ ᠬᠡᠷᠡᠭᠵᠢᠭᠦᠯᠦᠨ᠂ ᠲᠥᠷᠥᠯ ᠵᠦᠢᠯ ᠢ ᠲᠦᠷᠭᠡᠬᠡᠨ ᠨᠠᠶᠢᠳᠠᠪᠤᠷᠢᠵᠢᠭᠤᠯᠤᠨ | ᠦᠷ᠎ᠡ ᠪᠦᠲᠦᠮᠵᠢ ᠣᠯᠬᠤ ᠶᠢ ᠦᠨᠡᠨᠬᠦ ᠪᠠᠲᠤᠯᠠᠨ᠎ᠠ᠃ | ︵ᠭᠤᠷᠪᠠ︶ ᠰᠢᠯᠭᠠᠨ ᠬᠢᠨᠠᠵᠤ ᠤᠷᠮᠠᠰᠢᠭᠤᠯᠬᠤ ᠶᠢ ᠴᠢᠩᠭᠠᠷᠠᠭᠤᠯᠤᠨ᠎ᠠ᠃ ︽ᠪᠥᠬᠦ ᠠᠶᠢᠮᠠᠭ ᠤᠨ | ᠬᠤᠳᠠᠯᠳᠤᠭᠠᠴᠢᠨ ᠤᠷᠢᠵᠤ ᠪᠡᠯᠡ ᠣᠷᠣᠭᠤᠯᠤᠭᠰᠠᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠵᠤ | ᠱᠠᠩᠨᠠᠬᠤ ᠠᠷᠭ᠎ᠠ︾ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠯᠭᠠᠨ ᠦᠨᠡᠯᠡᠭᠰᠡᠨ ᠦᠷ᠎ᠡ ᠳ᠋ᠦᠩ ᠢ | ᠤᠳᠤᠷᠢᠳᠬᠤ ᠪᠠᠭ ᠪᠣᠯᠣᠨ ᠬᠤᠯᠪᠣᠭᠳᠠᠯ ᠪᠦᠬᠦᠢ ᠤᠳᠤᠷᠢᠳᠬᠤ ᠺᠠᠳ᠋ᠷ ᠢ ᠶᠡᠷᠦᠩᠬᠡᠶᠢᠯᠡᠨ ᠰᠢᠯᠭᠠᠨ ᠬᠢᠨᠠᠵᠤ ᠦᠨᠡᠯᠡᠬᠦ᠂ | ᠱᠠᠩᠨᠠᠵᠤ ᠲᠣᠷᠭᠠᠬᠤ ᠶᠠᠪᠤᠳᠠᠯ ᠪᠣᠯᠭᠠᠨ᠎ᠠ ᠃ | | |