ᠭᠡᠵᠢᠭᠡ ᠪᠠᠨ ᠤᠬᠢᠶᠠᠭᠠᠳ ᠳᠠᠷᠣᠶᠢᠬᠠᠨ ᠦᠯᠢᠶᠡᠵᠦ ᠬᠠᠲᠠᠭᠠᠬᠤ ᠦᠦ︖
ᠨᠡᠶᠢᠲᠡᠯᠡᠭᠰᠡᠨ ᠴᠠᠭ᠄
2023/10/10
      ᠣᠷᠴᠢᠮ ᠳᠤ ᠮᠠᠰᠢ ᠣᠯᠠᠨ ᠬᠥᠮᠥᠨ ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ  ᠬᠠᠲᠠᠭᠠᠬᠤ ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ ᠨᠢᠭᠡᠳᠦᠭᠡᠷ ᠡᠮᠨᠡᠯᠭᠡ ᠶᠢᠨ ᠬᠤᠷᠢᠶᠠᠨ ᠤ  ᠠᠷᠠᠰᠤᠨ ᠤ ᠰᠠᠯᠠᠭᠠᠨ ᠤ ᠡᠷᠬᠢᠯᠡᠭᠴᠢ ᠡᠮᠴᠢ ᠶᠠᠩ ᠱᠤ᠋ ᠰᠢᠶᠠ ᠢᠯᠡᠷᠬᠡᠶᠢᠯᠡᠬᠦ ᠳᠡᠭᠡᠨ᠄  ︽ᠲᠣᠯᠣᠭᠠᠢ ᠪᠠᠨ ᠤᠬᠢᠶᠠᠭᠰᠠᠨ ᠤ ᠳᠠᠷᠠᠭ᠎ᠠ ᠭᠡᠵᠢᠭᠡ ᠶᠢ ᠳᠠᠷᠤᠶᠢᠬᠠᠨ ᠦᠯᠢᠶᠡᠨ ᠬᠠᠳᠠᠭᠠᠵᠤ ᠪᠣᠯᠬᠤ ᠦᠭᠡᠢ︾᠂ ᠵᠠᠷᠢᠮ ᠬᠥᠮᠥᠨ ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠂ ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ ᠦᠰᠦᠨ ᠳᠣᠲᠣᠷ᠎ᠠ ︽ᠬᠥᠭᠡᠰᠦᠯᠢᠭ ᠭᠡᠵᠢᠭᠡ︾ ᠭᠠᠷᠴᠤ ᠦᠰᠦ ᠠᠮᠠᠷᠬᠠᠨ ᠬᠤᠭᠤᠷᠳᠠᠭ ᠭᠡᠪᠡ᠃ ᠠᠶᠠᠨᠳᠠᠭᠠᠨ ᠬᠠᠳᠠᠭᠠᠬᠤ  ᠳᠤᠷᠠᠲᠠᠢ ᠬᠥᠮᠥᠨ ᠳᠤ ᠶᠠᠩ ᠡᠮᠴᠢ ᠰᠠᠨᠠᠭᠤᠯᠤᠭᠰᠠᠨ ᠨᠢ᠄ ︽ᠠᠶᠠᠨᠳᠠᠭᠠᠨ ᠬᠠᠲᠠᠭᠠᠬᠤ ᠶᠠᠪᠤᠴᠠ ᠳᠤ ᠭᠡᠵᠢᠭᠡ ᠪᠠᠨ  ᠪᠢᠲᠡᠭᠡᠢ ᠠᠬᠢᠨ ᠲᠠᠬᠢᠨ ᠰᠠᠮᠨᠠᠭᠠᠳ ᠪᠤᠢ︾᠃ ᠦᠰᠦ ᠨᠣᠶᠢᠲᠠᠨ ᠦᠶ᠎ᠡ ᠳᠡᠭᠡᠨ᠂ ᠦᠰᠦᠨ ᠤ ᠬᠠᠭᠤᠷᠠᠢ ᠦᠷᠦᠯᠲᠡ ᠶᠢᠨ ᠬᠦᠴᠦ ᠲᠤᠶᠢᠯ ᠤᠨ ᠶᠡᠭᠡ᠂ ᠭᠡᠵᠢᠭᠡ ᠪᠠᠰᠠ ᠨᠡᠯᠢᠶᠡᠳ ᠬᠡᠪᠡᠷᠡᠭ ᠪᠠᠶᠢᠳᠠᠯ ᠳᠤ ᠣᠷᠣᠵᠤ᠂  ᠳᠠᠬᠢᠨ ᠳᠠᠪᠲᠠᠨ ᠰᠠᠮᠨᠠᠪᠠᠯ ᠭᠡᠵᠢᠭᠡ ᠶᠢ ᠭᠡᠮᠲᠦᠭᠡᠨ᠎ᠡ ᠭᠡᠯ᠎ᠡ᠃   
 
ᠢᠷᠡᠯᠲᠡ᠄ ᠪᠤᠭᠤᠲᠤ ᠶᠢᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号